ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠰᠠᠯᠠᠭ᠎ᠠ ᠮᠥᠴᠢᠷ ᠣᠢᠷ᠎ᠠ᠎ᠶ᠋ᠢᠨ ᠬᠤᠭᠤᠴᠠᠭᠠᠨ᠎ᠤ ᠰᠢᠷᠦᠭᠦᠨ ᠪᠣᠷᠣᠭᠠᠨᠲᠡᠢ ᠴᠠᠭ ᠠᠭᠤᠷ᠎ᠲᠤ ᠴᠢᠭᠯᠡᠭᠦᠯᠦᠨ《ᠴᠤᠤᠷᠢᠶᠠᠲᠤᠨ ᠲᠠᠭᠠᠬᠤ᠂ ᠲᠣᠭᠣᠷᠢᠨ ᠪᠠᠢᠴᠠᠭᠠᠬᠤ᠂ ᠬᠠᠮᠢᠶᠠᠷᠤᠨ ᠡᠵᠡᠮᠳᠡᠬᠦ》 ᠪᠢᠲᠡᠭᠦᠦ ᠴᠠᠭᠠᠷᠢᠭ᠍ᠲᠤ ᠬᠠᠮᠢᠶᠠᠷᠤᠯᠲᠠ᠎ᠶ᠋ᠢ ᠬᠡᠷᠡᠭᠵᠢᠭᠦᠯᠦᠨ᠂ ᠦᠶᠡᠷ᠎ᠢ ᠰᠡᠷᠭᠡᠢᠯᠡᠵᠦ ᠪᠠᠴᠢᠮ ᠪᠠᠢᠳᠠᠯ᠎ᠢ ᠠᠷᠭᠠᠴᠠᠭᠠᠬᠤ ᠠᠷᠭ᠎ᠠ ᠬᠡᠮᠵᠢᠶ᠎ᠡ᠎ᠶ᠋ᠢ ᠪᠦᠭᠦ ᠲᠠᠯ᠎ᠠ᠎ᠪᠡᠷ ᠨᠠᠢᠳᠠᠪᠤᠷᠢᠵᠢᠭᠤᠯᠵᠤ᠂ ᠵᠠᠮ ᠨᠡᠪᠲᠡᠷᠡᠯᠭᠡ᠎ᠶ᠋ᠢᠨ ᠠᠮᠤᠷ ᠲᠦᠪᠰᠢᠨ᠎ᠢ ᠪᠦᠭᠦ ᠬᠦᠴᠦᠨ᠎ᠢᠶᠠᠷ᠎ᠢᠶᠠᠨ ᠪᠠᠲᠤᠯᠠᠪᠠ᠃ ᠣᠳᠣᠬᠠᠨ᠎ᠳᠤ ᠪᠦᠭᠦ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠣᠣᠷ᠎ᠤᠨ ᠠᠵᠢᠯᠯᠠᠭᠠᠨ ᠶᠡᠷᠦᠩᠬᠡᠢ᠎ᠳᠡᠭᠡᠨ ᠲᠣᠭᠲᠠᠭᠤᠨ ᠶᠠᠪᠤᠭᠳᠠᠵᠤ᠂ ᠦᠶᠡᠷ᠎ᠢ ᠰᠡᠷᠭᠡᠢᠯᠡᠬᠦ ᠡᠯ᠎ᠡ ᠵᠦᠢᠯ᠎ᠤᠨ ᠠᠵᠢᠯ ᠡᠮᠬᠢ ᠵᠢᠷᠤᠮ᠎ᠲᠠᠢ ᠠᠬᠢᠵᠤ ᠪᠠᠢᠨ᠎ᠠ᠃
8 ᠰᠠᠷ᠎ᠠ᠎ᠶ᠋ᠢᠨ 18᠎ᠤ ᠡᠳᠦᠷ᠎ᠤᠨ 22 ᠴᠠᠭ᠎ᠡᠴᠡ 19᠎ᠤ ᠡᠳᠦᠷ᠎ᠤᠨ 10 ᠴᠠᠭ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ ᠰᠢᠷᠦᠭᠦᠨ ᠪᠣᠷᠣᠭᠠᠨ᠎ᠤ ᠴᠠᠭ ᠠᠭᠤᠷ᠎ᠤᠨ ᠰᠡᠷᠡᠮᠵᠢᠯᠡᠭᠦᠯᠦᠯ᠂ ᠭᠠᠵᠠᠷ᠎ᠤᠨ ᠭᠠᠮᠰᠢᠭ᠋ ᠵᠢᠴᠢ ᠠᠭᠤᠯᠠᠨ ᠦᠶᠡᠷ᠎ᠤᠨ ᠰᠡᠷᠡᠮᠵᠢᠯᠡᠭᠦᠯᠦᠯ᠎ᠢ ᠨᠠᠷᠢᠯᠢᠭ᠋ ᠣᠨᠣᠴᠠᠲᠠᠢ ᠳᠠᠮᠵᠢᠭᠤᠯᠤᠨ ᠲᠠᠷᠬᠠᠭᠠᠵᠤ᠂ ᠰᠢᠷᠦᠭᠦᠨ ᠪᠣᠷᠣᠭᠠᠨ ᠣᠷᠣᠬᠤ ᠠᠢᠮᠠᠭ ᠬᠣᠲᠠ᠎ᠶ᠋ᠢᠨ ᠵᠠᠮ ᠬᠠᠷᠢᠯᠴᠠᠭᠠᠨ᠎ᠤ ᠰᠠᠯᠠᠭ᠎ᠠ ᠮᠥᠴᠢᠷ ᠪᠣᠯᠣᠨ ᠵᠠᠰᠠᠮᠠᠯ ᠵᠠᠮ᠎ᠤᠨ ᠡᠵᠡᠩᠨᠡᠯᠲᠡ᠎ᠶ᠋ᠢᠨ ᠨᠢᠭᠡᠴᠢ᠎ᠳᠦ ᠪᠠᠴᠢᠮ ᠲᠣᠬᠢᠷᠠᠭᠤᠯᠤᠯᠲᠠ ᠬᠢᠵᠦ᠂ ᠦᠶᠡᠷ᠎ᠢ ᠰᠡᠷᠭᠡᠢᠯᠡᠬᠦ ᠠᠵᠢᠯ᠎ᠢ ᠳᠠᠭᠢᠨ ᠪᠠᠢᠷᠢᠯᠠᠭᠤᠯᠪᠠ᠃ ᠡᠨᠡ ᠬᠤᠭᠤᠴᠠᠭᠠᠨ᠎ᠳᠦ ᠨᠢᠭᠡᠳᠦᠭᠡᠷ ᠹᠷᠣᠨᠲ᠎ᠤᠨ 109 ᠨᠢᠭᠡᠴᠢ᠎ᠳᠦ ᠰᠢᠭᠤᠳ ᠬᠦᠷᠴᠦ ᠰᠤᠭᠤᠴᠢᠨ ᠪᠠᠢᠴᠠᠭᠠᠯᠲᠠ ᠬᠢᠵᠦ᠂ ᠪᠠᠰᠠ ᠠᠯᠪᠠᠨ᠎ᠤ ᠲᠠᠯ᠎ᠠ᠎ᠶ᠋ᠢᠨ ᠠᠷᠭ᠎ᠠ ᠵᠠᠮ᠎ᠢᠶᠠᠷ 267 ᠵᠤᠷᠪᠤᠰ ᠠᠶᠠᠯᠠᠯ᠎ᠤᠨ ᠰᠠᠨᠠᠭᠤᠯᠤᠮᠵᠢ ᠨᠡᠢᠲᠡᠯᠡᠨ᠂ ᠡᠵᠡᠩᠨᠡᠯᠲᠡ᠎ᠶ᠋ᠢᠨ ᠮᠠᠰᠢᠨ ᠲᠡᠷᠭᠡ᠎ᠶ᠋ᠢᠨ ᠡᠵᠡᠨ᠎ᠳᠦ 51526 ᠵᠤᠷᠪᠤᠰ ᠤᠷᠢᠳᠴᠢᠯᠠᠨ ᠰᠡᠷᠡᠮᠵᠢᠯᠡᠭᠦᠯᠭᠦ ᠮᠡᠳᠡᠭᠡ ᠵᠠᠩᠭᠢ ᠬᠦᠷᠭᠡᠵᠦ᠂ ᠤᠷᠢᠳᠴᠢᠯᠠᠨ ᠰᠡᠷᠡᠮᠵᠢᠯᠡᠭᠦᠯᠭᠦ ᠮᠡᠳᠡᠭᠡ ᠵᠠᠩᠭᠢ᠎ᠶ᠋ᠢ ᠥᠨᠴᠥᠭ ᠪᠤᠯᠤᠩ ᠦᠯᠡᠳᠡᠭᠡᠯ ᠦᠭᠡᠢ ᠪᠦᠷᠬᠦᠭᠦᠯᠬᠦ᠎ᠶ᠋ᠢ ᠪᠠᠲᠤᠯᠠᠪᠠ᠃
ᠲᠣᠭᠣᠷᠢᠨ ᠪᠠᠢᠴᠠᠭᠠᠬᠤ ᠡᠷᠴᠢᠮ᠎ᠢ ᠪᠦᠭᠦ ᠲᠠᠯ᠎ᠠ᠎ᠪᠡᠷ ᠴᠢᠩᠭᠠᠳᠬᠠᠵᠤ᠂ 8 ᠰᠠᠷ᠎ᠠ᠎ᠶ᠋ᠢᠨ 19᠎ᠤ ᠡᠳᠦᠷ ᠶᠡᠬᠡ ᠪᠣᠷᠣᠭᠠᠨ᠎ᠳᠦ ᠨᠥᠯᠥᠭᠡᠯᠡᠭᠳᠡᠭᠰᠡᠨ ᠭᠠᠵᠠᠷ ᠣᠷᠣᠨ᠎ᠤ ᠭᠢᠨ ᠬᠠᠤᠯᠢ ᠬᠡᠷᠡᠭᠵᠢᠭᠦᠯᠬᠦ ᠪᠠ ᠠᠷᠠᠴᠢᠯᠠᠨ ᠬᠠᠮᠠᠭᠠᠯᠠᠬᠤ ᠠᠵᠢᠯᠲᠠᠨ᠎ᠢ ᠨᠡᠢᠲᠡ 2000 ᠭᠠᠷᠤᠢ ᠬᠥᠮᠥᠨ ᠤᠳᠠᠭ᠎ᠠ ᠲᠣᠬᠢᠷᠠᠭᠤᠯᠤᠨ 2.23 ᠲᠦᠮᠡ ᠭᠠᠷᠤᠢ ᠺᠢᠯᠣᠮᠧᠲᠷ ᠤᠷᠳᠤ ᠵᠠᠰᠠᠮᠠᠯ ᠵᠠᠮ᠎ᠢ ᠲᠣᠭᠣᠷᠢᠨ ᠪᠠᠢᠴᠠᠭᠠᠵᠤ᠂ 192 ᠬᠥᠭᠥᠷᠭᠡ᠂ ᠨᠦᠭᠡᠨ ᠵᠠᠮ᠂ ᠥᠨᠳᠥᠷ ᠬᠥᠲᠥᠯ ᠵᠢᠴᠢ ᠠᠭᠤᠯᠠᠷᠬᠠᠭ ᠣᠷᠣᠨ᠎ᠤ ᠲᠦᠭᠰᠢᠭᠦᠷᠢᠲᠦ ᠵᠠᠮ᠎ᠤᠨ ᠬᠡᠰᠡᠭ᠎ᠢ ᠭᠣᠣᠯᠳᠠᠯᠭᠠᠲᠡᠢ ᠪᠠᠢᠴᠠᠭᠠᠵᠠᠢ᠃ ᠣᠳᠣᠬᠠᠨ ᠪᠤᠯᠲᠠᠯ᠎ᠠ ᠲᠣᠭᠣᠷᠢᠨ ᠪᠠᠢᠴᠠᠭᠠᠭᠠᠳ ᠢᠯᠡᠷᠡᠭᠦᠯᠦᠭᠰᠡᠨ 22 ᠠᠮᠤᠷ ᠲᠦᠪᠰᠢᠨ᠎ᠤ ᠭᠡᠮ ᠰᠣᠭᠣᠭ᠎ᠤᠨ 8᠎ᠶ᠋ᠢ ᠨᠢ ᠨᠢᠭᠡᠨᠲᠡ ᠵᠠᠰᠠᠵᠤ᠂ ᠦᠯᠡᠳᠡᠭᠰᠡᠨ 14 ᠬᠡᠰᠡᠭ᠎ᠲᠤ ᠴᠥᠮ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠪᠠ᠃ ᠡᠭᠦᠨ᠎ᠳᠦ 5 ᠲᠦᠭᠰᠢᠭᠦᠷᠢ᠎ᠶ᠋ᠢᠨ ᠴᠡᠭ᠎ᠢ ᠲᠤᠰᠬᠠᠢ ᠬᠥᠮᠥᠨ ᠲᠣᠬᠢᠷᠠᠭᠤᠯᠤᠨ 24 ᠴᠠᠭ᠎ᠢᠶᠠᠷ ᠰᠠᠬᠢᠭᠤᠯᠵᠤ ᠪᠤᠢ᠃
ᠬᠥᠳᠡᠯᠦᠩᠭᠦᠢ᠎ᠪᠠᠷ ᠬᠠᠮᠢᠶᠠᠷᠤᠨ ᠡᠵᠡᠮᠳᠡᠬᠦ᠎ᠶ᠋ᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠰᠠᠯᠠᠭ᠎ᠠ ᠮᠥᠴᠢᠷ᠎ᠠᠴᠠ ᠤᠯᠤᠰ᠎ᠤᠨ ᠪᠠ ᠮᠤᠵᠢ᠎ᠶ᠋ᠢᠨ ᠵᠠᠰᠠᠮᠠᠯ ᠵᠠᠮ᠎ᠤᠨ 68 ᠭᠣᠣᠯ ᠱᠤᠭᠤᠮ᠎ᠤᠨ ᠬᠡᠰᠡᠭ (ᠶᠡᠷᠦᠩᠬᠡᠢ ᠣᠷᠳᠣ᠌ ᠨᠢ 4000 ᠭᠠᠷᠤᠢ ᠺᠢᠯᠣᠮᠧᠲᠷ)᠎ᠲᠤ᠌ 《2 ᠴᠠᠭ ᠪᠦᠷᠢ᠎ᠳᠤ 1 ᠤᠳᠠᠭ᠎ᠠ ᠲᠣᠭᠣᠷᠢᠨ ᠪᠠᠢᠴᠠᠭᠠᠬᠤ》 ᠳᠦᠷᠢᠮ᠎ᠢ ᠬᠡᠷᠡᠭᠵᠢᠭᠦᠯᠵᠦ᠂ ᠰᠢᠷᠦᠭᠦᠨ ᠪᠣᠷᠣᠭᠠᠨ ᠵᠣᠭᠰᠣᠭᠰᠠᠨ᠎ᠤ ᠳᠠᠷᠠᠭᠠᠬᠢ 48 ᠴᠠᠭ᠎ᠤᠨ ᠳᠣᠲᠣᠷ᠎ᠠ ᠳᠠᠬᠢᠨᠲᠠ ᠪᠠᠢᠴᠠᠭᠠᠵᠤ᠂ ᠰᠡᠷᠡᠮᠵᠢᠯᠡᠭᠦᠯᠦᠯ᠎ᠢ ᠲᠠᠢᠯᠤᠭᠰᠠᠨᠤ ᠳᠠᠷᠠᠭ᠎ᠠ ᠳᠠᠭᠢᠨ ᠪᠦᠭᠦ ᠴᠠᠷᠠᠭᠠᠨ᠎ᠤ ᠪᠠᠢᠴᠠᠭᠠᠯᠲᠠ ᠬᠢᠪᠡ᠃ ᠡᠭᠦᠨ᠎ᠤ ᠬᠠᠮᠲᠤ ᠪᠦᠭᠦ ᠣᠷᠣᠨ᠎ᠳᠦ ᠪᠠᠴᠢᠮ ᠪᠠᠢᠳᠠᠯ᠎ᠢ ᠠᠷᠭᠠᠴᠠᠭᠠᠬᠤ 508 ᠪᠡᠯᠡᠳᠬᠡᠯ ᠴᠡᠭ ᠲᠣᠬᠢᠷᠠᠭᠤᠯᠵᠤ᠂ ᠪᠠᠴᠢᠮ ᠪᠠᠢᠳᠠᠯ᠎ᠢ ᠠᠷᠭᠠᠴᠠᠭᠠᠬᠤ 973 ᠡᠩᠨᠡᠭᠡ᠂ 12020 ᠠᠵᠢᠯᠲᠠᠨ᠎ᠢ ᠤᠷᠢᠳᠴᠢᠯᠠᠨ ᠪᠠᠢᠷᠢᠯᠠᠭᠤᠯᠵᠤ᠂ 2804 ᠮᠠᠰᠢᠨ ᠲᠥᠬᠦᠭᠡᠷᠦᠮᠵᠢ᠂ 23 ᠪᠣᠯᠣᠳ ᠬᠥᠭᠥᠷᠭᠡ ᠵᠢᠴᠢ ᠬᠠᠢᠷ ᠴᠢᠯᠠᠭᠤᠨ ᠮᠠᠲᠧᠷᠢᠶᠠᠯ᠂ ᠨᠡᠬᠡᠮᠡᠯ ᠤᠭᠤᠲᠠ ᠵᠡᠷᠭᠡ ᠦᠶᠡᠷ᠎ᠢ ᠰᠡᠷᠭᠡᠢᠯᠡᠬᠦ ᠡᠳ᠋ ᠪᠣᠳᠠᠰ᠎ᠢ ᠡᠳᠦᠢ ᠲᠡᠳᠦᠢ ᠨᠥᠭᠡᠴᠡᠯᠡᠵᠦ᠂ ᠭᠡᠨᠡᠳᠲᠡ᠎ᠶ᠋ᠢᠨ ᠪᠠᠢᠳᠠᠯ᠎ᠢ ᠲᠦᠷᠭᠡᠨ ᠰᠢᠢᠳᠪᠦᠷᠢᠯᠡᠬᠦ᠎ᠶ᠋ᠢ ᠦᠨᠡᠨ ᠬᠦ᠌ ᠪᠠᠲᠤᠯᠠᠪᠠ᠃