ᠲᠡᠷᠢᠭᠦᠨ ᠬᠠᠭᠤᠳᠠᠰᠤ   -   ᠥᠨᠥᠳᠥᠷ᠎ᠦᠨ ᠮᠡᠳᠡᠭᠡ
ᠨᠢᠭᠡᠳᠦᠭᠡᠷ ᠤᠯᠠᠷᠢᠯ᠎ᠳᠤ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠦᠢᠯᠡᠳᠪᠦᠷᠢᠯᠡᠯ ᠲᠣᠭᠲᠠᠭᠤᠨ᠎ᠢᠶᠠᠷ ᠨᠡᠮᠡᠭᠳᠡᠪᠡ
ᠨᠡᠶ᠋ᠢᠲᠡᠯᠡᠭᠰᠡᠨ ᠴᠠᠭ᠄ 2026-04-29

ᠡᠨᠡ ᠵᠢᠯ᠎ᠡᠴᠡ ᠨᠠᠭᠠᠰᠢ᠂ ᠥᠪᠥᠷ ᠮᠣᠩᠭᠣᠯ ᠲᠣᠨᠣᠭ ᠲᠥᠬᠦᠭᠡᠷᠦᠮᠵᠢ ᠦᠢᠯᠡᠳᠬᠦ᠂ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠂ ᠬᠣᠪᠣᠷ ᠰᠢᠷᠣᠢ ᠵᠡᠷᠭᠡ ᠣᠨᠴᠠᠯᠢᠭ᠍ᠲᠤ ᠳᠠᠪᠠᠭᠤᠯᠢᠭ᠋ ᠠᠵᠤ ᠦᠢᠯᠡᠰ᠎ᠦᠨ ᠳᠣᠲᠣᠭᠠᠳᠤ ᠬᠥᠳᠡᠯᠭᠡᠭᠴᠢ ᠬᠦᠴᠦᠨ᠎ᠢ ᠭᠦᠢᠴᠡᠳ ᠪᠠᠳᠠᠷᠠᠭᠤᠯᠵᠤ᠂ ᠠᠵᠤ ᠦᠢᠯᠡᠳᠪᠦᠷᠢ᠎ᠶᠢᠨ ᠦᠢᠯᠡᠳᠪᠦᠷᠢᠯᠡᠯ᠎ᠦᠨ ᠲᠣᠭᠲᠠᠭᠤᠨ᠎ᠢᠶᠠᠷ ᠨᠡᠮᠡᠭᠳᠡᠬᠦ᠎ᠶᠢ ᠠᠬᠢᠭᠤᠯᠪᠠ᠂ ᠨᠢᠭᠡᠳᠦᠭᠡᠷ ᠤᠯᠠᠷᠢᠯ᠎ᠳᠤ᠂ ᠪᠥᠬᠥ ᠣᠷᠣᠨ᠎ᠤ ᠬᠡᠪᠴᠢᠶᠡᠵᠢᠯ᠎ᠡᠴᠡ ᠳᠡᠭᠡᠭᠰᠢᠬᠢ ᠠᠵᠤ ᠦᠢᠯᠡᠳᠪᠦᠷᠢ᠎ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ᠎ᠤ ᠬᠢ᠎ᠡᠴᠡ 6% ᠪᠡᠷ ᠨᠡᠮᠡᠭᠳᠡᠪᠡ᠃ ᠭᠤᠷᠪᠠᠨ ᠶᠡᠬᠡ ᠲᠥᠷᠥᠯ ᠬᠤᠪᠢᠶᠠᠵᠤ ᠦᠵᠡᠪᠡᠯ᠂ ᠠᠭᠤᠷᠬᠠᠢ ᠮᠠᠯᠲᠠᠬᠤ ᠦᠢᠯᠡᠰ᠎ᠦᠨ ᠨᠡᠮᠡᠭᠳᠡᠯ ᠥᠷᠲᠡᠭ ᠠᠳᠠᠯᠢ ᠬᠤᠭᠤᠴᠠᠭᠠᠨ᠎ᠤ ᠬᠢ᠎ᠡᠴᠡ 5.3% ᠎ᠪᠠᠷ ᠨᠡᠮᠡᠭᠳᠡᠵᠦ᠂ ᠦᠢᠯᠡᠳᠬᠦ ᠦᠢᠯᠡᠰ 8.4% ᠎ᠪᠡᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ᠎ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ᠎ᠤ ᠦᠢᠯᠡᠳᠪᠦᠷᠢᠯᠡᠯ ᠪᠠ ᠬᠠᠩᠭᠠᠯᠭ᠎ᠠ᠎ᠶᠢᠨ ᠦᠢᠯᠡᠰ 3.7% ᠎ᠪᠠᠷ ᠨᠡᠮᠡᠭᠳᠡᠵᠡᠢ᠃ ᠡᠭᠦᠨ᠎ᠳᠦ᠂ ᠦᠢᠯᠡᠳᠬᠦ ᠦᠢᠯᠡᠰ᠎ᠦᠨ ᠨᠡᠮᠡᠭᠳᠡᠯ᠎ᠦᠨ ᠬᠠᠨᠳᠤᠰᠢ ᠲᠣᠭᠲᠠᠭᠤᠨ ᠪᠠᠢᠬᠤ᠎ᠶᠢᠨ ᠳᠠᠭᠠᠤ ᠰᠠᠢᠵᠢᠷᠠᠪᠠ᠃

ᠡᠨᠡ ᠵᠢᠯ᠎ᠦᠨ ᠨᠢᠭᠡᠳᠦᠭᠡᠷ ᠤᠯᠠᠷᠢᠯ᠎ᠳᠤ᠂ ᠥᠪᠥᠷ ᠮᠣᠩᠭᠣᠯ᠎ᠤᠨ ᠣᠨᠴᠠᠯᠢᠭᠲᠤ ᠳᠠᠪᠠᠭᠤᠯᠢᠭ᠋ ᠠᠵᠤ ᠦᠢᠯᠡᠰ᠎ᠦᠨ ᠲᠤᠯᠭᠠᠭᠤᠷᠢᠯᠠᠯ ᠬᠦᠴᠦᠲᠡᠢ ᠪᠠᠢᠵᠤ᠂ ᠣᠲᠣ᠌ ᠦᠶ᠎ᠡ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢᠨ ᠠᠵᠤ ᠦᠢᠯᠡᠰ᠂ ᠬᠣᠪᠣᠷ ᠰᠢᠷᠣᠢ᠎ᠶᠢᠨ ᠠᠵᠤ ᠦᠢᠯᠡᠰ᠎ᠦᠨ ᠨᠡᠮᠡᠭᠳᠡᠯ ᠥᠷᠲᠡᠭ ᠠᠳᠠᠯᠢ ᠬᠤᠭᠤᠴᠠᠭᠠᠨ᠎ᠤ ᠬᠢ᠎ᠡᠴᠡ ᠲᠣᠰ ᠲᠣᠰ 15.9% ᠪᠠ 32.1% ᠪᠡᠷ ᠨᠡᠮᠡᠭᠳᠡᠪᠡ᠃ ᠲᠣᠨᠣᠭ ᠲᠥᠬᠥᠭᠡᠷᠦᠮᠵᠢ ᠦᠢᠯᠡᠳᠬᠦ ᠦᠢᠯᠡᠰ᠎ᠦᠨ ᠨᠡᠮᠡᠭᠳᠡᠯ ᠦᠷᠳᠡᠭ ᠠᠳᠠᠯᠢ ᠬᠤᠭᠤᠴᠠᠭᠠᠨ᠎ᠤ ᠬᠢ᠎ᠡᠴᠡ 20.8% ᠪᠡᠷ ᠨᠡᠮᠡᠭᠳᠡᠵᠦ᠂ ᠳᠡᠭᠡᠳᠦ ᠮᠡᠷᠭᠡᠵᠢᠯ᠎ᠦᠨ ᠦᠢᠯᠡᠳᠬᠦ ᠦᠢᠯᠡᠰ᠎ᠦᠨ ᠨᠡᠮᠡᠭᠳᠡᠯ ᠦᠷᠳᠡᠭ 11.7% ᠎ᠪᠠᠷ ᠨᠡᠮᠡᠭᠳᠡᠪᠡ᠃'

ᠢᠷᠡᠯᠲᠡ᠄ ᠳᠡᠭᠦᠯᠢᠯᠲᠡ ᠬᠠᠮ ᠵᠠᠭᠤᠴᠢᠯᠠᠭᠤᠷ
Baidu
map