ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠩᠬᠢᠮ ᠡᠴᠡ ᠲᠦᠷᠦᠬᠦᠬᠡᠨ 《ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ 〈ᠰᠤᠶᠤᠯ᠎ᠤᠨ ᠴᠢᠨᠠᠷ ᠰᠠᠢᠳᠠᠢ ᠬᠦᠭᠵᠢᠯᠳᠡ᠎ᠶ᠋ᠢ ᠠᠬᠢᠭᠤᠯᠬᠤ ᠠᠵᠤ ᠠᠬᠤᠢ᠎ᠶ᠋ᠢᠨ ᠠᠷᠭ᠎ᠠ ᠪᠤᠳᠤᠯᠭ᠎ᠠ ᠨᠤᠭᠤᠳ〉᠎ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠢ ᠬᠡᠷᠡᠭᠵᠢᠬᠦᠯᠬᠦ ᠲᠦᠰᠦᠯ》᠎ᠢ᠋ ᠲᠠᠷᠤᠮᠠᠯᠯᠠᠨ ᠲᠠᠷᠬᠠᠭᠠᠵᠤ᠂ ᠰᠤᠶᠤᠯ᠎ᠤᠨ ᠠᠵᠤ ᠦᠢᠯᠡᠰᠲᠠᠬᠢ ᠮᠦᠩᠬᠦᠨ ᠬᠦᠢᠯᠭᠡᠭᠡᠨ᠎ᠤ ᠳᠡᠮᠵᠢᠯᠬᠡ᠎ᠵᠢ ᠴᠢᠩᠭᠠᠳᠬᠠᠬᠤ ᠲᠤᠬᠠᠢ ᠰᠢᠷᠢᠰ ᠠᠷᠭ᠎ᠠ ᠪᠤᠳᠤᠯᠭ᠎ᠠ᠎ᠵᠢ ᠨᠡᠢᠳᠡᠯᠡᠨ ᠬᠡᠷᠡᠭᠵᠢᠬᠦᠯᠬᠦ᠎ᠪᠠᠷ ᠲᠤᠭᠳᠠᠵᠠᠢ᠃
ᠲᠤᠰ ᠲᠦᠰᠦᠯ᠎ᠢ ᠦᠨᠳᠤᠰᠤᠯᠡᠪᠡᠯ᠂ ᠮᠠᠨ᠎ᠤ ᠤᠷᠤᠨ ᠮᠥᠩᠭᠥᠨ ᠭᠦᠢᠯᠭᠡᠭᠡᠨ᠎ᠤ ᠪᠠᠢᠭᠤᠯᠤᠮᠵᠢ᠎ᠶ᠋ᠢᠨ ᠰᠣᠶᠣᠯ᠎ᠤᠨ ᠠᠵᠤ ᠠᠬᠤᠢᠯᠠᠯ᠎ᠳᠦ ᠳᠡᠮᠵᠢᠯᠭᠡ ᠦᠵᠡᠭᠦᠯᠬᠦ᠌ ᠡᠷᠴᠢᠮ ᠪᠣᠯᠤᠨ ᠦᠢᠯᠡᠴᠢᠯᠡᠭᠡᠨ᠎ᠤ ᠲᠦᠪᠰᠢᠨ᠎ᠢᠶᠠᠨ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌᠎ᠶ᠋ᠢ ᠵᠣᠷᠢᠭ᠍ᠵᠢᠭᠤᠯᠵᠦ᠂ ᠵᠢᠭᠡᠯᠡᠯᠭᠡ ᠲᠠᠯᠪᠢᠬᠤ᠂ ᠳᠠᠬᠢᠨ ᠲᠤᠭᠠᠴᠠᠭ᠎ᠠ ᠬᠢᠬᠦ ᠵᠡᠷᠭᠡ ᠵᠣᠭᠣᠰᠣᠨ᠎ᠤ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠯᠡᠨ ᠪᠠᠩᠬᠢ᠎ᠶ᠋ᠢᠨ ᠦᠢᠯᠡᠰ᠎ᠤᠨ ᠮᠥᠩᠭᠥᠨ ᠭᠦᠢᠯᠭᠡᠭᠡᠨ᠎ᠤ ᠪᠠᠢᠭᠤᠯᠤᠮᠵᠢ᠎ᠶ᠋ᠢ ᠬᠥᠲᠥᠯᠥᠨ ᠵᠢᠯᠣᠭᠣᠳᠴᠤ᠌ ᠪᠠᠢᠭᠠᠳ ᠰᠣᠶᠣᠯ᠎ᠤᠨ ᠠᠵᠤ ᠠᠬᠤᠢᠯᠠᠯ᠎ᠳᠦ ᠢᠲᠡᠭᠡᠮᠵᠢᠲᠦ ᠵᠢᠭᠡᠯᠡᠯᠭᠡ᠎ᠶ᠋ᠢᠨ ᠳᠡᠮᠵᠢᠯᠭᠡ ᠦᠵᠡᠭᠦᠯᠬᠦ᠌ ᠡᠷᠴᠢᠮ᠎ᠢ ᠴᠢᠩᠭᠠᠷᠠᠭᠤᠯᠤᠨ᠎ᠠ; ᠮᠥᠩᠭᠥᠨ ᠭᠦᠶ᠋ᠯᠭᠡᠭᠡᠨ᠎ᠤ ᠪᠠᠢᠭᠤᠯᠤᠮᠵᠢ᠎ᠶ᠋ᠢᠨ ᠰᠣᠶᠣᠯ᠎ᠤᠨ ᠠᠵᠤ ᠠᠬᠤᠢᠯᠠᠯ᠎ᠤᠨ ᠦᠶ᠋ᠯᠡᠳᠪᠦᠷᠢᠯᠡᠯ ᠡᠵᠡᠩᠨᠡᠯᠲᠡ᠎ᠶ᠋ᠢᠨ ᠣᠨᠴᠠᠯᠢᠭ᠎ᠢ ᠦᠨᠳᠦᠰᠦᠯᠡᠨ ᠢᠲᠡᠭᠡᠮᠵᠢᠲᠦ ᠵᠢᠭᠡᠯᠡᠯᠭᠡ᠎ᠶ᠋ᠢᠨ ᠦᠶ᠋ᠯᠡᠴᠢᠯᠡᠭᠡᠨ᠎ᠤ ᠶᠠᠰᠤ ᠴᠢᠨᠠᠷ ᠪᠠ ᠦᠷ᠎ᠡ ᠪᠦᠲᠦᠮᠵᠢ᠎ᠪᠠᠨ ᠳᠡᠭᠡᠭ᠌ᠰᠢᠯᠡᠭᠦᠯᠬᠦ᠌᠎ᠶ᠋ᠢ ᠳᠡᠮᠵᠢᠵᠤ᠂ ᠳᠠᠭᠠᠳᠭᠠᠯ᠎ᠤᠨ ᠪᠠᠢᠭᠤᠯᠤᠮᠵᠢ᠎ᠶ᠋ᠢᠨ ᠰᠣᠶᠣᠯ᠎ᠤᠨ ᠨᠢᠭᠡᠴᠢ᠎ᠳᠤ ᠬᠠᠨᠳᠤᠭᠤᠯᠤᠭ᠍ᠰᠠᠨ ᠳᠠᠭᠠᠳᠭᠠᠯ᠎ᠤᠨ ᠠᠵᠢᠯ ᠥᠷᠨᠢᠭᠦᠯᠬᠦ᠌᠎ᠶ᠋ᠢ ᠵᠣᠷᠢᠭ᠍ᠵᠢᠭᠤᠯᠤᠨ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠂ ᠺᠢᠨᠣ᠋ ᠲᠧᠯᠸᠢᠰ᠎ᠤᠨ ᠪᠦᠲᠦᠭᠡᠯ᠂ ᠲᠠᠢᠰᠠᠨ᠎ᠤ ᠤᠷᠠᠯᠢᠭ᠂ ᠰᠣᠶᠣᠯ᠎ᠤᠨ ᠥᠪ ᠵᠡᠷᠭᠡ ᠬᠦᠷᠢᠶ᠎ᠡ ᠴᠠᠷᠠᠭ᠎ᠠ᠎ᠶ᠋ᠢᠨ ᠳᠠᠭᠠᠳᠭᠠᠯ ᠪᠠ ᠦᠶ᠋ᠯᠡᠴᠢᠯᠡᠭᠡ ᠬᠠᠩᠭᠠᠬᠤ᠎ᠶ᠋ᠢ ᠵᠤᠷᠢᠭᠵᠢᠭᠤᠯᠤᠨ᠎ᠠ᠃ ᠪᠠᠰᠠ ᠬᠢᠯᠢ ᠠᠯᠤᠰᠯᠠᠭ᠍ᠰᠠᠨ ᠠᠷᠠᠯᠵᠢᠶᠠᠨ᠎ᠤ ᠳᠥᠭᠥᠮᠴᠢᠯᠡᠯᠲᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ ᠦᠷ᠎ᠡ ᠪᠦᠲᠦᠮᠵᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠴᠢᠨᠠᠷ ᠰᠠᠢᠲᠠᠶ ᠰᠣᠶᠣᠯ᠎ᠤᠨ ᠠᠵᠤ ᠠᠬᠤᠢᠯᠠᠯ᠎ᠢ ᠲᠤᠷᠱᠢᠯᠲᠠ᠎ᠶ᠋ᠢᠨ ᠬᠡᠪᠴᠢᠶᠡᠨ᠎ᠳᠦ ᠣᠷᠣᠭᠤᠯᠬᠤ᠎ᠶ᠋ᠢ ᠵᠣᠷᠢᠭ᠍ᠵᠢᠭᠤᠯᠤᠨ᠂ ᠴᠢᠨᠠᠷ ᠰᠠᠢᠲᠠᠶ ᠠᠵᠤ ᠠᠬᠤᠢᠯᠠᠯ᠎ᠳᠦ 《 ᠳᠦᠭᠦᠮᠴᠢᠯᠡᠯᠲᠡ +》ᠬᠠᠮ ᠦᠶ᠋ᠯᠡᠴᠢᠯᠡᠭᠡ᠎ᠶ᠋ᠢ ᠤᠯᠠᠮ ᠨᠢᠭᠡ ᠠᠯᠬᠤᠮ ᠠᠬᠢᠭᠤᠯᠬᠤ ᠪᠤᠯᠤᠨ᠎ᠠ᠃
ᠮᠠᠨ᠎ᠤ ᠤᠷᠤᠨ ᠨᠥᠬᠥᠴᠡᠯ᠎ᠳᠦ ᠨᠡᠢᠴᠡᠬᠦ᠌ ᠰᠣᠶᠣᠯ᠎ᠤᠨ ᠠᠵᠤ ᠠᠬᠤᠢᠯᠠᠯ᠎ᠤᠨ ᠦᠨᠡᠲᠦ ᠲᠡᠮᠳᠡᠭ᠌ᠲᠦ᠍᠎ᠶ᠋ᠢᠨ ᠠᠷᠠᠯᠵᠢᠶᠠᠨ᠎ᠤ ᠭᠠᠵᠠᠷ᠎ᠲᠤ ᠰᠲ᠋ᠤᠺ᠎ᠢᠶᠠᠨ ᠵᠠᠬ᠎ᠠ ᠳᠡᠯᠭᠡᠭᠦᠷ᠎ᠲᠤ ᠭᠠᠷᠭᠠᠬᠤ ᠪᠠ ᠪᠡᠯᠡ ᠬᠤᠷᠠᠮᠳᠤᠭᠤᠯᠬᠤ᠂ ᠬᠥᠷᠥᠩᠭᠡ᠎ᠶ᠋ᠢᠨ ᠵᠠᠬ᠎ᠠ ᠳᠡᠯᠭᠡᠭᠦᠷ᠎ᠢ ᠠᠱᠢᠭ᠍ᠯᠠᠨ ᠬᠤᠳᠠᠯᠳᠤᠨ ᠠᠪᠴᠤ᠌ ᠨᠡᠢᠯᠡᠭᠦᠯᠦᠨ ᠳᠠᠬᠢᠨ ᠵᠣᠬᠢᠶᠠᠨ ᠪᠠᠢᠭᠤᠯᠬᠤ᠎ᠶ᠋ᠢ ᠳᠡᠮᠵᠢᠨ᠎ᠠ; ᠨᠥᠬᠥᠴᠡᠯ᠎ᠳᠦ ᠨᠡᠢᠴᠡᠬᠦ᠌ ᠰᠣᠶᠣᠯ᠎ᠤᠨ ᠠᠵᠤ ᠠᠬᠤᠢᠯᠠᠯ᠎ᠤᠨ ᠵᠢᠭᠡᠯᠡᠯᠭᠡ᠎ᠶ᠋ᠢᠨ ᠲᠡᠮᠳᠡᠭ᠌ᠲᠦ ᠲᠠᠷᠬᠠᠭᠠᠵᠤ ᠪᠠᠯᠠ ᠬᠤᠷᠠᠮᠳᠤᠭᠤᠯᠬᠤ᠎ᠶ᠋ᠢ ᠲᠠᠮᠵᠢᠵᠤ᠂ ᠨᠥᠬᠥᠴᠡᠯ᠎ᠳᠦ ᠨᠡᠢᠴᠡᠬᠦ᠌ ᠵᠢᠭᠤᠯᠴᠢᠯᠠᠯ᠎ᠤᠨ ᠰᠠᠭᠤᠷᠢ ᠲᠦᠬᠦᠭᠡᠷᠦᠮᠵᠢ᠎ᠶ᠋ᠢᠨ ᠲᠥᠷᠥᠯ ᠵᠦᠶ᠋ᠯ᠎ᠳᠦ ᠰᠠᠭᠤᠷᠢ ᠲᠦᠬᠦᠭᠡᠷᠦᠮᠵᠢ᠎ᠶ᠋ᠢᠨ ᠬᠦᠷᠢᠶ᠎ᠡ ᠴᠠᠷᠠᠭ᠎ᠠ᠎ᠶ᠋ᠢᠨ ᠥᠯᠥ᠍ ᠬᠥᠳᠡᠯᠬᠦ᠌ ᠬᠥᠷᠥᠩᠭᠡ᠎ᠶ᠋ᠢᠨ ᠪᠠᠯᠠ ᠣᠷᠣᠭᠤᠯᠤᠯᠲᠠ᠎ᠶ᠋ᠢᠨ ᠢᠲᠡᠭᠡᠮᠵᠢᠲᠦ ᠰᠠᠭᠤᠷᠢ ᠮᠥᠩᠭᠥ᠌ ᠲᠠᠷᠬᠠᠭᠠᠬᠤ᠎ᠶ᠋ᠢ ᠳᠠᠮᠵᠢᠨ᠎ᠠ᠃ ᠪᠠᠰᠠ ᠨᠡᠢᠭᠡᠮ᠎ᠤᠨ ᠬᠥᠷᠥᠩᠭᠡ ᠪᠤᠶᠤ ᠬᠠᠮᠢᠶ᠎ᠠ ᠪᠥᠬᠥᠶ ᠠᠵᠤ ᠠᠬᠤᠢᠯᠠᠯ᠎ᠤᠨ ᠲᠤᠰᠭᠠᠶ ᠰᠠᠭᠤᠷᠢ ᠮᠥᠩᠭᠥ᠌ ᠪᠠᠢᠭᠤᠯᠵᠤ᠂ ᠰᠣᠶᠣᠯ ᠱᠢᠨᠵᠢᠯᠡᠬᠦ᠌ ᠤᠬᠠᠭᠠᠨ ᠮᠡᠷᠭᠡᠵᠢᠯ᠎ᠤᠨ ᠲᠥᠷᠥᠯ ᠵᠦᠶ᠋ᠯ᠎ᠳᠦ ᠪᠠᠯᠠ ᠣᠷᠣᠭᠤᠯᠬᠤ᠎ᠶ᠋ᠢ ᠵᠣᠷᠢᠭ᠍ᠵᠢᠭᠤᠯᠬᠤ ᠪᠤᠯᠤᠨ᠎ᠠ᠃