ᠣᠢᠷ᠎ᠠ᠎ᠳᠤ᠂ ᠳᠤᠮᠳᠠᠳᠤ ᠤᠯᠤᠰ (ᠭᠤᠸᠠᠩᠵᠧᠦ)᠎ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠠᠷᠠᠯᠵᠢᠶᠠᠨ᠎ᠤ ᠴᠤᠭᠯᠠᠭᠠᠨ (《ᠬᠢᠯᠢ ᠠᠯᠤᠰᠯᠠᠭᠰᠠᠨ ᠠᠷᠠᠯᠵᠢᠶ᠎ᠠ》 ᠭᠡᠵᠦ ᠲᠣᠪᠴᠢᠯᠠᠪᠠ)᠎ᠢ ᠭᠤᠸᠠᠩᠵᠧᠦ᠎ᠳᠤ ᠡᠷᠬᠢᠯᠡᠨ ᠶᠠᠪᠤᠭᠳᠠᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠰᠢᠯᠢᠳᠡᠭ 30 ᠠᠵᠤ ᠠᠬᠤᠢᠯᠠᠯ᠎ᠢ ᠵᠣᠬᠢᠶᠠᠨ ᠪᠠᠢᠭᠤᠯᠤᠨ ᠣᠷᠤᠯᠴᠠᠭᠤᠯᠪᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠵᠡᠭᠦᠯᠭᠡ᠎ᠶᠢᠨ ᠲᠠᠢᠰᠠᠨ᠎ᠳᠤ ᠠᠵᠤ ᠦᠢᠯᠡᠰ᠎ᠤᠨ ᠬᠣᠯᠪᠣᠭᠠᠨ᠎ᠤ ᠬᠡᠯᠪᠡᠷᠢ᠎ᠪᠠᠷ ᠬᠠᠮᠲᠤ᠎ᠪᠠᠷ ᠦᠵᠡᠰᠭᠦᠯᠡᠩᠳᠤ ᠣᠷᠣᠯᠴᠠᠵᠤ᠂ 800 ᠰᠢᠬᠠᠮ ᠬᠥᠮᠦᠨ ᠤᠳᠠᠭ᠎ᠠ᠎ᠶᠢᠨ ᠬᠡᠷᠡᠭᠯᠡᠭᠴᠢ᠎ᠶᠢ ᠲᠠᠲᠠᠵᠤ ᠬᠠᠮᠲᠤᠷᠠᠯᠴᠠᠭᠠᠨ᠎ᠤ ᠰᠠᠨᠠᠮᠵᠢ᠎ᠶᠢ ᠰᠠᠨᠠᠭᠠᠴᠢᠯᠠᠭ᠎ᠠ᠎ᠡᠴᠡ᠎ᠪᠡᠨ ᠵᠤᠯᠭᠠᠭᠤᠯᠵᠤ᠂ ᠦᠵᠡᠭᠦᠯᠭᠡ᠎ᠶᠢᠨ ᠴᠤᠭᠯᠠᠭᠠᠨ᠎ᠤ ᠠᠯᠪᠠᠨ᠎ᠤ ᠲᠠᠯ᠎ᠠ᠎ᠠᠴᠠ ᠥᠪᠡᠷᠲᠡᠭᠡᠨ ᠵᠠᠰᠠᠬᠤ ᠣᠷᠣᠨ᠎ᠤ ᠦᠵᠡᠭᠦᠯᠭᠡ᠎ᠶᠢᠨ ᠪᠠᠢᠷᠢ᠎ᠳᠦ ᠰᠢᠭᠤᠳ ᠨᠡᠪᠲᠡᠷᠡᠭᠦᠯᠭᠡ ᠬᠢᠪᠡ᠃