ᠲᠡᠷᠢᠭᠦᠨ ᠬᠠᠭᠤᠳᠠᠰᠤ   -   ᠲᠡᠷᠢᠭᠦᠨ ᠮᠡᠳᠡᠭᠡ
ᠰᠢ᠎ᠵᠢᠨ᠎ᠫᠢᠩ ᠫᠠᠺᠢᠰᠲ᠋ᠠᠨ᠎ᠤ ᠶᠡᠷᠦᠩᠬᠡᠢ ᠰᠠᠢᠳ ᠱᠢᠶᠠᠪᠠᠽᠢ ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2026-05-26

ᠰᠢᠨᠬᠤᠸᠠ ᠬᠤᠷᠢᠶ᠎ᠠ᠎ᠶ᠋ᠢᠨ ᠪᠡᠭᠡᠵᠢᠩ᠎ᠤᠨ 5 ᠰᠠᠷ᠎ᠠ᠎ᠵᠢᠨ 25᠎ᠤ ᠴᠠᠭᠢᠯᠭ᠋ᠠᠠ ᠮᠠᠳᠡᠭᠡ  5 ᠰᠠᠷ᠎ᠠ᠎ᠵᠢᠨ 25᠎ᠤ ᠦᠳᠡ᠎ᠵᠢᠨ ᠬᠣᠶ᠋ᠢᠨ᠎ᠠ᠂ ᠤᠯᠤᠰ᠎ᠤᠨ ᠲᠡᠷᠢᠭᠦᠯᠡᠭᠴᠢ ᠰᠢ᠎ᠵᠢᠨ᠎ᠫᠢᠩ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠠᠯᠪᠠᠨ ᠶᠣᠰᠣᠨ᠎ᠤ ᠠᠶ᠋ᠢᠯᠴᠢᠯᠠᠯᠲᠠ ᠬᠢᠬᠦ᠎ᠪᠠᠷ ᠳᠤᠮᠳᠠᠳᠤ ᠤᠯᠤᠰ᠎ᠲᠤ ᠢᠷᠡᠭᠰᠡᠨ ᠫᠠᠺᠢᠰᠲ᠋ᠠᠨ᠎ᠤ ᠶᠡᠷᠦᠩᠬᠡᠢ ᠰᠠᠶ᠋ᠢᠳ ᠰᠢᠶᠠᠪᠠᠽᠢ᠎ᠲᠠᠢ ᠠᠭᠤᠯᠵᠠᠪᠠ᠃

ᠰᠢ᠎ᠵᠢᠨ᠎ᠫᠢᠩ᠂ ᠳᠤᠮᠳᠠᠳᠤ ᠫᠠᠺᠢᠰᠲ᠋ᠠᠨ ᠭᠠᠳᠠᠭ᠋ᠠᠳᠤ ᠬᠠᠷᠢᠯᠴᠠᠭ᠎ᠠ ᠪᠠᠶ᠋ᠢᠭᠤᠯᠤᠭᠰᠠᠨ 75 ᠵᠢᠯ᠎ᠤᠨ ᠲᠤᠷᠰᠢ᠂ ᠬᠣᠶᠠᠷ ᠤᠯᠤᠰ ᠬᠠᠷᠢᠯᠴᠠᠨ ᠣᠶ᠋ᠢᠯᠠᠭ᠋ᠠᠯᠴᠠᠵᠤ᠂ ᠬᠠᠷᠢᠯᠴᠠᠨ ᠢᠲᠡᠭᠡᠯᠴᠡᠵᠦ᠂ ᠬᠠᠷᠢᠯᠴᠠᠨ ᠳᠡᠮᠵᠢᠯᠴᠡᠵᠦ᠂ ᠡᠪᠳᠡᠷᠡᠰᠢ ᠦᠭᠡᠢ ᠪᠠᠲᠤ ᠪᠡᠬᠢ ᠤᠯᠠᠮᠵᠢᠯᠠᠯᠲᠤ ᠨᠥᠬᠥᠷᠯᠡᠯ᠎ᠢ ᠪᠠᠶ᠋ᠢᠭᠤᠯᠵᠤ᠂ ᠬᠣᠶᠠᠷ ᠲᠠᠯ᠎ᠠ᠎ᠵᠢᠨ ᠪᠠᠶ᠋ᠢᠯᠳᠤᠬᠤ ᠪᠣᠳᠤᠯᠭ᠎ᠠ᠎ᠶ᠋ᠢᠨ ᠢᠲᠡᠭᠡᠯᠴᠡᠭᠡ ᠪᠣᠯᠤᠨ ᠪᠣᠳᠠᠲᠠᠢ᠎ᠵᠢ ᠡᠷᠬᠢᠮᠯᠡᠭᠰᠡᠨ ᠬᠠᠮᠲᠤᠷᠠᠯᠴᠠᠭ᠎ᠠ ᠥᠪᠡᠷ ᠥᠪᠡᠷ᠎ᠤᠨ ᠤᠯᠤᠰ᠎ᠤᠨ᠎ᠵᠶ᠋ᠠᠨ ᠬᠥᠭᠵᠢᠯᠲᠡ᠎ᠵᠢ ᠬᠦᠴᠦᠲᠡᠢ ᠠᠬᠢᠭᠤᠯᠪᠠ᠃ ᠳᠡᠯᠡᠬᠡᠢ᠎ᠵᠢᠨ ᠪᠠᠶ᠋ᠢᠳᠠᠯ ᠶᠠᠭ᠋ᠠᠬᠢᠵᠤ ᠬᠤᠪᠢᠷᠠᠭᠰᠠᠨ᠎ᠴᠣ᠌᠂ ᠳᠤᠮᠳᠠᠳᠤ ᠤᠯᠤᠰ ᠢᠮᠠᠭᠲᠠ ᠳᠤᠮᠳᠠᠳᠤ ᠫᠠᠺᠢᠰᠲ᠋ᠠᠨ᠎ᠤ ᠬᠠᠷᠢᠯᠴᠠᠭ᠎ᠠ᠎ᠵᠢ ᠬᠥᠷᠰᠢ ᠵᠡᠷᠭᠡᠯᠡᠳᠡᠭᠡ᠎ᠵᠢᠨ ᠭᠠᠳᠠᠭ᠋ᠠᠳᠤ ᠬᠠᠷᠢᠯᠴᠠᠭ᠎ᠠ᠎ᠵᠢᠨ ᠤᠷᠢᠳ᠎ᠵᠶ᠋ᠠᠷ ᠪᠣᠳᠣᠯᠭᠢᠯᠬᠠᠣ ᠴᠢᠭᠯᠡᠯ᠎ᠳᠤ ᠲᠠᠯᠪᠢᠭᠰᠠᠭ᠋ᠠᠷ ᠢᠷᠠᠵᠠᠢ᠃ ᠲᠦᠷᠦᠭᠦᠬᠡᠨ᠂ ᠪᠢ ᠲᠢᠶᠠᠨᠵᠢᠨ ᠶᠡᠬᠡ ᠰᠤᠷᠭ᠋ᠠᠭᠤᠯᠢ᠎ᠵᠢᠨ ᠫᠠᠺᠢᠰᠲ᠋ᠠᠨ᠎ᠤ ᠰᠤᠷᠤᠭᠴᠢᠳ᠎ᠤᠨ ᠢᠷᠡᠭᠦᠯᠦᠭᠰᠡᠨ ᠵᠠᠬᠢᠳᠠᠯ᠎ᠢ ᠤᠯᠪᠠ᠃ ᠨᠥᠬᠥᠳ ᠨᠡᠷ ᠳᠤᠮᠳᠠᠳᠤ ᠫᠠᠺᠢᠰᠲ᠋ᠠᠨ᠎ᠤ ᠬᠠᠮᠲᠤᠷᠠᠯᠴᠠᠭᠠᠨ᠎ᠤ ᠪᠦᠲᠦᠭᠡᠨ ᠪᠠᠶ᠋ᠢᠭᠤᠯᠤᠭᠴᠢ᠂ ᠰᠣᠯᠢᠯᠴᠠᠭ᠋ᠠᠨ᠎ᠤ ᠤᠯᠠᠮᠵᠢᠯᠠᠭᠴᠢ᠂ ᠨᠥᠬᠥᠷᠯᠡᠯ᠎ᠤᠨ ᠬᠠᠮᠠᠭᠠᠯᠠᠭ᠍ᠴᠢ ᠪᠣᠯᠬᠤ᠎ᠪᠠᠷ ᠵᠣᠷᠢᠭ ᠰᠢᠭᠤᠳᠴᠤ ᠪᠠᠶ᠋ᠢᠨ᠎ᠠ᠃ ᠬᠣᠶᠠᠷ ᠤᠯᠤᠰ᠎ᠤᠨ ᠨᠥᠬᠥᠷᠯᠡᠯ᠎ᠤᠨ  ᠦᠢᠯᠡᠰ᠎ᠲᠦ ᠵᠠᠯᠭᠠᠮᠵᠢᠯᠠᠭᠴᠢ ᠲᠠᠢ ᠪᠠᠶ᠋ᠢᠬᠤ᠎ᠵᠢ ᠦᠵᠡᠭᠡᠳ ᠪᠢ ᠮᠠᠰᠢ ᠪᠠᠶᠠᠷᠯᠠᠵᠤ ᠪᠠᠶ᠋ᠢᠨ᠎ᠠ᠃ ᠬᠣᠶᠠᠷ ᠲᠠᠯ᠎ᠠ᠎ᠪᠠᠷ᠎ᠵᠶ᠋ᠠᠨ ᠰᠢᠨ᠎ᠡ ᠴᠠᠭ ᠦᠶ᠎ᠡ᠎ᠵᠢᠨ ᠨᠡᠩ ᠨᠢᠭᠲᠠ ᠳᠤᠮᠳᠠᠳᠤ ᠫᠠᠺᠢᠰᠲ᠋ᠠᠨ᠎ᠤ ᠬᠤᠪᠢ ᠵᠠᠶᠠᠭ᠋ᠠᠨ᠎ᠤ ᠬᠠᠮᠲᠤ᠎ᠵᠢᠨ ᠴᠣᠭᠴᠠ᠎ᠵᠢ ᠲᠦᠷᠭᠡᠳᠬᠡᠨ ᠪᠠᠶ᠋ᠢᠭᠤᠯᠵᠤ᠂ ᠬᠣᠶᠠᠷ ᠤᠯᠤᠰ᠎ᠤᠨ ᠪᠦᠬᠦ ᠲᠠᠯ᠎ᠠ᠎ᠵᠢᠨ ᠬᠠᠮᠲᠤᠷᠠᠯᠴᠠᠭ᠎ᠠ ᠨᠡᠩ ᠣᠯᠠᠨ ᠦᠷ᠎ᠡ ᠪᠦᠲᠦᠭᠡᠯ ᠣᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠤ ᠨᠡᠩ ᠰᠠᠢᠨ ᠪᠤᠶᠠᠨ ᠦᠢ᠍ᠯᠡᠳᠴᠦ᠂ ᠭᠠᠵᠠᠷ ᠣᠷᠣᠨ᠎ᠤ ᠡᠩᠬᠡ ᠲᠠᠶ᠋ᠢᠪᠤᠩ ᠲᠣᠭᠲᠠᠭᠤᠨ᠎ᠢ ᠠᠬᠢᠭᠤᠯᠬᠤ᠎ᠳᠤ ᠬᠤᠪᠢ ᠨᠡᠮᠡᠷᠢ ᠦᠵᠡᠭᠦᠯᠵᠦ᠂ ᠬᠥᠷᠰᠢ ᠵᠡᠷᠭᠡᠯᠡᠳᠡᠭᠡ᠎ᠵᠢᠨ ᠬᠤᠪᠢ ᠵᠠᠶᠠᠭ᠋ᠠᠨ᠎ᠤ ᠬᠠᠮᠲᠤ᠎ᠵᠢᠨ ᠴᠣᠭᠴᠠ᠎ᠵᠢ ᠪᠠᠶ᠋ᠢᠭᠤᠯᠬᠤ᠎ᠳᠤ ᠵᠢᠱ᠌ᠢᠶ᠎ᠠ ᠦᠵᠡᠭᠦᠯᠦᠶ᠎ᠡ ᠭᠡᠵᠦ ᠢᠯᠡᠳᠬᠡᠪᠡ᠃

ᠰᠢ ᠵᠢᠠ ᠫᠢᠩ᠂ ᠳᠤᠮᠳᠠᠳᠤ ᠤᠯᠤᠰ ᠫᠠᠺᠢᠰᠲ᠋ᠠᠨ᠎ᠤ᠎ᠬᠢᠨ ᠲᠤᠰᠠᠭ᠋ᠠᠷ ᠲᠣᠭᠲᠠᠨᠢᠯ᠂ ᠡᠷᠬᠡ ᠮᠡᠳᠡᠯ ᠪᠣᠯᠤᠨ ᠨᠤᠲᠤᠭ ᠳᠡᠪᠢᠰᠬᠡᠷ᠎ᠤᠨ ᠪᠦᠷᠢᠨ ᠪᠦᠲᠦᠨ᠎ᠢᠶᠡᠨ ᠬᠠᠮᠠᠭ᠋ᠠᠯᠬᠠᠣ᠎ᠵᠢ ᠡᠷᠡᠰ ᠳᠠᠮᠵᠢᠵᠤ᠂ ᠳᠤᠷᠠᠲᠠᠶ᠎ᠠ ᠫᠠᠺᠢᠰᠲ᠋ᠠᠨ᠎ᠤ᠎ᠬᠢᠨ᠎ᠲᠠᠢ ᠳᠡᠭᠡᠳᠦ ᠳᠠᠪᠬᠤᠷᠭ᠎ᠠ᠎ᠶ᠋ᠢᠨ ᠶᠠᠪᠤᠯᠴᠠᠭ᠎ᠠ᠎ᠪᠠᠨ ᠪᠠᠲᠤᠯᠠᠵᠤ᠂ ᠪᠠᠶ᠋ᠢᠯᠳᠤᠬᠤ ᠪᠣᠳᠤᠯᠭ᠎ᠠ᠎ᠶ᠋ᠢᠨ ᠣᠯᠤᠯᠴᠠᠭ᠎ᠠ᠎ᠪᠠᠨ ᠴᠢᠩᠭ᠋ᠠᠳᠬᠠᠵᠤ᠂ ᠬᠣᠶᠠᠷ ᠤᠯᠤᠰ᠎ᠤᠨ ᠬᠠᠷᠢᠯᠴᠠᠭ᠎ᠠ᠎ᠵᠢᠨ ᠵᠥᠪ ᠬᠥᠭᠵᠢᠯᠲᠡ᠎ᠵᠢᠨ ᠴᠢᠭᠯᠡᠯ᠎ᠢ ᠡᠵᠡᠮᠳᠡᠨ᠎ᠡ᠃ ᠬᠣᠶᠠᠷ ᠲᠠᠯ᠎ᠠ᠎ᠪᠠᠷ᠎ᠵᠶ᠋ᠠᠨ ᠳᠤᠮᠳᠠᠳᠤ ᠫᠠᠺᠢᠰᠲ᠋ᠠᠨ᠎ᠤ ᠬᠤᠪᠢ ᠵᠠᠶᠠᠭ᠋ᠠᠨ᠎ᠤ ᠬᠠᠮᠲᠤ᠎ᠵᠢᠨ ᠴᠣᠭᠴᠠ᠎ᠵᠢ ᠪᠠᠶ᠋ᠢᠭᠤᠯᠬᠤ ᠠᠵᠢᠯᠯᠠᠭ᠋ᠠᠨ᠎ᠤ ᠲᠥᠯᠥᠪᠯᠡᠭᠡ᠎ᠵᠢ ᠯᠠᠪᠳᠠᠭᠤᠨ ᠪᠠᠲᠤᠲᠠᠢ ᠠᠭᠢᠭᠤᠯᠵᠣ᠂ ᠴᠢᠬᠤᠯᠠ ᠶᠡᠬᠡ ᠪᠡᠯᠭᠡ ᠲᠡᠮᠳᠡᠭ᠎ᠤᠨ ᠴᠢᠨᠠᠷᠲᠠᠢ ᠢᠨᠵᠧᠨᠧᠷᠢᠩ ᠪᠣᠯᠤᠨ 《ᠵᠢᠵᠢᠭ ᠠᠲᠠᠯ᠎ᠠ ᠭᠣᠶ᠋ᠢᠳᠠ》 ᠠᠷᠠᠳ᠎ᠤᠨ ᠠᠮᠢᠳᠤᠷᠠᠯ᠎ᠤᠨ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠣᠯᠳᠠ᠎ᠵᠢ ᠨᠢᠭᠡᠲᠦᠯᠲᠠᠢ ᠲᠥᠯᠥᠪᠵᠢᠭᠦᠯᠵᠦ᠂ ᠬᠥᠳᠡᠭᠡ ᠠᠵᠤ ᠠᠬᠤᠢ᠂ ᠠᠵᠤ ᠦᠢ᠍ᠯᠡᠰ᠂ ᠵᠣᠬᠢᠶᠠᠮᠠᠯ ᠣᠶᠤᠨ ᠴᠢᠳᠠᠪᠤᠷᠢ᠂ ᠴᠢᠳᠠᠪᠤᠷᠢᠲᠠᠨ᠎ᠢ ᠬᠥᠮᠦᠵᠢᠭᠦᠯᠬᠦ ᠵᠡᠷᠭᠡ ᠪᠦᠬᠦ ᠲᠠᠯ᠎ᠠ᠎ᠵᠢᠨ ᠬᠠᠮᠲᠤᠷᠠᠯᠴᠠᠭ᠎ᠠ᠎ᠶ᠋ᠢ ᠭᠦᠨᠵᠡᠭᠡᠶ᠋ᠢᠷᠡᠭᠦᠯᠦᠶ᠎ᠡ᠃ ᠬᠣᠶᠠᠷ ᠲᠠᠯ᠎ᠠ᠎ᠪᠠᠷ᠎ᠵᠶ᠋ᠠᠨ ᠨᠠᠩ ᠦᠠᠳᠣᠷ ᠲᠦᠪᠰᠢᠠ᠂ ᠨᠠᠩ ᠦᠷᠭᠡᠠ ᠬᠦᠷᠢᠶᠠᠠ᠎ᠤ ᠠᠮᠤᠷ ᠲᠦᠪᠰᠢᠨ᠎ᠤ  ᠬᠠᠮᠲᠤᠷᠠᠯᠴᠠᠭ᠎ᠠ ᠥᠷᠨᠢᠭᠦᠯᠵᠦ᠂ ᠭᠠᠵᠠᠷ ᠣᠷᠣᠨ᠎ᠤ ᠡᠩᠬᠡ ᠲᠠᠶ᠋ᠢᠪᠤᠩ ᠲᠣᠭᠲᠠᠭᠤᠨ᠎ᠢ ᠬᠠᠮᠲᠤ᠎ᠪᠠᠷ ᠬᠠᠮᠠᠭᠠᠯᠠᠶ᠎ᠠ᠃ ᠳᠤᠮᠳᠠᠳᠤ᠎ᠵᠢᠨ᠎ᠬᠢᠨ ᠫᠠᠺᠢᠰᠲ᠋ᠠᠨ᠎ᠤ᠎ᠬᠢᠨ᠎ᠤ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠵᠦ᠂ ᠳᠤᠮᠳᠠᠳᠤ ᠳᠣᠷᠣᠨᠠᠲᠤ ᠣᠷᠣᠨ᠎ᠤ ᠡᠩᠬᠡ ᠲᠠᠶ᠋ᠢᠪᠤᠩ᠎ᠢ ᠰᠡᠷᠭᠦᠭᠡᠬᠦ᠎ᠳᠤ ᠵᠣᠬᠢᠴᠠᠭᠤᠯᠬᠤ ᠦᠢ᠍ᠯᠡᠳᠦᠯ ᠦᠵᠡᠭᠦᠯᠦᠭᠰᠡᠨ᠎ᠢ ᠮᠠᠭᠲᠠᠨ ᠰᠠᠶ᠋ᠢᠰᠢᠶᠠᠵᠤ ᠪᠠᠶ᠋ᠢᠨ᠎ᠠ᠃ ᠬᠣᠶᠠᠷ ᠲᠠᠯ᠎ᠠ᠎ᠪᠠᠷ᠎ᠵᠶ᠋ᠠᠨ ᠦᠷᠭᠦᠯᠵᠢᠯᠡᠨ ᠨᠢᠭᠲᠠ ᠣᠯᠤᠯᠴᠠᠭ᠎ᠠ ᠪᠣᠯᠤᠨ ᠵᠣᠬᠢᠴᠠᠭᠤᠯᠭ᠎ᠠ᠎ᠪᠠᠨ ᠪᠠᠲᠤᠯᠠᠵᠤ᠂ ᠭᠠᠭᠴᠠ ᠲᠠᠯᠠᠲᠤ ᠦᠵᠡᠯ ᠪᠣᠯᠤᠨ ᠬᠦᠢ᠍ᠲᠡᠨ ᠳᠠᠶ᠋ᠢᠨ᠎ᠤ ᠰᠡᠳᠬᠢᠬᠦᠢ᠎ᠵᠢ ᠬᠠᠮᠲᠤ᠎ᠪᠠᠷ ᠡᠰᠡᠷᠭᠦᠴᠡᠵᠦ᠂ ᠡᠷᠬᠡ ᠲᠡᠭᠰᠢ ᠡᠮᠬᠢ ᠵᠢᠷᠤᠮ᠎ᠲᠠᠢ ᠳᠡᠯᠡᠬᠡᠢ ᠵᠢᠨ ᠣᠯᠠᠨ ᠲᠤᠶ᠋ᠢᠯᠵᠢᠯᠲᠠ ᠪᠣᠯᠤᠨ ᠲᠦᠭᠡᠮᠡᠯ ᠬᠠᠷᠠᠭ᠋ᠠᠯᠵᠠᠯᠳᠣ ᠪᠠᠭᠲᠠᠭᠠᠮᠵᠢᠲᠠᠢ ᠠᠵᠤ ᠠᠬᠤᠢ᠎ᠵᠢᠠ ᠲᠠᠯᠠᠭᠡᠶ᠋ᠢᠵᠢᠯᠳᠠ᠎ᠵᠢ ᠬᠠᠮᠲᠤ᠎ᠪᠠᠷ ᠠᠭᠢᠭᠤᠯᠣᠶ᠎ᠠ ᠭᠡᠵᠦ ᠴᠢᠬᠤᠯᠠᠴᠢᠯᠠᠪᠠ᠃

ᠰᠢᠶᠠᠪᠠᠽᠢ᠂ ᠲᠡᠷᠢᠭᠦᠯᠡᠭᠴᠢ ᠰᠢ᠎ᠵᠢᠨ᠎ᠫᠢᠩ ᠪᠣᠯ ᠫᠠᠺᠢᠰᠲ᠋ᠠᠨ᠎ᠤ ᠠᠷᠠᠳ ᠲᠦᠮᠡᠨ᠎ᠤ ᠠᠭᠤᠣ ᠶᠡᠬᠡ ᠨᠠᠶ᠋ᠢᠵᠠ ᠮᠥᠨ᠂ ᠪᠠᠰᠠ᠎ᠴᠣ᠌ ᠳᠡᠯᠡᠬᠡᠢ ᠳᠡᠭᠡᠷᠡᠬᠢ ᠡᠩᠬᠡ ᠲᠠᠶ᠋ᠢᠪᠤᠩ᠎ᠢ ᠡᠷᠬᠢᠮᠯᠡᠳᠡᠭ ᠠᠷᠠᠳ ᠲᠦᠮᠡᠨ᠎ᠤ ᠠᠭᠤᠣ ᠶᠡᠬᠡ ᠨᠠᠶ᠋ᠢᠵᠠ ᠮᠥᠨ᠃ ᠲᠡᠷᠢᠭᠦᠯᠡᠭᠴᠢ ᠰᠢ᠎ᠵᠢᠨ᠎ᠫᠢᠩ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ᠎ᠤᠨ ᠠᠵᠤ ᠠᠬᠤᠢ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭᠰᠠᠨ ᠠᠮᠵᠢᠯᠲᠠ ᠣᠯᠵᠤ᠂ ᠳᠡᠯᠡᠬᠡᠢ᠎ᠵᠢᠨ ᠡᠩᠬᠡ ᠲᠠᠶ᠋ᠢᠪᠤᠩ᠎ᠢ ᠬᠠᠮᠠᠭ᠋ᠠᠯᠬᠠᠣ᠂ ᠣᠯᠠᠨ ᠲᠤᠶ᠋ᠢᠯᠲᠤ ᠳᠡᠯᠡᠬᠡᠢ ᠶᠢᠷᠲᠢᠨᠴᠦ᠎ᠵᠢ ᠪᠠᠶ᠋ᠢᠭᠤᠯᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃ ᠫᠠᠺᠢᠰᠲ᠋ᠠᠨ ᠳᠤᠮᠳᠠᠳᠤ᠎ᠵᠢᠨ ᠪᠠᠲᠤ ᠪᠡᠬᠢ ᠨᠥᠬᠥᠷᠯᠡᠯ᠎ᠢ ᠬᠣᠶᠠᠷ ᠤᠯᠤᠰ᠎ᠤᠨ  ᠠᠬᠠᠮᠠᠳ ᠨᠢᠭᠡ ᠦᠶ᠎ᠡ ᠵᠢᠨ ᠤᠳᠣᠷᠢᠣᠬᠠᠣ ᠬᠥᠮᠦᠰ ᠪᠡᠶ᠎ᠡ᠎ᠪᠠᠷ ᠵᠶ᠋ᠡᠨ ᠴᠣᠭᠴᠠᠯᠠᠨ ᠪᠠᠶ᠋ᠢᠭᠤᠯᠵᠤ᠂ ᠶᠠᠪᠤᠬᠤ ᠲᠤᠲᠤᠮ ᠪᠠᠲᠤ ᠪᠡᠬᠢ ᠪᠣᠯᠵᠤ᠂ ᠵᠦᠢ᠍ᠷᠯᠡᠰᠢ ᠦᠭᠡᠢ ᠶᠤᠮ᠃ ᠫᠠᠺᠢᠰᠲ᠋ᠠᠨ᠎ᠤ᠎ᠬᠢᠨ ᠨᠢᠭᠡ ᠳᠤᠮᠳᠠᠳᠤ ᠤᠯᠤᠰ ᠪᠠᠶ᠋ᠢᠬᠤ ᠵᠠᠷᠴᠢᠮ᠎ᠢ ᠡᠷᠡᠰ ᠪᠠᠷᠢᠮᠲᠠᠯᠠᠵᠤ᠂ ᠳᠤᠮᠳᠠᠳᠤ ᠤᠯᠤᠰ᠎ᠤᠨ ᠭᠣᠣᠯᠯᠠᠭᠴᠢ ᠠᠰᠢᠭ ᠲᠤᠰᠠ᠎ᠳᠤ  ᠬᠣᠯᠪᠤᠭᠳᠠᠬᠤ ᠪᠤᠢ ᠪᠦᠬᠦᠢ ᠠᠰᠠᠭᠤᠳᠠᠯ ᠳᠡᠭᠡᠷ᠎ᠡ ᠳᠤᠮᠳᠠᠳᠤ᠎ᠵᠢᠨ᠎ᠬᠢᠨ᠎ᠤ ᠵᠣᠭᠰᠣᠯᠲᠠ᠎ᠵᠢ ᠡᠷᠡᠰ ᠳᠠᠮᠵᠢᠵᠤ᠂ ᠡᠭᠦᠷᠢᠳᠡ ᠳᠤᠮᠳᠠᠳᠤ ᠤᠯᠤᠰ᠎ᠤᠨ ᠰᠠᠶ᠋ᠢᠨ ᠨᠠᠶ᠋ᠢᠵᠠ᠂ ᠰᠠᠶ᠋ᠢᠠ ᠬᠠᠨᠢᠲᠠᠨ ᠪᠣᠯᠤᠨ᠎ᠠ᠃ ᠫᠠᠺᠢᠰᠲ᠋ᠠᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠭᠠᠳᠠᠭ᠋ᠠᠳᠤ ᠬᠠᠷᠢᠯᠴᠠᠭ᠎ᠠ ᠪᠠᠶ᠋ᠢᠭᠤᠯᠤᠭᠰᠠᠨ 75 ᠵᠢᠯ᠎ᠤᠨ ᠣᠢ᠎ᠵᠢ ᠬᠠᠮᠲᠤ᠎ᠪᠠᠷ ᠪᠡᠯᠭᠡᠯᠡᠵᠦ᠂ ᠳᠤᠮᠳᠠᠳᠤ ᠤᠯᠤᠰ᠎ᠤᠨ ᠲᠥᠷᠥ᠎ᠵᠢ ᠵᠠᠰᠬᠠᠣ ᠲᠤᠷᠰᠢᠯᠭ᠎ᠠ᠎ᠵᠢ ᠰᠤᠷᠤᠯᠴᠠᠵᠤ᠂ 《ᠨᠢᠭᠡ ᠪᠦᠰᠡ ᠨᠢᠭᠡ ᠵᠠᠮ》᠎ᠤᠨ ᠬᠠᠮᠲᠤᠷᠠᠯᠴᠠᠭ᠎ᠠ᠎ᠵᠢ ᠭᠦᠨᠵᠡᠭᠡᠶ᠋ᠢᠷᠡᠭᠦᠯᠵᠦ᠂ ᠳᠤᠮᠳᠠᠳᠤ ᠫᠠᠺᠢᠰᠲ᠋ᠠᠨ᠎ᠤ ᠠᠵᠤ ᠠᠬᠤᠢ᠎ᠵᠢᠨ ᠬᠣᠩᠬᠢᠯ᠎ᠤᠨ ᠪᠦᠲᠦᠭᠡᠨ ᠪᠠᠶ᠋ᠢᠭᠤᠯᠤᠯᠲᠠ᠎ᠵᠢ ᠠᠬᠢᠭᠤᠯᠵᠤ᠂ ᠫᠠᠺᠢᠰᠲ᠋ᠠᠨ ᠳᠤᠮᠳᠠᠳᠤ᠎ᠵᠢᠨ ᠬᠠᠷᠢᠯᠴᠠᠭ᠎ᠠ᠎ᠵᠢ ᠲᠠᠰᠣᠷᠠᠯᠳᠠ ᠦᠭᠡᠢ ᠤᠷᠤᠭᠰᠢ ᠬᠥᠭᠵᠢᠭᠦᠯᠵᠦ᠂ ᠬᠣᠶᠠᠷ ᠤᠯᠤᠰ᠎ᠤᠨ ᠠᠷᠠᠳ ᠲᠦᠮᠡᠨ᠎ᠳᠤ ᠪᠤᠶᠠᠨ ᠦᠢ᠍ᠯᠡᠳᠦᠨ᠎ᠡ᠃ ᠳᠤᠮᠳᠠᠳᠤ᠎ᠵᠢᠨ᠎ᠬᠢᠨ᠎ᠠᠴᠠ ᠫᠠᠺᠢᠰᠲ᠋ᠠᠨ᠎ᠤ ᠠᠮᠧᠷᠢᠺᠠ ᠢᠷᠠᠨ᠎ᠤ ᠬᠡᠯᠡᠯᠴᠡᠭᠡ᠎ᠵᠢ ᠡᠪᠰᠡᠭᠦᠯᠬᠦ᠎ᠵᠢ ᠳᠡᠮᠵᠢᠭᠰᠡᠨ᠎ᠳᠤ ᠲᠠᠯᠠᠷᠬᠠᠵᠤ ᠪᠠᠶ᠋ᠢᠨ᠎ᠠ᠃ ᠲᠡᠷᠢᠭᠦᠯᠡᠭᠴᠢ ᠰᠢ᠎ᠵᠢᠨ᠎ᠫᠢᠩ᠎ᠤᠨ ᠳᠤᠮᠳᠠᠳᠤ ᠳᠣᠷᠣᠨᠠᠲᠤ᠎ᠵᠢᠨ ᠪᠠᠶ᠋ᠢᠳᠠᠯ᠎ᠤᠨ ᠲᠤᠬᠠᠢ ᠳᠤᠷᠠᠳᠤᠭᠰᠠᠨ ᠳᠥᠷᠪᠡᠨ ᠵᠣᠷᠢᠯᠲᠠ᠎ᠪᠣᠯ ᠡᠩᠬᠡ ᠲᠠᠶ᠋ᠢᠪᠤᠩ᠎ᠢ ᠪᠡᠶᠡᠯᠡᠭᠦᠯᠬᠦ ᠵᠢᠯᠣᠭᠤᠣᠬᠠᠣ ᠴᠢᠨᠠᠷᠲᠠᠢ ᠲᠥᠰᠦᠯ ᠪᠣᠯᠤᠨ᠎ᠠ᠃ ᠫᠠᠺᠢᠰᠲ᠋ᠠᠨ᠎ᠤ᠎ᠬᠢᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠨᠢᠭᠲᠠ ᠵᠣᠬᠢᠴᠠᠭᠤᠯᠵᠤ᠂ ᠳᠡᠯᠡᠬᠡᠢ ᠵᠢᠨ ᠡᠩᠬᠡ ᠲᠠᠶ᠋ᠢᠪᠤᠩ ᠲᠣᠭᠲᠠᠭᠤᠨ᠎ᠢ ᠠᠬᠢᠭᠤᠯᠬᠤ᠎ᠳᠤ ᠬᠠᠮᠲᠤ᠎ᠪᠠᠷ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃ 

ᠸᠠᠩ ᠢ ᠠᠭᠤᠯᠵᠠᠯᠲᠠ᠎ᠳᠤ ᠣᠷᠣᠯᠴᠠᠵᠠᠢ᠃

 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
Baidu
map