ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠰᠦᠨ ᠱᠤᠤ ᠴᠧᠩ ᠳᠤᠮᠳᠠᠳᠤ ᠤᠯᠤᠰ᠎ᠤᠨ ᠭᠤᠸᠠᠩ ᠾᠧ ᠪᠦᠯᠦᠭ᠌ᠯᠡᠯ ᠬᠢᠵᠠᠭᠠᠷᠲᠤ ᠺᠣᠮᠫᠠᠨᠢ᠎ᠵᠢᠨ ᠬᠡᠷᠡᠭ ᠮᠡᠳᠡᠭ᠌ᠴᠢᠳ᠎ᠦᠨ ᠳᠠᠷᠤᠭ᠎ᠠ ᠶᠠᠩ ᠴᠠᠩ ᠯᠢ ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2025-07-31

 

7 ᠰᠠᠷ᠎ᠠ᠎ᠶ᠋ᠢᠨ 30᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠰᠦᠨ ᠱᠤᠤ ᠴᠧᠩ ᠬᠥᠬᠡᠬᠣᠲᠠ᠎ᠳᠤ ᠳᠤᠮᠳᠠᠳᠤ ᠤᠯᠤᠰ᠎ᠤᠨ ᠭᠤᠸᠠᠩ ᠾᠧ ᠪᠦᠯᠦᠭ᠌ᠯᠡᠯ ᠬᠢᠵᠠᠭᠠᠷᠲᠤ ᠺᠣᠮᠫᠠᠨᠢ᠎ᠶ᠋ᠢᠨ ᠨᠠᠮ᠎ᠤᠨ ᠬᠣᠷᠢᠶ᠎ᠠ᠎ᠶᠢᠨ ᠱᠦᠵᠢ᠂ ᠬᠡᠷᠡᠭ ᠮᠡᠳᠡᠭ᠌ᠴᠢᠳ᠎ᠦᠨ ᠳᠠᠷᠤᠭ᠎ᠠ ᠶᠠᠩ ᠴᠠᠩ ᠯᠢ᠎ᠲᠡᠶ ᠠᠭᠤᠯᠵᠠᠪᠠ᠃

ᠰᠦᠨ ᠱᠤᠤ ᠴᠧᠩ ᠶᠠᠩ ᠴᠠᠩ ᠯᠢ᠎ᠨᠡᠷ᠎ᠢ ᠪᠠᠶᠠᠷᠯᠠᠨ ᠤᠭ᠍ᠲᠤᠵᠤ ᠪᠠᠢᠬᠤ᠎ᠪᠠᠨ ᠢᠯᠡᠳᠭᠡᠪᠡ᠃ ᠲᠡᠷᠡ᠂ ᠣᠳᠣᠬᠠᠨ᠎ᠳᠤ᠂ ᠥᠪᠥᠷ ᠮᠣᠩᠭᠣᠯ ᠶᠠᠭ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠠᠵᠤ ᠦᠶ᠋ᠯᠡᠰ᠎ᠦᠨ ᠪᠦᠲᠦᠴᠡ᠎ᠶ᠋ᠢ ᠲᠦᠷᠭᠡᠳᠭᠡᠨ ᠱᠢᠯᠢᠳᠡᠭ᠌ᠵᠢᠭᠦᠯᠵᠦ᠍᠂ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ ᠪᠠᠢᠨ᠎ᠠ᠃ ᠨᠢᠭᠡ ᠲᠠᠯ᠎ᠠ᠎ᠪᠠᠷ ᠱᠢᠨ᠎ᠡ ᠡᠨᠧᠷᠭᠢ᠎ᠶ᠋ᠢ ᠶᠡᠬᠡ ᠬᠡᠪᠴᠢᠶ᠎ᠡ᠎ᠪᠡᠷ ᠨᠡᠭᠡᠭᠡᠨ ᠬᠥᠭ᠌ᠵᠢᠭᠦᠯᠬᠦ᠌᠎ᠶ᠋ᠢ ᠲᠦᠷᠭᠡᠳᠭᠡᠨ ᠡᠨᠧᠷᠭᠢ᠎ᠶ᠋ᠢᠨ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌᠎ᠶ᠋ᠢ ᠠᠬᠢᠭᠤᠯᠵᠤ᠂ ᠨᠥᠭᠥᠭᠡ ᠲᠠᠯ᠎ᠠ᠎ᠪᠠᠷ ᠱᠢᠨ᠎ᠡ ᠲᠡᠢᠯᠠᠯᠳᠤᠭᠠᠨ᠎ᠤ ᠲᠠᠯᠠᠪᠤᠷ᠎ᠢ ᠱᠠᠯᠠᠪᠳᠠᠨ ᠨᠡᠭᠡᠭᠡᠵᠦ᠍᠂ ᠭᠠᠵᠠᠷ ᠣᠷᠣᠨ᠎ᠤ ᠪᠠᠢᠳᠠᠯ᠎ᠳᠤ ᠨᠢ ᠳᠣᠭᠢᠷᠠᠭᠤᠯᠤᠨ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠵᠤ ᠪᠠᠢᠨ᠎ᠠ᠃ ᠤᠷᠳᠤ ᠬᠤᠭᠤᠴᠠᠭᠠᠨ᠎ᠤ ᠲᠤᠷᠰᠢ᠂ ᠳᠤᠮᠳᠠᠳᠤ ᠤᠯᠤᠰ᠎ᠤᠨ ᠭᠤᠸᠠᠩ ᠾᠸ ᠪᠦᠯᠦᠭᠯᠡᠯ ᠬᠢᠵᠠᠭᠠᠷᠳᠤ ᠺᠤᠮᠫᠠᠨᠢ ᠪᠣᠯᠤᠨ ᠥᠪᠥᠷ ᠮᠣᠩᠭᠣᠯ ᠰᠠᠢ᠌ᠨ ᠰᠠᠢᠬᠠᠨ ᠬᠠᠮᠲᠤᠷᠠᠯᠴᠠᠭᠠᠨ᠎ᠤ ᠬᠠᠷᠢᠯᠴᠠᠭ᠎ᠠ᠎ᠪᠠᠨ ᠪᠠᠲᠤᠯᠠᠬᠰᠠᠭᠠᠷ ᠢᠷᠡᠵᠡᠢ᠂ ᠢᠷᠡᠭᠡᠳᠦᠢ᠎ᠳᠦ ᠬᠣᠶᠠᠷ ᠲᠠᠯ᠎ᠠ᠎ᠶ᠋ᠢᠨ ᠬᠠᠮᠲᠤᠷᠠᠯᠴᠠᠭᠠᠨ᠎ᠤ ᠲᠠᠯᠳᠠ ᠬᠦᠴᠦᠨ ᠯᠤᠲᠤ ᠶᠡᠬᠡ ᠪᠠᠢᠨ᠎ᠠ᠂ ᠪᠢᠳᠡ ᠳᠤᠮᠳᠠᠳᠤ ᠤᠯᠤᠰ᠎ᠤᠨ ᠭᠤᠸᠠᠩ ᠾᠸ ᠪᠦᠯᠦᠭᠯᠡᠯ ᠬᠢᠵᠠᠭᠠᠷᠳᠤ ᠺᠤᠮᠫᠠᠨᠢ᠎ᠶᠢᠨ ᠥᠪᠥᠷ ᠮᠣᠩᠭᠣᠯ᠎ᠳᠠᠬᠢ ᠬᠥᠭ᠌ᠵᠢᠯᠲᠡ᠎ᠶ᠋ᠢ ᠥᠩᠭᠡᠷᠡᠭ᠌ᠰᠡᠨ᠎ᠲᠡᠶ᠎ᠪᠡᠨ ᠠᠳᠠᠯᠢ᠎ᠪᠠᠷ ᠲᠡᠮᠵᠢᠨ᠎ᠠ᠃ ᠬᠣᠶᠠᠷ ᠲᠠᠯ᠎ᠠ᠎ᠪᠠᠷ᠎ᠢᠶᠠᠨ ᠱᠢᠨ᠎ᠡ ᠡᠨᠧᠷᠭᠢ᠎ᠶ᠋ᠢᠨ ᠬᠠᠮᠲᠤᠷᠠᠯᠴᠠᠭ᠎ᠠ᠎ᠪᠠᠨ ᠦᠷᠭᠦᠯᠵᠢᠯᠡᠨ ᠥᠷᠭᠡᠳᠭᠡᠬᠦ᠌᠎ᠶ᠋ᠢᠨ ᠬᠠᠮᠳᠤ ᠬᠠᠮᠲᠤᠷᠠᠯᠴᠠᠭᠠᠨ᠎ᠤ ᠣᠷᠣᠨ ᠵᠠᠢ᠎ᠪᠠᠨ ᠤᠯᠠᠮ ᠨᠢᠭᠡ ᠠᠯᠬᠤᠮ ᠥᠷᠭᠡᠳᠭᠡᠵᠦ᠍᠂ ᠬᠠᠮᠲᠤᠷᠠᠯᠴᠠᠭᠠᠨ᠎ᠤ ᠳᠠᠯᠳᠠ ᠬᠦᠴᠦᠨ᠎ᠢᠶᠡᠨ ᠭᠦᠨᠵᠡᠭᠡᠢ ᠠᠭᠤᠳᠠᠯᠵᠤ᠂ ᠴᠥᠮ᠎ᠡ᠎ᠶ᠋ᠢᠨ ᠡᠨᠧᠷᠭᠢ᠂ ᠡᠨᠧᠷᠭᠢ ᠨᠦᠬᠡᠴᠡᠯᠡᠬᠦ᠂ ᠪᠤᠬᠢᠷᠲᠤᠯ ᠦᠭᠡᠢ ᠤᠰᠤᠲᠥ᠋ᠷᠥᠭ᠌ᠴᠢ ᠵᠡᠷᠭᠡ ᠬᠦᠷᠢᠶᠡᠨ᠎ᠦ ᠲᠣᠭᠣᠷᠢᠨ᠎ᠳᠤ ᠨᠢᠭᠡ ᠪᠦᠯᠦᠭ ᠬᠠᠮᠲᠤᠷᠠᠯᠴᠠᠭᠠᠨ᠎ᠤ ᠲᠦᠷᠦᠯ ᠵᠦᠢᠯ᠎ᠢ ᠰᠦᠪᠡᠭ᠌ᠴᠢᠯᠡᠨ ᠲᠣᠭ᠍ᠲᠠᠭᠠᠵᠤ᠂ ᠨᠡᠩ ᠥᠨᠳᠥᠷ ᠲᠦᠪᠱᠢᠨ ᠪᠦᠬᠦᠢ ᠬᠠᠷᠢᠯᠴᠠᠨ ᠠᠱᠢᠭ᠍ᠲᠠᠢ ᠬᠠᠮᠲᠤ᠎ᠪᠠᠷ ᠠᠱᠢᠭ ᠬᠦᠷᠳᠡᠬᠦ᠌᠎ᠶ᠋ᠢ ᠪᠡᠶᠡᠯᠡᠭᠦᠯᠬᠦ᠌᠎ᠶ᠋ᠢ ᠬᠦᠰᠡᠵᠦ᠍ ᠪᠠᠢᠨ᠎ᠠ ᠭᠡᠪᠡ᠃

ᠶᠠᠩ ᠴᠠᠩ ᠯᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠤᠷᠳᠤ ᠬᠤᠭᠤᠴᠠᠭᠠᠨ᠎ᠤ ᠲᠤᠷᠰᠢ ᠳᠤᠮᠳᠠᠳᠤ ᠤᠯᠤᠰ᠎ᠤᠨ ᠭᠤᠸᠠᠩ ᠾᠧ ᠪᠦᠯᠦᠭᠯᠡᠯ᠎ᠤᠨ ᠬᠢᠵᠠᠭᠠᠷᠲᠦ ᠺᠤᠮᠫᠠᠨᠢ᠎ᠳᠦ ᠦᠵᠡᠭᠦᠯᠦᠭ᠌ᠰᠡᠨ ᠳᠡᠮᠵᠢᠯᠭᠡ ᠪᠣᠯᠤᠨ ᠬᠠᠪᠰᠤᠷᠤᠯᠭ᠎ᠠ᠎ᠳᠤ ᠲᠠᠯᠠᠷᠬᠠᠵᠤ᠂ ᠪᠦᠯᠦᠭ᠌ᠯᠡᠯ᠎ᠦᠨ ᠲᠤᠬᠠᠢᠯᠠᠭ᠍ᠰᠠᠨ ᠠᠵᠢᠯ᠎ᠤᠨ ᠬᠥᠭ᠌ᠵᠢᠯᠲᠡ ᠵᠢᠴᠢ ᠥᠪᠥᠷ ᠮᠣᠩᠭᠣᠯ᠎ᠳᠠᠬᠢ ᠠᠵᠤ ᠦᠢᠯᠡᠰ᠎ᠦᠨ ᠪᠠᠢᠷᠢᠱᠢᠭᠤᠯᠤᠯᠲᠠ᠎ᠶ᠋ᠢᠨ ᠪᠠᠢᠳᠠᠯ᠎ᠢ ᠲᠠᠨᠢᠯᠴᠠᠭᠤᠯᠪᠠ᠃ ᠲᠡᠷᠡ᠂ ᠳᠤᠮᠳᠠᠳᠤ ᠤᠯᠤᠰ᠎ᠤᠨ ᠭᠤᠸᠠᠩ ᠾᠧ ᠪᠦᠯᠦᠭᠯᠡᠯ ᠥᠪᠥᠷ ᠮᠣᠩᠭᠣᠯ᠎ᠳᠠᠬᠢ ᠪᠠᠯᠠ ᠣᠷᠣᠭᠤᠯᠤᠯᠲᠠ ᠪᠠ ᠬᠥᠭ᠌ᠵᠢᠯᠲᠡ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠨ᠎ᠠ᠂ ᠳᠤᠷᠠᠲᠠᠶ᠎ᠠ ᠮᠡᠷᠭᠡᠵᠢᠯ᠂ ᠬᠠᠮᠢᠶᠠᠷᠤᠯᠲᠠ᠂ ᠪᠠᠯᠠ ᠮᠥᠩᠭᠥ᠌ ᠵᠡᠷᠭᠡ ᠲᠠᠯ᠎ᠠ᠎ᠶ᠋ᠢᠨ ᠳᠠᠪᠠᠭᠤᠯᠢᠭ᠎ᠢᠶᠠᠨ ᠭᠦᠶ᠋ᠴᠡᠳ ᠪᠠᠳᠠᠷᠠᠭᠤᠯᠵᠤ᠂ ᠴᠠᠬᠢᠯᠭᠠᠨ ᠬᠦᠴᠦᠨ᠎ᠢ ᠭᠠᠳᠠᠭ᠍ᠰᠢ ᠬᠦᠷᠭᠡᠬᠦ᠌ ᠵᠠᠮ ᠵᠢᠴᠢ ᠢᠵᠢ ᠪᠥᠷᠢᠳᠦᠭᠦᠯᠦᠭᠰᠡᠨ ᠲᠣᠮᠣ ᠰᠠᠭᠤᠷᠢᠨ᠎ᠢ ᠨᠡᠭᠡᠭᠡᠨ ᠬᠥᠭ᠌ᠵᠢᠭᠦᠯᠬᠦ᠌᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠵᠢ ᠵᠠᠰᠠᠬᠤ᠂ ᠤᠰᠤᠲᠥ᠋ᠷᠥᠭ᠌ᠴᠢ ᠳᠠᠮᠵᠢᠭᠤᠯᠬᠤ ᠬᠣᠭᠣᠯᠠᠶ ᠲᠤᠤᠷ᠎ᠤᠨ ᠪᠥᠲᠥᠭᠡᠨ ᠪᠠᠢᠭᠤᠯᠤᠯᠲᠠ᠂ ᠱᠢᠨ᠎ᠡ ᠡᠨᠧᠷᠭᠢ ᠵᠢᠴᠢ ᠬᠣᠯᠪᠣᠭ᠍ᠳᠠᠬᠤ ᠠᠵᠤ ᠦᠶ᠋ᠯᠡᠰ᠎ᠦᠨ ᠬᠥᠭ᠌ᠵᠢᠯᠲᠡ᠂ ᠴᠥᠮ᠎ᠡ᠎ᠶ᠋ᠢᠨ ᠡᠮᠴᠢᠯᠡᠭᠡᠨ᠎ᠦ ᠲᠥᠬᠥᠭᠡᠷᠦᠮᠵᠢ᠎ᠶ᠋ᠢᠨ ᠬᠡᠷᠡᠭ᠌ᠯᠡᠭᠡ ᠵᠡᠷᠭᠡ ᠲᠠᠯ᠎ᠠ᠎ᠪᠠᠷ ᠥᠪᠥᠷ ᠮᠣᠩᠭᠣᠯ᠎ᠯᠤᠭ᠎ᠠ᠎ᠶ᠋ᠢᠨ ᠪᠣᠳᠠᠲᠠᠶ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠨᠠᠩ ᠣᠯᠠᠨ ᠴᠢᠨᠠᠷ ᠰᠠᠢᠲᠠᠶ ᠲᠥᠷᠥᠯ ᠵᠦᠶ᠋ᠯ᠎ᠢ ᠥᠪᠥᠷ ᠮᠣᠩᠭᠣᠯ᠎ᠳᠤ ᠨᠠᠢᠳᠠᠪᠤᠷᠢᠵᠢᠭᠤᠯᠤᠨ ᠬᠡᠷᠡᠭ᠌ᠵᠢᠭᠦᠯᠬᠦ᠌᠎ᠶ᠋ᠢ ᠠᠬᠢᠭᠤᠯᠤᠨ᠎ᠠ ᠭᠡᠪᠡ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠢ ᠯᠢ ᠱᠢᠨ᠂ ᠳᠤᠮᠳᠠᠳᠤ ᠤᠯᠤᠰ᠎ᠤᠨ ᠭᠤᠸᠠᠩ ᠾᠧ ᠪᠦᠯᠦᠭ᠌ᠯᠡᠯ ᠬᠢᠵᠠᠭᠠᠷᠲᠦ ᠺᠣᠮᠫᠠᠨᠢ᠎ᠶ᠋ᠢᠨ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠶᠡᠷᠦᠩᠬᠡᠢ ᠳᠠᠭᠠᠭᠠᠮᠠᠯ ᠭᠤᠤ ᠯᠢ ᠭᠠᠩ ᠠᠭᠤᠯᠵᠠᠯᠲᠠ᠎ᠳᠤ ᠣᠷᠣᠯᠴᠠᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
Baidu
map