7 ᠰᠠᠷ᠎ᠠ᠎ᠶᠢᠨ 2᠎ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ᠎ᠵᠢᠨ ᠡᠷᠬᠢᠯᠡᠭᠴᠢ ᠸᠠᠩ ᠸᠧᠢ ᠵᠦᠩ ᠬᠥᠬᠡᠬᠣᠲᠠ᠎ᠳᠤ ᠱᠧᠨᠵᠧᠨ᠎ᠦ ᠬᠥᠳᠡᠭᠡ ᠠᠵᠤ ᠠᠬᠤᠢ ᠪᠣᠯᠤᠨ ᠢᠳᠡᠭᠡᠨ᠎ᠦ ᠪᠡᠯᠡ ᠣᠷᠣᠭᠤᠯᠤᠯᠲᠠ᠎ᠶᠢᠨ ᠬᠤᠪᠢ ᠡᠵᠡᠮᠳᠡᠭᠰᠡᠨ ᠪᠦᠯᠦᠭᠯᠡᠯ ᠬᠢᠵᠠᠭᠠᠷᠲᠤ᠌ ᠺᠣᠮᠫᠠᠨᠢ᠎ᠶᠢᠨ ᠬᠡᠷᠡᠭ ᠮᠡᠳᠡᠭᠴᠢᠳ᠎ᠦᠨ ᠳᠠᠷᠤᠭ᠎ᠠ ᠬᠤᠸᠠᠩ ᠸᠧᠢ ᠨᠡᠷ᠎ᠲᠡᠶ ᠠᠭᠤᠯᠵᠠᠪᠠ᠃


ᠸᠠᠩ ᠸᠧᠶ ᠵᠥᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠡᠮᠦᠨ᠎ᠡ᠎ᠡᠴᠡ ᠬᠤᠸᠠᠩ ᠸᠧᠶ ᠨᠡᠷ᠎ᠢ ᠪᠠᠶᠠᠷᠯᠠᠨ ᠤᠭᠲᠤᠵᠤ ᠪᠠᠶ᠋ᠢᠬᠤ᠎ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠦᠨ ᠬᠥᠭᠵᠢᠯᠲᠡ ᠢᠯᠠᠩᠭᠤᠶ᠎ᠠ ᠣᠲᠣ ᠦᠶ᠎ᠡ᠎ᠶᠢᠨ ᠮᠠᠯ ᠠᠵᠤ ᠠᠬᠤᠶ ᠲᠡᠷᠢᠶᠠᠯᠠᠩ᠎ᠤ᠋ᠨ ᠬᠥᠭᠵᠢᠯᠲᠡ᠎ᠶᠢᠨ ᠪᠠᠶ᠋ᠢᠳᠠᠯ᠎ᠢ ᠲᠠᠨᠢᠯᠴᠠᠭᠤᠯᠪᠠ᠃ ᠲᠡᠷᠡ᠂ ᠥᠪᠥᠷ ᠮᠣᠩᠭᠣᠯ ᠪᠣᠯ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠤᠷᠢᠯᠡᠯ᠎ᠦᠨ ᠰᠠᠭᠤᠷᠢᠨ ᠪᠣᠯᠤᠨ᠎ᠠ᠂ ᠰᠦ᠋᠎ᠶᠢᠨ ᠦᠢᠯᠡᠰ᠂ ᠡᠷᠳᠡᠨᠢ ᠰᠢᠰᠢ᠂ ᠮᠢᠬᠠᠨ᠎ᠤ ᠬᠣᠨᠢ᠂ ᠡᠪᠡᠰᠦᠨ᠎ᠦ ᠦᠢᠯᠡᠰ ᠵᠡᠷᠭᠡ ᠮᠢᠩᠭᠠᠨ ᠳ᠋ᠦᠩᠰᠢᠭᠤᠷ᠎ᠤᠨ ᠲᠠᠰ ᠪᠠ ᠵᠠᠭᠤᠨ ᠳ᠋ᠦᠩᠰᠢᠭᠤᠷ ᠲᠥᠭᠥᠷᠢᠭ᠎ᠡᠴᠡ ᠳᠡᠭᠡᠭᠰᠢᠬᠢ ᠠᠵᠤ ᠦᠢᠯᠡᠰ᠎ᠢ ᠲᠤᠰ ᠲᠤᠰ 4 ᠪᠠ 11 ᠪᠠᠢᠭᠤᠯᠪᠠ᠃ ᠣᠳᠣᠬᠠᠨ᠎ᠳᠤ᠂ ᠣᠷᠣᠨ ᠳᠠᠶᠠᠭᠠᠷ ᠶᠡᠷᠦᠩᠬᠡᠶ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠶ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠵᠢᠨ 《1571》 ᠠᠵᠢᠯ᠎ᠤᠨ ᠪᠠᠶ᠋ᠢᠷᠢᠯᠠᠭᠤᠯᠤᠯᠲᠠ ᠶᠣᠰᠣᠭᠠᠷ᠂ ᠦᠢᠯᠡᠳᠪᠦᠷᠢᠯᠡᠯ᠎ᠤᠨ ᠬᠡᠮᠵᠢᠶ᠎ᠠ ᠦᠢᠯᠡᠳᠪᠤᠷᠢᠯᠡᠯ᠎ᠦᠨ ᠴᠢᠳᠠᠪᠤᠷᠢ᠂ ᠦᠢᠯᠡᠳᠪᠤᠷᠢᠯᠡᠯ᠎ᠤ᠋ᠨ ᠠᠮᠢ ᠠᠬᠤᠶ᠂ ᠭᠠᠷᠤᠯᠲᠠ᠎ᠵᠢ ᠨᠡᠮᠡᠭᠳᠡᠬᠦᠯᠬᠦ ᠪᠠ ᠣᠷᠣᠯᠭ᠎ᠠ᠎ᠵᠢ ᠨᠡᠮᠡᠭᠳᠡᠬᠦᠯᠬᠦ᠎ᠵᠢ ᠵᠡᠷᠭᠡ᠎ᠪᠡᠷ ᠠᠳᠬᠤᠬᠤ᠎ᠶᠢ ᠪᠠᠷᠢᠮᠲᠠᠯᠠᠵᠤ᠂ ᠮᠠᠯ ᠠᠵᠤ ᠠᠬᠤᠶ ᠲᠡᠷᠢᠶᠠᠯᠠᠩ᠎ᠤ᠋ᠨ ᠡᠬᠢ ᠪᠠᠶᠠᠯᠢᠭ᠎ᠤᠨ ᠳᠠᠪᠠᠭᠤᠯᠢᠭ᠎ᠢ ᠠᠵᠤ ᠦᠢᠯᠡᠰ᠎ᠦᠨ ᠳᠠᠪᠠᠭᠤᠯᠢᠭ᠂ ᠠᠵᠤ ᠠᠬᠤᠶ᠎ᠶᠢᠨ ᠳᠠᠪᠠᠭᠤᠯᠢᠭ ᠪᠣᠯᠭᠠᠨ ᠲᠦᠷᠭᠡᠳᠬᠡᠨ ᠬᠤᠪᠢᠷᠠᠭᠤᠯᠬᠤ᠎ᠶᠢ ᠠᠬᠢᠭᠤᠯᠵᠤ ᠪᠠᠶ᠋ᠢᠨ᠎ᠠ᠃ ᠱᠸᠨᠵᠸᠨᠤ᠋ ᠬᠦᠳᠡᠭᠡ ᠠᠵᠤ ᠠᠬᠤᠢ ᠪᠤᠯᠤᠨ ᠢᠳᠡᠭᠡᠨᠤ᠋ ᠪᠠᠯᠠ ᠣᠷᠣᠭᠤᠯᠤᠯᠲᠠ᠎ᠶᠢᠨ ᠬᠤᠪᠢ ᠡᠵᠡᠮᠳᠡᠭᠰᠡᠨ ᠪᠦᠯᠦᠭᠯᠡᠯ ᠬᠢᠵᠠᠭᠠᠷᠳᠤ ᠺᠤᠮᠫᠠᠨᠢ᠎ᠵᠢᠨ ᠭᠤᠤᠯ ᠡᠵᠡᠩᠨᠡᠯᠲᠡ᠎ᠶᠢᠨ ᠠᠵᠢᠯ ᠪᠣᠯᠤᠨ ᠥᠪᠥᠷ ᠮᠣᠩᠭᠣᠯ᠎ᠤᠨ ᠣᠲᠣ ᠦᠶ᠎ᠡ᠎ᠶᠢᠨ ᠮᠠᠯ ᠠᠵᠤ ᠠᠬᠤᠶ ᠲᠡᠷᠢᠶᠠᠯᠠᠩ᠎ᠤ᠋ᠨ ᠬᠥᠭᠵᠢᠯᠲᠡ᠎ᠶᠢᠨ ᠴᠢᠭᠯᠡᠯ ᠳᠡᠭᠡᠳᠦ ᠬᠡᠮᠵᠢᠶ᠎ᠡ᠎ᠪᠡᠷ ᠨᠡᠶ᠋ᠢᠴᠡᠵᠦ᠍ ᠪᠠᠶ᠋ᠢᠨ᠎ᠠ᠂ ᠬᠣᠶᠠᠷ ᠲᠠᠯ᠎ᠠ᠎ᠪᠠᠷ᠎ᠢᠶᠠᠨ ᠣᠯᠣᠯᠴᠠᠭ᠎ᠠ ᠵᠣᠯᠭᠠᠯᠴᠠᠭ᠎ᠠ᠎ᠪᠠᠨ ᠤᠯᠠᠮ ᠨᠢᠭᠡ ᠠᠯᠬᠤᠮ ᠴᠢᠩᠭᠠᠳᠬᠠᠵᠤ᠂ ᠤᠨᠴᠠᠯᠢᠬᠳᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠪᠣᠷᠣᠯᠠᠭᠤᠯᠭ᠎ᠠ᠂ ᠦᠬᠡᠷ ᠬᠣᠨᠢᠨ ᠮᠢᠬᠠᠨ᠎ᠤ ᠠᠷᠠᠯᠵᠢᠶᠠᠨ᠎ᠤ ᠵᠠᠬ᠎ᠠ ᠳᠡᠯᠭᠡᠭᠦᠷ᠎ᠦᠨ ᠪᠥᠲᠥᠭᠡᠨ ᠪᠠᠶ᠋ᠢᠭᠤᠯᠤᠯᠲᠠ᠂ ᠥᠨᠳᠥᠷ ᠪᠠᠷᠢᠮᠵᠢᠶᠠᠲᠤ᠌ ᠲᠠᠷᠢᠮᠠᠯ᠎ᠤᠨ ᠰᠠᠭᠤᠷᠢᠨ᠎ᠢ ᠪᠠᠶ᠋ᠢᠭᠤᠯᠬᠤ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠡᠳ᠋ᠰᠢᠭᠦᠯᠤᠨ ᠪᠤᠯᠪᠠᠰᠤᠷᠠᠭᠤᠯᠬᠤ ᠵᠡᠷᠭᠡ ᠬᠦᠷᠢᠶᠡᠨ᠎ᠳᠦ ᠨᠢᠭᠡ ᠪᠦᠯᠦᠭ ᠬᠠᠮᠲᠤᠷᠠᠯᠴᠠᠭᠠᠨ᠎ᠤ ᠲᠥᠷᠥᠯ ᠵᠦᠢᠯ᠎ᠢ ᠤᠬᠠᠭᠠᠯᠠᠨ ᠲᠦᠯᠦᠪᠯᠡᠵᠤ᠂ ᠨᠠᠩ ᠣᠯᠠᠨ ᠥᠪᠥᠷ ᠮᠣᠩᠭᠣᠯ᠎ᠤᠨ ᠴᠢᠨᠠᠷ ᠰᠠᠶ᠋ᠢᠲᠠᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠲᠣᠮᠣ ᠵᠠᠬ᠎ᠠ ᠳᠡᠯᠭᠡᠭᠦᠷ᠎ᠲᠦ᠍ ᠭᠠᠷᠭᠠᠵᠤ᠂ ᠮᠠᠯ ᠠᠵᠤ ᠠᠬᠤᠶ ᠲᠡᠷᠢᠶᠠᠯᠠᠩ᠎ᠤ᠋ᠨ ᠬᠡᠯᠪᠡᠷᠢ᠎ᠶᠢ ᠬᠤᠪᠢᠷᠠᠭᠤᠯᠤᠨ ᠲᠠᠰ ᠳᠡᠪᠰᠢᠭᠦᠯᠬᠦ᠌᠂ ᠮᠠᠯᠴᠢᠨ ᠲᠠᠷᠢᠶᠠᠴᠢᠨ᠎ᠤ ᠣᠷᠣᠯᠭ᠎ᠠ᠎ᠶᠢ ᠨᠡᠮᠡᠭᠳᠡᠭᠦᠯᠦᠨ ᠪᠠᠶᠠᠵᠢᠭᠤᠯᠬᠤ᠎ᠳᠤ ᠬᠦᠴᠦᠲᠡᠶ ᠲᠤᠯᠭᠠᠭᠤᠷᠢᠯᠠᠯ ᠬᠠᠩᠭᠠᠬᠤ᠎ᠶᠢ ᠬᠦᠰᠡᠵᠦ᠍ ᠪᠠᠶ᠋ᠢᠨ᠎ᠠ᠃ ᠪᠢᠳᠡ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠬᠦᠷᠳᠡᠬᠦ᠌ ᠬᠠᠮᠲᠤᠷᠠᠯᠴᠠᠭᠠᠨ᠎ᠤ ᠣᠶ᠋ᠢᠯᠠᠭᠠᠭᠳᠠᠬᠤᠨ᠎ᠢ ᠪᠠᠷᠢᠮᠲᠠᠯᠠᠵᠤ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠪᠦᠬᠦ᠌ ᠬᠦᠴᠦᠨ᠎ᠢᠶᠡᠷ᠎ᠢᠶᠡᠨ ᠰᠢᠯᠢᠳᠡᠭᠵᠢᠭᠦᠯᠵᠦ᠍᠂ ᠠᠵᠤ ᠠᠬᠤᠶ᠋ᠢᠯᠠᠯ᠎ᠤᠨ ᠬᠥᠭᠵᠢᠯᠲᠡ᠎ᠳᠦ ᠰᠠᠢ᠌ᠨ ᠰᠠᠶ᠋ᠢᠬᠠᠨ ᠨᠥᠬᠥᠴᠡᠯ ᠪᠦᠷᠢᠯᠳᠦᠭᠦᠯᠵᠦ᠍ ᠥᠭᠭᠦᠨ᠎ᠡ ᠭᠡᠵᠤ ᠬᠡᠯᠡᠪᠡ᠃
ᠬᠤᠸᠠᠩ ᠸᠧᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠡᠴᠡ ᠱᠸᠨᠵᠸᠨᠤ᠋ ᠬᠥᠳᠡᠭᠡ ᠠᠵᠤ ᠠᠬᠤᠢ ᠪᠤᠯᠤᠨ ᠢᠳᠡᠭᠡᠨᠤ᠋ ᠪᠡᠯᠡ ᠣᠷᠣᠭᠤᠯᠤᠯᠲᠠ᠎ᠶᠢᠨ ᠬᠤᠪᠢ ᠡᠵᠡᠮᠳᠡᠭᠰᠡᠨ ᠪᠦᠯᠦᠭᠯᠡᠯ ᠬᠢᠵᠠᠭᠠᠷᠳᠤ ᠺᠤᠮᠫᠠᠨᠢ᠎ᠵᠢᠨ ᠬᠥᠭᠵᠢᠯᠲᠡ᠎ᠳᠦ ᠬᠦᠴᠦᠲᠡᠢ ᠳᠡᠮᠵᠢᠯᠭᠡ ᠦᠵᠡᠬᠦᠯᠦᠭᠰᠡᠨᠳ᠋ᠤ ᠲᠠᠯᠠᠷᠬᠠᠬᠤ᠎ᠶᠢᠨ ᠬᠠᠮᠲᠤ᠌ ᠪᠦᠯᠦᠭᠯᠡᠯ᠎ᠦᠨ ᠬᠥᠭᠵᠢᠯᠲᠡ ᠡᠵᠡᠩᠨᠡᠯᠲᠡ᠎ᠶᠢᠨ ᠪᠠᠶ᠋ᠢᠳᠠᠯ᠎ᠢ ᠲᠠᠨᠢᠯᠴᠠᠭᠤᠯᠪᠠ᠃ ᠲᠡᠷᠡ᠂ ᠥᠪᠥᠷ ᠮᠣᠩᠭᠣᠯ᠎ᠤᠨ ᠮᠠᠯ ᠠᠵᠤ ᠠᠬᠤᠢ ᠲᠡᠷᠢᠶᠠᠯᠠᠩ᠎ᠤ᠋ᠨ ᠡᠬᠢ ᠪᠠᠶᠠᠯᠢᠭ᠎ᠤᠨ ᠳᠠᠪᠠᠭᠤᠯᠢᠭ ᠲᠤᠪᠤᠢ᠌ᠮ᠎ᠠ᠂ ᠭᠠᠵᠠᠷ ᠣᠷᠣᠨ᠎ᠤ ᠪᠠᠶ᠋ᠢᠷᠢᠰᠢᠯ ᠥᠪᠡᠷᠮᠢᠴᠡ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ ᠦᠷᠭᠦᠯᠵᠢᠯᠡᠨ ᠰᠢᠯᠢᠳᠡᠭᠵᠢᠵᠦ᠍ ᠪᠠᠶ᠋ᠢᠨ᠎ᠠ᠃ ᠲᠠᠷᠠᠭᠠᠴᠢ᠎ᠶᠢᠨ ᠠᠯᠬᠤᠮ᠎ᠳᠤ᠂ ᠱᠸᠨᠵᠸᠨᠤ᠋ ᠬᠥᠳᠡᠭᠡ ᠠᠵᠤ ᠠᠬᠤᠶ ᠪᠤᠯᠤᠨ ᠢᠳᠡᠭᠡᠨᠤ᠋ ᠪᠡᠯᠡ ᠤᠷᠤᠭᠤᠯᠤᠯᠳᠠ᠎ᠵᠢᠨ ᠬᠤᠪᠢ ᠡᠵᠡᠮᠳᠡᠭᠰᠡᠨ ᠪᠦᠯᠦᠭᠯᠡᠯ ᠬᠢᠵᠠᠭᠠᠷᠳᠤ ᠺᠤᠮᠫᠠᠨᠢ᠎ᠨᠢ ᠲᠣᠰ ᠪᠡᠶ᠎ᠡ᠎ᠶᠢᠨ ᠬᠥᠷᠥᠩᠭᠡ᠂ ᠵᠠᠬ᠎ᠠ ᠳᠡᠯᠭᠡᠭᠦᠷ᠂ ᠠᠷᠭ᠎ᠠ ᠵᠠᠮ᠂ ᠮᠡᠷᠭᠡᠵᠢᠯ᠎ᠦᠨ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠥᠪᠥᠷ ᠮᠣᠩᠭᠣᠯ᠎ᠤᠨ ᠮᠠᠯ ᠠᠵᠤ ᠠᠬᠤᠶ ᠲᠠᠷᠢᠶᠠᠯᠠᠩ᠎ᠤᠨ ᠬᠥᠭᠵᠢᠯᠲᠡ᠎ᠶᠢᠨ ᠲᠥᠯᠥᠪᠵᠢᠭᠦᠯᠭᠡᠯᠤᠭᠡ ᠭᠦᠨᠵᠡᠭᠡᠶ ᠵᠣᠯᠭᠠᠭᠤᠯᠵᠤ᠂ ᠪᠠᠯᠠ ᠣᠷᠣᠭᠤᠯᠤᠯᠲᠠ᠎ᠶᠢᠨ ᠪᠠᠶ᠋ᠢᠷᠢᠰᠢᠭᠤᠯᠤᠯᠲᠠ᠎ᠶᠢᠨ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠨᠠᠩ ᠣᠯᠠᠨ ᠴᠢᠨᠠᠷ ᠰᠠᠶ᠋ᠢᠲᠠᠶ ᠮᠠᠯ ᠠᠵᠤ ᠠᠬᠤᠶ ᠲᠠᠷᠢᠶᠠᠯᠠᠩ᠎ᠤᠨ ᠲᠥᠷᠥᠯ ᠵᠦᠢᠯ᠎ᠢ ᠥᠪᠥᠷ ᠮᠣᠩᠭᠣᠯ᠎ᠳᠤ ᠨᠠᠶ᠋ᠢᠳᠠᠪᠤᠷᠢᠵᠢᠭᠤᠯᠬᠤ᠎ᠶᠢ ᠪᠥᠬᠥ᠌ ᠬᠦᠴᠦᠨ᠎ᠢᠶᠡᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠤᠷᠢᠯᠡᠯ᠎ᠦᠨ ᠰᠠᠭᠤᠷᠢᠨ᠎ᠢ ᠪᠥᠲᠥᠭᠡᠨ ᠪᠠᠶ᠋ᠢᠭᠤᠯᠬᠤ᠎ᠳᠤ ᠨᠠᠩ ᠣᠯᠠᠨ ᠬᠦᠴᠦᠨ ᠴᠢᠳᠠᠯ᠎ᠢᠶᠠᠨ ᠡᠷᠭᠦᠨ᠎ᠡ ᠭᠡᠵᠤ ᠢᠯᠡᠳᠭᠡᠪᠡ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠰᠢᠨ᠂ ᠴᠢ᠊ ᠪᠠᠲᠤ᠌ ᠣᠷᠣᠯᠴᠠᠵᠠᠢ᠃