ᠣᠶ᠋ᠢᠷ᠎ᠠ᠎ᠶᠢᠨ ᠬᠤᠭᠤᠴᠠᠭ᠋ᠠᠨ᠎ᠳᠤ᠂ ᠲᠠᠢᠹᠧᠩ ᠰᠠᠯᠬᠢ 《ᠪᠠᠸᠢ》᠂ ᠤᠮᠠᠷᠠᠲᠤ᠌ ᠣᠷᠤᠨ᠎ᠤ ᠲᠣᠨᠳᠠᠰᠤ ᠪᠠᠭᠤᠬᠤ᠂ ᠡᠸᠯᠨᠢᠨᠤ᠋ ᠵᠡᠷᠭᠡ ᠴᠠᠭ ᠠᠭᠤᠷ ᠠᠭᠤᠷ ᠠᠮᠢᠰᠭᠤᠯ᠎ᠤᠨ ᠰᠡᠳᠦᠪ᠎ᠤᠳ ᠡᠯ᠎ᠡ ᠡᠲᠡᠭᠡᠳ᠎ᠤᠨ ᠠᠩᠬᠠᠷᠤᠯ᠎ᠢ ᠲᠠᠲᠠᠵᠤ ᠪᠠᠢ᠌ᠨ᠎ᠠ᠂ ᠢᠷᠡᠭᠡᠳᠦᠢ᠎ᠶ᠋ᠢᠨ ᠴᠠᠭ ᠠᠭᠤᠷ ᠠᠭᠤᠷ ᠠᠮᠢᠰᠭᠤᠯ᠎ᠤᠨ ᠪᠠᠶ᠋ᠢᠳᠠᠯ ᠶᠠᠮᠠᠷ ᠵᠡᠷᠭᠡ ᠪᠣᠢ? ᠠᠯᠢ ᠠᠯᠢ ᠭᠠᠵᠠᠷ ᠣᠷᠤᠨ᠎ᠤ ᠴᠠᠭ ᠠᠭᠤᠷ᠎ᠤᠨ ᠭᠠᠮᠰᠢᠭ᠎ᠤᠨ ᠲᠦᠭᠰᠢᠭᠦᠷᠢ ᠨᠡᠯᠢᠶᠡᠳ ᠶᠡᠬᠡ ᠪᠣᠢ? ᠣᠶ᠋ᠢᠷ᠎ᠠ᠎ᠳᠤ᠂ ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ ᠤᠯᠤᠰ᠎ᠤᠨ ᠴᠠᠭ ᠠᠭᠤᠷ᠎ᠤᠨ ᠲᠥᠪ ᠪᠠ ᠤᠯᠤᠰ᠎ᠤᠨ ᠠᠭᠤᠷ ᠠᠮᠢᠰᠭᠤᠯ᠎ᠤᠨ ᠲᠥᠪ᠎ᠤᠨ ᠲᠤᠰᠭᠠᠢ ᠮᠡᠷᠭᠡᠵᠢᠯᠲᠡᠳ᠎ᠢ ᠵᠣᠬᠢᠶᠠᠨ ᠪᠠᠶ᠋ᠢᠭᠤᠯᠵᠤ ᠣᠯᠠᠨ ᠲᠦᠮᠡᠨ᠎ᠤ ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ᠎ᠳᠤ ᠲᠠᠶ᠋ᠢᠯᠤᠮᠵᠢ ᠬᠢᠪᠠ᠃
《ᠳᠣᠯᠣᠳᠤᠭ᠋ᠠᠷ ᠰᠠᠷ᠎ᠠ᠎ᠶᠢᠨ ᠰᠡᠭᠦᠯᠴᠢ ᠨᠠᠢ᠍ᠮᠠᠳᠤᠭ᠋ᠠᠷ ᠰᠠᠷ᠎ᠠ᠎ᠶᠢᠨ ᠡᠬᠢᠨ》᠎ᠦ ᠬᠤᠭᠤᠴᠠᠭᠠᠨ᠎ᠳᠤ᠂ ᠵᠢᠱ᠌ᠢᠯᠲᠡ᠎ᠪᠡᠷ 2᠎ᠡᠴᠡ 3 ᠲᠠᠢᠹᠧᠩ ᠰᠠᠯᠬᠢ ᠬᠠᠭᠤᠷᠠᠢ᠎ᠳᠤ ᠭᠠᠷᠬᠤ ᠪᠤᠶᠤ ᠮᠠᠨ᠎ᠤ ᠤᠯᠤᠰ᠎ᠢ ᠨᠥᠯᠦᠭᠡᠯᠡᠵᠦ᠍᠂ 1᠎ᠨᠢ ᠤᠮᠠᠷᠠᠳᠤ ᠣᠷᠤᠨ᠎ᠳᠤ ᠢᠯᠡᠳᠲᠡ ᠰᠠᠯᠬᠢ ᠪᠣᠷᠤᠭᠠᠨ᠎ᠤ ᠨᠥᠯᠦᠭᠡ ᠦᠵᠡᠭᠦᠯᠦᠨ᠎ᠡ
ᠤᠯᠤᠰ᠎ᠤᠨ ᠠᠭᠤᠷ ᠠᠮᠢᠰᠭᠤᠯ᠎ᠤᠨ ᠲᠥᠪ᠎ᠤᠨ ᠵᠢᠱ᠌ᠢᠯᠲᠡ᠎ᠪᠡᠷ᠂ 《ᠳᠣᠯᠣᠳᠤᠭ᠋ᠠᠷ ᠰᠠᠷ᠎ᠠ᠎ᠶᠢᠨ ᠰᠡᠭᠦᠯᠴᠢ ᠨᠠᠢ᠍ᠮᠠᠳᠤᠭ᠋ᠠᠷ ᠰᠠᠷ᠎ᠠ᠎ᠶᠢᠨ ᠡᠬᠢᠨ》᠎ᠢᠶᠡᠷ᠂ ᠪᠠᠷᠠᠭᠤᠨ ᠬᠣᠢᠲᠤ ᠨᠣᠮᠤᠬᠠᠨ ᠳᠠᠯᠠᠢ ᠪᠠ ᠡᠮᠦᠨᠡᠲᠦ᠍ ᠲᠠᠩᠭᠢᠰ᠎ᠤᠨ ᠳᠠᠯᠠᠢ᠎ᠶ᠋ᠢᠨ ᠣᠷᠤᠨ᠎ᠳᠤ ᠡᠭᠦᠰᠬᠦ ᠲᠠᠢᠹᠧᠩ ᠰᠠᠯᠬᠢᠨ᠎ᠤ ᠲᠣᠭ᠎ᠠ᠎ᠨᠢ 5 ᠡᠴᠡ 6 ᠪᠠᠢᠵᠤ᠂ 2 ᠡᠴᠡ 3 ᠨᠢ ᠬᠠᠭᠤᠷᠠᠢ᠎ᠳᠤ ᠭᠠᠷᠬᠤ ᠪᠤᠶᠤ ᠮᠠᠨ᠎ᠤ ᠤᠯᠤᠰ᠎ᠢ ᠨᠥᠯᠦᠭᠡᠯᠡᠨ᠎ᠡ᠃
ᠲᠠᠢᠹᠧᠩ ᠰᠠᠯᠬᠢᠨ᠎ᠤ ᠬᠥᠭᠵᠢᠶᠡᠨᠲᠡᠢ ᠴᠠᠭ ᠬᠤᠭᠤᠴᠠᠭ᠎ᠠ᠎ᠨᠢ 7 ᠳ᠋ᠤᠭᠠᠷ ᠰᠠᠷ᠎ᠠ᠎ᠶ᠋ᠢᠨ ᠰᠡᠭᠦᠯᠴᠢ᠎ᠡᠴᠡ 8 ᠳ᠋ᠤᠭᠠᠷ ᠰᠠᠷ᠎ᠠ᠎ᠶ᠋ᠢᠨ ᠡᠬᠢᠨ ᠪᠠᠢ᠌ᠵᠤ᠂ ᠭᠣᠤᠯᠳᠠᠭᠤ ᠬᠤᠸᠠᠨᠠᠨ ᠣᠷᠤᠨ ᠪᠠ ᠬᠤᠸᠠᠳᠦ᠋ᠩ ᠣᠷᠣᠨ᠎ᠤ ᠳᠠᠯᠠᠢ ᠳᠠᠭᠠᠤ ᠣᠷᠤᠨ᠎ᠢ ᠨᠥᠯᠦᠭᠡᠯᠡᠵᠦ᠍᠂ 1 ᠨᠡᠯᠢᠶᠡᠳ ᠰᠢᠷᠦᠭᠦᠨ ᠲᠠᠢᠹᠧᠩ ᠰᠠᠯᠬᠢᠨ᠎ᠢ ᠤᠮᠠᠷᠠᠳᠤ ᠣᠷᠤᠨ᠎ᠳᠤ ᠢᠯᠡᠳᠲᠡ ᠰᠠᠯᠬᠢ ᠪᠣᠷᠤᠭᠠᠨ᠎ᠤ ᠨᠥᠯᠦᠭᠡ ᠦᠵᠡᠭᠦᠯᠵᠦ ᠮᠡᠳᠡᠨ᠎ᠡ᠃
ᠵᠢᠱ᠌ᠢᠯᠲᠡ᠎ᠪᠠᠷ 7 ᠳ᠋ᠤᠭ᠋ᠠᠷ ᠰᠠᠷ᠎ᠠ᠎ᠠᠴᠠ 9 ᠳ᠋ᠤᠭᠡᠷ ᠰᠠᠷ᠎ᠠ ᠪᠣᠯᠲᠠᠯ᠎ᠠ᠂ ᠬᠤᠸᠠᠪᠸᠢ ᠣᠷᠤᠨ᠂ ᠵᠡᠭᠦᠨ ᠬᠣᠢᠲᠤ᠌ ᠣᠷᠤᠨ᠂ ᠬᠤᠸᠠᠳᠦ᠋ᠩ ᠣᠷᠣᠨ᠎ᠤ ᠡᠮᠦᠨᠡᠲᠦ ᠬᠡᠰᠡᠭ ᠵᠢᠴᠢ ᠬᠤᠸᠠᠨᠠᠨ ᠣᠷᠤᠨ ᠵᠡᠷᠭᠡ ᠭᠠᠵᠠᠷ᠎ᠤᠨ ᠲᠤᠨᠳᠠᠰᠤ ᠨᠡᠯᠢᠶᠡᠳ ᠠᠷᠪᠢᠨ ᠪᠠᠢᠵᠤ᠂ ᠬᠡᠰᠡᠭ ᠭᠠᠵᠠᠷ ᠣᠷᠤᠨ᠎ᠳᠤ ᠨᠡᠯᠢᠶᠡᠳ ᠬᠦᠨᠳᠦ ᠦᠶᠡᠷ᠎ᠦᠨ ᠪᠠᠢᠳᠠᠯ ᠭᠠᠷᠴᠤ ᠮᠡᠳᠡᠨ᠎ᠡ᠃
《ᠳᠣᠯᠣᠳᠤᠭ᠋ᠠᠷ ᠰᠠᠷ᠎ᠠ᠎ᠶᠢᠨ ᠰᠡᠭᠦᠯᠴᠢ ᠨᠠᠢ᠍ᠮᠠᠳᠤᠭ᠋ᠠᠷ ᠰᠠᠷ᠎ᠠ᠎ᠶᠢᠨ ᠡᠬᠢᠨ》᠎ᠤ ᠦᠶᠡᠷ᠎ᠢ ᠰᠡᠷᠭᠡᠶ᠋ᠢᠯᠡᠬᠦ᠌ ᠵᠠᠩᠭᠢᠯᠠᠭ᠎ᠠ᠎ᠶ᠋ᠢᠨ ᠬᠤᠭᠤᠴᠠᠭᠠᠨ᠎ᠳᠤ᠂ ᠡᠳᠡᠭᠡᠷ ᠭᠠᠵᠠᠷ ᠣᠷᠤᠨ᠎ᠳᠤ ᠲᠦᠢᠯ᠎ᠤᠨ ᠬᠦᠴᠦᠲᠡᠢ ᠲᠣᠨᠳᠠᠰᠤ ᠪᠠᠭᠤᠵᠤ ᠮᠡᠳᠡᠬᠦ᠌ ᠪᠥᠭᠡᠳ ᠦᠶᠡᠷ ᠤᠰᠤᠲᠤᠯ᠎ᠤᠨ ᠭᠠᠮᠰᠢᠭ ᠡᠭᠦᠰᠬᠡᠵᠦ ᠮᠡᠳᠡᠨ᠎ᠡ
ᠤᠯᠤᠰ᠎ᠤᠨ ᠠᠭᠤᠷ ᠠᠮᠢᠰᠭᠤᠯ᠎ᠤᠨ ᠲᠥᠪ᠎ᠤᠨ ᠵᠢᠱ᠌ᠢᠯᠲᠡ᠎ᠪᠡᠷ᠂ 《ᠳᠣᠯᠣᠳᠤᠭ᠋ᠠᠷ ᠰᠠᠷ᠎ᠠ᠎ᠶᠢᠨ ᠰᠡᠭᠦᠯᠴᠢ ᠨᠠᠢ᠍ᠮᠠᠳᠤᠭ᠋ᠠᠷ ᠰᠠᠷ᠎ᠠ᠎ᠶᠢᠨ ᠡᠬᠢᠨ》᠎ᠦ ᠦᠶᠡᠷ᠎ᠢ ᠰᠡᠷᠭᠡᠢᠯᠡᠬᠦ᠌ ᠵᠠᠩᠭᠢᠯᠠᠭ᠎ᠠ᠎ᠶ᠋ᠢᠨ ᠬᠤᠭᠤᠴᠠᠭ᠋ᠠᠨ᠎ᠳᠤ᠂ ᠬᠤᠸᠠᠪᠸᠢ ᠣᠷᠤᠨ᠎ᠤ ᠶᠡᠬᠡᠩᠬᠢ ᠬᠡᠰᠡᠭ᠂ ᠥᠪᠦᠷ ᠮᠣᠩᠭᠤᠯ᠎ᠤᠨ ᠵᠡᠭᠦᠨ ᠬᠡᠰᠡᠭ᠂ ᠵᠡᠭᠦᠨ ᠬᠣᠢᠲᠤ᠌ ᠣᠷᠤᠨ᠂ ᠬᠤᠸᠠᠳᠦ᠋ᠩ ᠣᠷᠣᠨ᠎ᠤ ᠶᠡᠬᠡᠩᠬᠢ ᠬᠡᠰᠡᠭ᠂ ᠬᠤᠸᠠᠵᠦ᠋ᠩ ᠣᠷᠤᠨ᠎ᠤ ᠡᠮᠦᠨᠡᠲᠦ ᠬᠡᠰᠡᠭ᠂ ᠬᠤᠸᠠᠨᠠᠨ ᠣᠷᠤᠨ᠂ ᠪᠠᠷᠠᠭᠤᠨ ᠡᠮᠦᠨᠡᠲᠦ᠍ ᠣᠷᠤᠨ᠎ᠤ ᠪᠠᠷᠠᠭᠤᠨ ᠬᠣᠢᠲᠤ᠌ ᠬᠡᠰᠡᠭ᠂ ᠲᠥᠪᠡᠳ᠎ᠦᠨ ᠵᠡᠭᠦᠨ ᠬᠡᠰᠡᠭ᠂ ᠰᠢᠨᠵᠢᠶᠠᠩ᠎ᠤᠨ ᠡᠮᠦᠨᠡᠲᠦ ᠬᠡᠰᠡᠭ ᠵᠡᠷᠭᠡ ᠭᠠᠵᠠᠷ᠎ᠤᠨ ᠲᠤᠨᠳᠠᠰᠤ ᠨᠡᠯᠢᠶᠡᠳ ᠣᠯᠠᠨ ᠪᠠᠢ᠌ᠵᠤ᠂ ᠡᠭᠦᠨ᠎ᠳᠦ ᠥᠪᠦᠷ ᠮᠣᠩᠭᠤᠯ᠎ᠤᠨ ᠵᠡᠭᠦᠨ ᠬᠣᠢᠲᠤ᠌ ᠬᠡᠰᠡᠭ᠂ ᠬᠠᠷᠠᠮᠦ᠋ᠷᠡᠨ᠂ ᠯᠢᠶᠤᠤᠨᠢᠩ᠂ ᠪᠡᠭᠡᠵᠢᠩ᠂ ᠲᠢᠶᠠᠨᠵᠢᠨ᠂ ᠾᠧᠪᠧᠢ᠎ᠶ᠋ᠢᠨ ᠶᠡᠬᠡᠩᠬᠢ ᠬᠡᠰᠡᠭ᠂ ᠱᠠᠨᠳᠦ᠋ᠩ᠎ᠦᠨ ᠬᠣᠢᠲᠤ᠌ ᠬᠡᠰᠡᠭ᠂ ᠵᠧᠵᠢᠶᠠᠩ᠎ᠤᠨ ᠶᠡᠬᠡᠩᠬᠢ ᠬᠡᠰᠡᠭ᠂ ᠵᠢᠶᠠᠩᠰᠢ᠎ᠶ᠋ᠢᠨ ᠡᠮᠦᠨᠡᠲᠦ ᠬᠡᠰᠡᠭ᠂ ᠹᠦᠵᠢᠶᠠᠨ᠂ ᠲᠠᠢᠸᠠᠨ᠂ ᠭᠤᠸᠠᠩᠳᠦ᠋ᠩ᠎ᠦᠨ ᠶᠡᠬᠡᠩᠬᠢ ᠬᠡᠰᠡᠭ᠂ ᠲᠥᠪᠡᠳ᠎ᠦᠨ ᠵᠡᠭᠦᠨ ᠡᠮᠦᠨᠡᠲᠦ ᠬᠡᠰᠡᠭ᠂ ᠰᠢᠨᠵᠢᠶᠠᠩ᠎ᠤᠨ ᠪᠠᠷᠠᠭᠤᠨ ᠡᠮᠦᠨᠡᠲᠦ ᠬᠡᠰᠡᠭ ᠵᠡᠷᠭᠡ ᠭᠠᠵᠠᠷ᠎ᠤᠳ᠎ᠢᠶᠠᠷ ᠠᠷᠪᠠᠨ᠎ᠤ ᠬᠣᠶᠠᠷ᠎ᠠᠴᠠ ᠠᠷᠪᠠᠨ᠎ᠤ ᠲᠠᠪᠤᠨ ᠬᠤᠪᠢ ᠢᠯᠡᠭᠦᠦ ᠪᠠᠢ᠌ᠵᠤ᠂ ᠳᠡᠭᠡᠷ᠎ᠡ ᠳᠤᠷᠠᠳᠤᠭᠰᠠᠨ ᠭᠠᠵᠠᠷ ᠣᠷᠤᠨ᠎ᠳᠤ ᠲᠤᠢᠯ᠎ᠤᠨ ᠰᠢᠷᠦᠭᠦᠨ ᠲᠤᠨᠳᠠᠰᠤ ᠪᠠᠭᠤᠵᠤ ᠮᠡᠳᠡᠬᠦ᠌ ᠪᠥᠭᠡᠳ ᠦᠶᠡᠷ ᠤᠰᠤᠲᠤᠯ᠎ᠤᠨ ᠭᠠᠮᠰᠢᠭ ᠡᠭᠦᠰᠬᠡᠵᠦ ᠮᠡᠳᠡᠨ᠎ᠡ᠃
ᠦᠶᠡᠷ᠎ᠤᠨ ᠬᠤᠭᠤᠴᠠᠭᠠᠨ᠎ᠳᠤ ᠣᠷᠤᠭᠰᠠᠨ᠎ᠠᠴᠠ ᠨᠠᠭ᠋ᠠᠰᠢ᠂ ᠮᠠᠨ᠎ᠤ ᠤᠯᠤᠰ᠎ᠤᠨ ᠴᠠᠭ ᠠᠭᠤᠷ ᠠᠭᠤᠷ ᠠᠮᠢᠰᠭᠤᠯ ᠢᠯᠡᠷᠬᠡᠢ ᠳᠤᠯᠠᠭᠠᠨ ᠴᠢᠭᠢᠭ᠌ᠯᠢᠭ᠌ ᠣᠨᠴᠠᠯᠢᠭ ᠢᠯᠡᠷᠡᠭᠦᠯᠵᠦ᠂ ᠤᠮᠠᠷᠠᠲᠤ ᠣᠷᠤᠨ᠎ᠤ ᠳᠤᠮᠳᠠᠴᠢ ᠲᠤᠨᠳᠠᠰᠤᠨ᠎ᠤ ᠬᠡᠮᠵᠢᠶ᠎ᠡ᠎ᠨᠢ ᠠᠷᠪᠠᠨ ᠵᠢᠯ᠎ᠦᠨ ᠠᠳᠠᠯᠢ ᠬᠤᠭᠤᠴᠠᠭᠠᠨ᠎ᠳᠡᠬᠢ ᠬᠠᠮᠤᠭ᠎ᠤᠨ ᠣᠯᠠᠨ ᠪᠣᠯᠪᠠ
ᠦᠶᠡᠷ᠎ᠤᠨ ᠬᠤᠭᠤᠴᠠᠭᠠᠨ᠎ᠳᠤ ᠤᠷᠤᠭᠰᠠᠨ᠎ᠠᠴᠠ ᠨᠠᠭ᠋ᠠᠰᠢ᠂ ᠮᠠᠨ᠎ᠤ ᠤᠯᠤᠰ᠎ᠤᠨ ᠴᠠᠭ ᠠᠭᠤᠷ ᠠᠭᠤᠷ ᠠᠮᠢᠰᠬᠤᠯ ᠢᠯᠡᠷᠬᠡᠢ ᠳᠤᠯᠠᠭᠠᠨ ᠴᠢᠭᠢᠭ᠌ᠯᠢᠭ᠌ ᠣᠨᠴᠠᠯᠢᠭ ᠢᠯᠡᠷᠡᠭᠦᠯᠪᠡ᠃ ᠪᠥᠬᠦ᠌ ᠤᠯᠤᠰ᠎ᠤᠨ ᠳᠤᠮᠳᠠᠴᠢ ᠠᠭᠠᠷ᠎ᠤᠨ ᠳᠤᠯᠠᠭᠠᠨ 17.5°C ᠪᠠᠢ᠌ᠵᠤ᠂ ᠡᠩ᠎ᠦᠨ ᠵᠢᠯ᠎ᠦᠨ ᠬᠢ᠎ᠡᠴᠡ 0.9°C ᠥᠨᠳᠦᠷ ᠪᠠᠢᠵᠤ᠂ 1961 ᠣᠨ᠎ᠠᠴᠠ ᠨᠠᠭᠠᠰᠢᠬᠢ ᠲᠡᠦᠬᠡ᠎ᠶ᠋ᠢᠨ ᠠᠳᠠᠯᠢ ᠬᠤᠭᠤᠴᠠᠭᠠᠨ᠎ᠳᠠᠬᠢ ᠭᠤᠷᠪᠠᠳᠡᠬᠢ ᠥᠨᠳᠥᠷ ᠳᠤᠯᠠᠭ᠋ᠠᠨ᠎ᠤ ᠬᠡᠮᠵᠢᠶᠡᠨ᠎ᠳᠦ ᠬᠦᠷᠴᠡᠢ᠃ ᠪᠦᠬᠦ᠌ ᠤᠯᠤᠰ᠎ᠤᠨ ᠳᠤᠮᠳᠠᠴᠢ ᠲᠤᠨᠳᠠᠰᠤᠨ᠎ᠤ ᠬᠡᠮᠵᠢᠶ᠎ᠡ 264.2 ᠮᠢᠯᠢᠮᠧᠲᠷ᠂ ᠡᠩ᠎ᠦᠨ ᠵᠢᠯ᠎ᠦᠨ ᠬᠢ᠎ᠡᠴᠡ 6.1% ᠪᠡᠷ ᠢᠯᠡᠭᠦᠦ᠂ ᠠᠷᠪᠠᠨ ᠵᠢᠯ᠎ᠦᠨ ᠠᠳᠠᠯᠢ ᠬᠤᠭᠤᠴᠠᠭᠠᠨ᠎ᠳᠠᠬᠢ ᠬᠣᠶᠠᠳᠡᠬᠢ ᠲᠣᠨᠳᠠᠰᠤ ᠣᠯᠠᠨ ᠬᠡᠮᠵᠢᠶᠡᠨ᠎ᠳᠦ ᠬᠦᠷᠴᠡᠢ᠃
ᠦᠶᠡᠷ᠎ᠤᠨ ᠬᠤᠭᠤᠴᠠᠭᠠᠨ᠎ᠳᠤ ᠤᠷᠤᠭᠰᠠᠨ᠎ᠠᠴᠠ ᠨᠠᠭ᠋ᠠᠰᠢ᠂ ᠤᠮᠠᠷᠠᠲᠤ ᠤᠷᠤᠨ᠎ᠤ ᠳᠤᠮᠳᠠᠴᠢ ᠲᠤᠨᠳᠠᠰᠤᠨ᠎ᠤ ᠬᠡᠮᠵᠢᠶ᠎ᠡ 228.6 ᠮᠢᠯᠢᠮᠧᠲᠷ ᠪᠠᠢ᠌ᠵᠤ᠂ ᠡᠩ᠎ᠦᠨ ᠵᠢᠯ᠎ᠦᠨ ᠠᠳᠠᠯᠢ ᠬᠤᠭᠤᠴᠠᠭᠠᠨ᠎ᠤ ᠬᠢ᠎ᠠᠴᠠ 23.1% ᠪᠠᠷ ᠢᠯᠡᠭᠦᠦ᠂ ᠠᠷᠪᠠᠨ ᠵᠢᠯ᠎ᠦᠨ ᠠᠳᠠᠯᠢ ᠬᠤᠭᠤᠴᠠᠭᠠᠨ᠎ᠳᠠᠬᠢ ᠲᠣᠨᠳᠠᠰᠤ ᠬᠠᠮᠤᠭ᠎ᠤᠨ ᠣᠯᠠᠨ ᠬᠡᠮᠵᠢᠶᠡᠨ᠎ᠳᠦ ᠬᠦᠷᠴᠡᠢ᠃
ᠵᠢᠱ᠌ᠢᠯᠲᠡ᠎ᠪᠠᠷ ᠡᠨᠡ ᠵᠢᠯ᠎ᠦᠨ ᠡᠪᠦᠯ ᠨᠡᠢ᠌ᠲᠡᠮᠳᠦᠪᠡᠨ ᠳᠤᠯᠠᠭᠠᠨ ᠡᠪᠦᠯ᠎ᠦᠨ ᠣᠨᠴᠠᠯᠢᠭ ᠢᠯᠡᠷᠡᠵᠦ᠍᠂ ᠢᠷᠡᠬᠦ᠌ ᠵᠢᠯ᠎ᠦᠨ ᠵᠣᠨ᠎ᠤ ᠤᠯᠠᠷᠢᠯ᠎ᠤᠨ ᠬᠥᠬᠡ ᠮᠥᠷᠡᠨ᠎ᠦ ᠰᠠᠪᠠ ᠭᠠᠵᠠᠷ᠎ᠤᠨ ᠲᠤᠨᠳᠠᠰᠤ᠎ᠨᠢ ᠣᠨᠴᠠᠭᠠᠢ ᠠᠷᠪᠢᠨ ᠪᠣᠯᠣᠨ᠎ᠠ
ᠡᠨᠡ ᠵᠢᠯ ᠮᠠᠨ᠎ᠤ ᠤᠯᠤᠰ᠎ᠤᠨ ᠵᠤᠨ ᠨᠠᠮᠤᠷ᠎ᠤᠨ ᠤᠯᠠᠷᠢᠯ᠎ᠳᠤ ᠤᠮᠠᠷᠠᠳᠤ ᠣᠷᠤᠨ᠂ ᠵᠡᠭᠦᠨ ᠬᠣᠢᠲᠤ᠌ ᠣᠷᠤᠨ ᠵᠢᠴᠢ ᠵᠢᠶᠠᠩᠨᠠᠨ ᠣᠷᠤᠨ᠎ᠤ ᠲᠤᠨᠳᠠᠰᠤ ᠣᠯᠠᠨ᠂ ᠬᠥᠬᠡ ᠮᠥᠷᠡᠨ᠎ᠦ ᠳᠤᠮᠳᠠᠳᠤ ᠤᠷᠤᠰᠭᠠᠯ᠎ᠤᠨ ᠣᠷᠣᠨ᠎ᠳᠤ ᠲᠤᠨᠳᠠᠰᠤ ᠴᠥᠭᠡᠨ ᠪᠠᠢᠵᠤ᠂ ᠡᠪᠦᠯ᠎ᠦᠨ ᠤᠯᠠᠷᠢᠯ ᠨᠡᠢ᠌ᠲᠡᠮᠳᠦᠪᠡᠨ ᠳᠤᠯᠠᠭᠠᠨ ᠡᠪᠦᠯ᠎ᠦᠨ ᠣᠨᠴᠠᠯᠢᠭ ᠢᠯᠡᠷᠡᠨ᠎ᠡ᠃
ᠤᠯᠤᠰ᠎ᠤᠨ ᠳᠠᠯᠠᠢ ᠲᠠᠩᠭᠢᠰ᠎ᠤᠨ ᠣᠷᠴᠢᠨ ᠲᠣᠭᠤᠷᠢᠨᠦ ᠤᠷᠢᠳᠴᠢᠯᠠᠨ ᠮᠡᠳᠡᠭᠡᠯᠡᠬᠦ᠌ ᠲᠥᠪ᠎ᠦᠨ ᠠᠵᠢᠯᠲᠠᠨ᠎ᠤ ᠬᠡᠯᠡᠭᠰᠡᠨ᠎ᠢᠶᠡᠷ᠂ ᠳᠡᠭᠡᠳᠦ ᠬᠡᠮᠵᠢᠶ᠎ᠡ᠎ᠪᠡᠷ ᠰᠡᠷᠡᠮᠵᠢᠯᠡᠭᠦᠰᠢᠲᠡᠢ ᠨᠢ ᠡᠸᠯᠨᠢᠨᠤ᠋ᠶᠢᠨ ᠳᠠᠷᠠᠭ᠎ᠠ ᠵᠢᠯ᠎ᠦᠨ ᠠᠭᠤᠷ ᠠᠮᠢᠰᠭᠤᠯ᠎ᠤᠨ ᠨᠥᠯᠦᠭᠡ ᠨᠢ ᠨᠠᠩ ᠢᠯᠡᠷᠬᠡᠢ ᠪᠣᠯᠣᠨ᠎ᠠ᠃ ᠵᠢᠱ᠌ᠢᠯᠲᠡ᠎ᠪᠠᠷ ᠢᠷᠡᠬᠦ᠌ ᠵᠢᠯ᠎ᠤᠨ ᠵᠣᠨ᠎ᠤ ᠤᠯᠠᠷᠢᠯ᠎ᠤᠨ ᠬᠥᠬᠡ ᠮᠥᠷᠡᠨ᠎ᠦ ᠰᠠᠪᠠ ᠭᠠᠵᠠᠷ᠎ᠲᠤ᠌ ᠲᠤᠨᠳᠠᠰᠤ ᠣᠨᠴᠠᠭᠠᠢ ᠣᠯᠠᠨ ᠪᠠᠶ᠋ᠢᠵᠤ᠂ ᠦᠶᠡᠷ ᠤᠰᠤᠲᠤᠯ᠎ᠤᠨ ᠭᠠᠮᠰᠢᠭ᠎ᠤᠨ ᠲᠦᠭᠰᠢᠭᠦᠷᠢ ᠨᠡᠯᠢᠶᠡᠳ ᠥᠨᠳᠦᠷ ᠪᠠᠶ᠋ᠢᠵᠤ᠂ ᠦᠶᠡᠷ᠎ᠢ ᠰᠡᠷᠭᠡᠶ᠋ᠢᠯᠡᠬᠦ᠌ ᠳᠠᠷᠤᠯᠲᠠ ᠬᠦᠨᠳᠦ ᠨᠣᠴᠢᠲᠠᠢ ᠪᠣᠯᠣᠨ᠎ᠠ᠃ ᠡᠯ᠎ᠡ ᠭᠠᠵᠠᠷ᠎ᠤᠨ ᠬᠢᠨ ᠦᠶᠡᠷ᠎ᠢ ᠰᠡᠷᠭᠡᠶ᠋ᠢᠯᠡᠵᠦ᠍ ᠦᠶᠡᠷ᠎ᠢ ᠪᠡᠯᠡᠳᠬᠡᠬᠦ᠂ ᠳᠠᠯᠠᠢ ᠲᠠᠩᠭᠢᠰ᠎ᠤᠨ ᠠᠮᠢ ᠠᠬᠤᠢ᠎ᠶ᠋ᠢᠨ ᠬᠢᠨᠠᠨ ᠰᠢᠨᠵᠢᠯᠲᠡ᠂ ᠭᠠᠮᠰᠢᠭ᠎ᠤᠨ ᠰᠡᠷᠭᠡᠶ᠋ᠢᠯᠡᠯᠲᠡ ᠵᠡᠷᠭᠡ ᠠᠵᠢᠯ᠎ᠢᠶᠠᠨ ᠤᠷᠢᠳᠴᠢᠯᠠᠨ ᠪᠠᠶ᠋ᠢᠷᠢᠯᠠᠭᠤᠯᠵᠤ᠂ ᠡᠯ᠎ᠡ ᠲᠦᠷᠦᠯ᠎ᠤᠨ ᠡᠭᠦᠰᠦᠮᠡᠯ ᠭᠠᠮᠰᠢᠭ᠎ᠢ ᠪᠦᠬᠦ᠌ ᠬᠦᠴᠦᠨ᠎ᠢᠶᠠᠷ᠎ᠢᠶᠠᠨ ᠰᠡᠷᠭᠡᠶ᠋ᠢᠯᠡᠬᠦ᠌ ᠬᠡᠷᠡᠭᠲᠡᠢ ᠭᠡᠵᠡᠢ᠃
ᠠᠭᠤᠷ ᠠᠮᠢᠰᠭᠤᠯ ᠳᠤᠯᠠᠭᠠᠷᠠᠭᠰᠠᠨ ᠪᠠᠢᠳᠠᠯ ᠳᠣᠤᠷ᠎ᠠ᠂ ᠴᠠᠭ ᠠᠭᠤᠷ᠎ᠤᠨ ᠲᠤᠢᠯᠰᠢᠷᠠᠯ ᠴᠢᠨᠠᠷ ᠴᠢᠩᠭᠠᠷᠠᠵᠤ᠂ ᠪᠤᠳᠤᠯᠢᠶᠠᠨᠲᠤ᠌ ᠴᠢᠨᠠᠷ ᠨᠡᠮᠡᠭᠳᠡᠵᠦ᠍᠂ ᠠᠭᠤᠷ ᠠᠮᠢᠰᠭᠤᠯ᠎ᠤᠨ ᠵᠢᠮ᠎ᠡ ᠶᠣᠰᠤ ᠬᠤᠪᠢᠷᠠᠵᠤ ᠪᠠᠢᠨ᠎ᠠ
ᠵᠢᠱ᠌ᠢᠶᠡᠯᠡᠪᠡᠯ᠂ ᠬᠡᠲᠦᠷᠡᠮᠡᠬᠡᠢ ᠭᠡᠨᠡᠳᠲᠡ᠎ᠶ᠋ᠢᠨ ᠭᠠᠮᠰᠢᠭ ᠶᠡᠬᠡᠲᠡᠢ ᠴᠠᠭ ᠠᠭᠤᠷ ᠤᠯᠠᠮ᠎ᠠᠴᠠ ᠤᠯᠠᠮ ᠣᠯᠠᠰᠢᠷᠠᠵᠤ᠂ ᠡᠸᠯᠨᠢᠨᠤ᠋ ᠪᠠ ᠪᠦᠬᠦ᠌ ᠪᠥᠮᠪᠦᠷᠴᠡᠭ᠎ᠦᠨ ᠳᠤᠯᠠᠭᠠᠷᠠᠯ ᠳᠠᠪᠬᠤᠴᠠᠵᠤ᠂ ᠴᠠᠭ ᠠᠭᠤᠷ ᠠᠭᠤᠷ ᠠᠮᠢᠰᠬᠤᠯ ᠬᠡᠪ᠎ᠦᠨ ᠪᠤᠰᠤ ᠪᠠᠢᠳᠠᠯ᠎ᠨᠢ ᠲᠠᠩ ᠭᠠᠭᠴᠠ ᠭᠠᠮᠰᠢᠭ᠎ᠤᠨ ᠲᠥᠷᠦᠯ᠂ ᠳᠠᠩ ᠭᠠᠭᠴᠠ ᠣᠷᠤᠨ ᠪᠦᠰᠡ᠎ᠶ᠋ᠢᠨ ᠬᠡᠯᠪᠡᠷᠢ᠎ᠪᠡᠷ ᠢᠯᠡᠷᠡᠬᠦ ᠦᠭᠡᠢ᠂ ᠬᠠᠷᠢᠨ ᠣᠯᠠᠨ ᠭᠠᠮᠰᠢᠭ ᠵᠡᠷᠭᠡ᠎ᠪᠡᠷ ᠡᠭᠦᠰᠬᠦ᠂ ᠣᠯᠠᠨ ᠣᠷᠣᠨ᠎ᠳᠤ ᠵᠡᠷᠭᠡ᠎ᠪᠡᠷ ᠡᠭᠦᠰᠬᠦ᠌ ᠵᠡᠷᠭᠡ ᠪᠤᠳᠤᠯᠢᠶᠠᠨᠲᠠᠢ ᠣᠨᠴᠠᠯᠢᠭ ᠢᠯᠡᠷᠡᠵᠦ᠍᠂ ᠡᠭᠦᠰᠬᠦ ᠵᠢᠮ᠎ᠡ ᠬᠠᠤᠯᠢ᠎ᠨᠢ ᠪᠤᠳᠤᠯᠢᠶᠠᠨᠲᠠᠢ ᠪᠥᠭᠡᠳ ᠬᠤᠪᠢᠷᠠᠯᠲᠠ ᠶᠡᠬᠡᠲᠡᠢ ᠪᠣᠯᠵᠤ᠂ ᠬᠢᠨᠠᠨ ᠰᠢᠨᠵᠢᠵᠦ ᠲᠥᠰᠦᠭᠡᠯᠡᠬᠦ᠌ ᠬᠦᠴᠢᠷᠳᠡᠯ᠎ᠢ ᠴᠤ᠌ ᠨᠡᠮᠡᠭᠳᠡᠭᠦᠯᠦᠨ᠎ᠡ᠃