ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠪᠣᠯᠣᠳ ᠮᠡᠲᠦ ᠭᠠᠩᠨᠠᠬᠰᠠᠨ ᠬᠠᠮᠳᠤᠷᠠᠯᠴᠠᠭᠠᠨ᠎ᠤ ᠲᠤᠭᠳᠠᠴᠠ — ᠲᠠᠪᠤᠳᠤᠭᠠᠷ ᠬᠤᠭᠤᠴᠠᠭᠠᠨ᠎ᠤ ᠲᠤᠮᠳᠠᠳᠤ ᠮᠤᠨᠭᠭᠤᠯ᠎ᠤᠨ ᠦᠵᠡᠰᠬᠦᠯᠡᠨᠭ᠌᠎ᠤᠨ ᠴᠤᠭᠯᠠᠭᠠᠨ᠎ᠳᠤ ᠵᠤᠷᠢᠭᠤᠯᠤᠭᠰᠠᠨ ᠤᠨᠴᠠ ᠮᠡᠳᠡᠬᠡᠯᠡᠯ ④
ᠨᠡᠶ᠋ᠢᠲᠡᠯᠡᠭᠰᠡᠨ ᠴᠠᠭ᠄ 2025-08-19

ᠡᠨᠡ ᠵᠢᠯ᠎ᠤᠨ ᠲᠦᠷᠤᠬᠦᠤ 7 ᠰᠠᠷ᠎ᠠ᠎ᠳᠤ ᠭᠠᠭ᠍ᠴᠠᠮᠤᠳᠤ ᠬᠢᠯᠢ᠎ᠶ᠋ᠢᠨ ᠪᠣᠭᠣᠮᠲᠠ᠎ᠶ᠋ᠢᠨ AGV ᠬᠢᠯᠢ ᠠᠯᠤᠰᠯᠠᠭ᠍ᠰᠠᠨ ᠲᠡᠭᠡᠭᠡᠪᠦᠷᠢ᠎ᠶ᠋ᠢᠨ ᠵᠠᠮ᠎ᠢᠶᠡᠷ 13.5 ᠲᠦᠮᠡᠨ ᠲᠡᠷᠬᠡ ᠤᠳᠠᠭ᠎ᠠ᠎ᠶ᠋ᠢᠨ AGV ᠵᠢᠯᠤᠭᠤᠴᠢ ᠦᠬᠡᠢ ᠮᠠᠰᠢᠨ ᠲᠡᠷᠬᠡ ᠬᠢᠯᠢ᠎ᠪᠠᠷ ᠤᠷᠤᠵᠤ ᠢᠷᠡᠨ᠂ ᠲᠠᠬᠡᠬᠡᠪᠤᠷᠢᠯᠡᠭᠰᠡᠨ ᠪᠠᠷᠠᠭᠠᠨ᠎ᠤ ᠬᠡᠮᠵᠢᠶ᠎ᠡ ᠨᠢ 900 ᠲᠦᠮᠡᠨ ᠲᠣᠨ᠎ᠢ ᠲᠠᠪᠠᠪᠠ᠃ 2022 ᠣᠨ᠎ᠤ 7 ᠰᠠᠷ᠎ᠠ᠎ᠳᠤ ᠭᠠᠭ᠍ᠴᠠᠮᠤᠳᠤ ᠬᠢᠯᠢ᠎ᠶ᠋ᠢᠨ ᠪᠣᠭᠣᠮᠲᠠ ᠠᠩᠬ᠎ᠠ ᠤᠳᠠᠭ᠎ᠠ AGV ᠬᠢᠯᠢ ᠠᠯᠤᠰᠯᠠᠬᠰᠠᠨ ᠲᠡᠭᠡᠭᠡᠪᠤᠷᠢ᠎ᠶ᠋ᠢᠨ ᠵᠠᠭ᠍ᠪᠤᠷ᠎ᠢ ᠬᠡᠷᠡᠭᠯᠡᠭᠰᠡᠨ᠎ᠡᠴᠡ ᠤᠳᠤᠬᠠᠨ ᠪᠤᠯᠳᠠᠯ᠎ᠠ ᠨᠡᠢᠲᠡ 60 ᠰᠠᠭᠤᠷᠢ AGV ᠵᠢᠯᠤᠭᠤᠴᠢ ᠦᠬᠡᠢ ᠮᠠᠰᠢᠨ ᠲᠡᠷᠭᠡ᠎ᠶ᠋ᠢ ᠠᠱᠢᠭ᠍ᠯᠠᠯᠲᠠ᠎ᠳᠤ ᠣᠷᠣᠭᠤᠯᠵᠤ᠂ ᠨᠢᠭᠡ ᠤᠳᠠᠭ᠎ᠠ ᠪᠠᠷᠠᠭ᠎ᠠ ᠵᠦᠭᠡᠭᠡᠪᠤᠷᠢᠯᠡᠬᠦ᠎ᠳᠤ 80 ᠮᠢᠨᠦ᠋ᠲ ᠬᠡᠷᠡᠭ᠌ᠰᠡᠨ᠂ ᠡᠳᠦᠷ᠎ᠤᠨ ᠲᠡᠭᠡᠭᠡᠪᠦᠷᠢ᠎ᠶ᠋ᠢᠨ ᠦᠷ᠎ᠡ ᠪᠦᠲᠦᠮᠵᠢ ᠨᠢ ᠤᠯᠠᠮᠵᠢᠯᠠᠯᠲᠤ ᠮᠠᠱᠢᠨ ᠲᠡᠷᠭᠡ᠎ᠶ᠋ᠢᠨ 5 ᠳᠠᠬᠢᠨ᠎ᠠᠴᠠ ᠳᠡᠭᠡᠭ᠌ᠰᠢ ᠪᠠᠢᠵᠤ᠂ ᠡᠳᠦᠷ᠎ᠤᠨ ᠨᠡᠪᠲᠡᠷᠡᠬᠦ᠌ ᠬᠡᠮᠵᠢᠶ᠎ᠠ ᠨᠢ ᠬᠠᠮᠤᠭ᠎ᠤᠨ ᠶᠡᠬᠡ᠎ᠳᠡᠭᠡᠨ 500 ᠤᠳᠠᠭ᠎ᠠ᠎ᠳᠤ ᠬᠦᠷᠴᠠᠢ᠃

ᠡᠨᠡ ᠵᠢᠯ᠎ᠤᠨ 6 ᠰᠠᠷ᠎ᠠ᠎ᠶ᠋ᠢᠨ 1 ᠎ᠤ ᠡᠳᠦᠷ ᠳᠤᠮᠳᠠᠳᠤ ᠤᠯᠤᠰ — ᠮᠣᠩᠭᠣᠯ ᠤᠯᠤᠰ᠎ᠤᠨ ᠪᠣᠭᠣᠮᠲᠠ᠎ᠶ᠋ᠢᠨ AEO ᠲᠦᠷᠢᠮ᠎ᠢ ᠬᠠᠷᠢᠯᠴᠠᠨ ᠮᠡᠳᠡᠷᠡᠬᠦ᠌ ᠲᠣᠬᠢᠷᠠᠭᠤᠯᠤᠯᠲᠠ᠎ᠶ᠋ᠢ ᠬᠡᠷᠡᠭ᠌ᠵᠢᠭᠦᠯᠵᠤ ᠡᠬᠢᠯᠡᠪᠡ᠃ ᠲᠤᠰ ᠲᠦᠷᠢᠮ᠎ᠢ ᠬᠡᠷᠡᠭ᠌ᠵᠢᠭᠦᠯᠦᠭ᠌ᠰᠡᠨ᠎ᠤ ᠳᠠᠷᠠᠭ᠎ᠠ᠂ ᠬᠣᠶᠠᠷ ᠤᠯᠤᠰ᠎ᠤᠨ AEO ᠠᠵᠤ ᠠᠬᠤᠢᠯᠠᠯ᠎ᠤᠨ ᠡᠳ᠋ ᠪᠠᠷᠠᠭ᠎ᠠ ᠨᠢ ᠬᠢᠯᠢ᠎ᠶ᠋ᠢᠨ ᠪᠣᠭᠣᠮᠲᠠ᠎ᠪᠠᠷ ᠥᠩᠭᠡᠷᠡᠬᠦ᠌᠎ᠳᠤ ᠨᠡᠡᠭ ᠲᠦᠷᠭᠡᠨ ᠪᠤᠯᠤᠬᠰᠠᠨ ᠪᠦᠭᠡᠳ ᠠᠵᠤ ᠠᠬᠤᠢᠯᠠᠯ᠎ᠤᠨ ᠬᠢᠯᠢ ᠠᠯᠤᠰᠯᠠᠭ᠍ᠰᠠᠨ ᠠᠷᠠᠯᠵᠢᠶᠠᠨ᠎ᠤ ᠥᠪᠡᠷ᠎ᠤᠨ ᠥᠷᠲᠡᠭ᠎ᠢ ᠢᠯᠡᠳᠲᠡ ᠪᠠᠭᠤᠷᠠᠭᠤᠯᠵᠤ᠂ ᠭᠠᠳᠠᠭᠠᠳᠤ᠎ᠡᠴᠡ ᠣᠷᠣᠭᠤᠯᠵᠤ ᠭᠠᠳᠠᠭᠠᠳᠤ᠎ᠳᠦ ᠭᠠᠷᠭᠠᠬᠤ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠨᠠᠩ ᠠᠮᠤᠷ ᠲᠦᠪᠱᠢᠨ ᠪᠥᠭᠡᠳ ᠰᠠᠭᠠᠳ ᠥᠬᠡᠶ ᠨᠡᠪᠲᠡᠷᠡᠬᠦ᠌᠎ᠶ᠋ᠢ ᠪᠠᠳᠤᠯᠠᠪᠠ᠃

ᠡᠨᠡ ᠪᠤᠯ ᠲᠤᠮᠳᠠᠳᠤ ᠮᠤᠩᠭᠤᠯ ᠬᠤᠶᠠᠷ ᠤᠯᠤᠰ᠂ ᠲᠤᠮᠳᠠᠳᠤ ᠤᠯᠤᠰ᠎ᠤᠨ ᠦᠪᠤᠷ ᠮᠤᠩᠭᠤᠯ ᠬᠢᠬᠡᠳ ᠮᠤᠩᠭᠤᠯ ᠤᠯᠤᠰ ᠬᠤᠶᠠᠷ ᠲᠠᠯ᠎ᠠ᠎ᠶ᠋ᠢᠨ ᠬᠠᠮᠳᠤᠷᠠᠯᠴᠠᠭᠠᠨ᠎ᠦ ᠲᠣᠭ᠍ᠲᠠᠴᠠ᠎ᠶ᠋ᠢᠨ ᠦᠷ᠎ᠠ ᠪᠦᠳᠦᠬᠡᠯ ᠶᠤᠮ᠃ ᠡᠨᠡ ᠵᠢᠯ᠎ᠤᠨ 2 ᠳ᠋ᠤᠭᠠᠷ ᠰᠠᠷ᠎ᠠ᠎ᠶ᠋ᠢᠨ 27 ᠎ᠦ ᠡᠳᠦᠷ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠦ ᠪᠣᠭᠣᠮᠲᠠ᠎ᠶ᠋ᠢᠨ ᠠᠯᠪᠠᠨ ᠬᠡᠷ ᠬᠢᠭᠡᠳ ᠮᠣᠩᠭᠣᠯ ᠤᠯᠤᠰ᠎ᠤᠨ ᠬᠢᠯᠢ᠎ᠶ᠋ᠢᠨ ᠪᠣᠭᠣᠮᠲᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ ᠬᠥᠯᠥᠨ ᠪᠣᠢᠷ ᠬᠣᠲᠠ᠎ᠳᠤ ᠨᠢᠭᠡᠳᠦᠭᠡᠷ ᠤᠯᠠᠷᠢᠯ᠎ᠤᠨ ᠠᠵᠢᠯ᠎ᠤᠨ ᠠᠭᠤᠯᠵᠠᠯᠲᠠ ᠬᠢᠵᠤ᠂ AGV ᠬᠢᠯᠢ ᠠᠯᠤᠰᠯᠠᠭ᠍ᠰᠠᠨ ᠵᠢᠯᠣᠭᠣᠴᠢ ᠥᠬᠡᠶ ᠲᠡᠭᠡᠭᠡᠪᠦᠷᠢ᠎ᠶ᠋ᠢᠨ ᠵᠠᠭ᠍ᠪᠤᠷ ᠵᠡᠷᠭᠡ᠎ᠶ᠋ᠢ ᠳᠡᠯᠭᠡᠷᠡᠭᠦᠯᠦᠨ ᠬᠡᠷᠡᠭ᠌ᠯᠡᠬᠦ᠌᠂ 《ᠭᠠᠭ᠍ᠴᠠ ᠴᠣᠩᠬᠤᠪᠴᠢ》᠎ᠶ᠋ᠢᠨ ᠬᠦᠷᠢᠶᠡᠨ᠎ᠳᠡᠬᠢ ᠬᠠᠮᠲᠤᠷᠠᠯᠴᠠᠭ᠎ᠠ᠎ᠶ᠋ᠢ ᠴᠢᠩᠭᠠᠳᠭᠠᠬᠤ ᠵᠡᠷᠬᠡ ᠲᠠᠯ᠎ᠠ᠎ᠪᠡᠷ ᠠᠩᠬ᠎ᠠ ᠠᠯᠬᠤᠮ᠎ᠤᠨ ᠬᠠᠮᠲᠤ᠎ᠶ᠋ᠢᠨ ᠲᠠᠨᠢᠯᠲᠠ᠎ᠲᠡᠢ ᠪᠣᠯᠪᠠ᠃ ᠤᠳᠤ ᠭᠠᠭ᠍ᠴᠠᠮᠤᠳᠤ ᠬᠢᠯᠢ᠎ᠶ᠋ᠢᠨ ᠪᠣᠭᠣᠮᠲᠠ᠎ᠶ᠋ᠢᠨ AGV ᠬᠢᠯᠢ ᠠᠯᠤᠰᠯᠠᠭ᠍ᠰᠠᠨ ᠵᠢᠯᠣᠭᠣᠴᠢ ᠥᠬᠡᠶ ᠲᠡᠭᠡᠭᠡᠪᠦᠷᠢ᠎ᠶ᠋ᠢᠨ ᠵᠠᠭ᠍ᠪᠤᠷ᠎ᠢ ᠨᠢᠭᠡᠨᠲᠡ ᠪᠥᠬᠥ᠌ ᠱᠤᠭᠤᠮ᠎ᠢᠶᠠᠷ ᠠᠱᠢᠭ᠍ᠯᠠᠯᠲᠠ᠎ᠳᠤ ᠤᠷᠤᠭᠤᠯᠵᠤ᠂ ᠮᠠᠨ᠎ᠦ ᠤᠯᠤᠰ᠎ᠤᠨ ᠬᠢᠯᠢ᠎ᠶ᠋ᠢᠨ ᠪᠣᠭᠣᠮᠲᠠ᠎ᠶ᠋ᠢᠨ ᠬᠢᠯᠢ ᠠᠯᠤᠰᠯᠠᠭ᠍ᠰᠠᠨ ᠵᠢᠯᠣᠭᠣᠴᠢ ᠥᠬᠡᠶ ᠲᠡᠭᠡᠭᠡᠪᠦᠷᠢ᠎ᠶ᠋ᠢᠨ ᠠᠮᠵᠢᠯᠲᠠ᠎ᠲᠠᠢ ᠥᠯᠢᠭᠡᠷ ᠵᠢᠱ᠌ᠢᠶ᠎ᠡ ᠪᠤᠯᠵᠠᠢ᠃

ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠣᠭᠣᠮᠲᠠ᠎ᠶ᠋ᠢᠨ ᠠᠯᠪᠠᠨ ᠬᠡᠷ ᠬᠢᠭᠡᠳ ᠮᠣᠩᠭᠣᠯ ᠤᠯᠤᠰ᠎ᠤᠨ ᠬᠢᠯᠢ᠎ᠶ᠋ᠢᠨ ᠪᠣᠭᠣᠮᠲᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ 2025 ᠤᠨ᠎ᠤ ᠨᠢᠭᠡᠳᠦᠭᠡᠷ ᠤᠯᠠᠷᠢᠯ᠎ᠤᠨ ᠠᠵᠢᠯ᠎ᠤᠨ ᠠᠭᠤᠯᠵᠠᠯᠳᠠ᠎ᠳᠤ ᠲᠤᠮᠳᠠᠳᠤ ᠮᠤᠡᠭᠭᠤᠯ᠎ᠤᠨ ᠬᠢᠯᠢ᠎ᠶ᠋ᠢᠨ ᠪᠣᠭᠣᠮᠲᠠ᠎ᠶ᠋ᠢᠨ ᠪᠠᠷᠠᠭ᠎ᠠ ᠦᠡᠭᠭᠡᠷᠡᠬᠦᠯᠦᠭᠰᠡᠨ ᠬᠡᠮᠵᠢᠶ᠎ᠠ ᠲᠤᠬᠳᠠᠭᠤᠨ ᠨᠡᠮᠡᠭᠳᠡᠭᠰᠡᠨ᠂ ᠷᠠᠰᠢᠶᠠᠨ — ᠰᠦᠮᠪᠤᠷ ᠵᠠᠰᠠᠮᠠᠯ ᠵᠠᠮ᠎ᠤᠨ ᠬᠢᠯᠢ᠎ᠶ᠋ᠢᠨ ᠪᠣᠭᠣᠮᠲᠠ᠎ᠶ᠋ᠢ ᠵᠢᠯ ᠲᠤᠷᠰᠢ ᠨᠡᠭᠡᠭᠡᠯᠳᠡ ᠬᠢᠭᠰᠡᠨ ᠪᠠ ᠦᠯᠵᠠᠢ — ᠴᠠᠭᠠᠨ ᠳᠠᠯ ᠠᠭᠤᠯᠠ ᠬᠢᠯᠢ᠎ᠶ᠋ᠢᠨ ᠪᠣᠭᠣᠮᠲᠠ᠎ᠶ᠋ᠢ ᠲᠦᠷ ᠴᠠᠭ ᠨᠡᠭᠡᠭᠡᠯᠳᠡ ᠬᠢᠭᠰᠡᠨ ᠵᠢᠴᠢ ᠲᠤᠮᠳᠠᠳᠤ ᠮᠤᠡᠭᠭᠤᠯ᠎ᠤᠨ ᠬᠢᠯᠢ᠎ᠶ᠋ᠢᠨ ᠪᠣᠭᠣᠮᠲᠠ᠎ᠶ᠋ᠢᠨ 8 ᠰᠠᠭᠤᠳᠠᠯ᠎ᠠᠴᠠ ᠲᠤᠷᠤᠬᠰᠢᠬᠢ ᠵᠢᠵᠢᠭ ᠬᠡᠯᠪᠡᠷᠢ᠎ᠶ᠋ᠢᠨ ᠮᠠᠰᠢᠨ ᠲᠡᠷᠭᠡ᠎ᠶ᠋ᠢ ᠰᠠᠭᠠᠳ ᠦᠬᠡᠢ ᠨᠡᠪᠳᠡᠷᠡᠬᠦᠯᠤᠬᠡᠳ ᠦᠨᠳᠤᠷ ᠦᠷ᠎ᠠ ᠪᠦᠳᠤᠮᠵᠢ ᠤᠯᠤᠬᠰᠠᠨ᠂ ᠬᠢᠯᠢ ᠠᠯᠤᠰᠯᠠᠬᠰᠠᠨ ᠲᠡᠮᠤᠷ ᠵᠠᠮ᠎ᠤᠨ ᠪᠦᠳᠤᠭᠡᠨ ᠪᠠᠢᠭᠤᠯᠤᠯᠳᠠ᠎ᠶ᠋ᠢ ᠦᠷᠬᠦᠯᠵᠢᠯᠡᠨ ᠠᠬᠢᠭᠤᠯᠤᠬᠰᠠᠨ᠂ ᠱᠢᠨ᠎ᠡ᠎ᠪᠡᠷ ᠪᠠᠢᠭᠤᠯᠤᠬᠰᠠᠨ ᠪᠠᠷᠠᠭᠠᠨ᠎ᠤ ᠲᠡᠭᠡᠭᠡᠪᠦᠷᠢ᠎ᠶ᠋ᠢᠨ ᠲᠤᠰᠬᠠᠢ ᠨᠡᠪᠳᠡᠷᠡᠬᠦ ᠵᠠᠮ᠎ᠤᠨ ᠬᠢᠯᠢ ᠦᠡᠭᠭᠡᠷᠡᠬᠦ ᠴᠡᠭ᠎ᠤᠨ ᠵᠦᠪᠯᠡᠯᠴᠡᠭᠡᠷ ᠲᠤᠬᠳᠠᠬᠰᠠᠨ ᠵᠡᠷᠭᠡ ᠲᠠᠯ᠎ᠠ᠎ᠪᠠᠷ ᠬᠢ ᠲᠡᠭᠡᠷ᠎ᠠ ᠨᠢᠬᠡ ᠡᠭᠡᠯᠵᠢ᠎ᠶ᠋ᠢᠨ ᠠᠭᠤᠯᠵᠠᠯᠳᠠ᠎ᠠᠴᠠ ᠨᠠᠭᠠᠰᠢᠬᠢ ᠠᠮᠵᠢᠯᠳᠠ ᠪᠦᠲᠦᠮᠵᠢ᠎ᠶ᠋ᠢ ᠬᠦᠢᠴᠡᠳ ᠨᠤᠳᠠᠯᠠᠪᠠ᠃ ᠬᠣᠶᠠᠷ ᠲᠠᠯ᠎ᠠ᠎ᠪᠠᠷ᠎ᠢᠶᠠᠨ ᠪᠠᠰᠠ ᠬᠢᠯᠢ᠎ᠶ᠋ᠢᠨ ᠪᠣᠭᠣᠮᠲᠠ᠎ᠶ᠋ᠢᠨ ᠰᠠᠭᠤᠷᠢ ᠲᠦᠬᠦᠭᠡᠷᠦᠮᠵᠢ᠎ᠶ᠋ᠢ ᠬᠤᠯᠪᠤᠯᠳᠤᠨ ᠨᠡᠪᠳᠡᠷᠡᠬᠦᠯᠬᠦ᠂ ᠬᠢᠯᠢ᠎ᠶ᠋ᠢᠨ ᠪᠣᠭᠣᠮᠲᠠ᠎ᠶ᠋ᠢᠨ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠪᠠᠷᠠᠭ᠎ᠠ ᠲᠠᠸᠠᠷ᠎ᠤᠨ ᠲᠥᠷᠥᠯ ᠵᠦᠶ᠋ᠯ᠎ᠢ ᠨᠡᠮᠡᠭᠳᠡᠬᠦᠯᠬᠦ᠂ ᠬᠢᠯᠢ᠎ᠶ᠋ᠢᠨ ᠪᠣᠭᠣᠮᠲᠠ᠎ᠶ᠋ᠢᠨ ᠠᠵᠢᠯ᠎ᠤᠨ ᠴᠠᠭ᠎ᠢ ᠱᠢᠯᠢᠳᠡᠭ᠌ᠵᠢᠭᠦᠯᠬᠦ᠌᠂ ᠬᠢᠯᠢ᠎ᠶ᠋ᠢᠨ ᠪᠣᠭᠣᠮᠲᠠ᠎ᠪᠡᠷ ᠥᠩᠭᠡᠷᠡᠬᠦᠯᠬᠦ᠎ᠶ᠋ᠢ ᠦᠷᠭᠦᠯᠵᠢᠯᠡᠨ ᠳᠥᠭᠥᠮᠴᠢᠯᠡᠬᠦ᠌᠂ ᠬᠢᠯᠢ᠎ᠶ᠋ᠢᠨ ᠪᠣᠭᠣᠮᠲᠠ᠎ᠶ᠋ᠢᠨ ᠣᠶᠤᠨᠴᠢᠯᠠᠭ᠍ᠰᠠᠨ ᠣᠳᠣᠬᠢᠴᠢᠯᠠᠬᠰᠠᠨ ᠬᠠᠮᠲᠤᠷᠠᠯᠴᠠᠭ᠎ᠠ ᠥᠷᠨᠢᠭᠦᠯᠬᠦ᠌᠂ ᠬᠢᠯᠢ᠎ᠶ᠋ᠢᠨ ᠪᠣᠭᠣᠮᠲᠠ᠎ᠶ᠋ᠢᠨ ᠠᠷᠠᠯᠵᠢᠶᠠᠨ᠎ᠤ ᠬᠦᠭᠵᠢᠯ ᠴᠡᠴᠡᠭ᠌ᠯᠡᠯ᠎ᠢ ᠠᠬᠢᠭᠤᠯᠬᠤ ᠵᠡᠷᠭᠡ 6 ᠶᠡᠬᠡ ᠲᠠᠯ᠎ᠠ᠎ᠶ᠋ᠢᠨ ᠨᠡᠢ᠌ᠳᠡ 20 ᠵᠥᠪᠯᠡᠬᠦ᠌ ᠰᠡᠳᠤᠪ᠎ᠦᠨ ᠲᠤᠭᠤᠷᠢᠨ᠎ᠳᠦ ᠭᠦᠨᠵᠡᠭᠡᠢ ᠰᠣᠯᠢᠯᠴᠠᠭ᠎ᠠ ᠬᠢᠵᠤ ᠵᠥᠪᠳᠡᠯᠴᠡᠭᠰᠡᠨ ᠪᠠᠢᠨ᠎ᠠ᠃

ᠡᠨᠡ ᠬᠦ᠌ ᠠᠭᠤᠯᠵᠠᠯᠳᠠ ᠪᠤᠯ ᠨᠢᠬᠡᠨᠳᠡ ᠲᠤᠭᠳᠠᠴᠠ ᠪᠤᠯᠵᠤ ᠪᠦᠷᠢᠯᠳᠦᠭᠰᠡᠨ ᠳᠤᠮᠳᠠᠳᠤ ᠮᠣᠩᠭᠣᠯ᠎ᠤᠨ ᠬᠢᠯᠢ᠎ᠶ᠋ᠢᠨ ᠪᠣᠭᠣᠮᠲᠠ᠎ᠶ᠋ᠢᠨ ᠬᠠᠮᠢᠶᠠᠷᠤᠯᠲᠠ᠎ᠶ᠋ᠢᠨ ᠬᠠᠮᠲᠤᠷᠠᠯᠴᠠᠭᠠᠨ᠎ᠤ ᠵᠥᠪᠯᠡᠯ᠎ᠤᠨ ᠲᠤᠭᠳᠠᠮᠠᠯ ᠬᠤᠭᠤᠴᠠᠭ᠎ᠠ᠎ᠲᠡᠢ ᠠᠵᠢᠯ᠎ᠤᠨ ᠠᠭᠤᠯᠵᠠᠯᠳᠠ ᠪᠤᠯᠤᠨ᠎ᠠ᠃ ᠲᠤᠰ ᠵᠥᠪᠯᠡᠯ ᠪᠣᠯ ᠳᠤᠮᠳᠠᠳᠤ ᠮᠣᠩᠭᠣᠯ ᠬᠣᠶᠠᠷ ᠤᠯᠤᠰ᠎ᠤᠨ ᠬᠢᠯᠢ᠎ᠶ᠋ᠢᠨ ᠪᠣᠭᠣᠮᠲᠠ᠎ᠶ᠋ᠢᠨ ᠬᠠᠮᠢᠶᠠᠷᠤᠯᠲᠠ ᠪᠠ ᠬᠠᠮᠲᠤᠷᠠᠯᠴᠠᠭ᠎ᠠ᠎ᠶ᠋ᠢ ᠴᠢᠩᠭᠠᠳᠭᠠᠬᠤ ᠴᠢᠬᠤᠯᠠ ᠲᠣᠭ᠍ᠲᠠᠴᠠ ᠪᠠᠢᠵᠤ᠂ ᠤᠯᠤᠰ᠎ᠤᠨ ᠪᠣᠭᠣᠮᠲᠠ᠎ᠶ᠋ᠢᠨ ᠠᠯᠪᠠᠨ ᠭᠡᠷ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠣᠭᠣᠮᠲᠠ᠎ᠶ᠋ᠢᠨ ᠠᠯᠪᠠᠨ ᠭᠡᠷ ᠨᠢ ᠲᠤᠰ ᠲᠤᠰ ᠮᠣᠩᠭᠣᠯ ᠤᠯᠤᠰ᠎ᠤᠨ ᠬᠢᠯᠢ᠎ᠶ᠋ᠢᠨ ᠪᠣᠭᠣᠮᠲᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ᠎ᠲᠠᠢ ᠲᠣᠭ᠍ᠲᠠᠮᠠᠯ ᠬᠤᠭᠤᠴᠠᠭ᠎ᠠ᠎ᠲᠠᠢ᠎ᠪᠠᠷ ᠠᠭᠤᠯᠵᠠᠯᠲᠠ ᠬᠢᠬᠦ᠌ ᠲᠣᠭ᠍ᠲᠠᠴᠠ᠎ᠶ᠋ᠢ ᠪᠠᠢᠭᠤᠯᠪᠠ᠃

ᠪᠤᠯᠤᠳ ᠮᠡᠳᠤ ᠭᠠᠩᠨᠠᠭᠰᠠᠨ ᠬᠠᠮᠳᠤᠷᠠᠯᠴᠠᠭᠠᠨ᠎ᠤ ᠲᠤᠭᠳᠠᠴᠠ᠎ᠶ᠋ᠢ ᠪᠠᠢᠭᠤᠯᠵᠤ᠂ ᠲᠤᠮᠳᠠᠳᠤ ᠮᠤᠩᠭᠤᠯ ᠬᠤᠶᠠᠷ ᠲᠠᠯ᠎ᠠ᠎ᠶ᠋ᠢᠨ ᠠᠵᠤ ᠠᠬᠤᠢ ᠠᠷᠠᠯᠵᠢᠶᠠᠨ᠎ᠤ ᠶᠠᠪᠤᠯᠴᠠᠭ᠎ᠠ᠂ ᠰᠤᠶᠤᠯ ᠢᠷᠭᠡᠨᠰᠢᠯ᠎ᠤᠨ ᠰᠤᠯᠢᠯᠴᠠᠭ᠎ᠠ ᠵᠡᠷᠭᠡ᠎ᠳᠦ ᠪᠡᠳᠤ ᠰᠠᠭᠤᠷᠢ ᠲᠠᠯᠪᠢᠬᠤ᠎ᠶ᠋ᠢᠨ ᠬᠠᠮᠳᠤ ᠮᠠᠨ᠎ᠤ ᠤᠯᠤᠰ᠎ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠡᠬᠢᠯᠡᠯᠳᠡ᠎ᠶ᠋ᠢ ᠤᠯᠠᠮ ᠪᠡᠬᠢᠵᠢᠬᠦᠯᠦᠨ᠎ᠠ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠮᠣᠩᠭᠣᠯ ᠤᠯᠤᠰ᠎ᠤᠨ ᠭᠠᠳᠠᠭᠠᠳᠤ ᠶᠠᠪᠤᠳᠠᠯ᠎ᠤᠨ ᠶᠠᠮᠤᠨ᠎ᠤ ᠪᠠᠢᠩᠭᠤ᠎ᠶ᠋ᠢᠨ ᠵᠥᠪᠳᠡᠯᠴᠡᠬᠦ᠌ ᠠᠵᠢᠯ᠎ᠤᠨ ᠳᠤᠭᠤᠢᠯᠠᠩ ᠨᠢ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠮᠣᠩᠭᠣᠯ ᠤᠯᠤᠰ᠎ᠤᠨ ᠭᠠᠳᠠᠭᠠᠳᠤ ᠶᠠᠪᠤᠳᠠᠯ᠎ᠤᠨ ᠶᠠᠮᠤᠨ᠎ᠢᠶᠠᠷ ᠲᠤᠯᠤᠭᠠᠢᠯᠠᠭᠤᠯᠤᠨ ᠲᠣᠭ᠍ᠲᠠᠮᠠᠯ ᠬᠤᠭᠤᠴᠠᠭ᠎ᠠ᠎ᠲᠠᠢ ᠬᠤᠷᠠᠯ ᠬᠢᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠬᠢᠭᠡᠳ ᠮᠣᠩᠭᠣᠯ ᠤᠯᠤᠰ᠎ᠤᠨ ᠡᠯ᠎ᠡ ᠬᠦᠷᠢᠶᠡᠨ᠎ᠳᠡᠬᠢ ᠨᠥᠬᠥᠷᠰᠡᠭ ᠶᠠᠪᠤᠯᠴᠠᠭ᠎ᠠ ᠪᠡ ᠬᠠᠮᠳᠤᠷᠠᠯᠴᠠᠭᠠᠨ᠎ᠤ ᠤᠴᠢᠷ ᠶᠠᠪᠤᠳᠠᠯ᠎ᠢ ᠵᠥᠪᠳᠡᠵᠤ᠂ ᠣᠳᠣᠬᠠᠨ ᠪᠤᠯᠳᠠᠯ᠎ᠠ ᠨᠢᠭᠡᠨᠲᠡ 6 ᠤᠳᠠᠭ᠎ᠠ᠎ᠶ᠋ᠢᠨ ᠠᠵᠢᠯᠯᠠᠬᠤ ᠳᠤᠭᠤᠢᠯᠠᠩ᠎ᠤᠨ ᠬᠤᠷᠠᠯ ᠬᠢᠪᠡ᠃

2024 ᠣᠨ᠎ᠤ 10 ᠳ᠋ᠤᠭᠠᠷ ᠰᠠᠷ᠎ᠠ᠎ᠶ᠋ᠢᠨ 16 ᠎ᠤ ᠡᠳᠦᠷ᠂ ᠦᠪᠤᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠮᠣᠩᠭᠣᠯ ᠤᠯᠤᠰ᠎ᠤᠨ ᠭᠠᠳᠠᠭᠠᠳᠤ ᠶᠠᠪᠤᠳᠠᠯ᠎ᠤᠨ ᠶᠠᠮᠤᠨ᠎ᠤ ᠪᠠᠢᠩᠭᠤ᠎ᠶ᠋ᠢᠨ ᠵᠥᠪᠳᠡᠯᠴᠡᠬᠦ᠌ ᠠᠵᠢᠯ᠎ᠤᠨ ᠳᠤᠭᠤᠢᠯᠠᠩ᠎ᠤᠨ ᠵᠢᠷᠭᠤᠳᠤᠭᠠᠷ ᠤᠳᠠᠭ᠎ᠠ᠎ᠶ᠋ᠢᠨ ᠬᠤᠷᠠᠯ ᠬᠥᠬᠡᠬᠣᠲᠠ᠎ᠳᠤ ᠬᠤᠷᠠᠯᠳᠤᠵᠤ᠂ ᠬᠣᠶᠠᠷ ᠲᠠᠯ᠎ᠠ᠎ᠪᠠᠷ᠎ᠢᠶᠠᠨ ᠠᠵᠤ ᠠᠬᠤᠶ ᠠᠷᠠᠯᠵᠢᠶᠠᠨ᠎ᠤ ᠰᠣᠯᠢᠯᠴᠠᠭ᠎ᠠ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠂ ᠡᠨᠧᠷᠭᠢ᠎ᠶ᠋ᠢᠨ ᠬᠠᠮᠲᠤᠷᠠᠯᠴᠠᠭ᠎ᠠ᠂ ᠰᠣᠶᠣᠯ ᠢᠷᠭᠡᠨᠱᠢᠯ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠬᠣᠯᠪᠣᠯᠳᠤᠨ ᠨᠡᠪᠲᠡᠷᠡᠯᠴᠡᠬᠦ᠌ ᠵᠡᠷᠭᠡ ᠬᠠᠮᠲᠤᠷᠠᠯᠴᠠᠭᠠᠨ᠎ᠤ ᠵᠥᠪᠳᠡᠬᠦ᠌ ᠰᠡᠳᠦᠪ᠎ᠤᠨ ᠲᠤᠬᠠᠶ ᠰᠠᠨᠠᠯ ᠨᠢᠭᠡᠳᠴᠦ᠍᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠮᠣᠩᠭᠣᠯ ᠤᠯᠤᠰ᠎ᠤᠨ ᠭᠠᠳᠠᠭᠠᠳᠤ ᠶᠠᠪᠤᠳᠠᠯ᠎ᠤᠨ ᠶᠠᠮᠤᠨ᠎ᠤ ᠪᠠᠢᠩᠭᠤ᠎ᠶ᠋ᠢᠨ ᠵᠥᠪᠳᠡᠯᠴᠡᠬᠦ᠌ ᠠᠵᠢᠯ᠎ᠤᠨ ᠳᠤᠭᠤᠢᠯᠠᠩ᠎ᠤᠨ ᠵᠢᠷᠭᠤᠳᠤᠭᠠᠷ ᠤᠳᠠᠭ᠎ᠠ᠎ᠶ᠋ᠢᠨ ᠬᠤᠷᠠᠯ᠎ᠤᠨ ᠲᠡᠮᠳᠡᠭ᠌ᠯᠡᠯ》᠎ᠳᠦ ᠭᠠᠷ᠎ᠤᠨ ᠥᠰᠥᠭ ᠵᠢᠷᠤᠭᠰᠠᠨ ᠶᠤᠮ᠃

ᠳᠤᠮᠳᠠᠳᠤ ᠮᠣᠩᠭᠣᠯ᠎ᠤᠨ ᠠᠵᠤ ᠠᠬᠤᠶ ᠠᠷᠠᠯᠵᠢᠶ᠎ᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠠᠮᠲᠤᠷᠠᠭ᠍ᠰᠠᠨ ᠵᠥᠪᠯᠡᠯ ᠪᠣᠯ ᠳᠤᠮᠳᠠᠳᠤ ᠮᠣᠩᠭᠣᠯ ᠬᠣᠶᠠᠷ ᠤᠯᠤᠰ᠎ᠤᠨ ᠵᠠᠰᠠᠭ᠎ᠤᠨ ᠣᠷᠳᠣᠨ᠎ᠤ ᠬᠣᠭᠣᠷᠣᠨᠳᠣᠬᠢ ᠠᠵᠤ ᠠᠬᠤᠶ ᠠᠷᠠᠯᠵᠢᠶ᠎ᠠ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠵᠡᠷᠭᠡ ᠬᠦᠷᠢᠶᠡᠨ ᠳ᠋ᠡᠬᠢ ᠬᠠᠮᠲᠤᠷᠠᠯᠴᠠᠭ᠎ᠠ᠎ᠶ᠋ᠢ ᠠᠬᠢᠭᠤᠯᠬᠤ ᠴᠢᠬᠤᠯᠠ ᠲᠣᠭ᠍ᠲᠠᠴᠠ ᠪᠠᠢᠵᠤ᠂ ᠣᠲᠣᠬᠠᠨ ᠪᠣᠯᠲᠠᠯ᠎ᠠ ᠨᠢᠭᠡᠨᠲᠡ 17 ᠤᠳᠠᠭ᠎ᠠ᠎ᠶ᠋ᠢᠨ ᠬᠠᠮᠲᠤᠷᠠᠭ᠍ᠰᠠᠨ ᠬᠤᠷᠠᠯ ᠬᠢᠪᠡ᠃ ᠡᠨᠡ ᠵᠢᠯ᠎ᠤᠨ 7 ᠳ᠋ᠤᠭᠠᠷ ᠰᠠᠷ᠎ᠠ᠎ᠶ᠋ᠢᠨ 1 ᠎ᠤ ᠡᠳᠦᠷ᠂ ᠲᠤᠰ ᠵᠥᠪᠯᠡᠯ᠎ᠤᠨ ᠠᠵᠢᠯ᠎ᠤᠨ ᠳᠤᠭᠤᠢᠯᠠᠩ ᠮᠣᠩᠭᠣᠯ ᠤᠯᠤᠰ᠎ᠤᠨ ᠤᠯᠠᠭᠠᠨᠪᠠᠭᠠᠲᠤᠷ ᠬᠣᠲᠠ᠎ᠳᠤ ᠠᠵᠢᠯᠯᠠᠬᠤ ᠳᠤᠭᠤᠢᠯᠠᠩ᠎ᠤᠨ ᠬᠤᠷᠠᠯ ᠬᠢᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠳᠣᠮᠳᠠᠳᠤ᠎ᠶ᠋ᠢᠨ ᠲᠠᠯ᠎ᠠ᠎ᠶ᠋ᠢᠨ ᠣᠷᠣᠨ ᠨᠤᠲᠤᠭ᠎ᠤᠨ ᠲᠥᠯᠥᠭᠡᠯᠡᠭ᠌ᠴᠢ᠎ᠶ᠋ᠢᠨ ᠬᠤᠪᠢ᠎ᠪᠡᠷ ᠬᠤᠷᠠᠯ᠎ᠳᠦ ᠣᠷᠣᠯᠴᠠᠪᠠ᠃ ᠠᠵᠢᠯᠯᠠᠬᠤ ᠳᠤᠭᠤᠢᠯᠠᠩ᠎ᠤᠨ ᠬᠤᠷᠠᠯ᠎ᠡᠴᠡ 2026 ᠣᠨ᠎ᠤ ᠨᠢᠭᠡᠳᠦᠭᠡᠷ ᠤᠯᠠᠷᠢᠯ᠎ᠳᠤ ᠳᠤᠮᠳᠠᠳᠤ ᠮᠣᠩᠭᠣᠯ᠎ᠤᠨ ᠠᠵᠤ ᠠᠬᠤᠶ ᠠᠷᠠᠯᠵᠢᠶ᠎ᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠠᠮᠳᠤᠷᠠᠬᠰᠠᠨ ᠵᠥᠪᠯᠡᠯ᠎ᠤᠨ 18 ᠤᠳᠠᠭ᠎ᠠ᠎ᠶ᠋ᠢᠨ ᠬᠤᠷᠠᠯ᠎ᠢᠶᠠᠨ ᠬᠢᠬᠦ᠌᠎ᠪᠡᠷ ᠠᠩᠬ᠎ᠠ ᠠᠯᠬᠤᠮ ᠵᠥᠪᠳᠡᠨ ᠲᠣᠭ᠍ᠲᠠᠵᠠᠶ᠃

ᠵᠦᠪᠳᠡᠵᠤ ᠪᠠᠢᠭᠠᠳ ᠪᠦᠳᠦᠬᠡᠨ᠎ᠠ ᠬᠡᠬᠦ ᠪᠤᠯ ᠲᠤᠮᠳᠠᠳᠤ ᠮᠤᠩᠭᠤᠯ ᠬᠤᠶᠠᠷ ᠤᠯᠤᠰ᠂ ᠲᠤᠮᠳᠠᠳᠤ ᠤᠯᠤᠰ᠎ᠤᠨ ᠦᠪᠤᠷ ᠮᠤᠩᠭᠤᠯ ᠬᠢᠬᠡᠳ ᠮᠤᠩᠭᠤᠯ ᠤᠯᠤᠰ ᠬᠤᠶᠠᠷ ᠲᠠᠯ᠎ᠠ᠎ᠶ᠋ᠢᠨ ᠬᠠᠮᠳᠤᠷᠠᠯᠴᠠᠭᠠᠨ᠎ᠤ ᠲᠣᠭ᠍ᠲᠠᠴᠠ᠎ᠶ᠋ᠢᠨ ᠭᠤᠤᠯ ᠬᠠᠷᠠᠯᠳᠠ ᠵᠤᠷᠢᠯᠳᠠ ᠪᠤᠯᠬᠤ ᠨᠢ ᠭᠠᠷᠴᠠᠭ᠎ᠠ ᠦᠬᠡᠢ᠃ ᠦᠨᠤ ᠨᠢᠬᠡᠨᠳᠡ ᠰᠠᠢᠨ ᠰᠠᠢᠬᠠᠨ ᠬᠠᠮᠳᠤᠷᠠᠯᠴᠠᠭᠠᠨ᠎ᠤ ᠲᠤᠬᠳᠠᠴᠠ᠎ᠲᠠᠢ ᠪᠤᠯᠤᠭᠰᠠᠨ ᠪᠤᠯᠬᠤᠷ ᠢᠷᠡᠭᠡᠳᠤᠢ᠎ᠳᠤ ᠬᠤᠶᠠᠷ ᠲᠠᠯ᠎ᠠ᠎ᠶ᠋ᠢᠨ ᠬᠠᠮᠳᠤᠷᠠᠯᠴᠠᠭ᠎ᠠ ᠨᠡᠡᠭ ᠦᠷᠭᠡᠨ ᠠᠭᠤᠳᠠᠮ ᠬᠥᠭ᠌ᠵᠢᠯᠲᠡ᠎ᠶ᠋ᠢᠨ ᠤᠷᠤᠨ ᠵᠠᠢ᠎ᠲᠡᠢ ᠪᠤᠯᠬᠤ ᠨᠢ ᠯᠠᠪᠳᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
Baidu
map