《8·1》᠎ᠤ᠋ ᠴᠡᠷᠢᠭ ᠪᠠᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ᠎ᠢᠶᠠᠷ᠂ 7 ᠰᠠᠷ᠎ᠠ᠎ᠶᠢᠨ 21᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠱᠦᠵᠢ᠂ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠋᠎ᠤᠨ ᠨᠠᠮ᠎ᠤᠨ ᠬᠤᠷᠢᠶ᠎ᠠ᠎ᠶᠢᠨ ᠨᠢᠭᠡᠳᠦᠭᠡᠷ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠲᠡᠷᠢᠭᠦᠯᠡᠭᠴᠢ ᠵᠠᠩ ᠶᠠᠨ ᠺᠦᠨ ᠵᠡᠷᠭᠡ ᠥᠪᠡᠷᠲᠡᠭᠡᠨ ᠵᠠᠰᠠᠬᠤ ᠣᠷᠣᠨ᠎ᠤ ᠮᠤᠵᠢ ᠠᠷᠮᠢ᠎ᠶᠢᠨ ᠲᠠᠰ᠎ᠤᠨ ᠤᠳᠤᠷᠢᠳᠬᠤ ᠨᠥᠬᠥᠳ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠳᠠᠢᠴᠢᠯᠠᠯᠲᠠ᠎ᠶᠢᠨ ᠴᠢᠳᠠᠪᠤᠷᠢ᠎ᠶᠢᠨ ᠪᠠᠢᠭᠤᠯᠤᠯᠲᠠ᠎ᠶᠢᠨ ᠦᠷ᠎ᠡ ᠪᠦᠲᠦᠭᠡᠯ᠎ᠢ ᠳᠡᠯᠭᠡᠨ ᠦᠵᠡᠭᠦᠯᠬᠦ ᠠᠵᠢᠯᠯᠠᠭ᠎ᠠ ᠵᠢᠴᠢ 《8·1》᠎ᠤ᠋ ᠴᠡᠷᠢᠭ᠎ᠤᠨ ᠶᠠᠪᠤᠳᠠᠯ᠎ᠤᠨ ᠡᠳᠦᠷ᠎ᠦᠨ ᠠᠵᠢᠯᠯᠠᠭ᠎ᠠ᠎ᠳᠤ ᠬᠠᠮᠲᠤ᠎ᠪᠠᠷ ᠣᠷᠣᠯᠴᠠᠪᠠ᠃ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠡᠮᠦᠨ᠎ᠡ᠎ᠡᠴᠡ ᠦᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠥᠷᠭᠡᠨ ᠤᠯᠠᠨ ᠴᠢᠯᠦᠭᠡᠯᠡᠬᠦ ᠴᠡᠷᠢᠭ᠎ᠦᠨ ᠵᠢᠯᠣᠭᠣᠳᠤᠭ᠍ᠴᠢ ᠪᠠᠢᠯᠳᠤᠭ᠍ᠴᠢ᠂ ᠵᠡᠪᠰᠡᠭᠲᠦ ᠴᠠᠭᠳᠠᠭ᠎ᠠ᠎ᠶᠢᠨ ᠴᠡᠷᠢᠭ ᠠᠩᠭᠢ᠎ᠶᠢᠨ ᠳᠠᠷᠤᠭ᠎ᠠ ᠪᠠᠢᠯᠳᠤᠭ᠍ᠴᠢ᠂ ᠴᠡᠷᠢᠭ ᠠᠩᠭᠢ᠎ᠶᠢᠨ ᠪᠢᠴᠢᠭ᠎ᠦᠨ ᠲᠤᠰᠢᠶᠠᠯᠲᠠᠨ ᠵᠢᠴᠢ ᠡᠷᠦᠭᠡ᠎ᠶᠢᠨ ᠴᠡᠷᠢᠭ᠎ᠦᠨ ᠪᠡᠯᠡᠳᠬᠡᠯ ᠠᠯᠪᠠᠨ᠎ᠤ ᠬᠥᠮᠥᠰ᠂ ᠴᠡᠷᠢᠭ᠎ᠤᠨ ᠠᠯᠪᠠ ᠡᠴᠡ ᠬᠠᠯᠠᠭᠳᠠᠭᠰᠠᠳ᠎ᠲᠤ ᠪᠠᠶᠠᠷ᠎ᠤᠨ ᠡᠳᠦᠷ᠎ᠦᠨ ᠮᠡᠨᠳᠦᠴᠢᠯᠡᠯ ᠳᠡᠪᠰᠢᠭᠦᠯᠵᠦ᠂ ᠥᠷᠭᠡᠨ ᠤᠯᠠᠨ ᠪᠠᠴᠢᠮ ᠪᠠᠢᠳᠠᠯ᠎ᠢ ᠠᠷᠭᠠᠴᠠᠭᠠᠬᠤ ᠠᠪᠤᠷᠠᠨ ᠲᠤᠰᠠᠯᠠᠬᠤ ᠬᠥᠮᠥᠰ᠎ᠲᠦ ᠴᠢᠩ ᠰᠡᠳᠬᠢᠯ᠎ᠦᠨ ᠮᠡᠨᠳᠦᠴᠢᠯᠡᠯ ᠳᠡᠪᠰᠢᠭᠦᠯᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠂ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠤᠳᠤᠷᠢᠳᠬᠤ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠤᠷᠢᠶ᠎ᠠ᠎ᠶᠢᠨ ᠪᠠᠢᠴᠠᠭᠠᠬᠤ ᠳᠠᠷᠤᠭ᠎ᠠ᠂ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠋᠂ ᠵᠡᠪᠰᠡᠭᠲᠦ ᠴᠠᠭᠳᠠᠭ᠎ᠠ᠎ᠶᠢᠨ ᠥᠪᠥᠷ ᠮᠣᠩᠭᠣᠯ᠎ᠤᠨ ᠶᠡᠷᠦᠩᠬᠡᠢ ᠠᠩᠭᠢ᠎ᠶᠢᠨ ᠤᠳᠤᠷᠢᠳᠬᠤ ᠨᠥᠬᠥᠳ ᠠᠵᠢᠯᠯᠠᠭ᠎ᠠ᠎ᠳᠤ ᠣᠷᠣᠯᠴᠠᠵᠠᠢ᠃
ᠦᠳᠡ᠎ᠶᠢᠨ ᠡᠮᠦᠨᠡᠬᠢ 9 ᠴᠠᠭ᠎ᠤᠨ ᠦᠶ᠎ᠡ᠎ᠪᠡᠷ᠂ ᠰᠦᠨ ᠱᠤᠤ ᠴᠧᠩ᠂ ᠵᠠᠩ ᠶᠠᠨ ᠺᠦᠨ ᠨᠠᠷ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠋᠎ᠲᠤ ᠬᠦᠷᠴᠦ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠳᠠᠢᠴᠢᠯᠠᠯᠲᠠ᠎ᠶᠢᠨ ᠴᠢᠳᠠᠪᠤᠷᠢ᠎ᠶᠢᠨ ᠪᠠᠢᠭᠤᠯᠤᠯᠲᠠ᠎ᠶᠢᠨ ᠦᠷ᠎ᠡ ᠪᠦᠲᠦᠭᠡᠯ᠎ᠦᠨ ᠦᠵᠡᠭᠦᠯᠭᠡ᠎ᠶᠢ ᠲᠣᠭᠣᠷᠢᠨ ᠦᠵᠡᠪᠡ᠃ ᠲᠣᠭᠣᠷᠢᠨ ᠦᠵᠡᠬᠦ ᠶᠠᠪᠤᠴᠠ᠎ᠳᠤ᠂ ᠤᠯᠠᠨ᠎ᠢᠶᠠᠷ᠎ᠢᠶᠠᠨ ᠪᠠᠢᠨ ᠪᠠᠢᠨ ᠵᠣᠭᠰᠣᠵᠤ᠂ ᠨᠠᠷᠢᠨ ᠬᠢᠨᠠᠮᠠᠭᠠᠢ᠎ᠪᠠᠷ ᠲᠠᠢᠯᠤᠮᠵᠢ᠎ᠶᠢ ᠰᠣᠨᠣᠰᠴᠤ᠂ ᠲᠤᠨᠤᠭ ᠲᠥᠬᠦᠭᠡᠷᠦᠮᠵᠢ᠎ᠶᠢ ᠦᠵᠡᠵᠦ᠂ ᠭᠡᠷᠡᠯ ᠵᠢᠷᠤᠭ ᠦᠰᠦᠭ ᠪᠢᠴᠢᠭ᠎ᠢ ᠤᠩᠰᠢᠵᠤ᠂ ᠪᠠᠢᠨ ᠪᠠᠢᠨ ᠨᠠᠷᠢᠨ ᠪᠠᠢᠳᠠᠯ᠎ᠢ ᠯᠠᠪᠯᠠᠨ ᠠᠰᠠᠭᠤᠵᠤ᠂ ᠮᠠᠨ᠎ᠤ ᠣᠷᠣᠨ᠎ᠤ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠳᠠᠢᠴᠢᠯᠠᠯᠲᠠ᠎ᠶᠢᠨ ᠴᠢᠳᠠᠪᠤᠷᠢ᠎ᠶᠢᠨ ᠪᠠᠢᠭᠤᠯᠤᠯᠲᠠ᠎ᠶᠢᠨ ᠪᠠᠢᠳᠠᠯ᠎ᠢ ᠭᠦᠨᠵᠡᠭᠡᠢ ᠣᠢᠯᠠᠭᠠᠪᠠ᠃
ᠬᠣᠯᠪᠣᠭᠳᠠᠯ ᠪᠦᠬᠦᠢ ᠲᠤᠰᠬᠠᠢ ᠰᠡᠳᠦᠪᠲᠦ ᠹᠢᠯᠢᠮ᠎ᠢ ᠦᠵᠡᠵᠦ᠂ ᠬᠣᠯᠪᠣᠭᠳᠠᠯ ᠪᠦᠬᠦᠢ ᠪᠠᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠤᠭᠰᠠᠨ᠎ᠤ ᠳᠠᠷᠠᠭ᠎ᠠ᠂ ᠰᠦᠨ ᠱᠤᠤ ᠴᠸᠨᠭ ᠶᠠᠷᠢᠶ᠎ᠠ ᠲᠠᠯᠪᠢᠪᠠ᠃ ᠲᠡᠷᠡ᠂ ᠥᠪᠥᠷ ᠮᠣᠩᠭᠣᠯ ᠪᠣᠯ ᠡᠬᠡ ᠤᠯᠤᠰ᠎ᠤᠨ 《ᠤᠮᠠᠷᠠᠲᠤ ᠶᠡᠬᠡ ᠬᠠᠭᠠᠯᠭ᠎ᠠ》᠂ ᠨᠡᠢᠰᠯᠡᠯ᠎ᠦᠨ 《ᠬᠤᠳᠠ᠎ᠶᠢᠨ ᠬᠠᠮᠠᠭᠠᠯᠠᠯᠲᠠ᠎ᠵᠢᠨ ᠭᠣᠣᠯ》ᠮᠥᠨ᠂ ᠤᠯᠤᠰ᠎ᠤᠨ ᠤᠯᠤᠰ ᠲᠦᠷᠦ᠎ᠶᠢᠨ ᠠᠮᠤᠷ ᠲᠦᠪᠰᠢᠨ ᠪᠠ ᠬᠢᠯᠢ ᠬᠢᠵᠠᠭᠠᠷ᠎ᠤᠨ ᠠᠮᠤᠷ ᠲᠣᠭᠲᠠᠭᠤᠨ᠎ᠢ ᠬᠠᠮᠠᠭᠠᠯᠠᠬᠤ ᠴᠢᠬᠤᠯᠠ ᠶᠡᠬᠡ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠡᠭᠦᠷᠭᠡᠯᠡᠵᠦ ᠪᠠᠢᠨ᠎ᠠ᠃ ᠴᠡᠷᠢᠭ ᠠᠩᠭᠢ ᠪᠠ ᠣᠷᠣᠨ ᠨᠤᠲᠤᠭ᠎ᠤᠨ ᠡᠯ᠎ᠡ ᠱᠠᠲᠤᠨ᠎ᠤ ᠬᠢᠨ ᠰᠢ ᠵᠢᠨ ᠫᠢᠩ᠎ᠤᠨ ᠴᠡᠷᠢᠭ᠎ᠢ ᠬᠦᠴᠦᠷᠬᠡᠭᠵᠢᠭᠦᠯᠬᠦ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠪᠠᠲᠤᠲᠠᠢ ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ᠎ᠶᠢᠨ ᠴᠡᠷᠢᠭ᠎ᠦᠨ ᠶᠠᠪᠤᠳᠠᠯ᠎ᠤᠨ ᠪᠠᠢᠯᠳᠤᠬᠤ ᠪᠣᠳᠣᠯᠭ᠎ᠠ᠎ᠶᠢᠨ ᠴᠢᠭᠯᠡᠯᠲᠡ᠎ᠶᠢ ᠭᠦᠨᠵᠡᠭᠡᠢ ᠲᠤᠭᠤᠰᠢᠯᠠᠭᠤᠯᠵᠤ᠂ ᠤᠯᠤᠰ᠎ᠤᠨ ᠶᠡᠷᠦᠩᠬᠡᠢ ᠠᠮᠤᠷ ᠲᠦᠪᠰᠢᠨ᠎ᠦ ᠦᠵᠡᠯᠲᠡ᠎ᠶᠢ ᠭᠤᠢᠪᠢᠰᠢ ᠦᠭᠡᠢ ᠲᠤᠭᠤᠰᠢᠯᠠᠭᠤᠯᠵᠤ᠂ ᠬᠢᠯᠢ ᠬᠢᠵᠠᠭᠠᠷ᠎ᠤᠨ ᠵᠠᠰᠠᠯᠲᠠ᠎ᠶᠢᠨ ᠲᠤᠬᠠᠢ ᠨᠠᠮ᠎ᠤᠨ ᠲᠥᠪ ᠬᠤᠷᠢᠶ᠎ᠠ᠎ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠵᠤ᠂ ᠴᠡᠷᠢᠭ ᠪᠠᠢᠭᠤᠯᠤᠭᠳᠠᠭᠰᠠᠨ ᠵᠠᠭᠤᠨ ᠵᠢᠯ᠎ᠦᠨ ᠲᠡᠮᠡᠴᠡᠬᠦ ᠬᠠᠷᠠᠯᠲᠠᠳ᠋ᠤ ᠠᠨᠭᠬᠠᠷᠤᠯ᠎ᠵᠢᠡᠨ ᠲᠦᠪᠯᠡᠷᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠣᠯᠭᠠᠵᠤ᠂ ᠭᠣᠣᠯᠯᠠᠭ᠍ᠴᠢ ᠴᠢᠳᠠᠪᠤᠷᠢ᠎ᠶᠢᠨ ᠪᠠᠢᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠳᠠᠢᠴᠢᠯᠠᠯᠲᠠ᠎ᠶᠢᠨ ᠡᠯ᠎ᠡ ᠵᠦᠢᠯ᠎ᠦᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠬᠠᠮᠵᠢᠯᠴᠠᠨ ᠠᠬᠢᠭᠤᠯᠵᠤ᠂ ᠡᠬᠡ ᠤᠯᠤᠰ᠎ᠤᠨ ᠤᠮᠠᠷᠠᠲᠤ᠎ᠶᠢᠨ ᠠᠮᠤᠷ ᠲᠦᠪᠰᠢᠨ ᠲᠣᠭᠲᠠᠭᠤᠨᠦ ᠬᠠᠯᠬᠠᠪᠴᠢ᠎ᠶᠢ ᠪᠠᠲᠤ ᠴᠣᠭᠴᠠᠯᠠᠬᠤ᠎ᠳᠤ ᠨᠠᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ᠎ᠪᠡᠷ ᠴᠢᠷᠮᠠᠢᠬᠤ ᠬᠡᠷᠡᠭᠲᠡᠢ᠃ ᠠᠮᠤᠭᠤᠯᠠᠩ ᠲᠠᠢᠪᠤᠩ ᠴᠠᠭ ᠲᠦ᠍ ᠠᠶᠤᠯᠲᠦᠭᠰᠢᠬᠦᠷᠢ ᠵᠢ ᠪᠤᠳᠤᠵᠤ ᠲᠠᠢ᠍ᠢᠨ᠎ᠳᠦ ᠪᠡᠯᠡᠳᠬᠡᠵᠦ ᠲᠠᠢ᠍ᠢᠨ ᠬᠢᠬᠦ ᠡᠨᠡ ᠬᠦ᠌ ᠬᠥᠪᠴᠢ᠎ᠶᠢ ᠴᠢᠩᠭᠠᠯᠠᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠳᠠᠢᠴᠢᠯᠠᠯᠲᠠ᠎ᠶᠢᠨ ᠪᠡᠯᠡᠳᠬᠡᠯ᠎ᠢ ᠪᠠᠢᠩᠭᠤ ᠤᠷᠳᠤ ᠬᠤᠭᠤᠴᠠᠭ᠎ᠠ ᠪᠦᠲᠦᠮᠵᠢᠲᠡᠢ ᠰᠠᠢᠲᠤᠷ ᠬᠢᠵᠦ᠂ ᠳᠤᠲᠠᠭᠳᠠᠯ᠎ᠢᠶᠠᠨ ᠪᠠᠢᠴᠠᠭᠠᠨ ᠨᠥᠬᠥᠪᠦᠷᠢᠯᠡᠵᠦ ᠬᠢᠯᠢ ᠬᠢᠵᠠᠭᠠᠷ᠎ᠢ ᠬᠦᠴᠦᠷᠬᠡᠭᠵᠢᠭᠦᠯᠵᠦ ᠰᠡᠷᠭᠡᠢᠯᠡᠯᠲᠡ᠎ᠶᠢ ᠪᠡᠬᠢᠵᠢᠭᠦᠯᠬᠦ ᠰᠡᠷᠭᠡᠢᠯᠡᠯᠲᠡ᠎ᠶᠢᠨ ᠱᠤᠭᠤᠮ᠎ᠢ ᠪᠠᠲᠤ ᠴᠣᠭᠴᠠᠯᠠᠵᠤ᠂ ᠴᠡᠷᠢᠭ ᠵᠠᠰᠠᠭ ᠴᠡᠷᠢᠭ ᠠᠷᠠᠳ᠎ᠤᠨ ᠪᠦᠯᠬᠦᠮᠳᠡᠯ᠎ᠢ ᠰᠡᠳᠬᠢᠯ ᠲᠠᠯᠪᠢᠨ ᠬᠠᠢᠷ᠎ᠠ ᠰᠡᠳᠬᠢᠯᠭᠡ᠎ᠲᠠᠢ᠎ᠪᠡᠷ ᠪᠡᠬᠢᠵᠢᠭᠦᠯᠦᠨ ᠬᠥᠭᠵᠢᠭᠦᠯᠬᠦ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠰᠠᠨᠠᠭᠠᠴᠢᠯᠠᠭ᠎ᠠ᠎ᠡᠴᠡ᠎ᠪᠠᠨ ᠥᠷᠭᠡᠨ ᠤᠯᠠᠨ ᠳᠠᠷᠤᠭ᠎ᠠ ᠪᠠᠢᠯᠳᠤᠭ᠍ᠴᠢ᠎ᠶᠢᠨ ᠬᠦᠴᠢᠷ ᠵᠣᠪᠠᠭᠤᠷᠢ᠎ᠶᠢ ᠰᠢᠢᠳᠪᠦᠷᠢᠯᠡᠵᠤ᠂ ᠬᠠᠷᠢᠭᠤᠴᠠᠯᠭ᠎ᠠ ᠡᠭᠦᠷᠭᠡᠯᠡᠵᠦ ᠬᠠᠢᠷ᠎ᠠ ᠰᠡᠳᠬᠢᠯᠭᠡᠡᠪᠦᠷᠯᠡᠨ ᠦᠢᠯᠡᠴᠢᠯᠡᠭᠡ ᠪᠠᠲᠤᠯᠠᠭ᠎ᠠ᠎ᠶᠢᠨ ᠠᠵᠢᠯ᠎ᠢ ᠰᠠᠢᠲᠤᠷ ᠬᠢᠬᠦ ᠬᠡᠷᠡᠭᠲᠡᠢ᠃ ᠡᠭᠦᠨ᠎ᠦ ᠬᠠᠮᠲᠤ᠂ ᠥᠩᠭᠡᠷᠡᠭᠰᠡᠨ᠎ᠲᠠᠢ᠎ᠪᠡᠨ ᠠᠳᠠᠯᠢ᠎ᠪᠠᠷ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠳᠡᠮᠵᠢᠵᠦ᠂ ᠠᠶᠤᠯ ᠭᠠᠮᠰᠢᠭ᠋᠎ᠡᠴᠡ ᠠᠪᠤᠷᠠᠬᠤ᠂ ᠪᠠᠴᠢᠮ ᠪᠠᠢᠳᠠᠯ᠎ᠢ ᠠᠷᠭᠠᠴᠡᠭᠠᠨ ᠭᠡᠨᠡᠳᠲᠡ᠎ᠶᠢᠨ ᠬᠡᠷᠡᠭ᠎ᠢ ᠰᠢᠢᠳᠪᠦᠷᠢᠯᠡᠬᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠤᠮᠠᠷᠠᠲᠤ ᠬᠢᠯᠢ᠎ᠶᠢᠨ ᠰᠣᠶᠣᠯ᠎ᠤᠨ ᠪᠠᠢᠭᠤᠯᠤᠯᠲᠠ ᠵᠡᠷᠭᠡ ᠠᠵᠢᠯ᠎ᠳᠦ ᠢᠳᠡᠪᠬᠢᠲᠡᠢ ᠣᠷᠣᠯᠴᠠᠵᠤ᠂ ᠢᠯᠠᠩᠭᠤᠶ᠎ᠠ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠬᠤ᠂ ᠮᠣᠳᠣ᠌ ᠳᠠᠷᠢᠵᠤ ᠣᠢᠵᠢᠭᠤᠯᠬᠤ ᠵᠡᠷᠭᠡ ᠬᠦᠷᠢᠶᠡᠨ᠎ᠳᠦ ᠨᠠᠩ ᠶᠡᠬᠡ ᠬᠦᠴᠦᠨ ᠴᠢᠳᠠᠯ᠎ᠢᠶᠠᠨ ᠡᠷᠭᠦᠬᠦ᠎ᠶᠢ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠴᠡᠷᠢᠭ ᠠᠩᠭᠢ᠎ᠳᠤ ᠬᠦᠰᠡᠵᠦ ᠪᠠᠢᠨ᠎ᠠ ᠭᠡᠪᠡ᠃
ᠠᠵᠢᠯᠯᠠᠭ᠎ᠠ ᠳᠠᠭᠤᠰᠤᠭᠰᠠᠨ᠎ᠤ ᠳᠠᠷᠠᠭ᠎ᠠ᠂ ᠰᠦᠨ ᠱᠤᠤ ᠴᠸᠨᠭ ᠴᠡᠷᠢᠭ᠎ᠦᠨ ᠲᠣᠭᠣᠷᠢᠭ᠋᠎ᠤᠨ ᠴᠢᠮᠡᠭᠡ ᠬᠣᠯᠪᠣᠭᠠᠨ᠎ᠤ ᠮᠡᠳᠡᠭᠡ ᠲᠠᠮᠵᠢᠭᠤᠯᠭ᠎ᠠ᠎ᠶᠢᠨ ᠮᠠᠰᠢᠨ᠎ᠤ ᠦᠷᠦᠭᠡ᠎ᠳᠤ ᠬᠦᠷᠴᠦ᠂ ᠵᠢᠵᠢᠭᠦᠷᠯᠡᠵᠦ ᠪᠠᠢᠭ᠎ᠠ ᠪᠠ ᠪᠣᠯᠪᠠᠰᠤᠷᠠᠯ ᠬᠢᠵᠦ ᠪᠠᠢᠭ᠎ᠠ ᠳᠠᠷᠤᠭ᠎ᠠ ᠪᠠᠢᠯᠳᠤᠭ᠍ᠴᠢᠳ᠎ᠢ ᠪᠣᠯᠭᠣᠭᠠᠨ ᠲᠣᠬᠣᠨᠢᠭᠤᠯᠪᠠ᠃ ᠲᠡᠷᠡ ᠳᠠᠷᠤᠭ᠎ᠠ ᠪᠠᠢᠯᠳᠤᠭ᠍ᠴᠢᠳ᠎ᠲᠠᠢ ᠳᠣᠲᠣᠨᠣ᠌᠎ᠪᠠᠷ ᠶᠠᠷᠢᠯᠴᠠᠵᠤ᠂ ᠴᠢᠮᠡᠭᠡ ᠬᠣᠯᠪᠣᠭᠠᠨ᠎ᠤ ᠪᠣᠯᠪᠠᠰᠤᠷᠠᠯ᠂ ᠲᠤᠨᠤᠭ ᠲᠥᠬᠦᠭᠡᠷᠦᠮᠵᠢ᠎ᠶᠢᠨ ᠬᠠᠮᠠᠭᠠᠯᠠᠯᠲᠠ ᠵᠢᠴᠢ ᠡᠳᠦᠷ ᠲᠤᠳᠤᠮ᠎ᠤᠨ ᠵᠢᠵᠢᠭᠦᠷ ᠵᠡᠷᠭᠡ ᠪᠠᠢᠳᠠᠯ᠎ᠢ ᠠᠰᠠᠭᠤᠨ ᠣᠢᠯᠠᠭᠠᠬᠤ᠎ᠶᠢᠨ ᠬᠠᠮᠲᠤ ᠪᠠᠢᠯᠳᠤᠭ᠍ᠴᠢᠳ᠎ᠢ ᠦᠷᠭᠦᠯᠵᠢᠯᠡᠨ ᠨᠠᠷᠢᠨ ᠬᠢᠨᠠᠮᠠᠭᠠᠢ ᠰᠤᠷᠲᠠᠯ᠎ᠢᠶᠠᠨ ᠪᠠᠳᠠᠷᠠᠭᠤᠯᠵᠤ᠂ ᠴᠠᠭᠠᠷᠠᠭᠰᠠᠨ ᠡᠷᠳᠡᠮ ᠴᠢᠳᠠᠪᠤᠷᠢ᠎ᠪᠠᠨ ᠳᠠᠪᠲᠠᠨ ᠪᠣᠯᠪᠠᠰᠤᠷᠠᠭᠤᠯᠵᠤ᠂ ᠢᠯᠠᠯᠲᠠ ᠣᠯᠬᠤ᠎ᠶᠢ ᠪᠠᠲᠤᠯᠠᠬᠤ ᠴᠢᠳᠠᠪᠤᠷᠢ᠎ᠪᠠᠨ ᠳᠡᠭᠡᠭᠰᠢᠯᠡᠭᠦᠯᠦᠭᠡᠷᠡᠢ ᠭᠡᠵᠦ ᠵᠣᠷᠢᠭ᠍ᠵᠢᠭᠤᠯᠪᠠ᠃