ᠲᠡᠷᠢᠭᠦᠨ ᠬᠠᠭᠤᠳᠠᠰᠤ   -   ᠥᠨᠥᠳᠥᠷ᠎ᠦᠨ ᠮᠡᠳᠡᠭᠡ
《ᠳᠤᠮᠳᠠᠳᠤ ᠤᠯᠤᠰ᠎ᠤᠨ ᠵᠢᠭᠤᠯᠴᠢᠯᠠᠯ᠎ᠤᠨ ᠡᠳᠦᠷ》᠎ᠦᠨ ᠥᠪᠥᠷ ᠮᠣᠩᠭᠣᠯ᠎ᠤᠨ ᠬᠤᠪᠢᠶᠠᠷᠢ ᠲᠠᠯᠠᠪᠠᠶ᠎ᠶᠢᠨ ᠠᠵᠢᠯᠯᠠᠭ᠎ᠠ ᠶᠠᠪᠤᠭᠳᠠᠪᠠ
ᠨᠡᠶ᠋ᠢᠲᠡᠯᠡᠭᠰᠡᠨ ᠴᠠᠭ᠄ 2026-05-20

ᠠᠪᠤᠷᠭᠤ ᠬᠦᠴᠦᠲᠦ ᠪᠦᠭᠡ ᠨᠢ ᠬᠣᠶᠠᠷ ᠭᠠᠷᠯᠠᠨ ᠳᠡᠪᠢᠵᠦ᠂ ᠠᠵᠢᠨᠠᠢ ᠭᠦᠯᠦᠭ ᠮᠣᠷᠢᠳ ᠨᠢ ᠰᠠᠯᠬᠢ ᠲᠠᠢ ᠤᠷᠤᠯᠳᠤᠨ ᠡᠷᠴᠢᠯᠡᠨ᠎ᠡ᠃ 《ᠪᠠᠶᠠᠷᠲᠤ ᠨᠠᠭᠠᠳᠤᠮ》 ᠲᠤᠬ᠍ᠯᠠᠯᠳᠠ ᠬᠢᠭᠡᠳ ᠦᠵᠡᠭᠴᠢᠳ᠎ᠦᠨ ᠤᠤᠬᠠᠢᠯᠠᠯ᠎ᠢᠶᠠᠷ 2026 ᠣᠨ᠎ᠤ 《5·19 ᠳᠤᠮᠳᠠᠳᠤ ᠤᠯᠤᠰ᠎ᠤᠨ ᠵᠢᠭᠤᠯᠴᠢᠯᠠᠯ᠎ᠤᠨ ᠡᠳᠦᠷ》᠎ᠦᠨ ᠥᠪᠥᠷ ᠮᠣᠩᠭᠣᠯ᠎ᠤᠨ ᠬᠤᠪᠢᠶᠠᠷᠢ ᠲᠠᠯᠠᠪᠠᠶ᠎ᠶᠢᠨ ᠠᠵᠢᠯᠯᠠᠭ᠎ᠠ 5 ᠰᠠᠷ᠎ᠠ᠎ᠶᠢᠨ 19 ᠎ᠤ ᠡᠳᠦᠷ ᠭᠦᠭᠡᠬᠣᠲᠠ᠎ᠳᠤ ᠬᠥᠭᠵᠢᠶᠡᠨᠲᠡᠢ ᠡᠬᠢᠯᠡᠪᠡ᠃

ᠡᠭᠢᠯᠡᠯᠲᠡ᠎ᠶᠢᠨ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠦᠨ ᠲᠢᠩᠬᠢᠮ᠎ᠡᠴᠡ 《ᠥᠪᠥᠷ ᠮᠣᠩᠭᠣᠯ᠎ᠳᠤ ᠲᠠᠪᠠᠲᠠᠢ ᠵᠢᠭᠤᠯᠴᠢᠯᠠᠬᠤ ᠲᠤᠯᠤᠭᠠᠨ ᠶᠡᠬᠡ ᠭᠣᠣᠯ ᠰᠡᠳᠦᠪᠲᠦ ᠦᠢᠯᠡᠳᠬᠦᠨ》᠂ ᠥᠪᠡᠷᠲᠡᠭᠡᠨ ᠵᠠᠰᠠᠬᠤ ᠣᠷᠣᠨ ᠵᠢᠴᠢ ᠭᠦᠭᠡᠬᠣᠲᠠ᠎ᠶᠢᠨ ᠰᠣᠶᠣᠯ ᠵᠢᠭᠤᠯᠴᠢᠯᠠᠯ᠎ᠦᠨ ᠬᠡᠷᠡᠭᠯᠡᠭᠡ᠎ᠶᠢ ᠠᠬᠢᠭᠤᠯᠬᠤ ᠲᠥᠷᠥ᠎ᠶᠢᠨ ᠪᠣᠳᠣᠯᠭ᠎ᠠ᠎ᠶᠢ ᠨᠡᠢᠲᠡᠯᠡᠨ᠂ 《ᠭᠦᠭᠡᠬᠣᠲᠠ᠎ᠶᠢᠨ ᠤᠷᠢᠯᠭ᠎ᠠ》 ᠬᠠᠷᠢᠯᠴᠠᠨ ᠦᠢᠯᠡᠳᠦᠯᠴᠡᠬᠦ ᠠᠵᠢᠯᠯᠠᠭ᠎ᠠ ᠥᠷᠨᠢᠭᠦᠯᠵᠦ᠂ 12 ᠠᠢᠮᠠᠭ ᠬᠣᠲᠠ᠎ᠶᠢ ᠳᠡᠯᠭᠡᠴᠡ ᠲᠡᠶ ᠬᠣᠯᠪᠣᠨ 《ᠰᠢᠵᠢᠷ ᠠᠯᠲᠠᠨ ᠤᠯᠠᠷᠢᠯ᠎ᠳᠤ ᠥᠪᠥᠷ ᠮᠣᠩᠭᠣᠯ᠎ᠢᠶᠠᠷ ᠲᠠᠪᠠᠲᠠᠢ ᠵᠢᠭᠤᠯᠴᠢᠯᠠᠬᠤ》 ᠭᠣᠣᠯ ᠰᠡᠳᠦᠪᠲᠦ ᠠᠵᠢᠯᠯᠠᠭ᠎ᠠ᠎ᠶᠢ ᠬᠠᠮᠲᠤ ᠪᠠᠷ ᠡᠬᠢᠯᠡᠭᠦᠯᠵᠦ᠂ ᠪᠦᠭᠦ ᠣᠷᠣᠨ᠎ᠤ ᠬᠣᠯᠪᠤᠭᠠᠯᠠᠨ ᠬᠥᠳᠡᠯᠦᠯᠴᠡᠬᠦ᠂ ᠬᠠᠮᠲᠤ ᠪᠠᠷ ᠬᠦᠴᠦᠯᠡᠬᠦ ᠭᠦᠨ ᠵᠤᠵᠠᠭᠠᠨ ᠠᠭᠤᠷ ᠠᠮᠢᠰᠬᠤᠯ᠎ᠢ ᠪᠤᠶ ᠪᠣᠯᠭᠠᠪᠠ᠃ ᠪᠠᠰᠠ ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ᠎ᠦᠨ ᠠᠵᠢᠯ ᠲᠥᠷᠥᠯ᠎ᠦᠨ ᠵᠢᠱ᠌ᠢᠶᠡᠴᠢ ᠪᠣᠯᠣᠨ ᠢᠲᠡᠭᠡᠯ ᠠᠯᠳᠠᠭᠰᠠᠳ᠎ᠦᠨ ᠨᠡᠷᠡᠰ᠂ ᠪᠣᠯᠪᠠᠰᠤᠨ ᠵᠢᠭᠤᠯᠴᠢᠯᠠᠯ᠎ᠦᠨ ᠦᠨᠡᠨᠴᠢ ᠢᠲᠡᠭᠡᠮᠵᠢᠲᠡᠢ ᠡᠵᠡᠩᠨᠡᠯᠲᠡ᠎ᠶᠢᠨ ᠰᠠᠨᠠᠭᠠᠴᠢᠯᠠᠭ᠎ᠠ᠎ᠶᠢᠨ ᠪᠢᠴᠢᠭ᠂ ᠥᠪᠥᠷ ᠮᠣᠩᠭᠣᠯ᠎ᠦᠨ ᠵᠢᠭᠤᠯᠴᠢᠯᠠᠯ᠎ᠦᠨ ᠪᠦᠷᠢᠨ ᠴᠢᠳᠠᠮᠵᠢᠲᠤ ᠺᠠᠷᠲ᠎ᠦᠨ ᠬᠡᠷᠡᠭᠯᠡᠬᠦ ᠬᠡᠪᠴᠢᠶ᠎ᠡ ᠵᠡᠷᠭᠡ ᠠᠭᠤᠯᠭ᠎ᠠ᠎ᠶᠢ ᠨᠡᠢᠲᠡᠯᠡᠵᠦ᠂ ᠵᠢᠭᠤᠯᠴᠢᠯᠠᠯ᠎ᠦᠨ ᠦᠢᠯᠡᠴᠢᠯᠡᠭᠡᠨ᠎ᠤ ᠶᠠᠰᠤ ᠴᠢᠨᠠᠷ ᠪᠠ ᠬᠡᠷᠡᠭᠯᠡᠭᠡᠨ᠎ᠤ ᠲᠥᠭᠦᠮ ᠳᠥᠲᠡ᠎ᠶᠢᠨ ᠬᠡᠮᠵᠢᠶ᠎ᠡ᠎ᠶᠢ ᠦᠷᠭᠦᠯᠵᠢᠯᠡᠨ ᠳᠡᠭᠡᠭᠰᠢᠯᠡᠭᠦᠯᠦᠭᠰᠡᠨ ᠪᠠᠢᠨ᠎ᠠ᠃

ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠦᠨ ᠲᠢᠩᠬᠢᠮ᠂ ᠭᠦᠭᠡᠬᠣᠲᠠ᠎ᠶᠢᠨ ᠠᠷᠠᠳ᠎ᠦᠨ ᠵᠠᠰᠠᠭ᠎ᠦᠨ ᠣᠷᠳᠣᠨ᠎ᠡᠴᠡ ᠭᠣᠣᠯᠯᠠᠨ ᠡᠷᠭᠢᠯᠡᠭᠰᠡᠨ ᠥᠪᠥᠷ ᠮᠣᠩᠭᠣᠯ᠎ᠦᠨ ᠬᠤᠪᠢᠶᠠᠷᠢ ᠲᠠᠯᠠᠪᠠᠶ᠎ᠶᠢᠨ ᠠᠵᠢᠯᠯᠠᠭ᠎ᠠ ᠨᠢ 《ᠰᠢᠵᠢᠷ ᠠᠯᠲᠠᠨ ᠤᠯᠠᠷᠢᠯ᠎ᠳᠤ ᠥᠪᠥᠷ ᠮᠣᠩᠭᠣᠯ᠎ᠢᠶᠠᠷ ᠲᠠᠪᠠᠲᠠᠢ ᠵᠢᠭᠤᠯᠴᠢᠯᠠᠬᠤ》 ᠪᠠ ᠭᠦᠭᠡᠬᠣᠲᠠ᠎ᠶᠢᠨ ᠭᠣᠣᠯ ᠰᠡᠳᠦᠪ ᠪᠤᠯᠬᠤ 《ᠡᠢᠮᠦ ᠯᠡ ᠰᠠᠢᠬᠠᠨ ᠭᠦᠭᠡᠬᠤᠳᠠ》᠎ᠶᠢᠨ ᠲᠣᠭᠣᠷᠢᠨ᠎ᠳᠤ ᠡᠭᠢᠯᠡᠯᠲᠡ᠎ᠶᠢᠨ ᠶᠣᠰᠣᠯᠠᠯ᠎ᠡᠴᠡ ᠭᠠᠳᠠᠨ᠎ᠠ ᠪᠣᠳᠠᠰ᠎ᠦᠨ ᠪᠤᠰᠤ ᠰᠣᠶᠣᠯ᠎ᠦᠨ ᠥᠪ᠎ᠦᠨ ᠪᠦᠲᠦᠭᠡᠭᠳᠡᠬᠦᠨ᠎ᠤ ᠴᠤᠭᠯᠠᠭᠠᠨ᠂ ᠠᠮᠲᠠᠲᠤ ᠢᠳᠡᠭᠡᠨ᠎ᠤ ᠦᠵᠡᠰᠭᠦᠯᠡᠩ᠂ ᠤᠷᠠᠨ ᠰᠠᠢᠬᠠᠨ᠎ᠤ ᠲᠣᠬ᠍ᠯᠠᠯᠲᠠ᠂ ᠡᠬᠢ ᠪᠠᠶᠠᠯᠢᠭ᠋᠎ᠦᠨ ᠲᠠᠨᠢᠯᠴᠠᠭᠤᠯᠭ᠎ᠠ᠂ ᠰᠣᠳᠣᠨ ᠵᠠᠮ ᠱᠤᠭᠤᠮ᠎ᠦᠨ ᠨᠡᠢᠲᠡᠯᠡᠯ ᠵᠢᠴᠢ ᠭᠣᠣᠯ ᠰᠡᠳᠦᠪᠲᠦ ᠰᠠᠷ᠎ᠠ᠎ᠶᠢᠨ ᠰᠢᠷᠢᠰ ᠠᠵᠢᠯᠯᠠᠭ᠎ᠠ ᠵᠡᠷᠭᠡ ᠡᠯᠪᠡᠭ ᠪᠠᠶᠠᠯᠢᠭ᠋ ᠠᠭᠤᠯᠭ᠎ᠠ ᠪᠠᠷ ᠶᠠᠪᠤᠭᠳᠠᠵᠤ᠂ ᠥᠪᠥᠷ ᠮᠣᠩᠭᠣᠯ᠎ᠦᠨ ᠰᠣᠶᠣᠯ ᠵᠢᠭᠤᠯᠴᠢᠯᠠᠯ᠎ᠦᠨ ᠠᠭᠤᠰᠤᠯᠴᠠᠨ ᠬᠥᠭᠵᠢᠭᠰᠡᠨ ᠰᠢᠨ᠎ᠡ ᠦᠷ᠎ᠡ ᠪᠦᠲᠦᠭᠡᠯ᠎ᠢ ᠪᠦᠭᠦ ᠲᠠᠯ᠎ᠠ᠎ᠪᠠᠷ ᠳᠡᠯᠭᠡᠨ ᠦᠵᠡᠭᠦᠯᠭᠦ᠎ᠶᠢᠨ ᠬᠠᠮᠲᠤ ᠰᠣᠶᠣᠯ ᠵᠢᠭᠤᠯᠴᠢᠯᠠᠯ᠎ᠦᠨ ᠬᠡᠷᠡᠭᠯᠡᠭᠡᠨ᠎ᠤ ᠠᠮᠢᠵᠢᠷᠠᠯ᠎ᠦᠨ ᠬᠦᠴᠦᠨ᠎ᠢ ᠤᠯᠠᠮ ᠨᠢᠭᠡ ᠠᠯᠬᠤᠮ ᠬᠥᠭᠵᠢᠭᠡᠬᠦ ᠪᠣᠯᠣᠨ᠎ᠠ᠃ 《ᠪᠢᠳᠡ ᠲᠤᠰ ᠡᠳᠦᠷ᠎ᠦᠨ ᠠᠵᠢᠯᠯᠠᠭ᠎ᠠ᠎ᠡᠴᠡ  ᠭᠠᠳᠠᠨ᠎ᠠ ᠪᠦᠭᠦ ᠣᠷᠣᠨ᠎ᠤ ᠬᠡᠪᠴᠢᠶᠡᠨ᠎ᠳᠦ 〈ᠭᠣᠣᠯ ᠰᠡᠳᠦᠪᠲᠦ ᠰᠠᠷ᠎ᠠ〉᠎ᠶᠢᠨ ᠰᠢᠷᠢᠰ ᠠᠵᠢᠯᠯᠠᠭ᠎ᠠ ᠥᠷᠨᠢᠭᠦᠯᠦᠨ᠂ ᠵᠢᠭᠤᠯᠴᠢᠯᠠᠯ᠎ᠦᠨ ᠦᠢᠯᠡᠳᠬᠦᠨ᠎ᠤ ᠬᠠᠩᠭᠠᠯᠭ᠎ᠠ᠎ᠶᠢ ᠦᠷᠭᠦᠯᠵᠢᠯᠡᠨ ᠪᠠᠶᠠᠯᠢᠭ᠍ᠵᠢᠭᠤᠯᠵᠤ᠂ ᠰᠣᠶᠣᠯ ᠵᠢᠭᠤᠯᠴᠢᠯᠠᠯ᠎ᠦᠨ ᠬᠡᠷᠡᠭᠯᠡᠭᠡᠨ᠎ᠤ ᠠᠬᠤᠢ ᠪᠠᠢᠳᠠᠯ᠎ᠢ ᠤᠯᠠᠮ ᠥᠷᠭᠡᠳᠬᠡᠨ᠎ᠡ》 ᠭᠡᠵᠦ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠦᠨ ᠲᠢᠩᠬᠢᠮ᠎ᠦᠨ ᠬᠠᠷᠢᠭᠤᠴᠠᠯᠭᠠᠲᠠᠨ ᠲᠠᠨᠢᠯᠴᠠᠭᠤᠯᠵᠤ ᠪᠠᠢᠯ᠎ᠠ᠃ 

ᠢᠷᠡᠯᠲᠡ᠄    
Baidu
map