5 ᠳ᠋ᠤᠭᠠᠷ ᠰᠠᠷ᠎ᠠ᠎ᠶᠢᠨ 19 ᠦ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠶᠢᠨ ᠬᠤᠷᠠᠯᠳᠤᠭᠤᠯᠤᠭᠰᠠᠨ ᠬᠡᠮᠵᠢᠯᠲᠡ᠎ᠶᠢᠨ ᠲᠤᠬᠠᠢ ᠰᠣᠨᠢᠨ ᠮᠡᠳᠡᠭᠡ ᠨᠡᠢᠲᠡᠯᠡᠬᠦ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠭᠤᠸᠠᠨ ᠵᠢᠶᠦ᠋ᠨ ᠱᠠᠨ ᠣᠢᠷ᠎ᠠ᠎ᠶᠢᠨ ᠵᠢᠯ᠎ᠦᠨ ᠲᠤᠷᠰᠢᠬᠢ ᠥᠪᠡᠷᠲᠡᠭᠡᠨ ᠵᠠᠰᠠᠬᠤ ᠣᠷᠣᠨ᠎ᠤ ᠬᠡᠮᠵᠢᠯᠲᠡ᠎ᠶᠢᠨ ᠦᠢᠯᠡᠴᠢᠯᠡᠭᠡᠨ᠎ᠦ ᠠᠵᠤ ᠦᠢᠯᠡᠰ᠎ᠦᠨ ᠨᠢᠭᠡᠳᠦᠭᠡᠷ ᠹᠷᠣᠨᠲ᠎ᠢ ᠠᠬᠢᠭᠤᠯᠵᠤ᠂ ᠣᠯᠠᠨ ᠲᠦᠮᠡᠨ᠎ᠦ ᠠᠮᠢᠳᠤᠷᠠᠯ᠎ᠳᠤ ᠠᠰᠢᠭ᠋ ᠬᠦᠷᠲᠡᠭᠡᠨ᠂ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠦᠨ ᠰᠢᠨ᠎ᠡ ᠡᠭᠦᠳᠦᠯᠲᠡ᠎ᠶᠢ ᠲᠤᠯᠭᠠᠭᠤᠷᠢᠯᠠᠭᠰᠠᠨ ᠦᠷ᠎ᠡ ᠪᠦᠲᠦᠮᠵᠢᠨᠦᠭᠦᠳᠢᠶᠡᠨ ᠲᠠᠨᠢᠯᠴᠠᠭᠤᠯᠪᠠ᠃
ᠭᠤᠸᠠᠨ ᠵᠢᠶᠦ᠋ᠨ ᠱᠠᠨᠦ ᠬᠡᠯᠡᠭᠰᠡᠨ᠎ᠢᠶᠡᠷ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠢᠮᠠᠭᠲᠠ ᠡᠨᠧᠷᠭᠢ᠂ ᠬᠣᠪᠣᠷ ᠰᠢᠷᠣᠢ᠂ ᠮᠠᠯ ᠲᠠᠷᠢᠶᠠᠯᠠᠩ᠎ᠤᠨ ᠭᠠᠷᠤᠯᠲᠠ᠂ ᠰᠢᠨ᠎ᠡ ᠮᠠᠲᠧᠷᠢᠶᠠᠯ ᠵᠡᠷᠭᠡ ᠣᠨᠴᠠᠯᠢᠭ᠍ᠲᠤ ᠳᠠᠪᠠᠭᠤᠯᠢᠭ᠋ ᠠᠵᠤ ᠦᠢᠯᠡᠰ᠎ᠲᠦ ᠠᠩᠬᠠᠷᠤᠯ᠎ᠢᠶᠠᠨ ᠲᠥᠪᠯᠡᠷᠡᠭᠦᠯᠵᠦ᠂ ᠪᠥᠬᠥ ᠠᠵᠤ ᠦᠢᠯᠡᠰ᠎ᠦᠨ ᠬᠡᠯᠬᠢᠶ᠎ᠡ᠎ᠶᠢ ᠬᠠᠮᠤᠷᠤᠭᠰᠠᠨ ᠬᠡᠮᠵᠢᠯᠲᠡ᠎ᠶᠢᠨ ᠦᠢᠯᠡᠴᠢᠯᠡᠭᠡᠨ᠎ᠦ ᠲᠣᠭᠲᠠᠯᠴᠠᠭ᠎ᠠ᠎ᠶᠢ ᠪᠥᠬᠥ ᠬᠦᠴᠦᠨ᠎ᠢᠶᠡᠷ᠎ᠢᠶᠡᠨ ᠪᠠᠢᠭᠤᠯᠵᠤ ᠪᠣᠢ᠃ ᠣᠢᠷ᠎ᠠ᠎ᠶᠢᠨ ᠵᠢᠯ᠎ᠤᠳ᠎ᠲᠤ ᠂ ᠥᠪᠥᠷ ᠮᠣᠩᠭᠣᠯ ᠤᠯᠤᠰ᠎ᠤᠨ ᠴᠠᠭᠠᠨ ᠢᠳᠡᠭᠡ᠂ ᠬᠣᠪᠣᠷ ᠰᠢᠷᠣᠢ᠎ᠶᠢᠨ ᠴᠢᠳᠠᠮᠵᠢᠲᠤ ᠮᠠᠲᠧᠷᠢᠶᠠᠯ᠎ᠤᠨ ᠠᠵᠤ ᠦᠢᠯᠡᠰ᠎ᠦᠨ ᠬᠡᠮᠵᠢᠨ ᠰᠢᠯᠭᠠᠬᠤ ᠲᠥᠪ᠂ ᠴᠠᠭᠠᠨ ᠢᠳᠡᠭᠡᠨ᠎ᠦ ᠬᠦᠷᠢᠶᠡᠨ᠎ᠳᠡᠬᠢ ᠴᠢᠳᠠᠪᠤᠷᠢᠲᠠᠨ᠎ᠤ ᠪᠣᠯᠪᠠᠰᠤᠷᠠᠯ᠎ᠤᠨ ᠲᠥᠪ᠎ᠢ ᠪᠠᠢᠭᠤᠯᠵᠤ᠂ ᠪᠥᠬᠥ ᠤᠯᠤᠰ᠎ᠤᠨ ᠠᠩᠬᠠᠳᠠᠭ᠍ᠴᠢ ᠤᠯᠤᠰ᠎ᠤᠨ ᠨᠡᠭᠦᠷᠡᠰᠦᠲᠥ᠋ᠷᠥᠭᠴᠢ᠎ᠶᠢᠨ ᠬᠡᠮᠵᠢᠯᠲᠡ᠎ᠶᠢᠨ ᠲᠥᠪ᠎ᠢ ᠨᠠᠢᠳᠠᠪᠤᠷᠢᠵᠢᠭᠤᠯᠤᠨ᠂ ᠨᠢᠭᠡ ᠪᠦᠯᠦᠭ ᠤᠯᠤᠰ᠎ᠤᠨ ᠲᠠᠰ᠎ᠤᠨ ᠬᠡᠮᠵᠢᠯᠲᠡ᠎ᠶᠢᠨ ᠮᠡᠷᠭᠡᠵᠢᠯ᠎ᠦᠨ ᠲᠠᠪᠴᠠᠩ᠎ᠢ ᠪᠠᠢᠭᠤᠯᠵᠤ᠂ ᠠᠵᠤ ᠦᠢᠯᠡᠰ᠎ᠦᠨ ᠬᠡᠮᠵᠢᠯᠲᠡ᠎ᠶᠢᠨ ᠮᠡᠷᠭᠡᠵᠢᠯ᠎ᠦᠨ ᠠᠰᠢᠭ᠍ᠲᠠᠢ ᠪᠠᠢᠷᠢ᠎ᠶᠢ ᠡᠵᠡᠯᠡᠪᠡ; ᠤᠯᠤᠰ᠎ᠤᠨ ᠲᠠᠰ᠎ᠤᠨ ᠲᠤᠷᠰᠢᠯᠲᠠ᠎ᠶᠢᠨ ᠴᠡᠭ᠎ᠦᠨ ᠲᠥᠷᠥ᠎ᠶᠢᠨ ᠪᠣᠳᠣᠯᠭ᠎ᠠ᠎ᠶᠢ ᠢᠳᠡᠪᠬᠢᠯᠡᠨ ᠣᠯᠵᠤ᠂ ᠬᠥᠬᠡᠬᠣᠲᠠ ᠪᠤᠭᠤᠲᠤ ᠣᠷᠳᠣᠰ᠎ᠤᠨ ᠪᠡᠶ᠎ᠡ᠎ᠪᠡᠨ ᠳᠠᠭᠠᠭᠠᠵᠤ ᠰᠢᠨ᠎ᠡ᠎ᠶᠢ ᠡᠭᠦᠳᠬᠦ ᠲᠣᠭᠣᠷᠢᠭ᠋᠎ᠲᠤ ᠤᠯᠤᠰ᠎ᠤᠨ ᠬᠣᠶᠠᠳᠤᠭᠠᠷ ᠳᠡᠰ᠎ᠤᠨ ᠪᠠᠷᠢᠮᠵᠢᠶᠠᠲᠤ ᠪᠣᠳᠠᠰ᠎ᠤᠨ ᠲᠠᠰ ᠲᠣᠭᠲᠠᠭᠠᠨ ᠰᠢᠯᠭᠠᠨ ᠲᠣᠭᠲᠠᠭᠠᠵᠤ ᠬᠢᠨᠠᠨ ᠵᠥᠪᠰᠢᠶᠡᠷᠡᠬᠦ ᠲᠤᠷᠰᠢᠯᠲᠠ᠎ᠶᠢᠨ ᠴᠡᠭ᠎ᠢ ᠥᠷᠨᠢᠭᠦᠯᠵᠦ᠂ ᠠᠵᠢᠯ ᠶᠠᠪᠤᠳᠠᠯ ᠭᠦᠢᠴᠡᠳᠬᠡᠬᠦ ᠴᠤᠪᠤᠷᠠᠯ᠎ᠢ ᠴᠣᠮᠬᠠᠳᠬᠠᠨ᠂ ᠠᠵᠤ ᠠᠬᠤᠢᠯᠠᠯ᠎ᠤᠨ ᠰᠢᠨ᠎ᠡ᠎ᠶᠢ ᠡᠭᠦᠳᠦᠨ ᠬᠥᠭᠵᠢᠬᠦ᠎ᠳᠦ ᠬᠦᠴᠦᠨ ᠨᠡᠮᠡᠷᠢᠯᠡᠪᠡ᠃
ᠤᠰᠤ ᠴᠠᠬᠢᠯᠭᠠᠨ ᠰᠢᠲᠠᠮᠠᠬᠠᠢ ᠬᠡᠢ ᠵᠡᠷᠭᠡ ᠠᠷᠠᠳ᠎ᠤᠨ ᠠᠮᠢᠳᠤᠷᠠᠯ᠎ᠤᠨ ᠬᠡᠮᠵᠢᠯᠲᠡ᠎ᠶᠢᠨ ᠬᠦᠷᠢᠶᠡᠨ᠎ᠳᠦ᠂ ᠭᠤᠷᠪᠠᠨ ᠳᠡᠰ᠎ᠦᠨ ᠬᠢᠨᠠᠨ ᠬᠠᠮᠢᠶᠠᠷᠬᠤ ᠬᠠᠷᠢᠭᠤᠴᠠᠯᠭ᠎ᠠ ᠬᠢᠭᠡᠳ ᠠᠵᠤ ᠠᠬᠤᠢᠯᠠᠯ᠎ᠤᠨ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠴᠢᠩᠭᠠᠳᠬᠠᠵᠤ᠂ ᠪᠥᠬᠥ ᠣᠷᠣᠨ᠎ᠤ ᠴᠠᠬᠢᠯᠭᠠᠨ᠎ᠤ ᠬᠡᠮᠵᠢᠭᠦᠷ᠂ ᠤᠰᠤᠨ᠎ᠤ ᠬᠡᠮᠵᠢᠭᠦᠷ᠂ ᠰᠢᠲᠠᠮᠠᠬᠠᠢ ᠬᠡᠢ᠎ᠶᠢᠨ ᠬᠡᠮᠵᠢᠭᠦᠷ᠎ᠢ ᠰᠢᠯᠭᠠᠨ ᠲᠣᠭᠲᠠᠭᠠᠬᠤ᠎ᠳᠤ ᠬᠢᠷᠢ ᠲᠡᠩᠴᠡᠭᠰᠡᠨ ᠨᠣᠷᠮ᠎ᠠ ᠴᠥᠮ 99% ᠠᠴᠠ ᠳᠡᠭᠡᠭᠰᠢ᠎ᠳᠦ ᠪᠠᠢᠬᠤ᠎ᠶᠢ ᠪᠠᠲᠤᠯᠠᠪᠠ᠃ ᠣᠯᠠᠨ ᠲᠦᠮᠡᠨ᠎ᠦ ᠠᠩᠬᠠᠷᠴᠤ ᠪᠠᠢᠭ᠎ᠠ 《ᠵᠢᠩ ᠯᠠᠩ ᠳᠤᠲᠠᠭᠳᠠᠬᠤ》 ᠠᠰᠠᠭᠤᠳᠠᠯ᠎ᠳᠤ ᠬᠠᠨᠳᠤᠭᠤᠯᠤᠨ᠂ ᠬᠡᠷᠡᠭᠯᠡᠭᠴᠢᠳ᠎ᠦᠨ ᠡᠷᠬᠡ ᠠᠰᠢᠭ᠋᠎ᠢ ᠬᠠᠮᠠᠭᠠᠯᠠᠬᠤ ᠢᠨᠵᠧᠨᠧᠷᠢᠩ᠎ᠳᠦ ᠣᠷᠣᠭᠤᠯᠵᠤ ᠪᠠᠢᠭᠠᠳ ᠭᠣᠣᠯᠳᠠᠯᠭ᠎ᠠ ᠲᠠᠢ ᠠᠬᠢᠭᠤᠯᠵᠤ᠂ ᠴᠤᠭᠯᠠᠭ᠎ᠠ ᠮᠠᠢᠮᠠᠢ᠎ᠶᠢᠨ ᠵᠠᠬ᠎ᠠ ᠳᠡᠯᠭᠡᠭᠦᠷ᠎ᠲᠦ ᠦᠨᠡᠨᠴᠢ ᠢᠲᠡᠭᠡᠮᠵᠢ ᠲᠠᠢ ᠬᠡᠮᠵᠢᠯᠲᠡ᠎ᠶᠢᠨ ᠳᠡᠰ ᠪᠠ ᠲᠥᠷᠥᠯ ᠬᠤᠪᠢᠶᠠᠭᠰᠠᠨ ᠬᠠᠮᠢᠶᠠᠷᠤᠯᠲᠠ᠎ᠶᠢ ᠬᠡᠷᠡᠭᠵᠢᠭᠦᠯᠪᠡ᠃ ᠪᠥᠬᠥ ᠣᠷᠣᠨ᠎ᠳᠤ 206 ᠡᠷᠦᠬᠡ ᠬᠢᠨᠠᠨ ᠬᠠᠮᠢᠶᠠᠷᠬᠤ ᠬᠢᠭᠡᠳ ᠮᠡᠷᠭᠡᠵᠢᠯ᠎ᠦᠨ ᠪᠠᠢᠭᠤᠯᠤᠮᠵᠢ᠎ᠶᠢ ᠪᠥᠬᠥ ᠤᠯᠤᠰ᠎ᠤᠨ ᠦᠨ᠎ᠡ ᠪᠤᠳᠤᠬᠤ ᠡᠯᠧᠺᠲᠷᠣᠨ ᠵᠢᠩᠯᠡᠭᠦᠷ᠎ᠦᠨ ᠣᠶᠤᠨᠲᠤ ᠬᠡᠮᠵᠢᠯᠲᠡ᠎ᠶᠢᠨ ᠬᠢᠨᠠᠯᠲᠠ ᠬᠠᠮᠢᠶᠠᠷᠤᠯᠲᠠ᠎ᠶᠢᠨ ᠲᠠᠪᠴᠠᠩ᠎ᠳᠤ ᠵᠠᠯᠭᠠᠨ ᠣᠷᠣᠭᠤᠯᠵᠤ᠂ ᠳ᠋ᠢᠭᠢᠲ ᠠᠷᠭ᠎ᠠ ᠪᠠᠷᠢᠯ᠎ᠢᠶᠠᠷ ᠬᠣᠯᠢᠰᠢᠨ ᠢᠳᠡᠭᠡᠨ᠎ᠦ ᠬᠤᠳᠠᠯᠳᠤᠭ᠎ᠠ᠎ᠶᠢᠨ ᠡᠷᠬᠡ ᠲᠡᠭᠰᠢ᠎ᠶᠢ ᠪᠠᠲᠤᠯᠠᠪᠠ᠃