ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠰᠦᠨ ᠱᠣᠣ ᠴᠧᠩ ᠹᠦ ᠰᠢᠩ ᠣᠯᠠᠨ ᠤᠯᠤᠰ᠎ᠤᠨ ᠬᠢᠵᠠᠭᠠᠷᠲᠤ ᠺᠤᠮᠫᠠᠨᠢ᠎ᠶᠢᠨ ᠬᠡᠷᠡᠭ ᠮᠡᠳᠡᠭᠴᠢᠳ᠎ᠦᠨ ᠳᠠᠷᠤᠭ᠎ᠠ ᠭᠦᠸᠧ ᠭᠤᠸᠠᠩ ᠴᠠᠩ ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2025-08-08

 

8 ᠰᠠᠷ᠎ᠠ᠎ᠶᠢᠨ 7᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠰᠦᠨ ᠱᠤᠤ ᠴᠧᠩ ᠭᠦᠭᠡᠬᠣᠲᠠ᠎ᠳᠤ ᠹᠦ ᠰᠢᠩ ᠣᠯᠠᠨ ᠤᠯᠤᠰ᠎ᠤᠨ ᠬᠢᠵᠠᠭᠠᠷᠲᠤ ᠺᠤᠮᠫᠠᠨᠢ᠎ᠶᠢᠨ ᠬᠡᠷᠡᠭ ᠮᠡᠳᠡᠭᠴᠢᠳ᠎ᠦᠨ ᠳᠠᠷᠤᠭ᠎ᠠ ᠭᠦᠸᠧ ᠭᠤᠸᠠᠩ ᠴᠠᠩ᠎ᠲᠠᠢ ᠠᠭᠤᠯᠵᠠᠪᠠ᠃

 

ᠰᠦᠨ ᠱᠤᠤ ᠴᠧᠩ ᠭᠦᠸᠧ ᠭᠤᠸᠠᠩ ᠴᠠᠩ ᠨᠠᠷ᠎ᠢ ᠪᠠᠶᠠᠷᠯᠠᠨ ᠤᠭᠲᠤᠵᠤ ᠪᠠᠢᠬᠤ᠎ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠦᠨᠳᠦᠰᠦᠨ ᠪᠠᠢᠳᠠᠯ᠎ᠢ ᠲᠠᠨᠢᠯᠴᠠᠭᠤᠯᠪᠠ᠃ ᠲᠡᠷᠡ᠂ ᠥᠪᠥᠷ ᠮᠣᠩᠭᠣᠯ᠎ᠤᠨ ᠭᠠᠵᠠᠷ ᠨᠤᠲᠤᠭ ᠥᠷᠭᠡᠨ ᠠᠭᠤᠳᠠᠮ᠂ ᠠᠮᠢ ᠠᠬᠤᠢ᠎ᠶᠢᠨ ᠡᠯᠧᠮᠧᠨ᠋ᠲ ᠪᠦᠷᠢᠨ ᠲᠡᠭᠦᠯᠳᠡᠷ᠂ ᠡᠨᠧᠷᠭᠢ᠎ᠶᠢᠨ ᠡᠬᠢ ᠪᠠᠶᠠᠯᠢᠭ᠋ ᠡᠯᠪᠡᠭ ᠳᠡᠯᠪᠡᠭ᠂ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭᠰᠠᠨ ᠴᠢᠭᠯᠡᠯ᠎ᠢᠶᠡᠷ ᠶᠠᠭ ᠠᠯᠬᠤᠭ᠎ᠠ ᠲᠣᠮᠣ᠌ ᠤᠷᠤᠭᠰᠢᠯᠠᠵᠤ ᠪᠠᠢᠨ᠎ᠠ᠃ ᠤᠳᠤ᠎ᠶᠢᠨ ᠥᠪᠥᠷ ᠮᠣᠩᠭᠣᠯ᠎ᠤᠨ ᠬᠥᠭᠵᠢᠯᠲᠡ᠎ᠶᠢᠨ ᠬᠠᠨᠳᠤᠰᠢ ᠰᠠᠢᠨ᠂ ᠠᠮᠢᠵᠢᠷᠠᠯ᠎ᠤᠨ ᠬᠦᠴᠦᠨ ᠲᠡᠭᠦᠯᠳᠡᠷ᠂ ᠨᠡᠭᠡᠭᠡᠨ ᠠᠰᠢᠭ᠍ᠯᠠᠵᠤ ᠪᠤᠯᠬᠤ ᠭᠠᠵᠠᠷ ᠣᠷᠣᠨ᠂ ᠬᠠᠢᠵᠤ ᠪᠤᠯᠬᠤ ᠬᠤᠳᠠᠯᠳᠤᠭᠠᠨ᠎ᠤ ᠠᠵᠠ ᠲᠣᠭᠢᠶᠠᠯ ᠮᠠᠰᠢ ᠤᠯᠠᠨ ᠪᠠᠢᠨ᠎ᠠ᠃ ᠹᠦ ᠰᠢᠩ ᠤᠯᠠᠨ ᠤᠯᠤᠰ᠎ᠤᠨ ᠬᠢᠵᠠᠭᠠᠷᠲᠤ ᠺᠤᠮᠫᠠᠨᠢ᠎ᠶᠢᠨ ᠭᠢᠨ ᠲᠤᠰ ᠪᠡᠶ᠎ᠡ᠎ᠶᠢᠨ ᠳᠠᠪᠠᠭᠤᠯᠢᠭ᠋᠎ᠲᠠᠭᠠᠨ ᠰᠠᠭᠤᠷᠢᠯᠠᠵᠤ᠂ ᠥᠪᠥᠷ ᠮᠣᠩᠭᠣᠯ᠎ᠤᠨ ᠵᠠᠬ᠎ᠠ ᠳᠡᠯᠭᠡᠭᠦᠷ᠎ᠢ ᠭᠦᠨᠵᠡᠭᠡᠢ ᠣᠢᠯᠠᠭᠠᠵᠤ᠂ ᠡᠭᠦᠨ᠎ᠦ ᠳᠤᠮᠳᠠ᠎ᠡᠴᠡ ᠠᠵᠠ ᠲᠣᠭᠢᠶᠠᠯ᠎ᠢ ᠡᠵᠡᠮᠳᠡᠵᠦ᠂ ᠪᠡᠯᠡ ᠤᠷᠤᠭᠤᠯᠤᠯᠳᠠ᠎ᠶᠢᠨ ᠬᠦᠷᠢᠶ᠎ᠡ ᠴᠠᠷᠠᠭ᠎ᠠ᠎ᠪᠡᠨ ᠥᠷᠭᠡᠳᠬᠡᠵᠦ᠂ ᠮᠠᠨ᠎ᠤ ᠣᠷᠣᠨ᠎ᠳᠤ ᠪᠠᠢᠭ᠎ᠠ ᠲᠦᠷᠦᠯ ᠵᠦᠢᠯ᠎ᠤᠨ ᠪᠠᠢᠷᠢᠰᠢᠭᠤᠯᠤᠯᠲᠠ᠎ᠶᠢᠨ ᠡᠷᠴᠢᠮ᠎ᠢᠶᠡᠨ ᠴᠢᠩᠭᠠᠷᠠᠭᠤᠯᠵᠤ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠳᠤ ᠬᠦᠴᠦᠨ ᠨᠡᠮᠡᠷᠢᠯᠡᠬᠦ ᠳᠤᠮᠳᠠ ᠨᠡᠩ ᠶᠡᠬᠡ ᠳᠠᠪᠠᠭᠤᠯᠢᠭ᠋ ᠪᠠ ᠴᠢᠳᠠᠪᠤᠷᠢ᠎ᠪᠠᠨ ᠪᠠᠳᠠᠷᠠᠭᠤᠯᠬᠤ᠎ᠶᠢ ᠬᠦᠰᠡᠵᠦ ᠪᠠᠢᠨ᠎ᠠ᠃ ᠬᠣᠯᠪᠣᠭᠳᠠᠯ ᠪᠦᠬᠦᠢ ᠲᠠᠯ᠎ᠠ᠎ᠶᠢᠨ ᠭᠢᠨ ᠠᠵᠤ ᠠᠬᠤᠢᠯᠠᠯ ᠯᠤᠭ᠎ᠠ᠎ᠶᠢᠨ ᠣᠯᠣᠯᠴᠠᠭ᠎ᠠ ᠵᠣᠯᠭᠠᠯᠴᠠᠭ᠎ᠠ᠎ᠪᠠᠨ ᠴᠢᠩᠭᠠᠳᠬᠠᠵᠤ᠂ ᠦᠢᠯᠡᠴᠢᠯᠡᠭᠡᠨ᠎ᠦ ᠤᠬᠠᠮᠰᠠᠷ᠎ᠢᠶᠠᠨ ᠴᠢᠩᠭᠠᠳᠬᠠᠵᠤ᠂ ᠠᠵᠤ ᠠᠬᠤᠢᠯᠠᠯ᠎ᠤᠨ ᠥᠪᠥᠷ ᠮᠣᠩᠭᠣᠯ᠎ᠳᠠᠬᠢ ᠬᠥᠭᠵᠢᠯᠲᠡ᠎ᠳᠦ ᠰᠠᠢᠨ ᠰᠠᠢᠬᠠᠨ ᠨᠥᠬᠥᠴᠡᠯ ᠪᠦᠷᠢᠯᠳᠦᠭᠦᠯᠵᠦ ᠥᠭᠬᠦ ᠬᠡᠷᠡᠭᠲᠡᠢ ᠭᠡᠪᠡ᠃

ᠭᠦᠸᠧ ᠭᠤᠸᠠᠩ ᠴᠠᠩ᠎ᠠᠴᠠ ᠹᠦ ᠰᠢᠩ ᠤᠯᠠᠨ ᠤᠯᠤᠰ᠎ᠤᠨ ᠬᠢᠵᠠᠭᠠᠷᠲᠤ ᠺᠤᠮᠫᠠᠨᠢ᠎ᠶᠢᠨ ᠦᠨᠳᠦᠰᠦᠨ ᠪᠠᠢᠳᠠᠯ ᠪᠣᠯᠣᠨ ᠳᠠᠷᠠᠭᠠᠴᠢ᠎ᠶᠢᠨ ᠠᠯᠬᠤᠮ᠎ᠤᠨ ᠬᠥᠭᠵᠢᠯᠲᠡ᠎ᠶᠢᠨ ᠴᠢᠭᠯᠡᠯ ᠵᠢᠡᠨ ᠲᠠᠨᠢᠯᠴᠠᠭᠤᠯᠵᠠᠢ᠃ ᠲᠡᠷᠡ᠂ ᠥᠪᠥᠷ ᠮᠣᠩᠭᠣᠯ ᠡᠬᠢ ᠪᠠᠶᠠᠯᠢᠭ᠋᠎ᠤᠨ ᠲᠠᠯ᠎ᠠ ᠪᠡᠷ ᠲᠣᠪᠣᠢᠮ᠎ᠠ ᠳᠠᠪᠠᠭᠤᠯᠢᠭ᠋ ᠲᠠᠢ᠂ ᠣᠷᠣᠨ ᠪᠠᠢᠷᠢᠰᠢᠯ᠎ᠤᠨ ᠨᠥᠬᠥᠴᠡᠯ᠎ᠢᠶᠠᠷ ᠥᠪᠡᠷᠮᠢᠴᠡ ᠤᠨᠴᠠᠭᠠᠢ ᠪᠠᠢᠨ᠎ᠠ᠂ ᠥᠪᠥᠷ ᠮᠣᠩᠭᠣᠯ᠎ᠳᠤ ᠢᠯᠡᠭᠦᠬᠡᠨ ᠲᠣᠭᠣᠷᠢᠨ ᠦᠵᠡᠵᠦ᠂ ᠥᠪᠥᠷ ᠮᠣᠩᠭᠣᠯ᠎ᠤᠨ ᠭᠠᠵᠠᠷ ᠣᠷᠣᠨ᠎ᠤ ᠬᠥᠭᠵᠢᠯᠲᠡ᠎ᠶᠢᠨ ᠳᠠᠯᠳᠠ ᠬᠦᠴᠦᠨ ᠪᠣᠯᠣᠨ ᠬᠠᠮᠲᠤᠷᠠᠯᠴᠠᠭᠠᠨ᠎ᠤ ᠠᠵᠠ ᠲᠣᠭᠢᠶᠠᠯ᠎ᠢ ᠨᠠᠩ ᠰᠠᠢᠲᠤᠷ ᠣᠢᠯᠠᠭᠠᠵᠤ ᠡᠷᠢᠯᠬᠢᠯᠡᠬᠦ᠎ᠶᠢ ᠬᠦᠰᠡᠵᠦ ᠪᠠᠢᠨ᠎ᠠ᠃ ᠹᠦ ᠰᠢᠩ ᠤᠯᠠᠨ ᠤᠯᠤᠰ᠎ᠤᠨ ᠬᠢᠵᠠᠭᠠᠷᠲᠤ ᠺᠤᠮᠫᠠᠨᠢ᠎ᠶᠢᠨ ᠭᠢᠨ ᠳᠡᠯᠡᠬᠡᠢᠵᠢᠯᠲᠡ᠎ᠶᠢᠨ ᠴᠢᠳᠠᠪᠤᠷᠢ ᠪᠣᠯᠣᠨ ᠰᠢᠨ᠎ᠡ᠎ᠶᠢ ᠡᠭᠦᠳᠬᠦ ᠳᠠᠪᠠᠭᠤᠯᠢᠭ᠋᠎ᠢᠶᠠᠷ ᠥᠪᠥᠷ ᠮᠣᠩᠭᠣᠯ᠎ᠤᠨ ᠠᠵᠤ ᠦᠢᠯᠡᠰ᠎ᠦᠨ ᠲᠡᠰ ᠲᠡᠪᠰᠢᠯᠳᠡ᠎ᠳᠤ ᠡᠨ᠋ᠸᠷᠭᠢ ᠣᠯᠭᠣᠵᠤ᠂ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠬᠦ᠎ᠪᠡᠷ ᠲᠠᠮᠵᠢᠨ ᠬᠠᠮᠲᠤ᠎ᠪᠠᠷ ᠠᠰᠢᠭ᠋ ᠭᠦᠷᠳᠡᠭᠦ᠎ᠶᠢ ᠬᠦᠰᠡᠵᠦ ᠪᠠᠢᠨ᠎ᠠ ᠭᠡᠪᠡ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠢ ᠯᠢ ᠰᠢᠨ ᠠᠭᠤᠯᠵᠠᠯᠲᠠ᠎ᠳᠤ ᠣᠷᠣᠯᠴᠠᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
Baidu
map