ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠬᠤ ᠳᠤᠭᠤᠢ᠌ᠯᠠᠩ᠎ᠠᠴᠠ ᠮᠠᠨ᠎ᠤ ᠣᠷᠣᠨ᠎ᠳᠤ ᠲᠦᠩᠯᠢᠶᠣᠣ ᠬᠤᠳᠠ ᠵᠢᠨ ᠤᠢ ᠰᠢᠭᠤᠢ ᠨᠤᠲᠤᠭ ᠪᠡᠯᠴᠢᠭᠡᠷ᠎ᠢ ᠡᠪᠳᠡᠨ ᠰᠦᠢ᠍ᠳᠬᠡᠭᠰᠡᠨ ᠠᠰᠠᠭᠤᠳᠠᠯ ᠬᠦᠨᠳᠦ ᠨᠣᠴᠢᠲᠠᠢ ᠪᠠᠢ᠌ᠬᠤ ᠵᠢ ᠵᠠᠷᠯᠠᠨ ᠨᠡᠢ᠌ᠲᠡᠯᠡᠭᠰᠡᠨ᠎ᠤ ᠳᠠᠷᠠᠭ᠎ᠠ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠂ 6 ᠰᠠᠷ᠎ᠠ ᠵᠢᠨ 20᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠴᠡᠭᠴᠡᠯᠡᠨ ᠰᠠᠢ᠌ᠵᠢᠷᠠᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠵᠤ ᠂ 21᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠲᠦᠩᠯᠢᠶᠣᠣ ᠬᠤᠳᠠ᠎ᠳᠤ ᠬᠦᠷᠴᠦ ᠂ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠠᠵᠢᠯ᠎ᠢ ᠲᠤᠬᠠᠢ ᠵᠢᠨ ᠲᠠᠯᠠᠪᠠᠢ᠎ᠠᠴᠠ ᠬᠢᠨᠠᠨ ᠵᠢᠯᠣᠭᠣᠳᠪᠠ ᠃
ᠰᠦᠨ ᠱᠤᠤ ᠴᠧᠩ ᠲᠦᠩᠯᠢᠶᠣᠣ᠎ᠳᠤ ᠭᠦᠷᠦᠮᠡᠭᠴᠡ ᠰᠢᠭᠤᠳ ᠬᠣᠷᠴᠢᠨ ᠲᠣᠭᠣᠷᠢᠭ᠎ᠤᠨ ᠲᠠᠯᠠᠩ ᠪᠠᠯᠭ᠋ᠠᠰᠤ ᠵᠢᠨ ᠵᠣ᠋ ᠵᠢᠨ ᠠᠢ᠌ᠯ ᠨᠢᠭᠡᠳᠦᠭᠡᠷ ᠲᠣᠰᠬᠣᠨ᠎ᠳᠤ ᠬᠦᠷᠴᠦ ᠂ ᠣᠢ᠌ᠲᠤ ᠭᠠᠵᠠᠷ᠎ᠤᠨ ᠡᠪᠳᠡᠭᠳᠡᠯ ᠂ ᠤᠷᠭᠤᠮᠠᠯ᠎ᠤᠨ ᠬᠤᠴᠢᠯᠭ᠎ᠠ ᠵᠢᠨ ᠰᠡᠷᠭᠦᠯᠲᠡ ᠵᠢᠨ ᠪᠠᠢ᠌ᠳᠠᠯ᠎ᠢ ᠪᠠᠢ᠌ᠴᠠᠭ᠋ᠠᠨ ᠦᠵᠡᠵᠦ ᠂ ᠤᠴᠢᠷ ᠰᠢᠯᠲᠠᠭ᠋ᠠᠨ᠎ᠢ᠎ᠨᠢ ᠣᠢ᠌ᠯᠠᠭ᠋ᠠᠪᠠ ᠃ ᠲᠡᠷᠡ ᠂ ᠭᠦᠨᠵᠡᠭᠡᠢ ᠰᠤᠷᠭ᠋ᠠᠮᠵᠢ ᠠᠪᠴᠤ ᠂ ᠱᠠᠭ᠋ᠠᠷᠳᠠᠯᠭ᠎ᠠ ᠵᠢ ᠴᠢᠩᠭ᠎ᠠ ᠬᠡᠷᠡᠭᠵᠢᠭᠦᠯᠵᠦ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠠᠬᠢᠭᠤᠯᠵᠤ ᠂ ᠲᠣᠭᠲᠠᠭᠰᠠᠨ ᠴᠠᠭ᠎ᠲᠤ ᠳᠠᠩᠰᠠ ᠲᠤᠰᠢᠶᠠᠬᠤ ᠵᠢ ᠪᠠᠲᠤᠯᠠᠬᠤ ᠬᠡᠷᠡᠭᠲᠡᠢ ᠃ ᠡᠭᠦᠨ᠎ᠤ ᠬᠠᠮᠲᠤ ᠂ ᠠᠰᠠᠭᠤᠳᠠᠯ᠎ᠤᠨ ᠡᠭᠦᠰᠦᠭᠰᠡᠨ ᠭᠦᠨ ᠳᠠᠪᠬᠤᠷᠭ᠎ᠠ ᠵᠢᠨ ᠰᠢᠯᠲᠠᠭ᠋ᠠᠨ᠎ᠢ ᠵᠠᠳᠠᠯᠵᠤ ᠂ ᠲᠣᠰᠬᠣᠨ᠎ᠤ ᠬᠠᠮᠲᠤ ᠵᠢᠨ ᠣᠢ᠌ᠲᠤ ᠭᠠᠵᠠᠷ᠎ᠢ ᠰᠢᠯᠵᠢᠭᠦᠯᠦᠨ ᠳᠠᠭ᠋ᠠᠭ᠋ᠠᠴᠢᠯᠠᠭᠤᠯᠤᠭᠰᠠᠨ ᠂ ᠳᠤᠷ᠎ᠠ᠎ᠪᠠᠷ ᠵᠶ᠋ᠡᠨ ᠬᠡᠷᠡᠭᠴᠡᠭᠡ ᠵᠢ ᠨᠢ ᠬᠤᠪᠢᠷᠠᠭᠤᠯᠤᠭᠰᠠᠨ᠎ᠠᠴᠠ ᠪᠣᠯᠵᠤ ᠡᠪᠳᠡᠭᠳᠡᠭᠰᠡᠨ ᠵᠡᠷᠭᠡ ᠠᠰᠠᠭᠤᠳᠠᠯ᠎ᠤᠨ 《ᠦᠨᠳᠦᠰᠦ 》 ᠨᠢ ᠴᠣᠬᠣᠮ ᠬᠠᠮᠢᠭ᠎ᠠ ᠣᠷᠣᠰᠢᠵᠤ ᠪᠠᠢ᠌ᠬᠤ ᠵᠢ ᠡᠷᠬᠡᠪᠰᠢ ᠭᠦᠨᠵᠡᠭᠡᠢ ᠵᠠᠳᠠᠯᠵᠤ ᠂ ᠵᠠᠩᠭᠢᠯᠠᠭ᠎ᠠ ᠵᠢ᠎ᠨᠢ ᠠᠳᠬᠤᠵᠤ ᠂ ᠭᠠᠵᠠᠷ ᠰᠢᠷᠣᠢ ᠵᠢᠨ ᠡᠵᠡᠩᠨᠡᠯᠲᠡ ᠵᠢᠨ ᠡᠷᠬᠡ ᠵᠢ ᠭᠦᠢ᠍ᠯᠭᠡᠭᠡᠬᠦ ᠵᠢ ᠵᠢᠷᠤᠮᠵᠢᠭᠤᠯᠬᠤ ᠂ ᠭᠠᠵᠠᠷ ᠰᠢᠷᠣᠢ ᠵᠢᠨ ᠬᠡᠷᠡᠭᠴᠡᠭᠡ ᠵᠢ ᠬᠠᠮᠢᠶᠠᠷᠬᠤ ᠵᠢ ᠴᠢᠩᠭ᠋ᠠᠳᠬᠠᠬᠤ ᠵᠡᠷᠭᠡ ᠲᠠᠯ᠎ᠠ᠎ᠠᠴᠠ ᠦᠨᠳᠦᠰᠦ᠎ᠠᠴᠠ᠎ᠨᠢ ᠵᠠᠰᠠᠬᠤ ᠠᠷᠭ᠎ᠠ ᠪᠣᠳᠣᠯᠭ᠎ᠠ ᠵᠢ ᠢᠯᠡᠭᠦᠬᠡᠨ ᠰᠤᠳᠤᠯᠵᠤ ᠂ ᠲᠦᠷ ᠴᠠᠭ᠎ᠤᠨ ᠠᠰᠢᠭ ᠲᠤᠰᠠ ᠵᠢᠨ ᠲᠥᠯᠥᠭᠡ ᠣᠢ᠌ᠲᠤ ᠭᠠᠵᠠᠷ᠎ᠤᠨ ᠬᠡᠷᠡᠭᠴᠡᠭᠡ ᠵᠢ ᠳᠤᠷ᠎ᠠ᠎ᠪᠠᠷ ᠵᠶ᠋ᠠᠨ ᠬᠤᠪᠢᠷᠠᠭᠤᠯᠵᠤ ᠂ ᠠᠮᠢ ᠠᠬᠤᠢ ᠣᠷᠴᠢᠨ ᠲᠣᠭᠣᠷᠢᠨ᠎ᠢ ᠡᠪᠳᠡᠬᠦ᠎ᠠᠴᠠ ᠰᠡᠷᠭᠡᠢ᠌ᠯᠡᠬᠦ ᠬᠡᠷᠡᠭᠲᠡᠢ ᠭᠡᠵᠡᠢ ᠃ ᠳᠠᠷᠠᠭ᠎ᠠ᠎ᠨᠢ ᠂ ᠰᠦᠨ ᠱᠤᠤ ᠴᠧᠩ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠵᠢᠷᠦᠬᠡ ᠵᠢᠭᠤᠯᠴᠢᠯᠠᠯ᠎ᠤᠨ ᠣᠷᠣᠨ᠎ᠤ ᠨᠤᠲᠤᠭ ᠪᠡᠯᠴᠢᠭᠡᠷ᠎ᠢ ᠡᠵᠡᠯᠡᠭᠰᠡᠨ ᠲᠤᠬᠠᠢ ᠵᠢᠨ ᠲᠠᠯᠠᠪᠠᠶ᠎ᠳᠤ ᠬᠦᠷᠴᠦ ᠂ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠠᠷᠭ᠎ᠠ ᠬᠡᠮᠵᠢᠶ᠎ᠡ ᠪᠣᠯᠣᠨ ᠠᠬᠢᠴᠠ ᠵᠢ ᠣᠢ᠌ᠯᠠᠭ᠋ᠠᠪᠠ ᠃ ᠲᠡᠷᠡ ᠂ ᠠᠷᠬᠠᠭ ᠭᠡᠮ ᠦᠯᠡᠳᠡᠭᠡᠬᠦ ᠦᠭᠡᠢ ᠪᠠᠢ᠌ᠬᠤ ᠣᠪᠣᠷ ᠵᠶ᠋ᠠᠷ ᠂ ᠡᠯ᠎ᠡ ᠲᠠᠯ᠎ᠠ ᠵᠢᠨ ᠬᠦᠴᠦᠨ ᠵᠦᠢ᠍ᠯ ᠂ ᠡᠯ᠎ᠡ ᠭᠣᠭᠴᠣᠭ᠎ᠠ ᠵᠢᠨ ᠠᠵᠢᠯ᠎ᠢ ᠭᠦᠢ᠍ᠴᠡᠳ ᠪᠣᠳᠣᠯᠬᠢᠯᠠᠵᠤ ᠂ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠯᠠᠪᠳᠠᠭᠤᠨ ᠪᠠᠲᠤᠲᠠᠢ ᠠᠬᠢᠭᠤᠯᠵᠤ ᠂ ᠰᠢᠯᠭ᠋ᠠᠯᠲᠠ ᠵᠢ ᠳᠠᠭ᠋ᠠᠭ᠋ᠠᠵᠤ ᠳᠡᠢ᠌ᠯᠭᠦ ᠵᠢ ᠪᠠᠲᠤᠯᠠᠬᠤ ᠬᠡᠷᠡᠭᠲᠡᠢ ᠭᠡᠵᠡᠢ ᠃
ᠬᠢᠨᠠᠨ ᠵᠢᠯᠤᠭᠣᠳᠬᠤ ᠳᠤᠮᠳᠠ ᠂ ᠰᠦᠨ ᠱᠤᠤ ᠴᠧᠩ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ ᠂ 《ᠤᠯᠤᠰ᠎ᠤᠨ ᠶᠡᠬᠡ ᠶᠠᠪᠤᠳᠠᠯ 》᠎ᠢ ᠪᠠᠲᠤ ᠴᠡᠭᠡᠵᠢᠯᠡᠵᠦ ᠂ ᠨᠡᠢ᠌ᠲᠡᠯᠢᠭ ᠬᠡᠷᠡᠭ᠎ᠠᠴᠠ ᠭᠦᠨᠵᠡᠭᠡᠢ ᠰᠤᠷᠭ᠋ᠠᠮᠵᠢ ᠠᠪᠴᠤ ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠲᠤᠰᠢᠶᠠᠨ ᠰᠢᠢ᠍ᠳᠪᠦᠷᠢᠯᠡᠭᠦᠯᠦᠭᠰᠡᠨ ᠠᠰᠠᠭᠤᠳᠠᠯ᠎ᠢ ᠴᠢᠨᠠᠷ ᠰᠠᠢ᠌ᠲᠠᠢ ᠥᠨᠳᠥᠷ ᠪᠦᠲᠦᠮᠵᠢᠲᠡᠢ ᠰᠠᠢ᠌ᠲᠤᠷ ᠰᠢᠢ᠍ᠳᠪᠦᠷᠢᠯᠡᠵᠦ ᠂ ᠦᠨᠡᠨ ᠪᠣᠳᠠᠲᠠᠢ ᠴᠡᠭᠴᠡᠯᠡᠨ ᠰᠠᠢ᠌ᠵᠢᠷᠠᠭᠤᠯᠤᠭᠰᠠᠨ ᠦᠷ᠎ᠡ ᠪᠦᠲᠦᠮᠵᠢ᠎ᠪᠠᠷ ᠠᠮᠢ ᠠᠬᠤᠢ ᠣᠷᠴᠢᠨ ᠲᠣᠭᠣᠷᠢᠨ᠎ᠤ ᠦᠷᠭᠦᠯᠵᠢᠯᠡᠨ ᠰᠠᠢ᠌ᠵᠢᠷᠠᠬᠤ ᠵᠢ ᠠᠬᠢᠭᠤᠯᠬᠤ ᠬᠡᠷᠡᠭᠲᠡᠢ ᠃ ᠠᠰᠠᠭᠤᠳᠠᠯ᠎ᠢ ᠢᠯᠡᠷᠡᠭᠦᠯᠪᠡᠯ ᠡᠷᠲᠡᠬᠡᠨ ᠴᠡᠭᠴᠡᠯᠡᠨ ᠰᠠᠢ᠌ᠵᠢᠷᠠᠭᠤᠯᠵᠤ ᠂ ᠲᠦᠷᠭᠡᠨ ᠴᠡᠭᠴᠡᠯᠡᠨ ᠵᠠᠰᠠᠬᠤ ᠬᠡᠷᠡᠭᠲᠡᠢ ᠂ ᠶᠠᠭ᠋ᠠᠬᠢᠭᠰᠠᠨ ᠴᠤ᠌ ᠤᠳᠠᠭ᠋ᠠᠰᠢᠷᠠᠭᠤᠯᠬᠤ ᠵᠢᠨ ᠬᠣᠣᠷ᠎ᠢ ᠠᠮᠰᠠᠵᠤ ᠪᠤᠯᠬᠤ ᠦᠭᠡᠢ ᠂ ᠨᠡᠩ ᠴᠤ᠌ ᠬᠤᠳᠠᠯ ᠬᠠᠭᠤᠷᠮᠠᠭ ᠵᠶ᠋ᠠᠷ ᠴᠡᠭᠴᠡᠯᠡᠨ ᠰᠠᠢ᠌ᠵᠢᠷᠠᠭᠤᠯᠵᠤ ᠂ ᠬᠠᠰᠢ ᠶᠠᠰᠢ ᠴᠡᠭᠴᠡᠯᠡᠨ ᠰᠠᠢ᠌ᠵᠢᠷᠠᠭᠤᠯᠵᠤ ᠪᠤᠯᠬᠤ ᠦᠭᠡᠢ ᠂ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ᠎ᠬᠢᠨ ᠨᠢᠭᠲᠠ ᠮᠦᠷᠳᠡᠨ ᠴᠢᠩᠭ᠎ᠠ ᠠᠩᠬᠠᠷᠴᠤ ᠂ ᠡᠴᠦᠰ᠎ᠲᠤᠨᠢ ᠲᠤᠯᠲᠠᠯ᠎ᠠ ᠲᠠᠭ᠋ᠠᠬᠤ ᠬᠡᠷᠡᠭᠲᠡᠢ ᠃ ᠨᠤᠲᠤᠭ ᠪᠡᠯᠴᠢᠭᠡᠷ ᠪᠠ ᠣᠶ ᠰᠢᠭᠤᠢ ᠵᠢ ᠬᠠᠮᠠᠭ᠋ᠠᠯᠠᠬᠤ ᠪᠣᠯ ᠮᠠᠨ᠎ᠤ ᠣᠷᠣᠨ᠎ᠤ ᠠᠮᠢ ᠠᠬᠤᠢ ᠵᠢᠨ ᠰᠢᠰᠲ᠋ᠧᠮ᠎ᠤᠨ ᠬᠠᠮᠠᠭ᠋ᠠᠯᠠᠯᠲᠠ ᠵᠢᠨ ᠲᠡᠷᠢᠭᠦᠨ ᠴᠢᠬᠤᠯᠠ ᠡᠭᠦᠷᠭᠡ ᠮᠥᠨ ᠂ ᠡᠨᠡ ᠬᠣᠶᠠᠷ ᠵᠢᠯ᠎ᠳᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠣᠶ ᠰᠢᠭᠤᠢ ᠨᠤᠲᠤᠭ ᠪᠡᠯᠴᠢᠭᠡᠷ᠎ᠢ ᠡᠪᠳᠡᠨ ᠰᠦᠢ᠍ᠳᠬᠡᠬᠦ ᠠᠰᠠᠭᠤᠳᠠᠯ᠎ᠳᠤ ᠴᠢᠭᠯᠡᠭᠦᠯᠦᠨ ᠲᠥᠪᠯᠡᠷᠡᠭᠦᠯᠦᠨ ᠴᠡᠭᠴᠡᠯᠡᠨ ᠵᠠᠰᠠᠯᠲᠠ ᠬᠢᠪᠡ ᠂ ᠪᠣᠭᠣᠮᠲᠠ ᠰᠢᠪᠲᠤᠯᠬᠤ ᠪᠠᠢ᠌ᠳᠠᠯ ᠵᠶ᠋ᠠᠨ ᠪᠠᠲᠤᠯᠠᠨ ᠂ ᠳᠠᠷᠤᠯᠲᠠ᠎ᠪᠠᠨ ᠨᠡᠮᠡᠭᠳᠡᠭᠦᠯᠵᠦ ᠬᠦᠴᠦᠯᠡᠨ ᠠᠬᠢᠭᠤᠯᠵᠤ ᠂ ᠭᠢᠯᠪᠠᠷ ᠪᠤᠰᠤ᠎ᠪᠠᠷ ᠣᠯᠣᠭᠰᠠᠨ ᠠᠮᠢ ᠠᠬᠤᠢ ᠵᠢᠨ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠭᠡᠯ᠎ᠢ ᠦᠨᠡᠨ ᠬᠦ᠌ ᠰᠠᠢ᠌ᠲᠤᠷ ᠰᠠᠬᠢᠨ ᠬᠠᠮᠠᠭ᠋ᠠᠯᠠᠬᠤ ᠬᠡᠷᠡᠭᠲᠡᠢ ᠃ ᠢᠯᠡᠷᠡᠭᠦᠯᠦᠭᠰᠡᠨ ᠣᠶ ᠰᠢᠭᠤᠢ ᠡᠪᠡᠰᠦ ᠪᠡᠯᠴᠢᠭᠡᠷ᠎ᠢ ᠡᠪᠳᠡᠨ ᠰᠦᠢ᠍ᠳᠬᠡᠭᠰᠡᠨ ᠠᠰᠠᠭᠤᠳᠠᠯ᠎ᠢ ᠴᠤᠬᠤᠢ᠌ᠮᠠᠬ᠍ᠴᠠ ᠴᠣᠬᠢᠯᠲᠠ ᠥᠭᠴᠦ ᠂ ᠬᠠᠤᠯᠢ ᠶᠣᠰᠣᠭ᠋ᠠᠷ ᠬᠦᠴᠦᠲᠡᠢ ᠴᠣᠬᠢᠯᠲᠠ ᠥᠭᠬᠦ ᠵᠢ ᠪᠠᠷᠢᠮᠲᠠᠯᠠᠵᠤ ᠂ ᠭᠠᠴᠠᠭ᠎ᠠ ᠲᠣᠰᠬᠣᠨ᠎ᠤ 《ᠬᠣᠶᠠᠷ ᠵᠥᠪᠯᠡᠯ 》 ᠴᠠᠭ ᠲᠤᠬᠠᠢᠳᠤᠨᠢ ᠠᠰᠠᠭᠤᠳᠠᠯ᠎ᠢ ᠢᠯᠡᠷᠡᠭᠦᠯᠦᠨ ᠮᠡᠳᠡᠭᠦᠯᠵᠦ ᠂ ᠠᠵᠢᠯ᠎ᠤᠨ ᠬᠠᠷᠢᠭᠤᠴᠠᠯᠭ᠎ᠠ᠎ᠪᠠᠨ ᠪᠠᠷᠢᠮᠲᠠᠯᠠᠨ ᠂ ᠠᠵᠢᠯ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠪᠡᠶᠡᠯᠡᠭᠦᠯᠬᠦ ᠬᠡᠷᠡᠭᠲᠡᠢ ᠃ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢ ᠴᠢᠩᠭ᠋ᠠᠳᠬᠠᠵᠤ ᠂ ᠰᠡᠷᠡᠮᠵᠢᠯᠡᠭᠦᠯᠦᠨ ᠰᠦᠷᠳᠡᠭᠦᠯᠬᠦ ᠵᠢ ᠴᠢᠩᠭ᠋ᠠᠳᠬᠠᠵᠤ ᠂ ᠬᠥᠮᠥᠨ ᠪᠦᠭᠦᠨ ᠳᠤᠷ᠎ᠠ᠎ᠪᠠᠷ ᠵᠶ᠋ᠡᠨ ᠤᠢ ᠰᠢᠭᠤᠢ ᠂ ᠨᠤᠲᠤᠭ ᠪᠡᠯᠴᠢᠭᠡᠷ᠎ᠲᠤ ᠬᠠᠯᠳᠠᠨ ᠡᠪᠳᠡᠵᠦ ᠰᠦᠢ᠍ᠳᠬᠡᠬᠦ ᠵᠣᠷᠢᠭ ᠦᠭᠡᠢ ᠪᠠᠢ᠌ᠬᠤ ᠠᠭᠤᠷ ᠠᠮᠢᠰᠬᠤᠯ᠎ᠢ ᠪᠤᠢ ᠪᠤᠯᠭ᠋ᠠᠬᠤ ᠵᠢ ᠠᠬᠢᠭᠤᠯᠵᠤ ᠂ ᠡᠨᠡ ᠬᠦ᠌ ᠭᠠᠵᠢᠭᠤ ᠰᠤᠷᠲᠠᠯ᠎ᠢ ᠲᠠᠰᠤ ᠬᠣᠷᠢᠭᠯᠠᠬᠤ ᠬᠡᠷᠡᠭᠲᠡᠢ ᠭᠡᠵᠡᠢ ᠃
ᠮᠧᠩ ᠰᠢᠶᠠᠨ ᠳ᠋ᠦᠩ ᠂ ᠢᠦᠢ ᠯᠢ ᠰᠢᠨ ᠠᠵᠢᠯᠯᠠᠭ᠎ᠠ᠎ᠳᠤ ᠣᠷᠣᠯᠴᠠᠵᠠᠢ ᠃