ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠤᠰᠬᠠᠯ
ᠵᠡᠭᠦᠨᠭᠠᠷ ᠬᠣᠰᠢᠭᠤ᠄ ᠨᠠᠮ᠎ᠤᠨ ᠪᠠᠢᠭᠤᠯᠤᠯᠲᠠ᠎ᠪᠠᠷ ᠰᠠᠭᠤᠷᠢ᠎ᠶᠢ ᠪᠡᠬᠢᠵᠢᠭᠦᠯᠬᠦ᠎ᠳᠦ ᠡᠷᠴᠢᠮᠯᠡᠪᠡ
ᠨᠡᠶ᠋ᠢᠲᠡᠯᠡᠭᠰᠡᠨ ᠴᠠᠭ᠄ 2026-05-27

ᠣᠢᠷ᠎ᠠ᠎ᠶᠢᠨ ᠵᠢᠯ᠎ᠦᠳ᠎ᠲᠦ᠂ ᠵᠡᠭᠦᠨᠭᠠᠷ ᠬᠣᠰᠢᠭᠤᠨ᠎ᠤ ᠬᠢᠨ ᠨᠠᠮ᠎ᠤᠨ ᠭᠡᠰᠢᠭᠦᠨ᠎ᠦ ᠬᠥᠮᠦᠵᠢᠯ ᠪᠣᠯᠪᠠᠰᠤᠷᠠᠯ᠎ᠤᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠵᠦ ᠦᠷ᠎ᠡ ᠠᠰᠢᠭ᠋᠎ᠢ ᠨᠡᠮᠡᠭᠳᠡᠭᠦᠯᠬᠦ ᠬᠠᠷᠠᠯᠲᠠ᠎ᠶᠢᠨ ᠲᠣᠭᠣᠷᠢᠨ᠎ᠳᠤ᠂ ᠤᠨᠤᠯ᠎ᠢᠶᠠᠷ ᠰᠦᠭ ᠰᠦᠨᠡᠰᠦ᠎ᠶᠢ ᠱᠤᠭᠤᠬᠤ᠂ ᠳᠦᠷᠦᠯ ᠬᠤᠪᠢᠶᠠᠨ ᠳᠦᠷᠦ᠎ᠶᠢᠨ ᠪᠣᠳᠣᠯᠭ᠎ᠠ ᠬᠡᠷᠡᠭᠵᠢᠭᠦᠯᠬᠦ᠂ ᠲᠣᠭᠲᠠᠴᠠ᠎ᠶᠢᠨ ᠪᠠᠲᠤᠯᠠᠭ᠎ᠠ ᠵᠡᠷᠭᠡ ᠭᠤᠷᠪᠠᠨ ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠣᠨᠣᠴᠠᠲᠠᠢ ᠬᠦᠴᠦᠯᠡᠨ᠂ ᠬᠠᠨᠳᠤᠯᠭ᠎ᠠ ᠲᠠᠢ ᠬᠥᠮᠥᠵᠢᠭᠦᠯᠵᠦ᠂ ᠥᠨᠳᠥᠷ ᠬᠡᠪ ᠪᠣᠯᠪᠠᠰᠤᠷᠠᠯ᠎ᠲᠠᠢ ᠨᠠᠮ᠎ᠤᠨ ᠭᠡᠰᠢᠭᠦᠨ᠎ᠦ ᠡᠩᠨᠡᠭᠡ᠎ᠶᠢ ᠬᠦᠴᠦᠯᠡᠨ ᠳᠠᠪᠲᠠᠨ ᠪᠣᠯᠪᠠᠰᠤᠷᠠᠭᠤᠯᠵᠤ᠂ ᠪᠦᠬᠦ ᠬᠣᠰᠢᠭᠤᠨ᠎ᠤ ᠴᠢᠨᠠᠷ ᠰᠠᠢᠲᠠᠢ ᠬᠥᠭᠵᠢᠯᠲᠡ᠎ᠶᠢᠨ ᠵᠣᠬᠢᠶᠠᠨ ᠪᠠᠢᠭᠤᠯᠤᠯᠲᠠ᠎ᠶᠢᠨ ᠰᠠᠭᠤᠷᠢ᠎ᠶᠢ ᠪᠡᠬᠢᠵᠢᠭᠦᠯᠪᠡ᠃

ᠰᠤᠷᠤᠯᠴᠠᠯᠭ᠎ᠠ᠎ᠶᠢᠨ ᠠᠴᠢᠶᠠᠯᠠᠪᠤᠷᠢ᠎ᠳᠤ ᠰᠢᠨ᠎ᠡ᠎ᠶᠢ ᠡᠭᠦᠳᠴᠦ᠂ 226 ᠠᠯᠤᠰ ᠡᠵᠡᠮᠰᠢᠯᠲᠦ ᠰᠤᠷᠭᠠᠨ ᠬᠥᠮᠦᠵᠢᠯ᠎ᠦᠨ ᠥᠷᠲᠡᠭᠡ ᠴᠡᠭ ᠪᠠ 《ᠵᠡᠭᠦᠨᠭᠠᠷ ᠬᠣᠰᠢᠭᠤᠨ᠎ᠤ ᠨᠠᠮ᠎ᠤᠨ ᠭᠡᠰᠢᠭᠦᠨ᠎ᠦ ᠬᠥᠮᠦᠵᠢᠯ》᠎ᠤᠨ ᠰᠦᠯᠵᠢᠶᠡᠨ ᠳᠡᠭᠡᠷᠡᠬᠢ ᠬᠢᠴᠢᠶᠡᠯ᠎ᠦᠨ ᠲᠠᠩᠬᠢᠮ᠎ᠳᠤ ᠲᠦᠰᠢᠭᠯᠡᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠭᠤᠷᠬᠢ᠎ᠶᠢ ᠠᠭᠤᠰᠤᠯᠴᠠᠭᠤᠯᠤᠭᠰᠠᠨ ᠰᠤᠷᠤᠯᠴᠠᠬᠤ ᠲᠠᠪᠴᠠᠩ ᠪᠠᠢᠭᠤᠯᠪᠠ᠃ ᠸᠢᠳᠢᠣ᠋᠎ᠶᠢᠨ ᠲᠥᠪᠯᠡᠷᠡᠩᠭᠦᠢ ᠪᠣᠯᠪᠠᠰᠤᠷᠠᠯ᠎ᠢᠶᠠᠷ ᠴᠢᠨᠠᠷᠵᠢᠭᠤᠨ ᠬᠢᠴᠢᠶᠡᠯ᠎ᠢ ᠦᠨᠳᠦᠰᠦᠨ ᠱᠠᠲᠤᠨ᠎ᠳᠤ ᠰᠢᠭᠤᠳ ᠬᠦᠷᠭᠡᠵᠦ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ 《ᠭᠤᠷᠪᠠᠨ ᠬᠤᠷᠠᠯ ᠨᠢᠭᠡ ᠬᠢᠴᠢᠶᠡᠯ》᠂ ᠭᠣᠣᠯ ᠰᠡᠳᠦᠪᠲᠦ ᠨᠠᠮ᠎ᠤᠨ ᠡᠳᠦᠷ᠎ᠲᠠᠢ ᠤᠶᠠᠯᠳᠤᠭᠤᠯᠤᠭᠰᠠᠨ ᠲᠥᠪᠯᠡᠷᠡᠩᠭᠦᠢ ᠰᠤᠷᠤᠯᠴᠠᠯᠭ᠎ᠠ᠎ᠶᠢ ᠠᠬᠢᠭᠤᠯᠪᠠ᠃

ᠠᠳᠠᠯᠢ ᠪᠤᠰᠤ ᠬᠦᠷᠢᠶ᠎ᠡ ᠪᠠ ᠬᠥᠮᠥᠰ᠎ᠦᠨ ᠳᠤᠮᠳᠠᠬᠢ ᠨᠠᠮ᠎ᠤᠨ ᠭᠡᠰᠢᠭᠦᠨ᠎ᠦ ᠵᠥᠷᠢᠶᠡᠴᠢᠯᠡᠭᠰᠡᠨ ᠣᠨᠴᠠᠯᠢᠭ᠋᠎ᠲᠤ ᠰᠠᠭᠤᠷᠢᠯᠠᠵᠤ᠂ ᠱᠠᠲᠤ ᠪᠠ ᠲᠦᠷᠦᠯ ᠬᠤᠪᠢᠶᠠᠭᠰᠠᠨ ᠣᠨᠣᠴᠠᠲᠠᠢ ᠪᠣᠯᠪᠠᠰᠤᠷᠠᠯ ᠬᠢᠵᠦ᠂ 《ᠨᠡᠯᠦᠢᠲᠡᠯ᠎ᠡ ᠤᠰᠤᠯᠠᠬᠤ》᠎ᠠᠴᠠ ᠵᠠᠢᠯᠠᠰᠬᠢᠪᠠ᠃ ᠭᠠᠴᠠᠭ᠎ᠠ ᠲᠣᠰᠬᠣᠨ᠎ᠤ ᠨᠡᠢᠭᠡᠮ ᠲᠣᠭᠣᠷᠢᠭ᠋᠎ᠤᠨ ᠦᠨᠳᠦᠰᠦᠨ ᠱᠠᠲᠤᠨ᠎ᠤ ᠭᠣᠣᠯᠯᠠᠭ᠍ᠴᠢ ᠡᠩᠨᠡᠭᠡ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠪᠦᠭᠦ ᠬᠣᠰᠢᠭᠤᠨ᠎ᠤ 1300 ᠭᠠᠷᠤᠢ ᠨᠡᠷᠡᠰ ᠺᠠᠳ᠋ᠷ᠎ᠲᠤ ᠪᠦᠭᠦ ᠲᠠᠯ᠎ᠠ᠎ᠶᠢᠨ ᠪᠣᠯᠪᠠᠰᠤᠷᠠᠯ ᠬᠦᠷᠲᠡᠭᠡᠵᠦ᠂ 《ᠲᠦᠮᠡᠨ ᠨᠡᠷᠡᠰ ᠮᠠᠯᠴᠢᠨ ᠲᠠᠷᠢᠶᠠᠴᠢᠨ ᠨᠠᠮ᠎ᠤᠨ ᠭᠡᠰᠢᠭᠦᠨ᠎ᠢ ᠨᠠᠮ᠎ᠤᠨ ᠰᠤᠷᠭᠠᠭᠤᠯᠢ᠎ᠳᠤ ᠣᠷᠣᠭᠤᠯᠬᠤ》 ᠡᠭᠡᠯᠵᠢᠲᠦ ᠪᠣᠯᠪᠠᠰᠤᠷᠠᠯ᠎ᠤᠨ ᠢᠨᠵᠧᠨᠧᠷᠢᠩ᠎ᠢ ᠬᠡᠷᠡᠭᠵᠢᠭᠦᠯᠵᠦ ᠂ ᠦᠨᠳᠦᠰᠦᠨ ᠱᠠᠲᠤᠨ᠎ᠤ ᠵᠠᠰᠠᠯᠲᠠ᠎ᠶᠢᠨ ᠬᠦᠴᠦᠨ᠎ᠢ ᠪᠡᠬᠢᠵᠢᠭᠦᠯᠪᠡ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶ᠎ᠡ
Baidu
map