ᠢᠯᠡ ᠵᠠᠰᠠᠭ   -   ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ ᠭᠡᠨᠡᠳᠲᠡ᠎ᠶᠢᠨ ᠬᠡᠷᠡᠭ᠎ᠦᠨ ᠡᠨᠧᠷᠭᠢ᠎ᠶᠢᠨ ᠬᠠᠩᠭᠠᠯᠭ᠎ᠠ᠎ᠶᠢᠨ ᠪᠠᠲᠤᠯᠠᠭ᠎ᠠ᠎ᠶᠢᠨ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠬᠡᠯ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠮᠡᠳᠡᠭᠳᠡᠯ
ᠨᠡᠶ᠋ᠢᠲᠡᠯᠡᠭᠰᠡᠨ ᠴᠠᠭ᠄ 2026-04-13

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ

ᠵᠠᠰᠠᠭ᠎ᠤᠨ ᠣᠷᠳᠣᠨ᠎ᠦ ᠠᠯᠪᠠᠨ ᠲᠢᠩᠬᠢᠮ᠎ᠦᠨ ᠪᠢᠴᠢᠭ ᠮᠠᠲᠧᠷᠢᠶᠠᠯ

ᠥᠪᠥᠷ ᠵᠠᠰᠠᠭ ᠠᠯᠪᠠᠨ ᠲᠠᠷᠬᠠᠭᠠᠭᠰᠠᠨ 〔2025〕 46 ᠳ᠋ᠤᠭᠠᠷ ᠲᠣᠭᠠᠲᠤ

 

ᠥᠪᠡᠷᠲᠡᠭᠡᠨ ᠵᠠᠰᠠᠬᠤ ᠣᠷᠣᠨ᠎ᠤ ᠭᠡᠨᠡᠳᠲᠡ᠎ᠶᠢᠨ ᠬᠡᠷᠡᠭ᠎ᠦᠨ ᠡᠨᠧᠷᠭᠢ᠎ᠶᠢᠨ ᠬᠠᠩᠭᠠᠯᠭ᠎ᠠ᠎ᠶᠢᠨ ᠪᠠᠲᠤᠯᠠᠭ᠎ᠠ᠎ᠶᠢᠨ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠬᠡᠯ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠮᠡᠳᠡᠭᠳᠡᠯ

 

ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ᠌ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ᠎ᠳᠦ᠄

ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠡᠨᠡᠳᠲᠡ᠎ᠶᠢᠨ ᠬᠡᠷᠡᠭ᠎ᠦᠨ ᠡᠨᠧᠷᠭᠢ᠎ᠶᠢᠨ ᠬᠠᠩᠭᠠᠯᠭ᠎ᠠ᠎ᠶᠢᠨ ᠪᠠᠲᠤᠯᠠᠭ᠎ᠠ᠎ᠶᠢᠨ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠬᠡᠯ ᠲᠥᠰᠥᠯ》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠢᠶᠠᠷ ᠵᠥᠪᠰᠢᠶᠡᠷᠡᠭᠦᠯᠦᠭᠡᠳ᠂ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠲᠤᠭᠠᠢ᠃

2025 ᠣᠨ᠎ᠤ 12 ᠳ᠋ᠤᠭᠠᠷ ᠰᠠᠷ᠎ᠠ᠎ᠶᠢᠨ 31᠎ᠦ ᠡᠳᠦᠷ

(ᠲᠣᠰ ᠪᠢᠴᠢᠭ ᠮᠠᠲᠧᠷᠢᠶᠠᠯ᠎ᠢ ᠢᠯᠡ ᠨᠡᠢᠲᠡᠯᠡᠨ᠎ᠡ)

 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠡᠨᠡᠳᠲᠡ᠎ᠶᠢᠨ ᠬᠡᠷᠡᠭ᠎ᠦᠨ ᠡᠨᠧᠷᠭᠢ᠎ᠶᠢᠨ ᠬᠠᠩᠭᠠᠯᠭ᠎ᠠ᠎ᠶᠢᠨ ᠪᠠᠲᠤᠯᠠᠭ᠎ᠠ᠎ᠶᠢᠨ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠬᠡᠯ ᠲᠥᠰᠥᠯ

1 ᠶᠡᠷᠦᠩᠬᠡᠢ ᠳᠦᠷᠢᠮ

1.1 ᠨᠠᠢᠷᠠᠭᠤᠯᠤᠨ ᠲᠣᠭᠲᠠᠭᠠᠭᠰᠠᠨ ᠵᠣᠷᠢᠯᠭ᠎ᠠ

ᠰᠢ᠎ᠵᠢᠨ᠎ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠨ᠂ ᠶᠡᠷᠦᠩᠬᠡᠢ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠦᠨ ᠲᠣᠭᠣᠷᠢᠨ᠎ᠳᠤ ᠴᠢᠩᠭ᠎ᠠ ᠨᠢᠭ᠍ᠲᠠᠷᠠᠨ᠂ ᠡᠯ᠎ᠡ ᠲᠥᠷᠥᠯ᠎ᠦᠨ ᠭᠡᠨᠡᠳᠲᠡ᠎ᠶᠢᠨ ᠬᠡᠷᠡᠭ᠎ᠡᠴᠡ ᠪᠣᠯᠤᠭᠰᠠᠨ ᠡᠨᠧᠷᠭᠢ᠎ᠶᠢᠨ ᠬᠠᠩᠭᠠᠯᠭ᠎ᠠ ᠬᠣᠮᠰᠠᠳᠠᠬᠤ ᠬᠡᠷᠡᠭ᠎ᠢ ᠪᠦᠲᠦᠮᠵᠢᠲᠡᠶ ᠠᠷᠭᠠᠴᠠᠭᠠᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠦᠨ ᠬᠣᠷᠰᠢᠨ ᠬᠥᠳᠡᠯᠦᠯᠴᠡᠬᠦ᠎ᠶᠢ ᠴᠢᠩᠭᠠᠷᠠᠭᠤᠯᠤᠨ᠂ ᠠᠷᠭᠠᠴᠠᠭᠠᠨ ᠰᠢᠢᠳᠪᠦᠷᠢᠯᠡᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠪᠥᠬᠥ ᠣᠷᠣᠨ᠎ᠤ ᠡᠨᠧᠷᠭᠢ᠎ᠶᠢᠨ ᠦᠢᠯᠡᠳᠪᠦᠷᠢᠯᠡᠯ ᠬᠠᠩᠭᠠᠯᠭ᠎ᠠ᠎ᠶᠢᠨ ᠠᠮᠤᠷ ᠲᠦᠪᠰᠢᠨ ᠲᠣᠭᠲᠠᠭᠤᠨ᠎ᠢ ᠪᠠᠲᠤᠯᠠᠨ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠲᠡᠢ ᠲᠤᠯᠭᠠᠭᠤᠷᠢᠯᠠᠯ ᠬᠠᠩᠭᠠᠨ᠎ᠠ᠃

1.2 ᠨᠠᠢᠷᠠᠭᠤᠯᠤᠨ ᠲᠣᠭᠲᠠᠭᠠᠭᠰᠠᠨ ᠦᠨᠳᠦᠰᠦᠯᠡᠯ

《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠭᠡᠨᠡᠳᠲᠡ᠎ᠶᠢᠨ ᠬᠡᠷᠡᠭ᠎ᠢ ᠠᠷᠭᠠᠴᠠᠭᠠᠬᠤ ᠬᠠᠤᠯᠢ》᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠡᠨᠧᠷᠭᠢ᠎ᠶᠢᠨ ᠬᠠᠤᠯᠢ》᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠨᠡᠭᠦᠷᠡᠰᠦᠨ᠎ᠦ ᠬᠠᠤᠯᠢ》᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠴᠠᠬᠢᠯᠭᠠᠨ ᠬᠦᠴᠦᠨ᠎ᠦ ᠬᠠᠤᠯᠢ》 ᠬᠢᠭᠡᠳ 《ᠤᠯᠤᠰ᠎ᠤᠨ ᠭᠡᠨᠡᠳᠲᠡ᠎ᠶᠢᠨ ᠬᠡᠷᠡᠭ᠎ᠦᠨ ᠪᠠᠴᠢᠮ ᠪᠠᠢᠳᠠᠯ᠎ᠢ ᠠᠷᠭᠠᠴᠠᠭᠠᠬᠤ ᠶᠡᠷᠦᠩᠬᠡᠢ ᠪᠡᠯᠡᠳᠬᠡᠯ ᠲᠥᠰᠥᠯ》 ᠵᠡᠷᠭᠡ ᠬᠠᠤᠯᠢ ᠴᠠᠭᠠᠵᠠ ᠵᠢᠴᠢ ᠪᠡᠯᠡᠳᠬᠡᠯ ᠲᠥᠰᠥᠯ᠃

1.3 ᠠᠵᠢᠯ᠎ᠤᠨ ᠵᠠᠷᠴᠢᠮ

ᠨᠢᠭᠡᠳᠦᠯᠲᠡᠢ ᠤᠳᠤᠷᠢᠳᠬᠤ᠂ ᠱᠠᠲᠤ ᠬᠤᠪᠢᠶᠠᠨ ᠬᠠᠷᠢᠭᠤᠴᠠᠬᠤ᠂ ᠰᠠᠯᠠᠭ᠎ᠠ ᠮᠥᠴᠢᠷ ᠬᠣᠯᠪᠤᠭᠠᠯᠠᠨ ᠬᠥᠳᠡᠯᠦᠯᠴᠡᠬᠦ᠂ ᠵᠠᠰᠠᠭ ᠬᠢᠭᠡᠳ ᠠᠵᠤ ᠠᠬᠤᠢᠯᠠᠯ ᠬᠠᠮᠵᠢᠯᠴᠠᠬᠤ᠂ ᠤᠷᠢᠳᠴᠢᠯᠠᠨ ᠰᠡᠷᠡᠮᠵᠢᠯᠡᠭᠦᠯᠬᠦ᠎ᠪᠠᠨ ᠴᠢᠩᠭᠠᠷᠠᠭᠤᠯᠬᠤ᠂ ᠰᠢᠨᠵᠢᠯᠡᠬᠦ ᠤᠬᠠᠭᠠᠨᠴᠢ᠎ᠪᠠᠷ ᠠᠷᠭᠠᠴᠠᠭᠠᠬᠤ᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠭᠣᠣᠯᠳᠠᠯᠭ᠎ᠠ᠎ᠶᠢ ᠳᠤᠪᠤᠢᠯᠭᠠᠬᠤ᠂ ᠨᠥᠭᠡᠴᠡᠯᠡᠬᠦ᠎ᠪᠠᠨ ᠴᠢᠩᠭᠠᠳᠬᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠲᠤᠯᠭᠠᠭᠤᠷᠢᠯᠠᠬᠤ ᠪᠣᠯᠣᠨ᠎ᠠ᠃

1.4 ᠲᠣᠬᠢᠷᠠᠭᠤᠯᠤᠨ ᠬᠡᠷᠡᠭᠯᠡᠬᠦ ᠬᠡᠪᠴᠢᠶ᠎ᠡ

ᠲᠤᠰ ᠪᠡᠯᠡᠳᠬᠡᠯ ᠲᠥᠰᠥᠯ᠎ᠢ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠣᠷᠣᠨ ᠬᠡᠪᠴᠢᠶᠡᠨ᠎ᠳᠡᠬᠢ ᠪᠠᠢᠭᠠᠯᠢ᠎ᠶᠢᠨ ᠭᠠᠮᠰᠢᠭ᠋᠂ ᠡᠨᠳᠡᠯ᠎ᠦᠨ ᠭᠠᠮᠰᠢᠭ᠋᠂ ᠤᠯᠠᠨ ᠨᠡᠢᠲᠡ᠎ᠶᠢᠨ ᠡᠷᠡᠭᠦᠯ ᠬᠠᠮᠠᠭᠠᠯᠠᠯ᠎ᠤᠨ ᠬᠡᠷᠡᠭ᠂ ᠨᠡᠢᠭᠡᠮ᠎ᠤᠨ ᠠᠮᠤᠷ ᠲᠦᠪᠰᠢᠨ᠎ᠤ ᠬᠡᠷᠡᠭ ᠵᠡᠷᠭᠡ ᠭᠡᠨᠡᠳᠲᠡ᠎ᠶᠢᠨ ᠬᠡᠷᠡᠭ᠎ᠡᠴᠡ ᠪᠣᠯᠵᠤ᠂ ᠡᠨᠧᠷᠭᠢ (ᠴᠠᠬᠢᠯᠭᠠᠨ ᠬᠦᠴᠦᠨ᠂ ᠪᠣᠯᠪᠠᠰᠤᠷᠠᠭᠤᠯᠤᠭᠰᠠᠨ ᠴᠢᠯᠠᠭᠤᠨ ᠲᠣᠰᠣ᠌᠂ ᠪᠠᠢᠭᠠᠯᠢ᠎ᠶᠢᠨ ᠰᠢᠲᠠᠮᠠᠬᠠᠢ ᠬᠡᠢ᠂ ᠨᠡᠭᠦᠷᠡᠰᠦ)᠎ᠶᠢᠨ ᠬᠠᠩᠭᠠᠯᠭ᠎ᠠ ᠬᠡᠷᠡᠭᠴᠡᠭᠡ ᠲᠡᠩᠴᠡᠭᠦᠷᠢ᠎ᠪᠡᠨ ᠠᠯᠳᠠᠭᠰᠠᠨ᠎ᠠᠴᠠ ᠡᠭᠦᠰᠦᠭᠰᠡᠨ ᠡᠨᠧᠷᠭᠢ᠎ᠶᠢᠨ ᠬᠠᠩᠭᠠᠯᠭ᠎ᠠ ᠬᠣᠮᠰᠠᠳᠠᠬᠤ ᠬᠡᠷᠡᠭ᠎ᠢ ᠠᠷᠭᠠᠴᠠᠭᠠᠨ ᠪᠠᠲᠤᠯᠠᠬᠤ ᠠᠵᠢᠯ᠎ᠳᠦ ᠲᠣᠬᠢᠷᠠᠭᠤᠯᠤᠨ ᠬᠡᠷᠡᠭᠯᠡᠨ᠎ᠡ᠃

ᠪᠠᠢᠭᠠᠯᠢ᠎ᠶᠢᠨ ᠭᠠᠮᠰᠢᠭ᠋᠂ ᠭᠠᠳᠠᠭᠠᠳᠤ᠎ᠶᠢᠨ ᠬᠦᠴᠦᠨ᠎ᠦ ᠡᠪᠳᠡᠯᠡᠭᠡ᠎ᠡᠴᠡ ᠪᠣᠯᠤᠭᠰᠠᠨ ᠶᠡᠬᠡ ᠬᠡᠪᠴᠢᠶ᠎ᠡ᠎ᠪᠡᠷ ᠴᠠᠬᠢᠯᠭᠠᠨ ᠵᠣᠭᠰᠣᠭᠰᠠᠨ ᠬᠡᠷᠡᠭ᠂ ᠲᠣᠰᠣ᠌ ᠬᠡᠢ᠎ᠶᠢᠨ ᠬᠠᠩᠭᠠᠯᠭ᠎ᠠ᠎ᠶᠢ ᠲᠠᠰᠤᠯᠳᠠᠭᠤᠯᠤᠭᠰᠠᠨ ᠬᠡᠷᠡᠭ ᠵᠢᠴᠢ ᠡᠨᠧᠷᠭᠢ᠎ᠶᠢᠨ ᠬᠦᠷᠢᠶ᠎ᠡ ᠴᠠᠷᠠᠭᠠᠨ᠎ᠳᠡᠬᠢ ᠠᠶᠤᠯ ᠦᠭᠡᠢ ᠦᠢᠯᠡᠳᠪᠦᠷᠢᠯᠡᠯ᠎ᠦᠨ ᠡᠨᠳᠡᠯ᠎ᠢ ᠰᠢᠢᠳᠪᠦᠷᠢᠯᠡᠨ ᠠᠷᠭᠠᠴᠠᠭᠠᠬᠤ᠎ᠳᠤ᠂ ᠬᠠᠮᠢᠶ᠎ᠠ ᠪᠦᠬᠦᠢ ᠪᠠᠴᠢᠮ ᠪᠠᠢᠳᠠᠯ᠎ᠢ ᠠᠷᠭᠠᠴᠠᠭᠠᠬᠤ ᠲᠤᠰᠬᠠᠢ ᠲᠥᠰᠥᠯ᠎ᠦᠨ ᠶᠣᠰᠣᠭᠠᠷ ᠬᠡᠷᠡᠭᠵᠢᠭᠦᠯᠦᠨ᠎ᠡ᠃

1.5 ᠪᠡᠯᠡᠳᠬᠡᠯ ᠲᠥᠰᠥᠯ᠎ᠦᠨ ᠲᠣᠭᠲᠠᠯᠴᠠᠭ᠎ᠠ

ᠥᠪᠡᠷᠲᠡᠭᠡᠨ ᠵᠠᠰᠠᠬᠤ ᠣᠷᠣᠨ᠎ᠤ ᠭᠡᠨᠡᠳᠲᠡ᠎ᠶᠢᠨ ᠬᠡᠷᠡᠭ᠎ᠤᠨ ᠡᠨᠧᠷᠭᠢ᠎ᠶᠢᠨ ᠬᠠᠩᠭᠠᠯᠭ᠎ᠠ᠎ᠶᠢᠨ ᠪᠠᠲᠤᠯᠠᠭ᠎ᠠ᠎ᠶᠢᠨ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠬᠡᠯ ᠲᠥᠰᠥᠯ᠎ᠤᠨ ᠲᠣᠭᠲᠠᠯᠴᠠᠭ᠎ᠠ ᠨᠢ ᠲᠤᠰ ᠪᠡᠯᠡᠳᠬᠡᠯ ᠲᠥᠰᠥᠯ᠂ ᠠᠢᠮᠠᠭ ᠬᠤᠳᠠ᠂ ᠬᠣᠰᠢᠭᠤ ᠰᠢᠶᠠᠨ (ᠬᠤᠳᠠ᠂ ᠲᠣᠭᠣᠷᠢᠭ᠋)᠎ᠤ ᠡᠨᠧᠷᠭᠢ᠎ᠶᠢᠨ ᠬᠠᠩᠭᠠᠯᠭ᠎ᠠ᠎ᠶᠢᠨ ᠪᠠᠲᠤᠯᠠᠭ᠎ᠠ᠎ᠶᠢᠨ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠬᠡᠯ ᠲᠥᠰᠥᠯ᠂ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠡᠨᠧᠷᠭᠢ ᠦᠢᠯᠡᠳᠪᠦᠷᠢᠯᠡᠵᠦ ᠡᠵᠡᠩᠨᠡᠬᠦ ᠡᠯ᠎ᠡ ᠠᠵᠤ ᠠᠬᠤᠢᠯᠠᠯ᠎ᠤᠨ ᠬᠠᠩᠭᠠᠯᠭ᠎ᠠ᠎ᠶᠢᠨ ᠪᠠᠲᠤᠯᠠᠭ᠎ᠠ᠎ᠶᠢᠨ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠬᠡᠯ ᠲᠥᠰᠥᠯ᠂ ᠡᠨᠧᠷᠭᠢ ᠨᠥᠭᠡᠴᠡᠯᠡᠬᠦ ᠡᠯ᠎ᠡ ᠨᠢᠭᠡᠴᠢ᠎ᠶᠢᠨ ᠬᠡᠷᠡᠭᠯᠡᠬᠦ ᠪᠡᠯᠡᠳᠬᠡᠯ ᠲᠥᠰᠥᠯ (ᠲᠥᠰᠥᠯ)᠎ᠢᠶᠡᠷ ᠪᠦᠷᠢᠯᠳᠦᠨ᠎ᠡ᠃

2 ᠪᠠᠴᠢᠮ ᠪᠠᠢᠳᠠᠯ᠎ᠢ ᠠᠷᠭᠠᠴᠠᠭᠠᠬᠤ ᠵᠢᠯᠣᠭᠣᠳᠤᠯᠭ᠎ᠠ᠎ᠶᠢᠨ ᠲᠣᠭᠲᠠᠯᠴᠠᠭ᠎ᠠ ᠵᠢᠴᠢ ᠡᠭᠦᠷᠭᠡ ᠬᠠᠷᠢᠭᠤᠴᠠᠯᠭ᠎ᠠ

2.1 ᠥᠪᠡᠷᠲᠡᠭᠡᠨ ᠵᠠᠰᠠᠬᠤ ᠣᠷᠣᠨ᠎ᠤ ᠵᠢᠯᠤᠭᠣᠳᠬᠤ ᠭᠠᠵᠠᠷ

ᠥᠪᠡᠷᠲᠡᠭᠡᠨ ᠵᠠᠰᠠᠬᠤ ᠣᠷᠣᠨ᠎ᠤ ᠠᠳᠠᠯᠢ ᠪᠤᠰᠤ ᠲᠥᠷᠥᠯ ᠢᠯᠭᠠᠯ᠎ᠳᠤ ᠬᠠᠨᠳᠤᠭᠤᠯᠤᠨ ᠪᠠᠢᠭᠤᠯᠤᠭᠰᠠᠨ ᠭᠡᠨᠡᠳᠲᠡ᠎ᠶᠢᠨ ᠬᠡᠷᠡᠭ᠎ᠤᠨ ᠪᠠᠴᠢᠮ ᠪᠠᠢᠳᠠᠯ᠎ᠢ ᠠᠷᠭᠠᠴᠠᠭᠠᠬᠤ ᠠᠵᠢᠯ᠎ᠤᠨ ᠵᠢᠯᠤᠭᠣᠳᠬᠤ ᠪᠠᠢᠭᠤᠯᠤᠮᠵᠢ᠎ᠶᠢᠨ ᠱᠠᠭᠠᠷᠳᠠᠯᠭ᠎ᠠ᠎ᠶᠢ ᠦᠨᠳᠦᠰᠦᠯᠡᠨ᠂ ᠴᠢᠬᠤᠯᠠᠲᠠᠢ ᠦᠶ᠎ᠡ᠎ᠳᠤ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠬᠠᠩᠭᠠᠯᠭ᠎ᠠ᠎ᠶᠢᠨ ᠪᠠᠲᠤᠯᠠᠭ᠎ᠠ᠎ᠶᠢᠨ ᠪᠠᠴᠢᠮ ᠪᠠᠢᠳᠠᠯ᠎ᠢ ᠠᠷᠭᠠᠴᠠᠭᠠᠬᠤ ᠠᠵᠢᠯ᠎ᠤᠨ ᠵᠢᠯᠤᠭᠣᠳᠬᠤ ᠭᠠᠵᠠᠷ (ᠳᠣᠷᠣᠭ᠍ᠰᠢ ᠵᠢᠯᠤᠭᠣᠳᠬᠤ ᠭᠠᠵᠠᠷ ᠭᠡᠵᠦ ᠲᠣᠪᠴᠢᠯᠠᠨ᠎ᠠ)᠎ᠢ ᠪᠠᠢᠭᠤᠯᠵᠤ᠂ ᠡᠯ᠎ᠡ ᠲᠥᠷᠥᠯ᠎ᠤᠨ ᠭᠡᠨᠡᠳᠲᠡ᠎ᠶᠢᠨ ᠬᠡᠷᠡᠭ᠎ᠤᠨ ᠡᠨᠧᠷᠭᠢ᠎ᠶᠢᠨ ᠬᠠᠩᠭᠠᠯᠭ᠎ᠠ᠎ᠶᠢᠨ ᠪᠠᠲᠤᠯᠠᠭ᠎ᠠ᠎ᠶᠢᠨ ᠠᠵᠢᠯ᠎ᠢ ᠤᠳᠤᠷᠢᠳᠬᠤ᠂ ᠵᠣᠬᠢᠶᠠᠨ ᠪᠠᠢᠭᠤᠯᠬᠤ᠂ ᠵᠣᠬᠢᠴᠠᠭᠤᠯᠬᠤ᠎ᠶᠢ ᠬᠠᠷᠢᠭᠤᠴᠠᠨ᠎ᠠ᠃ ᠶᠡᠷᠦᠩᠬᠡᠢ ᠵᠢᠯᠣᠭᠣᠳᠤᠭ᠍ᠴᠢ᠎ᠶᠢᠨ ᠲᠤᠰᠢᠶᠠᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠨᠧᠷᠭᠢ᠎ᠶᠢᠨ ᠠᠵᠢᠯ᠎ᠢ ᠬᠤᠪᠢᠳᠠᠨ ᠬᠠᠮᠢᠶᠠᠷᠴᠤ ᠪᠠᠢᠭ᠎ᠠ ᠳᠡᠳ᠋ ᠲᠡᠷᠢᠭᠦᠯᠡᠭᠴᠢ ᠡᠭᠦᠷᠭᠡᠯᠡᠨ᠎ᠡ; ᠳᠡᠳ᠋ ᠶᠡᠷᠦᠩᠬᠡᠢ ᠵᠢᠯᠣᠭᠣᠳᠤᠭ᠍ᠴᠢ᠎ᠶᠢᠨ ᠲᠤᠰᠢᠶᠠᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠤᠪᠢᠳᠠᠨ ᠬᠠᠮᠢᠶᠠᠷᠴᠤ ᠪᠠᠢᠭ᠎ᠠ ᠳᠡᠳ᠋ ᠨᠠᠷᠢᠨ ᠪᠢᠴᠢᠭ᠎ᠤᠨ ᠳᠠᠷᠤᠭ᠎ᠠ (ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠤᠪᠢᠳᠠᠨ ᠬᠠᠮᠢᠶᠠᠷᠴᠤ ᠪᠠᠢᠭ᠎ᠠ ᠳᠡᠳ᠋ ᠡᠷᠬᠢᠯᠡᠭᠴᠢ)᠂ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠢᠩᠬᠢᠮ᠂ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠂ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ᠂ ᠤᠯᠤᠰ᠎ᠤᠨ ᠡᠨᠧᠷᠭᠢ᠎ᠶᠢᠨ ᠲᠣᠪᠴᠢᠶᠠᠨ᠎ᠤ ᠬᠤᠸᠠᠪᠧᠢ ᠣᠷᠣᠨ᠎ᠳᠡᠬᠢ ᠬᠢᠨᠠᠯᠲᠠ ᠬᠠᠮᠢᠶᠠᠷᠤᠯᠲᠠ᠎ᠶᠢᠨ ᠲᠣᠪᠴᠢᠶᠠᠨ᠎ᠤ ᠭᠣᠣᠯ ᠬᠠᠷᠢᠭᠤᠴᠠᠯᠭᠠᠲᠠᠨ ᠨᠥᠬᠥᠳ ᠡᠭᠦᠷᠭᠡᠯᠡᠨ᠎ᠡ; ᠪᠦᠷᠢᠯᠳᠦᠭᠦᠨ ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠨᠠᠮ᠎ᠤᠨ ᠬᠣᠷᠢᠶᠠᠨ᠎ᠤ ᠰᠦᠯᠵᠢᠶᠡᠨ᠎ᠦ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ᠎ᠶᠢᠨ ᠬᠣᠷᠢᠶᠠᠨ᠎ᠤ ᠠᠯᠪᠠᠨ ᠭᠡᠷ᠂ ᠡᠨᠧᠷᠭᠢ᠎ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠂ ᠳᠣᠲᠣᠭᠠᠳᠤ᠎ᠶᠢ ᠬᠠᠮᠠᠭᠠᠯᠠᠬᠤ ᠲᠢᠩᠬᠢᠮ᠂ ᠠᠷᠠᠳ᠎ᠤᠨ ᠶᠠᠪᠤᠳᠠᠯ᠎ᠤᠨ ᠲᠢᠩᠬᠢᠮ᠂ ᠡᠳ᠋᠎ᠦᠨ ᠵᠠᠰᠠᠭ᠎ᠤᠨ ᠲᠢᠩᠬᠢᠮ᠂ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠂ ᠤᠰᠤᠨ ᠠᠰᠢᠭ᠍ᠯᠠᠯᠲᠠ᠎ᠶᠢᠨ ᠲᠢᠩᠬᠢᠮ᠂ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠢᠩᠬᠢᠮ᠂ ᠤᠯᠤᠰ᠎ᠤᠨ ᠥᠮᠴᠢᠯᠡᠯᠲᠦ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠷᠠᠳᠢᠣ᠋ ᠲᠧᠯᠸᠢᠰ᠎ᠦᠨ ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠂ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ᠂ ᠲᠡᠦᠬᠡ᠎ᠶᠢᠨ ᠳᠤᠷᠠᠰᠬᠠᠯᠲᠤ ᠵᠦᠢᠯ᠎ᠦᠨ ᠲᠣᠪᠴᠢᠶ᠎ᠠ᠂ ᠥᠪᠥᠷ ᠮᠣᠩᠭᠣᠯ᠎ᠤᠨ ᠴᠢᠮᠡᠭᠡ ᠬᠣᠯᠪᠣᠭᠠᠨ᠎ᠤ ᠬᠠᠮᠢᠶᠠᠷᠤᠯᠲᠠ᠎ᠶᠢᠨ ᠲᠣᠪᠴᠢᠶ᠎ᠠ᠂ ᠥᠪᠥᠷ ᠮᠣᠩᠭᠣᠯ᠎ᠤᠨ ᠴᠠᠭ ᠠᠭᠤᠷ᠎ᠤᠨ ᠲᠣᠪᠴᠢᠶ᠎ᠠ᠂ ᠥᠪᠥᠷ ᠮᠣᠩᠭᠣᠯ᠎ᠤᠨ ᠭᠠᠯ ᠰᠡᠷᠭᠡᠢᠯᠡᠨ ᠤᠨᠲᠠᠷᠠᠭᠠᠵᠤ ᠠᠪᠤᠷᠠᠨ ᠲᠤᠰᠠᠯᠠᠬᠤ ᠶᠡᠷᠦᠩᠬᠡᠢ ᠠᠩᠭᠢ᠂ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠋᠎ᠤᠨ ᠪᠠᠲᠤᠯᠠᠭ᠎ᠠ᠎ᠶᠢᠨ ᠲᠣᠪᠴᠢᠶ᠎ᠠ᠂ ᠵᠡᠪᠰᠡᠭᠲᠦ ᠴᠠᠭᠳᠠᠭ᠎ᠠ᠎ᠶᠢᠨ ᠥᠪᠥᠷ ᠮᠣᠩᠭᠣᠯ᠎ᠤᠨ ᠶᠡᠷᠦᠩᠬᠡᠢ ᠠᠩᠭᠢ᠂ ᠤᠯᠤᠰ᠎ᠤᠨ ᠡᠨᠧᠷᠭᠢ᠎ᠶᠢᠨ ᠲᠣᠪᠴᠢᠶᠠᠨ᠎ᠤ ᠬᠤᠸᠠᠪᠧᠢ ᠣᠷᠣᠨ᠎ᠳᠠᠬᠢ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠤᠯᠤᠰ᠎ᠤᠨ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶᠠᠨ᠎ᠤ ᠥᠪᠥᠷ ᠮᠣᠩᠭᠣᠯ᠎ᠤᠨ ᠲᠣᠪᠴᠢᠶ᠎ᠠ᠂ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ ᠲᠣᠪᠴᠢᠶᠠᠨ᠎ᠤ ᠪᠦᠯᠦᠭᠯᠡᠯ᠎ᠦᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ᠎ᠤᠨ ᠲᠡᠮᠦᠷ ᠵᠠᠮ᠎ᠤᠨ ᠬᠠᠷᠪᠢᠨ ᠲᠣᠪᠴᠢᠶᠠᠨ᠎ᠤ ᠪᠦᠯᠦᠭᠯᠡᠯ᠎ᠦᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ᠎ᠤᠨ ᠲᠡᠮᠦᠷ ᠵᠠᠮ᠎ᠤᠨ ᠮᠦᠭᠳᠡᠨ ᠲᠣᠪᠴᠢᠶᠠᠨ᠎ᠤ ᠪᠦᠯᠦᠭᠯᠡᠯ᠎ᠦᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ ᠬᠥᠬᠡᠬᠣᠲᠠ᠎ᠶᠢᠨ ᠴᠢᠯᠠᠭᠤᠨ ᠲᠣᠰᠣ᠌ ᠬᠢᠮᠢ᠎ᠶᠢᠨ ᠠᠵᠤ ᠦᠢᠯᠡᠳᠪᠦᠷᠢ᠎ᠶᠢᠨ ᠺᠣᠮᠫᠠᠨᠢ᠂ ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ ᠥᠪᠥᠷ ᠮᠣᠩᠭᠣᠯ᠎ᠳᠠᠬᠢ ᠪᠣᠷᠣᠯᠠᠭᠤᠯᠤᠯᠲᠠ᠎ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ᠎ᠤᠨ ᠴᠢᠯᠠᠭᠤᠨ ᠲᠣᠰᠣ᠌ ᠪᠠᠢᠭᠠᠯᠢ᠎ᠶᠢᠨ ᠰᠢᠲᠠᠮᠠᠬᠠᠢ ᠬᠡᠢ ᠪᠣᠷᠣᠯᠠᠭᠤᠯᠬᠤ ᠥᠪᠥᠷ ᠮᠣᠩᠭᠣᠯ᠎ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ᠎ᠤᠨ ᠴᠢᠯᠠᠭᠤᠨ ᠲᠣᠰᠣ᠌ ᠬᠢᠮᠢ᠎ᠶᠢᠨ ᠠᠵᠤ ᠦᠢᠯᠡᠳᠪᠦᠷᠢ᠎ᠶᠢᠨ ᠪᠣᠷᠣᠯᠠᠭᠤᠯᠤᠯᠲᠠ᠎ᠶᠢᠨ ᠬᠣᠪᠢᠴᠠᠭᠠᠲᠣ᠌ ᠬᠢᠵᠠᠭᠠᠷᠲᠤ ᠺᠣᠮᠫᠠᠨᠢ᠎ᠶᠢᠨ ᠥᠪᠥᠷ ᠮᠣᠩᠭᠣᠯ᠎ᠳᠡᠬᠢ ᠴᠢᠯᠠᠭᠤᠨ ᠲᠣᠰᠣᠨ᠎ᠤ ᠬᠤᠪᠢᠶᠠᠷᠢ ᠺᠣᠮᠫᠠᠨᠢ᠂ ᠳᠤᠮᠳᠠᠳᠤ ᠤᠯᠤᠰ᠎ᠤᠨ ᠴᠢᠯᠠᠭᠤᠨ ᠲᠣᠰᠣ᠌ ᠬᠢᠮᠢ᠎ᠶᠢᠨ ᠠᠵᠤ ᠦᠢᠯᠡᠳᠪᠦᠷᠢ᠎ᠶᠢᠨ ᠬᠤᠸᠠᠪᠧᠢ ᠣᠷᠣᠨ᠎ᠳᠠᠬᠢ ᠲᠣᠰᠣ᠌ ᠬᠡᠢ᠎ᠶᠢᠨ ᠬᠤᠪᠢᠶᠠᠷᠢ ᠺᠣᠮᠫᠠᠨᠢ᠂ ᠤᠯᠤᠰ᠎ᠤᠨ ᠬᠣᠭᠣᠯᠠᠢ ᠲᠣᠣᠷ᠎ᠤᠨ ᠪᠦᠯᠦᠭᠯᠡᠯ᠎ᠦᠨ ᠪᠡᠭᠡᠵᠢᠩ᠎ᠦᠨ ᠬᠣᠭᠣᠯᠠᠢ ᠭᠤᠤᠷᠰᠤ᠎ᠶᠢᠨ ᠺᠣᠮᠫᠠᠨᠢ᠎ᠶᠢᠨ ᠥᠪᠥᠷ ᠮᠣᠩᠭᠣᠯ᠎ᠳᠡᠬᠢ ᠲᠣᠰᠣ᠌ ᠬᠡᠢ ᠳᠠᠮᠵᠢᠭᠤᠯᠬᠤ ᠬᠤᠪᠢᠶᠠᠷᠢ ᠺᠣᠮᠫᠠᠨᠢ᠂ ᠥᠪᠥᠷ ᠮᠣᠩᠭᠣᠯ᠎ᠤᠨ ᠪᠠᠷᠠᠭᠤᠨ ᠬᠡᠰᠡᠭ᠎ᠦᠨ ᠪᠠᠢᠭᠠᠯᠢ᠎ᠶᠢᠨ ᠰᠢᠲᠠᠮᠠᠬᠠᠢ ᠬᠡᠢ᠎ᠶᠢᠨ ᠬᠣᠪᠢᠴᠠᠭᠠᠲᠤ ᠬᠢᠵᠠᠭᠠᠷᠲᠤ ᠺᠣᠮᠫᠠᠨᠢ᠂ ᠥᠪᠥᠷ ᠮᠣᠩᠭᠣᠯ᠎ᠤᠨ ᠴᠠᠬᠢᠯᠭᠠᠨ ᠬᠦᠴᠦᠨ (ᠪᠦᠯᠦᠭᠯᠡᠯ)᠎ᠤ ᠺᠣᠮᠫᠠᠨᠢ᠂ ᠤᠯᠤᠰ᠎ᠤᠨ ᠴᠠᠬᠢᠯᠭᠠᠨ ᠬᠦᠴᠦᠨ᠎ᠦ ᠲᠣᠣᠷ᠎ᠤᠨ ᠥᠪᠥᠷ ᠮᠣᠩᠭᠣᠯ᠎ᠤᠨ ᠵᠡᠭᠦᠨ ᠬᠡᠰᠡᠭ᠎ᠲᠡᠬᠢ ᠴᠠᠬᠢᠯᠭᠠᠨ ᠬᠦᠴᠦᠨ᠎ᠦ ᠺᠣᠮᠫᠠᠨᠢ᠂ ᠥᠪᠥᠷ ᠮᠣᠩᠭᠣᠯ᠎ᠤᠨ ᠡᠨᠧᠷᠭᠢ᠎ᠶᠢᠨ ᠪᠦᠯᠦᠭᠯᠡᠯ᠎ᠦᠨ ᠬᠢᠵᠠᠭᠠᠷᠲᠤ ᠺᠣᠮᠫᠠᠨᠢ᠂ ᠤᠯᠤᠰ᠎ᠤᠨ ᠡᠨᠧᠷᠭᠢ᠎ᠶᠢᠨ ᠪᠦᠯᠦᠭᠯᠡᠯ᠎ᠦᠨ ᠥᠪᠥᠷ ᠮᠣᠩᠭᠣᠯ᠎ᠳᠠᠬᠢ ᠬᠤᠪᠢᠶᠠᠷᠢ ᠬᠡᠯᠲᠡᠰ ᠵᠡᠷᠭᠡ ᠰᠠᠯᠠᠭ᠎ᠠ ᠮᠥᠴᠢᠷ ᠨᠢᠭᠡᠴᠢ᠎ᠶᠢᠨ ᠬᠤᠪᠢᠳᠠᠨ ᠬᠠᠮᠢᠶᠠᠷᠴᠤ ᠪᠠᠢᠭ᠎ᠠ ᠨᠥᠬᠥᠳ᠎ᠢᠶᠡᠷ ᠪᠦᠷᠢᠯᠳᠦᠨ᠎ᠡ᠃

ᠭᠣᠣᠯ ᠡᠭᠦᠷᠭᠡ ᠬᠠᠷᠢᠭᠤᠴᠠᠯᠭ᠎ᠠ᠄ ᠡᠨᠧᠷᠭᠢ᠎ᠶᠢᠨ ᠬᠠᠩᠭᠠᠯᠭ᠎ᠠ᠎ᠶᠢ ᠪᠠᠲᠤᠯᠠᠬᠤ ᠲᠤᠬᠠᠢ ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠡᠯ᠎ᠡ ᠵᠦᠢᠯ᠎ᠤᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠠᠵᠢᠯ᠎ᠤᠨ ᠱᠠᠭᠠᠷᠳᠠᠯᠭ᠎ᠠ ᠶᠣᠰᠣᠭᠠᠷ᠂ ᠡᠯ᠎ᠡ ᠰᠠᠯᠠᠭ᠎ᠠ ᠮᠥᠴᠢᠷ᠎ᠢ ᠵᠣᠬᠢᠴᠠᠭᠤᠯᠵᠤ ᠪᠠᠢᠭᠠᠳ ᠡᠨᠧᠷᠭᠢ᠎ᠶᠢᠨ ᠬᠠᠩᠭᠠᠯᠭ᠎ᠠ᠎ᠶᠢ ᠪᠠᠲᠤᠯᠠᠬᠤ ᠠᠵᠢᠯ᠎ᠢ ᠪᠡᠶᠡᠯᠡᠭᠦᠯᠦᠨ᠎ᠡ; ᠪᠦᠬᠦ ᠣᠷᠣᠨ᠎ᠤ ᠡᠨᠧᠷᠭᠢ᠎ᠶᠢᠨ ᠬᠠᠩᠭᠠᠯᠭ᠎ᠠ᠎ᠶᠢ ᠬᠢᠨᠠᠨ ᠰᠢᠨᠵᠢᠬᠦ᠂ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠢᠳᠠᠯ᠎ᠢ ᠠᠷᠭᠠᠴᠠᠭᠠᠬᠤ᠎ᠶᠢ ᠵᠢᠯᠤᠭᠣᠳᠬᠤ ᠪᠠ ᠵᠣᠬᠢᠴᠠᠭᠤᠯᠵᠤ ᠪᠠᠲᠤᠯᠠᠬᠤ ᠠᠵᠢᠯ᠎ᠢ ᠡᠭᠦᠷᠭᠡᠯᠡᠵᠦ᠂ ᠡᠨᠧᠷᠭᠢ᠎ᠶᠢᠨ ᠬᠠᠩᠭᠠᠯᠭ᠎ᠠ᠎ᠶᠢᠨ ᠳᠤᠮᠳᠠᠬᠢ ᠴᠢᠬᠤᠯᠠ ᠶᠡᠬᠡ ᠠᠰᠠᠭᠤᠳᠠᠯ᠎ᠢ ᠵᠣᠬᠢᠴᠠᠭᠤᠯᠤᠨ ᠰᠢᠢᠳᠪᠦᠷᠢᠯᠡᠨ᠎ᠡ; ᠡᠨᠧᠷᠬᠢ᠎ᠶᠢᠨ ᠬᠠᠩᠭᠠᠯᠭ᠎ᠠ᠎ᠶᠢᠨ ᠪᠠᠢᠳᠠᠯ᠎ᠢ ᠰᠤᠳᠤᠯᠤᠨ ᠮᠠᠭᠠᠳᠯᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠤᠯᠤᠰ᠎ᠤᠨ ᠡᠨᠧᠷᠭᠢ᠎ᠶᠢᠨ ᠲᠣᠪᠴᠢᠶ᠎ᠠ᠎ᠳᠤ ᠡᠨᠧᠷᠭᠢ᠎ᠶᠢᠨ ᠬᠠᠩᠭᠠᠯᠭ᠎ᠠ᠎ᠶᠢᠨ ᠪᠠᠢᠳᠠᠯ᠎ᠢ ᠴᠠᠭ ᠲᠤᠬᠠᠢ᠎ᠳᠤ ᠨᠢ ᠮᠡᠳᠡᠭᠦᠯᠵᠦ᠂ ᠡᠨᠧᠷᠭᠢ᠎ᠶᠢᠨ ᠬᠠᠩᠭᠠᠯᠭ᠎ᠠ ᠬᠣᠮᠰᠠᠳᠠᠭᠰᠠᠨ ᠬᠡᠷᠡᠭ᠎ᠲᠤ ᠬᠠᠨᠳᠤᠭᠤᠯᠤᠨ ᠥᠪᠡᠷᠲᠡᠭᠡᠨ ᠵᠠᠰᠠᠬᠤ ᠣᠷᠣᠨ᠎ᠤ ᠳᠡᠰ ᠳᠠᠪᠬᠤᠷᠭ᠎ᠠ᠎ᠶᠢᠨ ᠠᠷᠭᠠᠴᠠᠭᠠᠬᠤ ᠠᠷᠭ᠎ᠠ ᠬᠡᠮᠵᠢᠶ᠎ᠡ᠎ᠶᠢ ᠵᠣᠬᠢᠶᠠᠨ ᠪᠠᠢᠭᠤᠯᠤᠨ ᠬᠡᠷᠡᠭᠵᠢᠭᠦᠯᠵᠦ᠂ ᠬᠠᠩᠭᠠᠯᠭ᠎ᠠ᠎ᠶᠢᠨ ᠪᠠᠲᠤᠯᠠᠭ᠎ᠠ᠎ᠶᠢᠨ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠠᠵᠢᠯ᠎ᠢ ᠵᠢᠯᠣᠭᠣᠳᠤᠨ᠎ᠠ; ᠤᠯᠤᠰ᠎ᠤᠨ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠬᠣᠯᠪᠣᠭᠳᠠᠯ ᠪᠦᠬᠦᠢ ᠮᠤᠵᠢ (ᠣᠷᠣᠨ᠂ ᠬᠤᠲᠠ)᠎ᠶᠢ ᠵᠣᠬᠢᠴᠠᠭᠤᠯᠵᠤ ᠪᠠᠢᠭᠠᠳ ᠡᠨᠧᠷᠭᠢ᠎ᠶᠢᠨ ᠲᠠᠯ᠎ᠠ᠎ᠪᠠᠷ ᠮᠤᠵᠢ ᠠᠯᠤᠰᠯᠠᠨ ᠬᠠᠷᠢᠯᠴᠠᠨ ᠲᠤᠰᠠᠯᠠᠯᠴᠠᠬᠤ ᠪᠠᠲᠤᠯᠠᠭ᠎ᠠ᠎ᠶᠢᠨ ᠴᠢᠳᠠᠪᠤᠷᠢ᠎ᠪᠠᠨ ᠴᠢᠩᠭᠠᠷᠠᠭᠤᠯᠤᠨ᠎ᠠ; ᠬᠣᠯᠪᠣᠭᠳᠠᠯ ᠪᠦᠬᠦᠢ ᠠᠢᠮᠠᠭ ᠬᠤᠲᠠ᠎ᠶᠢᠨ ᠵᠢᠯᠤᠭᠣᠳᠬᠤ ᠭᠠᠵᠠᠷ᠎ᠢ ᠵᠢᠯᠤᠭᠣᠳᠴᠤ ᠪᠠᠢᠭᠠᠳ ᠡᠨᠧᠷᠭᠢ᠎ᠶᠢᠨ ᠬᠠᠩᠭᠠᠯᠭ᠎ᠠ᠎ᠶᠢᠨ ᠪᠠᠲᠤᠯᠠᠭ᠎ᠠ᠎ᠶᠢᠨ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠠᠵᠢᠯ᠎ᠢ ᠥᠷᠨᠢᠭᠦᠯᠦᠨ᠎ᠡ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠢᠶᠠᠷ ᠵᠥᠪᠰᠢᠶᠡᠷᠡᠭᠦᠯᠬᠦ ᠪᠤᠶᠤ ᠡᠷᠬᠡ ᠣᠯᠭᠣᠭᠤᠯᠵᠤ᠂ ᠪᠠᠴᠢᠮ ᠪᠠᠢᠳᠠᠯ᠎ᠢ ᠠᠷᠭᠠᠴᠠᠭᠠᠵᠤ ᠴᠤᠤᠷᠢᠶᠠᠲᠤᠨ ᠳᠠᠭᠠᠬᠤ ᠳᠡᠰ ᠢᠯᠭᠠᠯ ᠵᠢᠴᠢ ᠪᠡᠯᠡᠳᠬᠡᠯ ᠲᠥᠰᠥᠯ᠎ᠢ ᠡᠬᠢᠯᠡᠭᠦᠯᠬᠦ᠂ ᠳᠠᠭᠤᠰᠬᠠᠬᠤ᠎ᠳᠦ ᠲᠣᠬᠢᠷᠠᠭᠤᠯᠤᠯᠲᠠ ᠬᠢᠨ᠎ᠡ᠃

2.2 ᠥᠪᠡᠷᠲᠡᠭᠡᠨ ᠵᠠᠰᠠᠬᠤ ᠣᠷᠣᠨ᠎ᠤ ᠵᠢᠯᠤᠭᠣᠳᠬᠤ ᠭᠠᠵᠠᠷ᠎ᠤᠨ ᠠᠯᠪᠠᠨ ᠭᠡᠷ

ᠥᠪᠡᠷᠲᠡᠭᠡᠨ ᠵᠠᠰᠠᠬᠤ ᠣᠷᠣᠨ᠎ᠤ ᠵᠢᠯᠤᠭᠣᠳᠬᠤ ᠭᠠᠵᠠᠷ᠎ᠤᠨ ᠠᠯᠪᠠᠨ ᠭᠡᠷ᠎ᠢ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ᠎ᠳᠤ ᠲᠣᠬᠢᠷᠠᠭᠤᠯᠵᠤ᠂ ᠠᠯᠪᠠᠨ ᠭᠡᠷ᠎ᠤᠨ ᠡᠷᠬᠢᠯᠡᠭᠴᠢ᠎ᠶᠢᠨ ᠲᠤᠰᠢᠶᠠᠯ᠎ᠢ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶᠠᠨ᠎ᠤ ᠳᠠᠷᠤᠭ᠎ᠠ ᠬᠠᠪᠰᠤᠷᠭᠠᠨ ᠬᠠᠷᠢᠭᠤᠴᠠᠵᠤ᠂ ᠳᠡᠳ᠋ ᠡᠷᠬᠢᠯᠡᠭᠴᠢ᠎ᠶᠢᠨ ᠲᠤᠰᠢᠶᠠᠯ᠎ᠢ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶᠠᠨ᠎ᠤ ᠬᠤᠪᠢᠳᠠᠨ ᠬᠠᠮᠢᠶᠠᠷᠴᠤ ᠪᠠᠢᠭ᠎ᠠ ᠳᠡᠳ᠋ ᠲᠣᠪᠴᠢᠶᠠᠨ ᠳᠠᠷᠤᠭ᠎ᠠ ᠡᠭᠦᠷᠭᠡᠯᠡᠵᠦ᠂ ᠵᠢᠯᠤᠭᠣᠳᠬᠤ ᠭᠠᠵᠠᠷ᠎ᠤᠨ ᠪᠦᠷᠢᠯᠳᠦᠭᠦᠨ ᠨᠢᠭᠡᠴᠢ᠎ᠶᠢᠨ ᠬᠣᠯᠪᠣᠭᠳᠠᠯ ᠪᠦᠬᠦᠢ ᠭᠠᠵᠠᠷ ᠲᠠᠰᠤᠭ᠎ᠤᠨ ᠬᠠᠷᠢᠭᠤᠴᠠᠯᠭᠠᠲᠠᠨ ᠬᠣᠯᠪᠣᠭᠠᠴᠢᠨ᠎ᠤ ᠲᠤᠰᠢᠶᠠᠯ᠎ᠢ ᠡᠭᠦᠷᠭᠡᠯᠡᠨ᠎ᠡ᠃

ᠭᠣᠣᠯ ᠡᠭᠦᠷᠭᠡ ᠬᠠᠷᠢᠭᠤᠴᠠᠯᠭ᠎ᠠ᠄ ᠥᠪᠡᠷᠲᠡᠭᠡᠨ ᠵᠠᠰᠠᠬᠤ ᠣᠷᠣᠨ᠎ᠤ ᠵᠢᠯᠤᠭᠣᠳᠬᠤ ᠭᠠᠵᠠᠷ᠎ᠤᠨ ᠡᠨᠧᠷᠭᠢ᠎ᠶᠢᠨ ᠪᠠᠲᠤᠯᠠᠭ᠎ᠠ ᠬᠠᠩᠭᠠᠯᠭ᠎ᠠ᠎ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠤᠯᠠᠮᠵᠢᠯᠠᠵᠤ᠂ ᠵᠢᠯᠤᠭᠣᠳᠬᠤ ᠭᠠᠵᠠᠷ᠎ᠤᠨ ᠱᠠᠭᠠᠷᠳᠠᠯᠭ᠎ᠠ ᠶᠣᠰᠣᠭᠠᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠤᠯᠤᠰ᠎ᠤᠨ ᠬᠣᠯᠪᠣᠭᠳᠠᠯ ᠪᠦᠬᠦᠢ ᠶᠠᠮᠤᠨ ᠵᠥᠪᠯᠡᠯ᠎ᠳᠤ ᠬᠠᠮᠢᠶ᠎ᠠ ᠪᠦᠬᠦᠢ ᠪᠠᠢᠳᠠᠯ᠎ᠢ ᠮᠡᠳᠡᠭᠦᠯᠦᠨ ᠬᠦᠷᠭᠡᠨ᠎ᠡ; ᠡᠨᠧᠷᠭᠢ᠎ᠶᠢᠨ ᠬᠠᠩᠭᠠᠯᠭ᠎ᠠ᠎ᠶᠢᠨ ᠪᠠᠢᠳᠠᠯ᠎ᠢ ᠴᠤᠭᠯᠠᠭᠤᠯᠬᠤ᠂ ᠬᠢᠨᠠᠨ ᠰᠢᠨᠵᠢᠬᠦ᠂ ᠰᠤᠳᠤᠯᠤᠨ ᠮᠠᠭᠠᠳᠯᠠᠵᠤ᠂ ᠠᠷᠠᠳ᠎ᠤᠨ ᠠᠮᠢᠳᠤᠷᠠᠯ ᠪᠠ ᠭᠣᠣᠯᠳᠠᠯᠭ᠎ᠠ ᠪᠣᠯᠬᠤ ᠨᠢᠭᠡᠴᠢ᠎ᠶᠢᠨ ᠡᠨᠧᠷᠭᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠯᠤᠭ᠎ᠠ ᠵᠣᠯᠭᠠᠭᠤᠯᠤᠨ᠎ᠠ; ᠵᠢᠯᠤᠭᠣᠳᠬᠤ ᠭᠠᠵᠠᠷ᠎ᠤᠨ ᠪᠦᠷᠢᠯᠳᠦᠭᠦᠨ ᠨᠢᠭᠡᠴᠢ᠂ ᠪᠤᠰᠤᠳ ᠬᠠᠮᠢᠶ᠎ᠠ ᠪᠦᠬᠦᠢ ᠪᠠᠴᠢᠮ ᠪᠠᠢᠳᠠᠯ᠎ᠢ ᠠᠷᠭᠠᠴᠠᠭᠠᠬᠤ ᠲᠤᠰᠬᠠᠢ ᠵᠦᠢᠯ᠎ᠤᠨ ᠵᠢᠯᠤᠭᠣᠳᠬᠤ ᠪᠠᠢᠭᠤᠯᠤᠮᠵᠢ᠎ᠶᠢ ᠵᠣᠬᠢᠴᠠᠭᠤᠯᠵᠤ ᠪᠠᠢᠭᠠᠳ ᠨᠥᠭᠡᠴᠡᠯᠡᠬᠦ ᠪᠠ ᠬᠡᠷᠡᠭᠯᠡᠬᠦ᠂ ᠲᠡᠭᠡᠭᠡᠪᠦᠷᠢ᠎ᠶᠢ ᠪᠠᠲᠤᠯᠠᠬᠤ᠂ ᠥᠭᠡᠷ᠎ᠡ ᠪᠦᠲᠦᠭᠡᠭᠳᠡᠬᠦᠨ ᠦᠢᠯᠡᠳᠬᠦ ᠪᠠ ᠦᠢᠯᠡᠳᠪᠦᠷᠢᠯᠡᠯ ᠥᠷᠭᠡᠳᠬᠡᠬᠦ ᠵᠡᠷᠭᠡ ᠡᠨᠧᠷᠭᠢ᠎ᠶᠢᠨ ᠬᠠᠩᠭᠠᠯᠭ᠎ᠠ᠎ᠶᠢ ᠪᠠᠲᠤᠯᠠᠬᠤ ᠬᠠᠮᠢᠶ᠎ᠠ ᠪᠦᠬᠦᠢ ᠠᠵᠢᠯ᠎ᠢ ᠬᠠᠮᠲᠤ᠎ᠪᠠᠷ ᠰᠠᠢᠲᠤᠷ ᠬᠢᠨ᠎ᠡ; ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠬᠡᠯ ᠲᠥᠰᠥᠯ᠎ᠢ ᠨᠠᠢᠷᠠᠭᠤᠯᠤᠨ ᠵᠣᠬᠢᠶᠠᠬᠤ᠂ ᠵᠠᠰᠠᠪᠤᠷᠢ ᠣᠷᠣᠭᠤᠯᠬᠤ ᠪᠠ ᠰᠣᠷᠢᠯᠲᠠ᠎ᠶᠢ ᠵᠣᠬᠢᠶᠠᠨ ᠪᠠᠶ᠋ᠢᠭᠤᠯᠬᠤ ᠵᠡᠷᠭᠡ ᠠᠵᠢᠯ᠎ᠢ ᠲᠦᠷᠦᠭᠦᠯᠡᠨ ᠬᠠᠷᠢᠭᠤᠴᠠᠨ᠎ᠠ᠃

2.3 ᠥᠪᠡᠷᠲᠡᠭᠡᠨ ᠵᠠᠰᠠᠬᠤ ᠣᠷᠣᠨ᠎ᠤ ᠵᠢᠯᠤᠭᠣᠳᠬᠤ ᠭᠠᠵᠠᠷ᠎ᠤᠨ ᠪᠦᠷᠢᠯᠳᠦᠭᠦᠨ ᠨᠢᠭᠡᠴᠢ

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠄ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠯᠦ᠍ᠭᠡ ᠬᠠᠮᠲᠤᠷᠠᠨ ᠰᠣᠨᠢᠨ ᠮᠡᠳᠡᠭᠡ ᠨᠡᠢᠲᠡᠯᠡᠬᠦ ᠬᠤᠷᠠᠯ ᠵᠡᠷᠭᠡ ᠬᠡᠯᠪᠡᠷᠢ᠎ᠪᠠᠷ ᠳᠠᠮᠵᠢᠭᠤᠯᠤᠨ ᠡᠨᠧᠷᠭᠢ᠎ᠶᠢᠨ ᠪᠠᠲᠤᠯᠠᠭ᠎ᠠ᠎ᠶᠢᠨ ᠮᠡᠳᠡᠭᠡ ᠵᠠᠩᠭᠢ ᠨᠡᠢᠲᠡᠯᠡᠬᠦ ᠠᠵᠢᠯ᠎ᠢ ᠰᠠᠢᠲᠤᠷ ᠬᠢᠬᠦ᠎ᠶᠢ ᠬᠠᠷᠢᠭᠤᠴᠠᠵᠤ᠂ ᠵᠠᠭᠤᠴᠢᠯᠠᠭᠤᠷ᠎ᠢ ᠵᠣᠬᠢᠴᠠᠭᠤᠯᠵᠤ ᠪᠠᠢᠭᠠᠳ ᠡᠨᠧᠷᠭᠢ ᠬᠠᠩᠭᠠᠬᠤ᠂ ᠡᠨᠧᠷᠭᠢ ᠠᠷᠪᠢᠯᠠᠬᠤ ᠵᠡᠷᠭᠡ᠎ᠶᠢᠨ ᠶᠠᠷᠢᠶ᠎ᠠ ᠬᠡᠯᠡᠯᠴᠡᠭᠡᠨ᠎ᠤ ᠤᠬᠠᠭᠤᠯᠭ᠎ᠠ᠎ᠶᠢ ᠬᠥᠲᠥᠯᠥᠨ ᠵᠢᠯᠤᠭᠣᠳᠬᠤ ᠠᠵᠢᠯ᠎ᠢ ᠰᠠᠢᠲᠤᠷ ᠬᠢᠨ᠎ᠡ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠦᠯᠵᠢᠶᠡᠨ᠎ᠦ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ᠎ᠶᠢᠨ ᠬᠣᠷᠢᠶᠠᠨ᠎ᠤ ᠠᠯᠪᠠᠨ ᠭᠡᠷ᠄ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠯᠦ᠍ᠭᠡ ᠬᠠᠮᠲᠤᠷᠠᠨ ᠶᠠᠷᠢᠶ᠎ᠠ ᠬᠡᠯᠡᠯᠴᠡᠭᠡᠨ᠎ᠤ ᠪᠠᠢᠳᠠᠯ᠎ᠢ ᠬᠢᠨᠠᠨ ᠰᠢᠨᠵᠢᠬᠦ᠂ ᠬᠥᠲᠥᠯᠥᠨ ᠵᠢᠯᠤᠭᠣᠳᠬᠤ ᠪᠠ ᠮᠡᠳᠡᠭᠡ ᠵᠠᠩᠭᠢ᠎ᠶᠢ ᠬᠠᠮᠢᠶᠠᠷᠤᠨ ᠡᠵᠡᠮᠳᠡᠬᠦ ᠵᠡᠷᠭᠡ ᠠᠵᠢᠯ᠎ᠢ ᠰᠠᠢᠲᠤᠷ ᠬᠢᠬᠦ᠎ᠶᠢ ᠬᠠᠷᠢᠭᠤᠴᠠᠵᠤ᠂ ᠵᠠᠭᠤᠴᠢᠯᠠᠭᠤᠷ᠎ᠤᠨ ᠮᠡᠳᠡᠭᠡ ᠮᠡᠳᠡᠭᠡᠯᠡᠬᠦ᠂ ᠰᠣᠨᠢᠨ ᠮᠡᠳᠡᠭᠡ ᠨᠡᠢᠲᠡᠯᠡᠬᠦ ᠵᠡᠷᠭᠡ ᠬᠣᠯᠪᠣᠭᠳᠠᠯ ᠪᠦᠬᠦᠢ ᠠᠵᠢᠯ᠎ᠢ ᠬᠠᠮᠵᠢᠯᠴᠠᠨ ᠰᠠᠢᠲᠤᠷ ᠬᠢᠨ᠎ᠡ᠃

ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ᠄ ᠥᠪᠡᠷᠲᠡᠭᠡᠨ ᠵᠠᠰᠠᠬᠤ ᠣᠷᠣᠨ᠎ᠤ ᠵᠢᠯᠤᠭᠣᠳᠬᠤ ᠭᠠᠵᠠᠷ᠎ᠤᠨ ᠠᠯᠪᠠᠨ ᠭᠡᠷ᠎ᠤᠨ ᠡᠭᠦᠷᠭᠡ ᠬᠠᠷᠢᠭᠤᠴᠠᠯᠭ᠎ᠠ᠎ᠶᠢ ᠡᠭᠦᠷᠭᠡᠯᠡᠨ᠎ᠡ; ᠪᠥᠬᠦ ᠣᠷᠣᠨ᠎ᠤ ᠡᠨᠧᠷᠭᠢ᠎ᠶᠢᠨ ᠦᠢᠯᠡᠳᠪᠦᠷᠢᠯᠡᠯ᠎ᠤᠨ ᠪᠠᠢᠳᠠᠯ᠎ᠢ ᠬᠢᠨᠠᠨ ᠰᠢᠨᠵᠢᠵᠦ ᠵᠠᠳᠠᠯᠬᠤ ᠠᠵᠢᠯ᠎ᠢ ᠬᠠᠷᠢᠭᠤᠴᠠᠵᠤ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠶᠢ ᠵᠣᠬᠢᠶᠠᠨ ᠪᠠᠢᠭᠤᠯᠵᠤ ᠪᠠᠢᠭᠠᠳ ᠡᠨᠧᠷᠭᠢ᠎ᠶᠢᠨ ᠬᠠᠩᠭᠠᠯᠭ᠎ᠠ ᠬᠡᠷᠡᠭᠴᠡᠭᠡ᠎ᠶᠢᠨ ᠪᠠᠢᠳᠠᠯ᠎ᠢ ᠵᠠᠳᠠᠯᠵᠤ ᠰᠤᠳᠤᠯᠤᠨ ᠮᠠᠭᠠᠳᠯᠠᠵᠤ᠂ ᠡᠨᠧᠷᠭᠢ᠎ᠶᠢᠨ ᠬᠡᠷᠡᠭᠴᠡᠭᠡ᠎ᠶᠢ ᠣᠢᠯᠠᠭᠠᠨ ᠡᠵᠡᠮᠰᠢᠨ᠎ᠡ; ᠪᠥᠬᠦ ᠣᠷᠣᠨ᠎ᠤ ᠨᠡᠭᠦᠷᠡᠰᠦ᠂ ᠴᠠᠬᠢᠯᠭᠠᠨ ᠬᠦᠴᠦᠨ᠂ ᠲᠦᠭᠦᠬᠡᠢ ᠴᠢᠯᠠᠭᠤᠨ ᠲᠣᠰᠣ᠌᠂ ᠪᠠᠢᠭᠠᠯᠢ᠎ᠶᠢᠨ ᠰᠢᠲᠠᠮᠠᠬᠠᠢ ᠬᠡᠢ᠎ᠶᠢᠨ ᠡᠬᠢ ᠪᠠᠶᠠᠯᠢᠭ᠋᠎ᠢ ᠲᠣᠬᠢᠷᠠᠭᠤᠯᠬᠤ᠎ᠶᠢ ᠨᠢᠭᠡᠳᠦᠯᠲᠡᠢ ᠲᠥᠯᠥᠪᠯᠡᠨ ᠵᠢᠯᠣᠭᠣᠳᠤᠨ᠎ᠠ; ᠪᠥᠬᠦ ᠣᠷᠣᠨ᠎ᠤ ᠡᠨᠧᠷᠭᠢ᠎ᠶᠢᠨ ᠤᠷᠲᠤᠪᠲᠤᠷ ᠪᠠ ᠣᠷᠳᠣ᠌ ᠬᠤᠭᠤᠴᠠᠭᠠᠨ᠎ᠤ ᠭᠡᠷ᠎ᠡ ᠲᠣᠭᠲᠠᠬᠤ ᠠᠵᠢᠯ᠎ᠢ ᠵᠣᠬᠢᠶᠠᠨ ᠪᠠᠢᠭᠤᠯᠬᠤ᠎ᠶᠢᠨ ᠬᠠᠮᠲᠤ ᠭᠡᠷ᠎ᠡ ᠭᠦᠢᠴᠡᠳᠬᠡᠬᠦ᠎ᠶᠢ ᠨᠢ ᠰᠢᠮᠳᠠᠭᠤᠯᠤᠨ᠎ᠠ; ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠪᠠ ᠡᠨᠧᠷᠭᠢ᠎ᠶᠢᠨ ᠠᠵᠤ ᠠᠬᠤᠢᠯᠠᠯ᠎ᠢ ᠵᠣᠬᠢᠶᠠᠨ ᠪᠠᠢᠭᠤᠯᠤᠨ ᠵᠣᠬᠢᠴᠠᠭᠤᠯᠵᠤ ᠪᠠᠢᠭᠠᠳ ᠠᠵᠢᠯ᠎ᠤᠨ ᠬᠤᠪᠢᠶᠠᠷᠢᠯᠠᠯ ᠶᠣᠰᠣᠭᠠᠷ ᠡᠨᠧᠷᠭᠢ᠎ᠶᠢᠨ ᠬᠠᠩᠭᠠᠯᠭ᠎ᠠ᠎ᠶᠢ ᠪᠠᠲᠤᠯᠠᠬᠤ ᠠᠵᠢᠯ᠎ᠢ ᠥᠷᠨᠢᠭᠦᠯᠦᠨ᠎ᠡ᠃

ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠄ ᠤᠯᠤᠰ᠎ᠤᠨ ᠡᠨᠧᠷᠭᠢ᠎ᠶᠢᠨ ᠬᠢᠨᠠᠨ ᠰᠢᠨᠵᠢᠯᠲᠡ᠎ᠶᠢᠨ ᠮᠡᠳᠡᠭᠦᠯᠦᠯᠲᠡ᠎ᠶᠢᠨ ᠳᠦᠷᠢᠮ᠎ᠦᠨ ᠲᠣᠭᠲᠠᠭᠠᠯ ᠶᠣᠰᠣᠭᠠᠷ᠂ ᠬᠣᠯᠪᠣᠭᠳᠠᠯ ᠪᠦᠬᠦᠢ ᠡᠨᠧᠷᠭᠢ᠎ᠶᠢᠨ ᠵᠠᠬ᠎ᠠ ᠳᠡᠯᠭᠡᠭᠦᠷ᠎ᠦᠨ ᠦᠨ᠎ᠡ ᠬᠠᠩᠰᠢ᠎ᠶᠢ ᠬᠢᠨᠠᠨ ᠰᠢᠨᠵᠢᠬᠦ ᠠᠵᠢᠯ᠎ᠢ ᠬᠠᠷᠢᠭᠤᠴᠠᠨ᠎ᠠ᠃

ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠄ ᠬᠠᠩᠭᠠᠯᠭ᠎ᠠ᠎ᠶᠢ ᠬᠢᠵᠠᠭᠠᠷᠯᠠᠬᠤ ᠠᠵᠤ ᠦᠢᠯᠡᠳᠪᠦᠷᠢ᠎ᠶᠢᠨ ᠠᠵᠤ ᠠᠬᠤᠢᠯᠠᠯ᠎ᠢ ᠵᠢᠯᠤᠭᠣᠳᠴᠤ ᠪᠠᠢᠭᠠᠳ ᠦᠢᠯᠡᠳᠪᠦᠷᠢᠯᠡᠬᠦ ᠴᠢᠳᠠᠪᠤᠷᠢ᠎ᠶᠢ ᠨᠢ ᠪᠠᠭᠠᠰᠬᠠᠬᠤ᠂ ᠣᠷᠭᠢᠯ ᠦᠶ᠎ᠡ᠎ᠶᠢ ᠵᠥᠷᠢᠭᠦᠯᠦᠨ ᠦᠢᠯᠡᠳᠪᠦᠷᠢᠯᠡᠬᠦ ᠵᠡᠷᠭᠡ ᠠᠵᠢᠯ᠎ᠢ ᠬᠠᠷᠢᠭᠤᠴᠠᠨ᠎ᠠ; ᠡᠨᠧᠷᠭᠢ᠎ᠶᠢᠨ ᠬᠠᠩᠭᠠᠯᠭ᠎ᠠ᠎ᠶᠢ ᠪᠠᠲᠤᠯᠠᠬᠤ ᠠᠵᠢᠯ᠎ᠳᠤ ᠬᠡᠷᠡᠭᠰᠡᠬᠦ ᠡᠳ᠋ ᠪᠠᠷᠠᠭ᠎ᠠ᠂ ᠲᠣᠨᠣᠭ ᠲᠥᠬᠦᠭᠡᠷᠦᠮᠵᠢ᠎ᠶᠢᠨ ᠦᠢᠯᠡᠳᠪᠦᠷᠢᠯᠡᠯ᠂ ᠬᠠᠩᠭᠠᠯᠭ᠎ᠠ᠎ᠶᠢ ᠵᠣᠬᠢᠴᠠᠭᠤᠯᠤᠨ ᠨᠠᠢᠳᠠᠪᠤᠷᠢᠵᠢᠭᠤᠯᠤᠨ᠎ᠠ᠃

ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶᠢ ᠬᠠᠮᠠᠭᠠᠯᠠᠬᠤ ᠲᠢᠩᠬᠢᠮ᠂ ᠵᠡᠪᠰᠡᠭᠲᠦ ᠴᠠᠭᠳᠠᠭ᠎ᠠ᠎ᠶᠢᠨ ᠥᠪᠥᠷ ᠮᠣᠩᠭᠣᠯ᠎ᠤᠨ ᠶᠡᠷᠦᠩᠬᠡᠢ ᠠᠩᠭᠢ᠄ ᠨᠡᠢᠭᠡᠮ᠎ᠤᠨ ᠠᠮᠤᠷ ᠲᠦᠪᠰᠢᠨ᠎ᠢ ᠬᠠᠮᠠᠭᠠᠯᠠᠬᠤ᠎ᠶᠢ ᠬᠠᠷᠢᠭᠤᠴᠠᠵᠤ᠂ ᠡᠨᠧᠷᠭᠢ᠎ᠶᠢᠨ ᠬᠠᠩᠭᠠᠯᠭ᠎ᠠ᠎ᠶᠢᠨ ᠵᠠᠬ᠎ᠠ ᠳᠡᠯᠭᠡᠭᠦᠷ᠎ᠤᠨ ᠡᠮᠬᠢ ᠳᠢᠭ᠌ᠯᠢᠮ᠎ᠢ ᠰᠠᠮᠠᠭᠤᠷᠠᠭᠤᠯᠬᠤ᠂ ᠡᠨᠧᠷᠭᠢ᠎ᠶᠢᠨ ᠦᠨ᠎ᠡ ᠬᠠᠩᠰᠢ᠎ᠶᠢ ᠥᠷᠢᠰᠦᠯᠳᠦᠨ ᠥᠰᠬᠡᠬᠦ᠂ ᠬᠤᠯᠠᠭᠠᠢᠯᠠᠨ ᠮᠠᠯᠲᠠᠬᠤ᠂ ᠬᠤᠯᠠᠭᠠᠢᠯᠠᠨ ᠬᠠᠩᠭᠠᠬᠤ ᠵᠡᠷᠭᠡ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠶᠢ ᠬᠠᠤᠯᠢ ᠶᠣᠰᠣᠭᠠᠷ ᠪᠠᠢᠴᠠᠭᠠᠨ ᠰᠢᠢᠳᠪᠦᠷᠢᠯᠡᠬᠦ ᠪᠠ ᠲᠡᠭᠦᠨ᠎ᠳᠤ ᠴᠣᠬᠢᠯᠲᠠ ᠥᠭᠭᠦᠨ᠎ᠡ; ᠵᠠᠮ ᠬᠠᠷᠢᠯᠴᠠᠭᠠᠨ᠎ᠤ ᠵᠠᠬᠢᠷᠤᠨ ᠬᠠᠮᠢᠶᠠᠷᠤᠯᠲᠠ᠎ᠶᠢ ᠬᠡᠷᠡᠭᠵᠢᠭᠦᠯᠵᠦ᠂ ᠡᠨᠧᠷᠭᠢ᠎ᠶᠢᠨ ᠲᠡᠭᠡᠭᠡᠪᠦᠷᠢ ᠬᠦᠷᠭᠡᠯᠲᠡ᠎ᠶᠢ ᠪᠠᠲᠤᠯᠠᠨ᠎ᠠ; ᠬᠠᠩᠭᠠᠯᠭ᠎ᠠ᠎ᠶᠢ ᠪᠠᠲᠤᠯᠠᠬᠤ ᠭᠣᠣᠯᠳᠠᠯᠭ᠎ᠠ ᠪᠣᠯᠬᠤ ᠨᠢᠭᠡᠴᠢ᠂ ᠴᠢᠬᠤᠯᠠ ᠬᠠᠷᠠᠯᠲᠠ᠎ᠶᠢᠨ ᠠᠮᠤᠷ ᠲᠦᠪᠰᠢᠨ᠎ᠢ ᠬᠠᠮᠠᠭᠠᠯᠠᠨ᠎ᠠ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠄ ᠡᠭᠦᠷᠭᠡ ᠬᠠᠷᠢᠭᠤᠴᠠᠯᠭ᠎ᠠ᠎ᠶᠢᠨ ᠶᠣᠰᠣᠭᠠᠷ ᠬᠣᠯᠪᠣᠭᠳᠠᠯ ᠪᠦᠬᠦᠢ ᠰᠠᠯᠠᠭ᠎ᠠ ᠮᠥᠴᠢᠷ ᠯᠦ᠍ᠭᠡ ᠬᠠᠮᠵᠢᠯᠴᠠᠨ ᠭᠠᠮᠰᠢᠭ᠋᠎ᠤᠨ ᠳᠠᠷᠠᠭᠠᠬᠢ ᠠᠵᠢᠯ᠎ᠤᠨ ᠵᠣᠯᠭᠠᠯᠴᠠᠭ᠎ᠠ᠎ᠶᠢ ᠰᠠᠢᠲᠤᠷ ᠬᠢᠵᠦ᠂ ᠪᠠᠴᠢᠮ ᠪᠠᠢᠳᠠᠯ᠎ᠢ ᠠᠷᠭᠠᠴᠠᠭᠠᠬᠤ ᠬᠤᠭᠤᠴᠠᠭ᠎ᠠ᠂ ᠰᠢᠯᠵᠢᠯᠲᠡ᠎ᠶᠢᠨ ᠬᠤᠭᠤᠴᠠᠭᠠᠨ᠎ᠳᠡᠬᠢ ᠲᠡᠩᠬᠡᠷᠡᠭᠦᠯᠦᠨ ᠲᠤᠰᠠᠯᠠᠭᠰᠠᠨ᠎ᠤ ᠳᠠᠷᠠᠭᠠᠬᠢ ᠦᠨᠳᠦᠰᠦᠨ ᠠᠮᠢᠳᠤᠷᠠᠯ᠎ᠳᠤ ᠨᠢ ᠮᠥᠨ ᠬᠦ᠌ ᠬᠦᠴᠢᠷᠳᠡᠯ ᠣᠷᠣᠰᠢᠵᠤ ᠪᠠᠢᠭ᠎ᠠ ᠣᠷᠣᠯᠭ᠎ᠠ ᠪᠠᠭᠠᠲᠠᠢ ᠬᠥᠮᠥᠨ ᠠᠮᠠ᠎ᠳᠤ ᠲᠣᠭᠲᠠᠭᠠᠯ ᠶᠣᠰᠣᠭᠠᠷ ᠲᠦᠷ ᠴᠠᠭ᠎ᠤᠨ ᠲᠡᠩᠬᠡᠷᠡᠭᠦᠯᠦᠨ ᠲᠤᠰᠠᠯᠠᠯᠲᠠ ᠬᠠᠩᠭᠠᠨ᠎ᠠ᠃

ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠄ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠬᠠᠩᠭᠠᠯᠭ᠎ᠠ᠎ᠶᠢ ᠪᠠᠲᠤᠯᠠᠬᠤ᠎ᠶᠢᠨ ᠬᠠᠮᠢᠶ᠎ᠠ ᠪᠦᠬᠦᠢ ᠡᠳ᠋᠎ᠤᠨ ᠵᠠᠰᠠᠭ᠎ᠤᠨ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠤᠨ᠂ ᠪᠠᠴᠢᠮ ᠪᠠᠢᠳᠠᠯ᠎ᠢ ᠠᠷᠭᠠᠴᠠᠭᠠᠬᠤ ᠠᠵᠢᠯᠯᠠᠭ᠎ᠠ᠎ᠳᠤ ᠵᠠᠷᠤᠳᠠᠯ᠎ᠤᠨ ᠳᠡᠮᠵᠢᠯᠭᠡ ᠬᠠᠩᠭᠠᠵᠤ᠂ ᠵᠠᠷᠤᠳᠠᠯ᠎ᠤᠨ ᠲᠣᠬᠢᠷᠠᠭᠤᠯᠤᠯᠲᠠ᠂ ᠰᠠᠯᠭᠠᠨ ᠥᠭᠬᠦ ᠪᠠ ᠬᠢᠨᠠᠯᠲᠠ ᠲᠠᠯᠪᠢᠵᠤ ᠪᠠᠢᠴᠠᠭᠠᠬᠤ ᠠᠵᠢᠯ᠎ᠢ ᠬᠠᠷᠢᠭᠤᠴᠠᠨ᠎ᠠ᠃

ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ᠂ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠲᠡᠦᠬᠡ᠎ᠶᠢᠨ ᠳᠤᠷᠠᠰᠬᠠᠯᠲᠤ ᠵᠦᠢᠯ᠎ᠤᠨ ᠲᠣᠪᠴᠢᠶ᠎ᠠ᠄ ᠪᠠᠢᠭᠠᠯᠢ᠎ᠶᠢᠨ ᠡᠬᠢ ᠪᠠᠶᠠᠯᠢᠭ᠋᠎ᠤᠨ ᠶᠠᠮᠤᠨ ᠯᠤᠭ᠎ᠠ ᠢᠳᠡᠪᠬᠢᠲᠡᠢ ᠬᠠᠮᠵᠢᠯᠴᠠᠵᠤ ᠪᠠᠢᠭᠠᠳ ᠠᠭᠤᠷᠬᠠᠢ᠎ᠶᠢᠨ ᠭᠠᠷᠤᠯᠲᠠ᠎ᠶᠢᠨ ᠣᠷᠣᠨ᠎ᠤ ᠨᠥᠭᠡᠴᠡᠯᠡᠬᠦ ᠵᠡᠷᠭᠡ ᠬᠠᠮᠢᠶ᠎ᠠ ᠪᠦᠬᠦᠢ ᠠᠵᠢᠯ᠎ᠢ ᠥᠷᠨᠢᠭᠦᠯᠵᠦ᠂ ᠡᠨᠧᠷᠭᠢ᠎ᠶᠢᠨ ᠬᠠᠩᠭᠠᠯᠭ᠎ᠠ᠎ᠶᠢ ᠪᠠᠲᠤᠯᠠᠬᠤ ᠲᠥᠷᠥᠯ ᠵᠦᠢᠯ᠂ ᠵᠠᠳᠠᠭᠠᠢ ᠨᠡᠭᠦᠷᠡᠰᠦᠨ ᠠᠭᠤᠷᠬᠠᠢ᠎ᠶᠢ ᠦᠷᠭᠦᠯᠵᠢᠯᠡᠨ ᠨᠡᠭᠡᠭᠡᠨ ᠮᠠᠯᠲᠠᠬᠤ ᠵᠡᠷᠭᠡ ᠭᠠᠵᠠᠷ ᠬᠡᠷᠡᠭᠯᠡᠬᠦ ᠵᠦᠢ ᠵᠣᠬᠢᠰᠲᠠᠢ ᠬᠡᠷᠡᠭᠴᠡᠭᠡ ᠱᠠᠭᠠᠷᠳᠠᠯᠭ᠎ᠠ᠎ᠳᠤ ᠪᠠᠲᠤᠯᠠᠭ᠎ᠠ ᠬᠠᠩᠭᠠᠨ᠎ᠠ᠃

ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠄ ᠡᠨᠧᠷᠭᠢ᠎ᠶᠢᠨ ᠬᠥᠭᠵᠢᠯᠲᠡ᠎ᠶᠢᠨ ᠲᠥᠯᠦᠪᠵᠢᠭᠦᠯᠭᠡ᠂ ᠡᠨᠧᠷᠭᠢ᠎ᠶᠢᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠤᠨ ᠠᠮᠢ ᠠᠬᠤᠢ ᠣᠷᠴᠢᠨ ᠲᠣᠭᠣᠷᠢᠨ᠎ᠳᠠᠬᠢ ᠨᠥᠯᠥᠭᠡᠯᠡᠯ᠎ᠢ ᠦᠨᠡᠯᠡᠬᠦ ᠬᠢᠨᠠᠨ ᠵᠥᠪᠰᠢᠶᠡᠷᠡᠬᠦ ᠠᠵᠢᠯ᠎ᠢ ᠬᠠᠷᠢᠭᠤᠴᠠᠨ᠎ᠠ᠃

ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠢᠩᠬᠢᠮ᠄ ᠬᠤᠲᠠ ᠪᠠᠯᠭᠠᠰᠤᠨ᠎ᠤ ᠰᠢᠲᠠᠮᠠᠬᠠᠢ ᠬᠡᠢ᠂ ᠲᠥᠪᠯᠡᠷᠡᠭᠦᠯᠦᠨ ᠢᠯᠴᠢ ᠬᠠᠩᠭᠠᠬᠤ᠂ ᠬᠤᠲᠠ᠎ᠶᠢᠨ ᠭᠡᠷᠡᠯᠲᠦᠭᠦᠯᠭᠡ᠂ ᠬᠤᠲᠠ᠎ᠶᠢᠨ ᠵᠠᠮ᠂ ᠶᠡᠷᠦᠩᠬᠡᠢᠯᠡᠭᠰᠡᠨ ᠬᠣᠭᠣᠯᠠᠢ ᠭᠤᠤᠷᠰᠤ᠎ᠶᠢᠨ ᠬᠣᠩᠭᠢᠯ ᠵᠡᠷᠭᠡ ᠬᠤᠲᠠ᠎ᠶᠢᠨ ᠶᠠᠪᠤᠳᠠᠯ᠎ᠤᠨ ᠪᠡᠯᠡᠳᠬᠡᠮᠵᠢ᠎ᠶᠢᠨ ᠠᠵᠢᠯᠯᠠᠭᠠᠨ᠎ᠤ ᠪᠠᠲᠤᠯᠠᠭ᠎ᠠ᠎ᠶᠢᠨ ᠠᠵᠢᠯ᠎ᠢ ᠬᠠᠷᠢᠭᠤᠴᠠᠨ᠎ᠠ; ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠵᠢᠴᠢ ᠬᠤᠲᠠ᠎ᠶᠢᠨ ᠰᠢᠲᠠᠮᠠᠬᠠᠢ ᠬᠡᠢ᠎ᠶᠢᠨ ᠠᠵᠤ ᠠᠬᠤᠢᠯᠠᠯ᠎ᠤᠨ ᠬᠡᠢ ᠨᠥᠭᠡᠴᠡᠯᠡᠬᠦ ᠴᠢᠳᠠᠪᠤᠷᠢ᠎ᠶᠢᠨ ᠪᠠᠢᠭᠤᠯᠤᠯᠲᠠ᠎ᠶᠢ ᠵᠢᠯᠣᠭᠣᠳᠤᠨ ᠰᠢᠮᠳᠠᠭᠤᠯᠵᠤ᠂ ᠪᠠᠴᠢᠮ ᠪᠠᠢᠳᠠᠯ᠎ᠢ ᠠᠷᠭᠠᠴᠠᠭᠠᠵᠤ ᠲᠣᠬᠢᠷᠠᠭᠤᠯᠤᠨ ᠬᠡᠷᠡᠭᠯᠡᠬᠦ ᠱᠠᠭᠠᠷᠳᠠᠯᠭ᠎ᠠ᠎ᠶᠢ ᠬᠠᠩᠭᠠᠨ᠎ᠠ᠃

ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠄ ᠨᠡᠭᠦᠷᠡᠰᠦ᠂ ᠲᠣᠰᠣ᠌ ᠬᠡᠢ ᠵᠡᠷᠭᠡ ᠬᠠᠩᠭᠠᠯᠭ᠎ᠠ᠎ᠶᠢ ᠪᠠᠲᠤᠯᠠᠬᠤ ᠡᠨᠧᠷᠭᠢ᠎ᠶᠢᠨ ᠦᠢᠯᠡᠳᠬᠦᠨ ᠵᠢᠴᠢ ᠬᠠᠩᠭᠠᠯᠭ᠎ᠠ᠎ᠶᠢ ᠪᠠᠲᠤᠯᠠᠬᠤ ᠲᠥᠬᠦᠭᠡᠷᠦᠮᠵᠢ ᠡᠳ᠋ ᠪᠠᠷᠠᠭ᠎ᠠ᠎ᠶᠢᠨ ᠵᠠᠰᠠᠮᠠᠯ ᠵᠠᠮ᠎ᠤᠨ ᠲᠡᠭᠡᠭᠡᠪᠦᠷᠢ᠎ᠶᠢᠨ ᠪᠠᠲᠤᠯᠠᠭ᠎ᠠ᠎ᠶᠢ ᠬᠠᠷᠢᠭᠤᠴᠠᠨ᠎ᠠ; ᠵᠠᠰᠠᠮᠠᠯ ᠵᠠᠮ᠎ᠤᠨ ᠲᠡᠭᠡᠭᠡᠪᠦᠷᠢ᠎ᠳᠦ ᠲᠣᠬᠢᠷᠠᠭᠤᠯᠤᠯᠲᠠ ᠬᠢᠬᠦ᠂ ᠵᠠᠮ᠎ᠤᠨ ᠲᠣᠣᠷ᠎ᠢ ᠬᠢᠨᠠᠨ ᠰᠢᠨᠵᠢᠬᠦ᠂ ᠲᠡᠭᠡᠭᠡᠪᠦᠷᠢ᠎ᠶᠢᠨ ᠬᠦᠴᠦᠨ᠎ᠢ ᠵᠣᠬᠢᠶᠠᠨ ᠪᠠᠶ᠋ᠢᠭᠤᠯᠬᠤ ᠵᠡᠷᠭᠡ ᠠᠵᠢᠯ᠎ᠢ ᠡᠭᠦᠷᠭᠡᠯᠡᠨ᠎ᠡ᠃

ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠄ ᠤᠰᠤᠨ ᠴᠥᠭᠦᠷᠥᠮ᠂ ᠤᠰᠤᠨ ᠴᠠᠬᠢᠯᠭᠠᠨ᠎ᠤ ᠥᠷᠲᠡᠭᠡ᠎ᠶᠢᠨ ᠬᠠᠰᠢᠯᠭ᠎ᠠ᠂ ᠵᠢᠵᠢᠭ ᠤᠰᠤᠨ ᠴᠠᠬᠢᠯᠭᠠᠨ᠎ᠤ ᠥᠷᠲᠡᠭᠡ᠎ᠶᠢᠨ ᠠᠶᠤᠯ ᠦᠭᠡᠢ ᠠᠵᠢᠯᠯᠠᠭᠠᠨ᠎ᠤ ᠬᠢᠨᠠᠯᠲᠠ ᠬᠠᠮᠢᠶᠠᠷᠤᠯᠲᠠ᠎ᠶᠢ ᠬᠠᠷᠢᠭᠤᠴᠠᠨ᠎ᠠ; ᠬᠠᠩᠭᠠᠯᠭ᠎ᠠ᠎ᠶᠢ ᠪᠠᠲᠤᠯᠠᠬᠤ ᠡᠨᠧᠷᠭᠢ᠎ᠶᠢᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠤᠨ ᠴᠢᠬᠤᠯᠠ ᠪᠦᠬᠦᠢ ᠤᠰᠤ ᠬᠡᠷᠡᠭᠯᠡᠬᠦ ᠪᠠᠲᠤᠯᠠᠭ᠎ᠠ᠎ᠶᠢ ᠰᠠᠢᠲᠤᠷ ᠬᠢᠨ᠎ᠡ᠃

ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠄ ᠪᠣᠯᠪᠠᠰᠤᠷᠠᠭᠤᠯᠤᠭᠰᠠᠨ ᠴᠢᠯᠠᠭᠤᠨ ᠲᠣᠰᠣᠨ᠎ᠤ ᠭᠦᠢᠯᠭᠡᠭᠡ᠎ᠳᠤ ᠬᠠᠤᠯᠢ ᠶᠣᠰᠣᠭᠠᠷ ᠬᠢᠨᠠᠯᠲᠠ ᠬᠠᠮᠢᠶᠠᠷᠤᠯᠲᠠ ᠬᠢᠵᠦ᠂ ᠪᠣᠯᠪᠠᠰᠤᠷᠠᠭᠤᠯᠤᠭᠰᠠᠨ ᠴᠢᠯᠠᠭᠤᠨ ᠲᠣᠰᠣ᠌᠎ᠶᠢ ᠪᠥᠭᠡᠮ᠎ᠢᠶᠠᠷ ᠬᠤᠳᠠᠯᠳᠤᠬᠤ᠂ ᠬᠥᠮᠥᠷᠭᠡᠯᠡᠨ ᠬᠠᠳᠠᠭᠠᠯᠠᠬᠤ ᠠᠵᠤ ᠠᠬᠤᠢᠯᠠᠯ᠎ᠤᠨ ᠪᠦᠷᠢᠳᠬᠡᠨ ᠳᠠᠩᠰᠠᠯᠠᠬᠤ ᠬᠠᠮᠢᠶᠠᠷᠤᠯᠲᠠ ᠵᠡᠷᠭᠡ ᠪᠣᠯᠪᠠᠰᠤᠷᠠᠭᠤᠯᠤᠭᠰᠠᠨ ᠴᠢᠯᠠᠭᠤᠨ ᠲᠣᠰᠣᠨ᠎ᠤ ᠬᠦᠷᠢᠶ᠎ᠡ ᠴᠠᠷᠠᠭᠠᠨ᠎ᠳᠠᠬᠢ ᠬᠠᠩᠭᠠᠯᠭ᠎ᠠ᠎ᠶᠢ ᠪᠠᠲᠤᠯᠠᠬᠤ ᠬᠠᠮᠢᠶ᠎ᠠ ᠪᠦᠬᠦᠢ ᠠᠵᠢᠯ᠎ᠢ ᠰᠠᠢᠲᠤᠷ ᠬᠢᠨ᠎ᠡ᠃

ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ᠄ ᠥᠪᠡᠷᠲᠡᠭᠡᠨ ᠵᠠᠰᠠᠬᠤ ᠣᠷᠣᠨ᠎ᠤ ᠬᠠᠷᠢᠶ᠎ᠠ ᠪᠦᠬᠦᠢ ᠡᠨᠧᠷᠭᠢ᠂ ᠵᠠᠮ ᠬᠠᠷᠢᠯᠴᠠᠭ᠎ᠠ ᠵᠡᠷᠭᠡ ᠤᠯᠤᠰ᠎ᠤᠨ ᠥᠮᠴᠢᠯᠡᠯᠲᠦ ᠠᠵᠤ ᠠᠬᠤᠢᠯᠠᠯ᠎ᠢ ᠵᠣᠬᠢᠴᠠᠭᠤᠯᠵᠤ ᠪᠠᠢᠭᠠᠳ ᠡᠨᠧᠷᠭᠢ᠎ᠶᠢᠨ ᠬᠠᠩᠭᠠᠯᠭ᠎ᠠ᠎ᠶᠢ ᠪᠠᠲᠤᠯᠠᠬᠤ ᠠᠵᠢᠯ᠎ᠢ ᠥᠷᠨᠢᠭᠦᠯᠦᠨ᠎ᠡ᠃

ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠢᠩᠬᠢᠮ᠂ ᠥᠪᠥᠷ ᠮᠣᠩᠭᠣᠯ᠎ᠤᠨ ᠭᠠᠯ ᠰᠡᠷᠭᠡᠢᠯᠡᠨ ᠤᠨᠲᠠᠷᠠᠭᠠᠵᠤ ᠠᠪᠤᠷᠠᠨ ᠲᠤᠰᠠᠯᠠᠬᠤ ᠶᠡᠷᠦᠩᠬᠡᠢ ᠠᠩᠭᠢ᠂ ᠥᠪᠥᠷ ᠮᠣᠩᠭᠣᠯ᠎ᠤᠨ ᠴᠡᠷᠢᠭ᠎ᠤᠨ ᠲᠣᠭᠣᠷᠢᠭ᠋᠎ᠤᠨ ᠪᠠᠲᠤᠯᠠᠭ᠎ᠠ᠎ᠶᠢᠨ ᠲᠣᠪᠴᠢᠶ᠎ᠠ᠄ ᠡᠭᠦᠷᠭᠡ ᠠᠵᠢᠯ᠎ᠤᠨ ᠬᠤᠪᠢᠶᠠᠷᠢᠯᠠᠯ ᠪᠠ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠣᠰᠣᠭᠠᠷ ᠡᠨᠧᠷᠭᠢ᠎ᠶᠢᠨ ᠦᠢᠯᠡᠳᠪᠦᠷᠢᠯᠡᠯ ᠪᠠ ᠬᠠᠩᠭᠠᠯᠭ᠎ᠠ᠎ᠶᠢᠨ ᠬᠦᠷᠢᠶ᠎ᠡ ᠴᠠᠷᠠᠭᠠᠨ᠎ᠳᠠᠬᠢ ᠠᠶᠤᠯ ᠦᠭᠡᠢ ᠦᠢᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ᠎ᠶᠢᠨ ᠠᠵᠢᠯ᠎ᠢ ᠵᠢᠯᠣᠭᠣᠳᠤᠨ᠎ᠠ; ᠡᠨᠧᠷᠭᠢ᠎ᠶᠢᠨ ᠬᠠᠩᠭᠠᠯᠭ᠎ᠠ᠎ᠶᠢ ᠪᠠᠲᠤᠯᠠᠬᠤ ᠳᠤᠮᠳᠠᠬᠢ ᠠᠳᠡᠯ᠎ᠤᠨ ᠭᠠᠮᠰᠢᠭ᠋ ᠵᠡᠷᠭᠡ ᠭᠡᠨᠡᠳᠲᠡ᠎ᠶᠢᠨ ᠬᠡᠷᠡᠭ᠎ᠤᠨ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠠᠵᠢᠯ᠎ᠢ ᠵᠣᠬᠢᠶᠠᠨ ᠪᠠᠢᠭᠤᠯᠤᠨ ᠵᠣᠬᠢᠴᠠᠭᠤᠯᠤᠨ᠎ᠠ; ᠬᠠᠮᠢᠶ᠎ᠠ ᠪᠦᠬᠦᠢ ᠭᠠᠮᠰᠢᠭ᠍ᠳᠠᠭᠰᠠᠳ᠎ᠲᠤ ᠪᠠᠴᠢᠮ ᠪᠠᠢᠳᠠᠯ᠎ᠢ ᠠᠷᠭᠠᠴᠠᠭᠠᠬᠤ ᠬᠤᠭᠤᠴᠠᠭ᠎ᠠ᠂ ᠰᠢᠯᠵᠢᠯᠲᠡ᠎ᠶᠢᠨ ᠬᠤᠭᠤᠴᠠᠭᠠᠨ᠎ᠳᠠᠬᠢ ᠴᠢᠬᠤᠯᠠ ᠪᠦᠬᠦᠢ ᠠᠪᠤᠷᠠᠨ ᠲᠤᠰᠠᠯᠠᠬᠤ ᠪᠠ ᠰᠢᠯᠵᠢᠭᠦᠯᠦᠨ ᠲᠥᠪᠬᠢᠨᠡᠭᠦᠯᠬᠦ ᠠᠵᠢᠯ᠎ᠢ ᠥᠷᠨᠢᠭᠦᠯᠵᠦ᠂ ᠴᠢᠬᠤᠯᠠᠲᠠᠢ ᠦᠶ᠎ᠡ᠎ᠳᠤ ᠥᠪᠡᠷᠲᠡᠭᠡᠨ ᠵᠠᠰᠠᠬᠤ ᠣᠷᠣᠨ᠎ᠤ ᠵᠢᠯᠤᠭᠣᠳᠬᠤ ᠭᠠᠵᠠᠷ᠎ᠤᠨ ᠵᠠᠷᠯᠢᠭ᠋ ᠶᠣᠰᠣᠭᠠᠷ ᠡᠨᠧᠷᠭᠢ᠎ᠶᠢᠨ ᠬᠠᠩᠭᠠᠯᠭ᠎ᠠ᠎ᠶᠢᠨ ᠪᠠᠲᠤᠯᠠᠭ᠎ᠠ᠎ᠶᠢᠨ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠪᠤᠰᠤᠳ ᠠᠵᠢᠯ᠎ᠢ ᠡᠭᠦᠷᠭᠡᠯᠡᠨ᠎ᠡ᠃

ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠄ ᠨᠡᠭᠦᠷᠡᠰᠦ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ᠎ᠤ ᠵᠠᠬ᠎ᠠ ᠳᠡᠯᠭᠡᠭᠦᠷ᠎ᠤᠨ ᠦᠨ᠎ᠡ ᠬᠠᠩᠰᠢ᠎ᠶᠢᠨ ᠡᠮᠬᠢ ᠳᠢᠭ᠌ᠯᠢᠮ᠎ᠢ ᠵᠢᠷᠤᠮᠵᠢᠭᠤᠯᠤᠨ ᠬᠠᠮᠠᠭᠠᠯᠠᠬᠤ᠎ᠶᠢ ᠬᠠᠷᠢᠭᠤᠴᠠᠵᠤ᠂ ᠨᠡᠭᠦᠷᠡᠰᠦ ᠪᠣᠯᠣᠨ ᠪᠣᠯᠪᠠᠰᠤᠷᠠᠭᠤᠯᠤᠭᠰᠠᠨ ᠴᠢᠯᠠᠭᠤᠨ ᠲᠣᠰᠣᠨ᠎ᠤ ᠦᠨ᠎ᠡ ᠬᠠᠩᠰᠢ᠎ᠶᠢᠨ ᠬᠢᠨᠠᠯᠲᠠ ᠪᠠᠢᠴᠠᠭᠠᠯᠲᠠ᠎ᠶᠢ ᠵᠣᠬᠢᠶᠠᠨ ᠪᠠᠢᠭᠤᠯᠤᠨ ᠬᠡᠷᠡᠭᠵᠢᠭᠦᠯᠵᠦ᠂ ᠦᠨ᠎ᠡ ᠬᠠᠩᠰᠢ᠎ᠶᠢ ᠥᠷᠢᠰᠦᠯᠳᠦᠨ ᠥᠰᠬᠡᠬᠦ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠬᠠᠤᠯᠢ ᠶᠣᠰᠣᠭᠠᠷ ᠪᠠᠢᠴᠠᠭᠠᠨ ᠰᠢᠢᠳᠪᠦᠷᠢᠯᠡᠨ᠎ᠡ; ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ ᠨᠢ ᠶᠠᠯ᠎ᠠ ᠬᠢᠭᠰᠡᠨ ᠰᠡᠵᠢᠭᠯᠡᠯᠲᠡᠢ ᠪᠠᠢᠬᠤ᠎ᠶᠢ ᠣᠯᠵᠤ ᠢᠯᠡᠷᠡᠭᠦᠯᠪᠡᠯ᠂ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠦᠨ᠎ᠡ᠃

ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠄ ᠡᠨᠧᠷᠭᠢ᠎ᠶᠢᠨ ᠬᠠᠩᠭᠠᠯᠭ᠎ᠠ᠎ᠶᠢᠨ ᠪᠠᠲᠤᠯᠠᠭ᠎ᠠ᠎ᠶᠢᠨ ᠬᠠᠮᠢᠶ᠎ᠠ ᠪᠦᠬᠦᠢ ᠷᠠᠳᠢᠣ᠋ ᠲᠧᠯᠸᠢᠰ ᠪᠠ ᠰᠦᠯᠵᠢᠶᠡᠨ᠎ᠤ ᠬᠠᠷᠠᠭ᠎ᠠ ᠰᠣᠨᠣᠰᠬᠠᠯ᠎ᠤᠨ ᠤᠬᠠᠭᠤᠯᠭ᠎ᠠ᠎ᠶᠢ ᠬᠠᠮᠵᠢᠯᠴᠠᠨ ᠰᠠᠢᠲᠤᠷ ᠬᠢᠵᠦ᠂ ᠶᠠᠷᠢᠶ᠎ᠠ ᠬᠡᠯᠡᠯᠴᠡᠭᠡᠨ᠎ᠤ ᠮᠡᠳᠡᠭᠡ ᠵᠠᠩᠭᠢ᠎ᠶᠢ ᠬᠥᠲᠥᠯᠥᠨ ᠵᠢᠯᠤᠭᠣᠳᠬᠤ ᠠᠵᠢᠯ᠎ᠢᠶᠠᠨ ᠴᠢᠩᠭᠠᠳᠬᠠᠨ᠎ᠠ᠃

ᠥᠪᠡᠷᠲᠡᠭᠡᠨ ᠵᠠᠰᠠᠬᠤ ᠣᠷᠣᠨ᠎ᠤ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ᠄ ᠥᠪᠡᠷᠲᠡᠭᠡᠨ ᠵᠠᠰᠠᠬᠤ ᠣᠷᠣᠨ᠎ᠤ ᠪᠣᠯᠪᠠᠰᠤᠷᠠᠭᠤᠯᠤᠭᠰᠠᠨ ᠴᠢᠯᠠᠭᠤᠨ ᠲᠤᠰᠤᠨ᠎ᠦ ᠨᠥᠭᠡᠴᠡ᠎ᠶᠢᠨ ᠬᠣᠷᠢᠶᠠᠨ ᠬᠠᠳᠠᠭᠠᠯᠠᠬᠤ᠂ ᠡᠭᠡᠯᠵᠢᠯᠡᠨ ᠰᠣᠯᠢᠬᠤ᠂ ᠡᠳᠦᠷ ᠲᠤᠲᠤᠮ᠎ᠤᠨ ᠬᠠᠮᠢᠶᠠᠷᠤᠯᠲᠠ᠎ᠶᠢ ᠵᠣᠬᠢᠶᠠᠨ ᠪᠠᠢᠭᠤᠯᠤᠨ ᠬᠡᠷᠡᠭᠵᠢᠭᠦᠯᠬᠦ᠎ᠶᠢ ᠬᠠᠷᠢᠭᠤᠴᠠᠵᠤ᠂ ᠨᠥᠭᠡᠴᠡᠯᠡᠵᠦ ᠰᠢᠯᠵᠢᠭᠦᠯᠦᠨ ᠬᠡᠷᠡᠭᠯᠡᠬᠦ᠎ᠶᠢ ᠵᠠᠷᠯᠢᠭ᠋ ᠶᠣᠰᠣᠭᠠᠷ ᠵᠣᠬᠢᠶᠠᠨ ᠪᠠᠢᠭᠤᠯᠤᠨ ᠬᠡᠷᠡᠭᠵᠢᠭᠦᠯᠦᠨ᠎ᠡ᠃

ᠥᠪᠥᠷ ᠮᠣᠩᠭᠣᠯ᠎ᠤᠨ ᠴᠢᠮᠡᠭᠡ ᠬᠣᠯᠪᠣᠭᠠᠨ᠎ᠤ ᠬᠠᠮᠢᠶᠠᠷᠤᠯᠲᠠ᠎ᠶᠢᠨ ᠲᠣᠪᠴᠢᠶ᠎ᠠ᠄ ᠡᠨᠧᠷᠭᠢ᠎ᠶᠢᠨ ᠬᠠᠩᠭᠠᠯᠭ᠎ᠠ᠎ᠶᠢᠨ ᠪᠠᠲᠤᠯᠠᠭ᠎ᠠ᠎ᠶᠢᠨ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ᠎ᠳᠤ ᠴᠢᠬᠤᠯᠠ ᠪᠦᠬᠦᠢ ᠣᠯᠠᠨ ᠨᠡᠢᠲᠡ᠎ᠶᠢᠨ ᠴᠢᠮᠡᠭᠡ ᠬᠣᠯᠪᠣᠭᠠᠨ᠎ᠤ ᠰᠦᠯᠵᠢᠶᠡᠨ᠎ᠤ ᠪᠠᠲᠤᠯᠠᠭ᠎ᠠ ᠬᠠᠩᠭᠠᠬᠤ ᠠᠵᠢᠯ᠎ᠢ ᠬᠠᠷᠢᠭᠤᠴᠠᠨ᠎ᠠ᠃

ᠥᠪᠥᠷ ᠮᠣᠩᠭᠣᠯ᠎ᠤᠨ ᠴᠠᠭ ᠠᠭᠤᠷ᠎ᠤᠨ ᠲᠣᠪᠴᠢᠶ᠎ᠠ᠄ ᠴᠠᠭ ᠠᠭᠤᠷ᠎ᠤᠨ ᠬᠢᠨᠠᠨ ᠰᠢᠨᠵᠢᠬᠦ᠂ ᠤᠷᠢᠳᠴᠢᠯᠠᠨ ᠮᠡᠳᠡᠭᠡᠯᠡᠬᠦ ᠠᠵᠢᠯ᠎ᠢ ᠡᠭᠦᠷᠭᠡᠯᠡᠵᠦ᠂ ᠴᠠᠭ ᠠᠭᠤᠷ᠎ᠤᠨ ᠮᠡᠳᠡᠭᠡ ᠵᠠᠩᠭᠢ᠎ᠶᠢᠨ ᠦᠢᠯᠡᠴᠢᠯᠡᠭᠡ ᠬᠠᠩᠭᠠᠵᠤ᠂ ᠬᠥᠮᠥᠨ᠎ᠤ ᠬᠦᠴᠦ᠎ᠪᠠᠷ ᠴᠠᠭ ᠠᠭᠤᠷ᠎ᠢ ᠨᠥᠯᠥᠭᠡᠯᠡᠬᠦ ᠠᠵᠢᠯ᠎ᠢ ᠴᠠᠭ᠎ᠲᠤ ᠨᠢ ᠲᠣᠬᠢᠷᠠᠭᠤᠯᠤᠨ ᠥᠷᠨᠢᠭᠦᠯᠦᠨ᠎ᠡ᠃

ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠤᠲᠠ ᠲᠣᠪᠴᠢᠶᠠᠨ᠎ᠤ ᠪᠦᠯᠦᠭᠯᠡᠯ᠎ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ᠎ᠤᠨ ᠲᠡᠮᠦᠷ ᠵᠠᠮ᠎ᠤᠨ ᠬᠠᠷᠪᠢᠨ ᠲᠣᠪᠴᠢᠶᠠᠨ᠎ᠤ ᠪᠦᠯᠦᠭᠯᠡᠯ᠎ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ᠎ᠤᠨ ᠲᠡᠮᠦᠷ ᠵᠠᠮ᠎ᠤᠨ ᠮᠦᠭᠳᠡᠨ ᠲᠣᠪᠴᠢᠶᠠᠨ᠎ᠤ ᠪᠦᠯᠦᠭᠯᠡᠯ᠎ᠤᠨ ᠬᠢᠵᠠᠭᠠᠷᠲᠤ ᠺᠣᠮᠫᠠᠨᠢ᠄ ᠥᠪᠡᠷᠲᠡᠭᠡᠨ ᠵᠠᠰᠠᠬᠤ ᠣᠷᠣᠨ᠎ᠤ ᠵᠢᠯᠤᠭᠣᠳᠬᠤ ᠭᠠᠵᠠᠷ᠎ᠤᠨ ᠨᠢᠭᠡᠳᠦᠯᠲᠡᠢ ᠵᠢᠯᠣᠭᠣᠳᠤᠯᠭ᠎ᠠ ᠳᠣᠣᠷ᠎ᠠ᠂ ᠨᠡᠭᠦᠷᠡᠰᠦ᠂ ᠲᠣᠰᠣ᠌ ᠬᠡᠢ ᠵᠡᠷᠭᠡ ᠪᠠᠴᠢᠮ ᠪᠠᠢᠳᠠᠯ᠎ᠢ ᠠᠷᠭᠠᠴᠠᠭᠠᠵᠤ ᠬᠠᠩᠭᠠᠯᠭ᠎ᠠ᠎ᠶᠢ ᠪᠠᠲᠤᠯᠠᠬᠤ ᠡᠬᠢ ᠪᠠᠶᠠᠯᠢᠭ᠋ ᠪᠠ ᠡᠳ᠋ ᠪᠠᠷᠠᠭᠠᠨ᠎ᠤ ᠲᠡᠮᠦᠷ ᠵᠠᠮ᠎ᠤᠨ ᠲᠡᠭᠡᠭᠡᠪᠦᠷᠢ᠎ᠶᠢᠨ ᠪᠠᠲᠤᠯᠠᠭ᠎ᠠ ᠵᠡᠷᠭᠡ ᠠᠵᠢᠯ᠎ᠢ ᠰᠠᠢᠲᠤᠷ ᠬᠢᠨ᠎ᠡ᠃

ᠥᠪᠥᠷ ᠮᠣᠩᠭᠣᠯ᠎ᠤᠨ ᠴᠠᠬᠢᠯᠭᠠᠨ ᠬᠦᠴᠦᠨ (ᠪᠦᠯᠦᠭᠯᠡᠯ)᠎ᠤ ᠺᠣᠮᠫᠠᠨᠢ᠂ ᠤᠯᠤᠰ᠎ᠤᠨ ᠴᠠᠬᠢᠯᠭᠠᠨ ᠬᠦᠴᠦᠨ᠎ᠦ ᠲᠣᠣᠷ᠎ᠤᠨ ᠥᠪᠥᠷ ᠮᠣᠩᠭᠣᠯ᠎ᠤᠨ ᠵᠡᠭᠦᠨ ᠬᠡᠰᠡᠭ᠎ᠤᠨ ᠴᠠᠬᠢᠯᠭᠠᠨ ᠬᠦᠴᠦᠨ᠎ᠤ ᠺᠣᠮᠫᠠᠨᠢ᠄ ᠥᠪᠡᠷᠲᠡᠭᠡᠨ ᠵᠠᠰᠠᠬᠤ ᠣᠷᠣᠨ᠎ᠤ ᠵᠢᠯᠤᠭᠣᠳᠬᠤ ᠭᠠᠵᠠᠷ᠎ᠤᠨ ᠨᠢᠭᠡᠳᠦᠯᠲᠡᠢ ᠵᠢᠯᠣᠭᠣᠳᠤᠯᠭ᠎ᠠ ᠳᠣᠣᠷ᠎ᠠ᠂ ᠴᠠᠬᠢᠯᠭᠠᠨ ᠬᠦᠴᠦᠨ᠎ᠦ ᠲᠣᠣᠷ᠎ᠤᠨ ᠠᠮᠤᠷ ᠲᠦᠪᠰᠢᠨ ᠲᠣᠭᠲᠠᠭᠤᠨ ᠠᠵᠢᠯᠯᠠᠭᠠᠨ᠎ᠢ ᠪᠠᠲᠤᠯᠠᠬᠤ ᠠᠵᠢᠯ᠎ᠢ ᠰᠠᠢᠲᠤᠷ ᠬᠢᠵᠦ᠂ ᠴᠠᠬᠢᠯᠭᠠᠨ ᠬᠦᠴᠦᠨ᠎ᠦ ᠲᠣᠣᠷ᠎ᠤᠨ ᠲᠣᠬᠢᠷᠠᠭᠤᠯᠤᠯᠲᠠ᠎ᠶᠢ ᠰᠢᠯᠢᠳᠡᠭᠵᠢᠭᠦᠯᠦᠨ᠂ ᠴᠠᠬᠢᠯᠭᠠᠨ ᠬᠦᠴᠦᠨ᠎ᠤ ᠬᠠᠩᠭᠠᠯᠭ᠎ᠠ ᠬᠡᠷᠡᠭᠴᠡᠭᠡ᠎ᠶᠢᠨ ᠲᠡᠩᠴᠡᠭᠦᠷᠢᠲᠡᠢ ᠪᠠᠢᠬᠤ᠎ᠶᠢ ᠵᠣᠬᠢᠴᠠᠭᠤᠯᠵᠤ᠂ ᠴᠠᠬᠢᠯᠭᠠᠨ ᠬᠦᠴᠦᠨ᠎ᠤ ᠠᠵᠢᠯᠯᠠᠭᠠᠨ᠎ᠤ ᠬᠣᠯᠪᠣᠭᠳᠠᠯ ᠪᠦᠬᠦᠢ ᠪᠠᠢᠳᠠᠯ᠎ᠢ ᠴᠠᠭ ᠲᠤᠬᠠᠢ᠎ᠳᠤ ᠨᠢ ᠮᠡᠳᠡᠭᠦᠯᠦᠨ᠎ᠡ; ᠴᠠᠬᠢᠯᠭᠠᠨ ᠬᠦᠴᠦᠨ᠎ᠤ ᠬᠠᠩᠭᠠᠯᠭ᠎ᠠ᠎ᠶᠢᠨ ᠪᠠᠲᠤᠯᠠᠭ᠎ᠠ᠎ᠶᠢᠨ ᠲᠥᠰᠥᠯ᠎ᠢ ᠲᠣᠭᠲᠠᠭᠠᠵᠤ᠂ ᠠᠷᠠᠳ᠎ᠤᠨ ᠠᠮᠢᠳᠤᠷᠠᠯ᠂ ᠴᠢᠬᠤᠯᠠ ᠪᠦᠬᠦᠢ ᠳᠠᠭᠠᠭᠠᠴᠠᠲᠤ ᠴᠠᠬᠢᠯᠭᠠᠨ ᠬᠦᠴᠦᠨ᠎ᠤ ᠬᠠᠩᠭᠠᠯᠭ᠎ᠠ᠎ᠶᠢ ᠤᠷᠢᠳ᠎ᠢᠶᠠᠷ ᠪᠠᠲᠤᠯᠠᠵᠤ᠂ ᠴᠠᠬᠢᠯᠭᠠᠨ ᠬᠡᠷᠡᠭᠯᠡᠬᠦ᠎ᠶᠢ ᠰᠢᠨᠵᠢᠯᠡᠬᠦ ᠤᠬᠠᠭᠠᠨᠴᠢ ᠡᠮᠬᠢ ᠵᠢᠷᠤᠮ᠎ᠲᠠᠢ᠎ᠪᠠᠷ ᠲᠣᠬᠢᠷᠠᠭᠤᠯᠤᠨ᠎ᠠ; ᠶᠡᠬᠡ ᠬᠡᠪᠴᠢᠶ᠎ᠡ᠎ᠪᠡᠷ ᠴᠠᠬᠢᠯᠭᠠᠨ ᠵᠣᠭᠰᠣᠭᠰᠠᠨ᠎ᠢ ᠠᠷᠭᠠᠴᠠᠭᠠᠵᠤ ᠰᠢᠢᠳᠪᠦᠷᠢᠯᠡᠬᠦ ᠠᠵᠢᠯ᠎ᠢ ᠰᠠᠢᠲᠤᠷ ᠬᠢᠵᠦ᠂ ᠴᠠᠬᠢᠯᠭᠠᠨ ᠬᠦᠴᠦᠨ᠎ᠤ ᠬᠠᠩᠭᠠᠯᠭ᠎ᠠ᠎ᠶᠢ ᠪᠠᠲᠤᠯᠠᠬᠤ ᠪᠠ ᠪᠠᠴᠢᠮ ᠪᠠᠢᠳᠠᠯ᠎ᠢ ᠠᠷᠭᠠᠴᠠᠭᠠᠵᠤ ᠱᠠᠯᠠᠪᠳᠠᠨ ᠵᠠᠰᠠᠬᠤ ᠡᠩᠨᠡᠭᠡ᠎ᠶᠢ ᠵᠣᠬᠢᠶᠠᠨ ᠪᠠᠢᠭᠤᠯᠵᠤ᠂ ᠲᠥᠬᠦᠭᠡᠷᠦᠮᠵᠢ ᠡᠳ᠋ ᠪᠠᠷᠠᠭ᠎ᠠ᠎ᠶᠢ ᠰᠢᠯᠵᠢᠭᠦᠯᠦᠨ ᠴᠤᠭᠯᠠᠭᠤᠯᠵᠤ᠂ ᠲᠥᠯᠥᠪᠯᠡᠭᠡᠲᠦ ᠪᠤᠰᠤ ᠴᠠᠬᠢᠯᠭᠠᠨ ᠵᠣᠭᠰᠣᠭᠰᠠᠨ ᠴᠠᠬᠢᠯᠭᠠᠨ ᠬᠦᠴᠦᠨ᠎ᠤ ᠪᠡᠯᠡᠳᠬᠡᠮᠵᠢ᠎ᠶᠢᠨ ᠪᠠᠴᠢᠮ ᠪᠠᠢᠳᠠᠯ᠎ᠢ ᠠᠷᠭᠠᠴᠠᠭᠠᠵᠤ ᠱᠠᠯᠠᠪᠳᠠᠨ ᠵᠠᠰᠠᠵᠤ᠂ ᠴᠠᠬᠢᠯᠭᠠᠨ ᠬᠦᠴᠦᠨ᠎ᠤ ᠬᠠᠩᠭᠠᠯᠭ᠎ᠠ᠎ᠶᠢ ᠴᠠᠭ ᠲᠤᠬᠠᠢ᠎ᠳᠤ ᠨᠢ ᠰᠡᠷᠭᠦᠭᠡᠵᠦ᠂ ᠲᠥᠯᠥᠪᠯᠡᠭᠡᠲᠦ ᠪᠤᠰᠤ ᠴᠠᠬᠢᠯᠭᠠᠨ ᠵᠣᠭᠰᠣᠭᠰᠠᠨ ᠴᠢᠬᠤᠯᠠ ᠲᠠᠯᠠᠪᠤᠷ ᠭᠠᠵᠠᠷ᠂ ᠪᠡᠯᠡᠳᠬᠡᠮᠵᠢ᠎ᠳᠦ ᠲᠦᠷ ᠴᠠᠭ᠎ᠤᠨ ᠴᠠᠬᠢᠯᠭᠠᠨ ᠬᠠᠩᠭᠠᠬᠤ ᠪᠠᠲᠤᠯᠠᠭ᠎ᠠ ᠵᠡᠷᠭᠡ ᠠᠵᠢᠯ᠎ᠢ ᠬᠢᠨ᠎ᠡ᠃

ᠤᠯᠤᠰ᠎ᠤᠨ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶᠠᠨ᠎ᠤ ᠥᠪᠥᠷ ᠮᠣᠩᠭᠣᠯ᠎ᠤᠨ ᠲᠣᠪᠴᠢᠶ᠎ᠠ᠄ ᠤᠯᠤᠰ᠎ᠤᠨ ᠡᠨᠧᠷᠭᠢ ᠪᠠ ᠡᠳ᠋ ᠪᠠᠷᠠᠭᠠᠨ᠎ᠤ ᠨᠥᠭᠡᠴᠡ᠎ᠶᠢᠨ ᠬᠣᠷᠢᠶᠠᠨ ᠬᠠᠳᠠᠭᠠᠯᠠᠬᠤ᠂ ᠡᠭᠡᠯᠵᠢᠯᠡᠨ ᠰᠣᠯᠢᠬᠤ ᠪᠠ ᠡᠳᠦᠷ ᠲᠤᠲᠤᠮ᠎ᠤᠨ ᠬᠠᠮᠢᠶᠠᠷᠤᠯᠲᠠ᠎ᠶᠢ ᠬᠠᠷᠢᠭᠤᠴᠠᠵᠤ᠂ ᠤᠯᠤᠰ᠎ᠤᠨ ᠬᠣᠯᠪᠣᠭᠳᠠᠯ ᠪᠦᠬᠦᠢ ᠬᠡᠷᠡᠭᠯᠡᠬᠦ ᠲᠥᠯᠥᠪᠯᠡᠭᠡ ᠪᠠ ᠵᠠᠷᠯᠢᠭ᠋᠎ᠢ ᠨᠠᠢᠳᠠᠪᠤᠷᠢᠵᠢᠭᠤᠯᠤᠨ᠎ᠠ᠃

ᠤᠯᠤᠰ᠎ᠤᠨ ᠡᠨᠧᠷᠭᠢ᠎ᠶᠢᠨ ᠲᠣᠪᠴᠢᠶᠠᠨ᠎ᠤ ᠬᠤᠸᠠᠪᠧᠢ ᠣᠷᠣᠨ᠎ᠳᠠᠬᠢ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠄ ᠴᠠᠬᠢᠯᠭᠠᠨ ᠬᠦᠴᠦᠨ᠎ᠤ ᠲᠣᠬᠢᠷᠠᠭᠤᠯᠤᠯᠲᠠ᠂ ᠴᠠᠬᠢᠯᠭᠠᠨ ᠬᠦᠴᠦᠨ᠎ᠤ ᠠᠷᠠᠯᠵᠢᠶ᠎ᠠ ᠪᠠ ᠴᠠᠬᠢᠯᠭᠠᠨ ᠬᠦᠴᠦᠨ᠎ᠤ ᠵᠠᠬ᠎ᠠ ᠳᠡᠯᠭᠡᠭᠦᠷ᠎ᠤᠨ ᠠᠵᠢᠯᠯᠠᠭᠠᠨ᠎ᠢ ᠬᠢᠨᠠᠨ ᠬᠠᠮᠢᠶᠠᠷᠴᠤ᠂ ᠴᠠᠬᠢᠯᠭᠠᠨ ᠬᠦᠴᠦᠨ᠎ᠤ ᠵᠠᠬ᠎ᠠ ᠳᠡᠯᠭᠡᠭᠦᠷ᠎ᠤᠨ ᠡᠮᠬᠢ ᠳᠢᠭ᠌ᠯᠢᠮ᠎ᠢ ᠵᠢᠷᠤᠮᠵᠢᠭᠤᠯᠤᠨ᠎ᠠ; ᠴᠠᠬᠢᠯᠭᠠᠨ ᠬᠦᠴᠦᠨ ᠵᠡᠷᠭᠡ ᠡᠨᠧᠷᠭᠢ ᠯᠦ᠍ᠭᠡ ᠬᠣᠯᠪᠣᠭᠳᠠᠬᠤ ᠬᠠᠤᠯᠢ ᠲᠣᠭᠲᠠᠭᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠬᠠᠤᠯᠢ ᠶᠣᠰᠣᠭᠠᠷ ᠪᠠᠢᠴᠠᠭᠠᠨ ᠰᠢᠢᠳᠪᠦᠷᠢᠯᠡᠵᠦ᠂ ᠬᠣᠯᠪᠣᠭᠳᠠᠯ ᠪᠦᠬᠦᠢ ᠴᠠᠬᠢᠯᠭᠠᠨ᠎ᠤ ᠦᠨ᠎ᠡ᠎ᠶᠢ ᠬᠢᠨᠠᠨ ᠪᠠᠢᠴᠠᠭᠠᠨ᠎ᠠ; ᠮᠤᠵᠢ ᠣᠷᠣᠨ ᠠᠯᠤᠰᠯᠠᠭᠰᠠᠨ ᠡᠨᠧᠷᠭᠢ᠎ᠶᠢᠨ ᠬᠢᠨᠠᠯᠲᠠ ᠬᠠᠮᠢᠶᠠᠷᠤᠯᠲᠠ᠎ᠶᠢᠨ ᠲᠤᠬᠠᠢᠯᠠᠭᠰᠠᠨ ᠠᠵᠢᠯ᠎ᠢ ᠬᠠᠷᠢᠭᠤᠴᠠᠨ ᠵᠣᠬᠢᠴᠠᠭᠤᠯᠤᠨ᠎ᠠ; ᠴᠠᠬᠢᠯᠭᠠᠨ ᠬᠦᠴᠦᠨ᠎ᠤ ᠠᠮᠤᠷ ᠲᠦᠪᠰᠢᠨ᠎ᠦ ᠬᠢᠨᠠᠯᠲᠠ ᠬᠠᠮᠢᠶᠠᠷᠤᠯᠲᠠ᠎ᠶᠢᠨ ᠡᠭᠦᠷᠭᠡ ᠬᠠᠷᠢᠭᠤᠴᠠᠯᠭ᠎ᠠ᠎ᠶᠢ ᠬᠠᠤᠯᠢ ᠶᠣᠰᠣᠭᠠᠷ ᠭᠦᠢᠴᠡᠳᠬᠡᠬᠦ ᠵᠢᠴᠢ ᠴᠠᠬᠢᠯᠭᠠᠨ ᠬᠦᠴᠦᠨ᠎ᠤ ᠪᠠᠴᠢᠮ ᠪᠠᠢᠳᠠᠯ᠎ᠢ ᠠᠷᠭᠠᠴᠠᠭᠠᠬᠤ ᠪᠠ ᠨᠠᠢᠳᠠᠪᠤᠷᠢᠲᠤ ᠴᠢᠨᠠᠷᠲᠠᠢ ᠬᠠᠮᠢᠶᠠᠷᠤᠯᠲᠠ᠎ᠶᠢ ᠬᠠᠤᠯᠢ ᠶᠣᠰᠣᠭᠠᠷ ᠭᠦᠢᠴᠡᠳᠬᠡᠨ᠎ᠡ᠃

ᠨᠡᠭᠦᠷᠡᠰᠦᠨ᠎ᠤ ᠦᠢᠯᠡᠳᠪᠦᠷᠢᠯᠡᠯ ᠪᠠ ᠬᠠᠩᠭᠠᠯᠭ᠎ᠠ᠎ᠶᠢᠨ ᠠᠵᠤ ᠠᠬᠤᠢᠯᠠᠯ (ᠥᠪᠥᠷ ᠮᠣᠩᠭᠣᠯ᠎ᠤᠨ ᠡᠨᠧᠷᠭᠢ᠎ᠶᠢᠨ ᠪᠦᠯᠦᠭᠯᠡᠯ᠎ᠤᠨ ᠬᠢᠵᠠᠭᠠᠷᠲᠤ ᠺᠣᠮᠫᠠᠨᠢ᠂ ᠤᠯᠤᠰ᠎ᠤᠨ ᠡᠨᠧᠷᠭᠢ᠎ᠶᠢᠨ ᠪᠦᠯᠦᠭᠯᠡᠯ᠎ᠤᠨ ᠥᠪᠥᠷ ᠮᠣᠩᠭᠣᠯ᠎ᠤᠨ ᠬᠤᠪᠢᠶᠠᠷᠢ ᠬᠡᠯᠲᠡᠰ ᠵᠢᠴᠢ ᠪᠤᠰᠤᠳ ᠬᠣᠯᠪᠣᠭᠳᠠᠯ ᠪᠦᠬᠦᠢ ᠡᠨᠧᠷᠭᠢ᠎ᠶᠢᠨ ᠠᠵᠤ ᠠᠬᠤᠢᠯᠠᠯ)᠄ ᠥᠪᠡᠷᠲᠡᠭᠡᠨ ᠵᠠᠰᠠᠬᠤ ᠣᠷᠣᠨ᠎ᠤ ᠵᠢᠯᠤᠭᠣᠳᠬᠤ ᠭᠠᠵᠠᠷ᠎ᠤᠨ ᠨᠢᠭᠡᠳᠦᠯᠲᠡᠢ ᠵᠢᠯᠣᠭᠣᠳᠤᠯᠭ᠎ᠠ ᠳᠣᠣᠷ᠎ᠠ᠂ ᠦᠢᠯᠡᠳᠪᠦᠷᠢᠯᠡᠯ᠎ᠤᠨ ᠦᠷᠭᠦᠯᠵᠢᠯᠡᠯ᠎ᠢ ᠵᠣᠬᠢᠰᠲᠠᠢ ᠲᠣᠬᠢᠷᠠᠭᠤᠯᠬᠤ᠂ ᠦᠢᠯᠡᠳᠪᠦᠷᠢᠯᠡᠯ᠎ᠤᠨ ᠪᠠᠢᠷᠢᠰᠢᠭᠤᠯᠤᠯᠲᠠ᠎ᠶᠢ ᠰᠢᠯᠢᠳᠡᠭᠵᠢᠭᠦᠯᠬᠦ᠂ ᠦᠢᠯᠡᠳᠪᠦᠷᠢᠯᠡᠯ ᠪᠠ ᠲᠥᠬᠦᠭᠡᠷᠦᠮᠵᠢ᠎ᠶᠢ ᠪᠠᠢᠴᠠᠭᠠᠨ ᠵᠠᠰᠠᠬᠤ ᠠᠵᠢᠯ᠎ᠢ ᠰᠢᠨᠵᠢᠯᠡᠬᠦ ᠤᠬᠠᠭᠠᠨᠴᠢ᠎ᠪᠠᠷ ᠵᠣᠬᠢᠶᠠᠨ ᠪᠠᠢᠭᠤᠯᠬᠤ᠎ᠶᠢ ᠰᠠᠢᠲᠤᠷ ᠬᠢᠵᠦ᠂ ᠨᠡᠭᠦᠷᠡᠰᠦᠨ᠎ᠤ ᠢᠷᠡᠯᠲᠡ᠎ᠶᠢᠨ ᠲᠣᠭᠲᠠᠭᠤᠨ ᠬᠠᠩᠭᠠᠯᠭ᠎ᠠ᠎ᠶᠢ ᠪᠠᠲᠤᠯᠠᠨ᠎ᠠ; ᠨᠡᠭᠦᠷᠡᠰᠦᠨ᠎ᠤ ᠤᠷᠲᠤᠪᠲᠤᠷ ᠪᠠ ᠣᠷᠳᠣ᠌ ᠬᠤᠭᠤᠴᠠᠭᠠᠨ᠎ᠤ ᠭᠡᠷ᠎ᠡ᠎ᠶᠢᠨ ᠳᠦᠷᠢᠮ᠎ᠢ ᠴᠢᠩᠭ᠎ᠠ ᠬᠡᠷᠡᠭᠵᠢᠭᠦᠯᠵᠦ᠂ ᠴᠠᠬᠢᠯᠭᠠᠨ ᠭᠠᠷᠭᠠᠬᠤ᠂ ᠳᠤᠯᠠᠭᠠᠯᠠᠭ᠎ᠠ ᠬᠠᠩᠭᠠᠬᠤ ᠵᠡᠷᠭᠡ ᠠᠷᠠᠳ᠎ᠤᠨ ᠠᠮᠢᠳᠤᠷᠠᠯ᠎ᠳᠤ ᠬᠡᠷᠡᠭᠯᠡᠬᠦ ᠨᠡᠭᠦᠷᠡᠰᠦ᠎ᠶᠢ ᠤᠷᠢᠳ᠎ᠢᠶᠠᠷ ᠪᠠᠲᠤᠯᠠᠨ᠎ᠠ; ᠣᠷᠣᠨ ᠨᠤᠲᠤᠭ᠎ᠠᠴᠠ ᠲᠣᠬᠢᠷᠠᠭᠤᠯᠬᠤᠢᠴᠠ ᠨᠡᠭᠦᠷᠡᠰᠦ ᠨᠥᠭᠡᠴᠡᠯᠡᠬᠦ ᠳᠦᠷᠢᠮ᠎ᠢ ᠨᠠᠢᠳᠠᠪᠤᠷᠢᠵᠢᠭᠤᠯᠵᠤ᠂ ᠦᠢᠯᠡᠳᠪᠦᠷᠢᠯᠡᠬᠦ ᠴᠢᠳᠠᠪᠤᠷᠢ᠎ᠶᠢᠨ ᠨᠥᠭᠡᠴᠡ᠎ᠶᠢᠨ ᠨᠡᠭᠦᠷᠡᠰᠦᠨ ᠠᠭᠤᠷᠬᠠᠢ᠎ᠶᠢᠨ ᠬᠣᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠪᠠᠴᠢᠮ ᠪᠠᠢᠳᠠᠯ᠎ᠢ ᠠᠷᠭᠠᠴᠠᠭᠠᠵᠤ ᠨᠥᠭᠡᠴᠡᠯᠡᠬᠦ ᠦᠢᠯᠡᠳᠪᠦᠷᠢᠯᠡᠬᠦ ᠴᠢᠳᠠᠪᠤᠷᠢ᠎ᠶᠢᠨ ᠪᠦᠲᠦᠭᠡᠨ ᠪᠠᠢᠭᠤᠯᠤᠯᠲᠠ ᠪᠠ ᠬᠡᠷᠡᠭᠯᠡᠬᠦ ᠵᠡᠷᠭᠡ ᠠᠵᠢᠯ᠎ᠢ ᠥᠷᠨᠢᠭᠦᠯᠦᠨ᠎ᠡ᠃

ᠴᠠᠬᠢᠯᠭᠠᠨ ᠭᠠᠷᠭᠠᠬᠤ ᠠᠵᠤ ᠠᠬᠤᠢᠯᠠᠯ (ᠥᠪᠥᠷ ᠮᠣᠩᠭᠣᠯ᠎ᠤᠨ ᠡᠨᠧᠷᠬᠢ᠎ᠶᠢᠨ ᠪᠦᠯᠦᠭᠯᠡᠯ᠎ᠤᠨ ᠬᠢᠵᠠᠭᠠᠷᠲᠤ ᠺᠣᠮᠫᠠᠨᠢ᠂ ᠤᠯᠤᠰ᠎ᠤᠨ ᠡᠨᠧᠷᠬᠢ᠎ᠶᠢᠨ ᠪᠦᠯᠦᠭᠯᠡᠯ᠎ᠤᠨ ᠥᠪᠥᠷ ᠮᠣᠩᠭᠣᠯ᠎ᠤᠨ ᠬᠤᠪᠢᠶᠠᠷᠢ ᠬᠡᠯᠲᠡᠰ ᠵᠢᠴᠢ ᠪᠤᠰᠤᠳ ᠬᠣᠯᠪᠣᠭᠳᠠᠯ ᠪᠦᠬᠦᠢ ᠡᠨᠧᠷᠬᠢ᠎ᠶᠢᠨ ᠠᠵᠤ ᠠᠬᠤᠢᠯᠠᠯ)᠄ ᠥᠪᠡᠷᠲᠡᠭᠡᠨ ᠵᠠᠰᠠᠬᠤ ᠣᠷᠣᠨ᠎ᠤ ᠵᠢᠯᠤᠭᠣᠳᠬᠤ ᠭᠠᠵᠠᠷ᠎ᠤᠨ ᠨᠢᠭᠡᠳᠦᠯᠲᠡᠢ ᠵᠢᠯᠣᠭᠣᠳᠤᠯᠭ᠎ᠠ ᠳᠣᠣᠷ᠎ᠠ᠂ ᠲᠣᠬᠢᠷᠠᠭᠤᠯᠬᠤ ᠵᠠᠷᠯᠢᠭ᠋᠎ᠤᠨ ᠶᠣᠰᠣᠭᠠᠷ ᠴᠠᠬᠢᠯᠭᠠᠨ ᠭᠠᠷᠭᠠᠬᠤ ᠮᠠᠰᠢᠨ ᠪᠦᠯᠦᠭ᠎ᠦᠨ ᠴᠢᠳᠠᠪᠬᠢ᠎ᠳᠤ ᠲᠣᠬᠢᠷᠠᠭᠤᠯᠤᠯᠲᠠ ᠬᠢᠬᠦ᠎ᠶᠢ ᠰᠠᠢᠲᠤᠷ ᠬᠢᠵᠦ᠂ ᠴᠠᠬᠢᠯᠭᠠᠨ ᠬᠦᠴᠦᠨ᠎ᠤ ᠬᠠᠩᠭᠠᠯᠭ᠎ᠠ᠎ᠶᠢ ᠪᠠᠲᠤᠯᠠᠨ᠂ ᠮᠠᠰᠢᠨ ᠪᠦᠯᠦᠭ᠎ᠦᠨ ᠠᠵᠢᠯᠯᠠᠭᠠᠨ᠎ᠢ ᠰᠢᠯᠢᠳᠡᠭᠵᠢᠭᠦᠯᠵᠦ᠂ ᠣᠷᠬᠢᠯ ᠦᠶ᠎ᠡ᠎ᠶᠢᠨ ᠴᠢᠳᠠᠪᠤᠷᠢ᠎ᠶᠢ ᠳᠡᠭᠡᠭᠰᠢᠯᠡᠬᠦᠯᠥᠨ᠎ᠠ; ᠶᠡᠬᠡ ᠬᠡᠪᠴᠢᠶ᠎ᠡ᠎ᠪᠡᠷ ᠴᠠᠬᠢᠯᠭᠠᠨ ᠵᠣᠭᠰᠣᠭᠰᠠᠨ ᠪᠠᠢᠳᠠᠯ᠎ᠢ ᠠᠷᠭᠠᠴᠠᠭᠠᠵᠤ ᠰᠢᠢᠳᠪᠦᠷᠢᠯᠡᠬᠦ ᠠᠵᠢᠯ᠎ᠢ ᠰᠠᠢᠲᠤᠷ ᠬᠢᠵᠦ᠂ ᠴᠠᠬᠢᠯᠭᠠᠨ ᠬᠦᠴᠦᠨ᠎ᠤ ᠬᠠᠩᠭᠠᠯᠭ᠎ᠠ᠎ᠶᠢ ᠪᠠᠲᠤᠯᠠᠬᠤ ᠪᠠ ᠪᠠᠴᠢᠮ ᠪᠠᠢᠳᠠᠯ᠎ᠢ ᠠᠷᠭᠠᠴᠠᠭᠠᠵᠤ ᠱᠠᠯᠠᠪᠳᠠᠨ ᠵᠠᠰᠠᠬᠤ ᠡᠩᠨᠡᠭᠡ᠎ᠶᠢ ᠵᠣᠬᠢᠶᠠᠨ ᠪᠠᠢᠭᠤᠯᠵᠤ᠂ ᠪᠠᠴᠢᠮ ᠪᠠᠢᠳᠠᠯ᠎ᠢ ᠠᠷᠭᠠᠴᠠᠭᠠᠬᠤ ᠪᠠᠲᠤᠯᠠᠭ᠎ᠠ᠎ᠶᠢᠨ ᠲᠥᠬᠦᠭᠡᠷᠦᠮᠵᠢ ᠡᠳ᠋ ᠪᠠᠷᠠᠭ᠎ᠠ᠎ᠶᠢ ᠰᠢᠯᠵᠢᠭᠦᠯᠦᠨ ᠴᠤᠭᠯᠠᠭᠤᠯᠵᠤ᠂ ᠲᠥᠯᠥᠪᠯᠡᠭᠡᠲᠦ ᠪᠤᠰᠤ ᠴᠠᠬᠢᠯᠭᠠᠨ ᠵᠣᠭᠰᠣᠭᠰᠠᠨ ᠮᠠᠰᠢᠨ ᠪᠦᠯᠦᠭ᠎ᠦᠨ ᠪᠠᠴᠢᠮ ᠪᠠᠢᠳᠠᠯ᠎ᠢ ᠠᠷᠭᠠᠴᠠᠭᠠᠵᠤ ᠱᠠᠯᠠᠪᠳᠠᠨ ᠵᠠᠰᠠᠵᠤ᠂ ᠴᠠᠬᠢᠯᠭᠠᠨ ᠬᠦᠴᠦᠨ᠎ᠤ ᠬᠠᠩᠭᠠᠯᠭ᠎ᠠ᠎ᠶᠢ ᠴᠠᠭ ᠲᠤᠬᠠᠢ᠎ᠳᠤ ᠨᠢ ᠰᠡᠷᠭᠦᠭᠡᠨ᠎ᠡ; ᠬᠣᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠲᠦᠯᠡᠰᠢ᠂ ᠡᠳ᠋ ᠪᠠᠷᠠᠭ᠎ᠠ ᠨᠥᠭᠡᠴᠡᠯᠡᠬᠦ ᠵᠡᠷᠭᠡ ᠠᠵᠢᠯ᠎ᠢ ᠰᠠᠢᠲᠤᠷ ᠬᠢᠨ᠎ᠡ᠃

ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ ᠬᠥᠬᠡᠬᠤᠲᠠ᠎ᠶᠢᠨ ᠴᠢᠯᠠᠭᠤᠨ ᠲᠣᠰᠣ᠌ ᠬᠢᠮᠢ᠎ᠶᠢᠨ ᠠᠵᠤ ᠦᠢᠯᠡᠳᠪᠦᠷᠢ᠎ᠶᠢᠨ ᠺᠣᠮᠫᠠᠨᠢ᠄ ᠥᠪᠡᠷᠲᠡᠭᠡᠨ ᠵᠠᠰᠠᠬᠤ ᠣᠷᠣᠨ᠎ᠤ ᠵᠢᠯᠤᠭᠣᠳᠬᠤ ᠭᠠᠵᠠᠷ᠎ᠤᠨ ᠨᠢᠭᠡᠳᠦᠯᠲᠡᠢ ᠵᠢᠯᠣᠭᠣᠳᠤᠯᠭ᠎ᠠ ᠳᠣᠣᠷ᠎ᠠ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ᠎ᠤ ᠦᠢᠯᠡᠳᠪᠦᠷᠢᠯᠡᠯ᠎ᠢ ᠲᠣᠭᠲᠠᠭᠤᠨ ᠪᠠᠢᠯᠭᠠᠬᠤ ᠠᠵᠢᠯ᠎ᠢ ᠰᠠᠢᠲᠤᠷ ᠬᠢᠵᠦ᠂ ᠵᠠᠬ᠎ᠠ ᠳᠡᠯᠭᠡᠭᠦᠷ᠎ᠤᠨ ᠲᠣᠭᠲᠠᠭᠤᠨ ᠬᠠᠩᠭᠠᠯᠭ᠎ᠠ᠎ᠶᠢ ᠪᠠᠲᠤᠯᠠᠨ᠂ ᠲᠣᠰᠣ᠌ ᠬᠡᠢ᠎ᠶᠢᠨ ᠬᠠᠩᠭᠠᠯᠭ᠎ᠠ ᠲᠠᠰᠤᠯᠳᠠᠭᠰᠠᠨ ᠬᠡᠷᠡᠭ᠎ᠢ ᠠᠷᠭᠠᠴᠠᠭᠠᠨ ᠰᠢᠢᠳᠪᠦᠷᠢᠯᠡᠬᠦ ᠵᠡᠷᠭᠡ ᠠᠵᠢᠯ᠎ᠢ ᠰᠠᠢᠲᠤᠷ ᠬᠢᠨ᠎ᠡ᠃

ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ ᠥᠪᠥᠷ ᠮᠣᠩᠭᠣᠯ᠎ᠳᠠᠬᠢ ᠪᠣᠷᠤᠯᠠᠭᠤᠯᠭ᠎ᠠ᠎ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ᠎ᠤᠨ ᠴᠢᠯᠠᠭᠤᠨ ᠲᠣᠰᠣ᠌ ᠬᠢᠮᠢ᠎ᠶᠢᠨ ᠠᠵᠤ ᠦᠢᠯᠡᠳᠪᠦᠷᠢ᠎ᠶᠢᠨ ᠪᠣᠷᠤᠯᠠᠭᠤᠯᠭ᠎ᠠ᠎ᠶᠢᠨ ᠬᠣᠪᠢᠴᠠᠭᠠᠲᠣ᠌ ᠬᠢᠵᠠᠭᠠᠷᠲᠤ ᠺᠣᠮᠫᠠᠨᠢ᠎ᠶᠢᠨ ᠥᠪᠥᠷ ᠮᠣᠩᠭᠣᠯ᠎ᠤᠨ ᠴᠢᠯᠠᠭᠤᠨ ᠲᠣᠰᠣᠨ᠎ᠤ ᠬᠤᠪᠢᠶᠠᠷᠢ ᠺᠣᠮᠫᠠᠨᠢ᠄ ᠥᠪᠡᠷᠲᠡᠭᠡᠨ ᠵᠠᠰᠠᠬᠤ ᠣᠷᠣᠨ᠎ᠤ ᠵᠢᠯᠤᠭᠣᠳᠬᠤ ᠭᠠᠵᠠᠷ᠎ᠤᠨ ᠨᠢᠭᠡᠳᠦᠯᠲᠡᠢ ᠵᠢᠯᠣᠭᠣᠳᠤᠯᠭ᠎ᠠ ᠳᠣᠣᠷ᠎ᠠ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ᠎ᠤ ᠡᠬᠢ ᠪᠠᠶᠠᠯᠢᠭ᠋᠎ᠢ ᠵᠣᠬᠢᠶᠠᠨ ᠪᠠᠢᠭᠤᠯᠤᠨ ᠲᠣᠬᠢᠷᠠᠭᠤᠯᠬᠤ᠂ ᠬᠠᠩᠭᠠᠯᠭ᠎ᠠ᠎ᠶᠢ ᠵᠦᠢ ᠵᠣᠬᠢᠰᠲᠠᠢ ᠬᠠᠮᠢᠶᠠᠷᠤᠨ ᠡᠵᠡᠮᠳᠡᠵᠦ ᠲᠣᠬᠢᠷᠠᠭᠤᠯᠬᠤ᠂ ᠠᠷᠠᠳ᠎ᠤᠨ ᠠᠮᠢᠳᠤᠷᠠᠯ ᠪᠠ ᠴᠢᠬᠤᠯᠠ ᠬᠡᠷᠡᠭᠯᠡᠭᠴᠢᠳ᠎ᠤᠨ ᠬᠡᠷᠡᠭᠴᠡᠭᠡ᠎ᠶᠢ ᠤᠷᠢᠳ᠎ᠢᠶᠠᠷ ᠪᠠᠲᠤᠯᠠᠵᠤ᠂ ᠵᠠᠬ᠎ᠠ ᠳᠡᠯᠭᠡᠭᠦᠷ᠎ᠤᠨ ᠲᠣᠭᠲᠠᠭᠤᠨ ᠬᠠᠩᠭᠠᠯᠭ᠎ᠠ᠎ᠶᠢ ᠪᠠᠲᠤᠯᠠᠨ᠎ᠠ; ᠪᠣᠯᠪᠠᠰᠤᠷᠠᠭᠤᠯᠤᠭᠰᠠᠨ ᠴᠢᠯᠠᠭᠤᠨ ᠲᠣᠰᠣ᠌ ᠪᠠ ᠵᠠᠮ ᠬᠠᠷᠢᠯᠴᠠᠭᠠᠨ᠎ᠤ ᠦᠵᠦᠭᠦᠷ᠎ᠤᠨ ᠲᠣᠰᠣ᠌ ᠬᠡᠢ᠎ᠶᠢᠨ ᠬᠠᠩᠭᠠᠯᠭ᠎ᠠ ᠲᠠᠰᠤᠯᠳᠠᠭᠰᠠᠨ ᠬᠡᠷᠡᠭ᠎ᠢ ᠠᠷᠭᠠᠴᠠᠭᠠᠨ ᠰᠢᠢᠳᠪᠦᠷᠢᠯᠡᠬᠦ ᠵᠡᠷᠭᠡ ᠠᠵᠢᠯ᠎ᠢ ᠰᠠᠢᠲᠤᠷ ᠬᠢᠨ᠎ᠡ᠃

ᠳᠤᠮᠳᠠᠳᠤ ᠤᠯᠤᠰ᠎ᠤᠨ ᠴᠢᠯᠠᠭᠤᠨ ᠲᠣᠰᠣ᠌ ᠪᠠᠢᠭᠠᠯᠢ᠎ᠶᠢᠨ ᠰᠢᠲᠠᠮᠠᠬᠠᠢ ᠬᠡᠢ᠎ᠶᠢᠨ ᠪᠣᠷᠤᠯᠠᠭᠤᠯᠭ᠎ᠠ᠎ᠶᠢᠨ ᠥᠪᠥᠷ ᠮᠣᠩᠭᠣᠯ᠎ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ᠎ᠤᠨ ᠴᠢᠯᠠᠭᠤᠨ ᠲᠣᠰᠣ᠌ ᠬᠢᠮᠢ᠎ᠶᠢᠨ ᠠᠵᠤ ᠦᠢᠯᠡᠳᠪᠦᠷᠢ᠎ᠶᠢᠨ ᠬᠤᠸᠠᠪᠧᠢ ᠣᠷᠣᠨ᠎ᠳᠡᠬᠢ ᠲᠣᠰᠣ᠌ ᠬᠡᠢ᠎ᠶᠢᠨ ᠬᠤᠪᠢᠶᠠᠷᠢ ᠺᠣᠮᠫᠠᠨᠢ᠄ ᠥᠪᠡᠷᠲᠡᠭᠡᠨ ᠵᠠᠰᠠᠬᠤ ᠣᠷᠣᠨ᠎ᠤ ᠵᠢᠯᠤᠭᠣᠳᠬᠤ ᠭᠠᠵᠠᠷ᠎ᠤᠨ ᠨᠢᠭᠡᠳᠦᠯᠲᠡᠢ ᠵᠢᠯᠣᠭᠣᠳᠤᠯᠭ᠎ᠠ ᠳᠣᠣᠷ᠎ᠠ᠂ ᠪᠠᠢᠭᠠᠯᠢ᠎ᠶᠢᠨ ᠰᠢᠲᠠᠮᠠᠬᠠᠢ ᠬᠡᠢ᠎ᠶᠢᠨ ᠡᠬᠢ ᠪᠠᠶᠠᠯᠢᠭ᠋᠎ᠢ ᠵᠣᠬᠢᠶᠠᠨ ᠪᠠᠢᠭᠤᠯᠤᠨ ᠲᠣᠬᠢᠷᠠᠭᠤᠯᠬᠤ ᠠᠵᠢᠯ᠎ᠢ ᠰᠠᠢᠲᠤᠷ ᠬᠢᠵᠦ᠂ ᠠᠷᠠᠳ᠎ᠤᠨ ᠠᠮᠢᠳᠤᠷᠠᠯ᠎ᠤᠨ ᠬᠡᠷᠡᠭᠴᠡᠭᠡ᠎ᠶᠢ ᠤᠷᠢᠳ᠎ᠢᠶᠠᠷ ᠪᠠᠲᠤᠯᠠᠨ᠂ ᠵᠠᠬ᠎ᠠ ᠳᠡᠯᠭᠡᠭᠦᠷ᠎ᠤᠨ ᠲᠣᠭᠲᠠᠭᠤᠨ ᠬᠠᠩᠭᠠᠯᠭ᠎ᠠ᠎ᠶᠢ ᠪᠠᠲᠤᠯᠠᠨ᠎ᠠ; ᠰᠢᠲᠠᠮᠠᠬᠠᠢ ᠬᠡᠢ᠎ᠶᠢᠨ ᠬᠠᠩᠭᠠᠯᠭ᠎ᠠ ᠲᠠᠰᠤᠯᠳᠠᠭᠰᠠᠨ ᠬᠡᠷᠡᠭ᠎ᠢ ᠠᠷᠭᠠᠴᠠᠭᠠᠨ ᠰᠢᠢᠳᠪᠦᠷᠢᠯᠡᠬᠦ ᠵᠡᠷᠭᠡ ᠠᠵᠢᠯ᠎ᠢ ᠰᠠᠢᠲᠤᠷ ᠬᠢᠨ᠎ᠡ᠃

ᠰᠢᠲᠠᠮᠠᠬᠠᠢ ᠬᠡᠢ᠎ᠶᠢᠨ ᠬᠣᠭᠣᠯᠠᠢ ᠭᠤᠤᠷᠰᠤ᠎ᠶᠢᠨ ᠠᠵᠤ ᠠᠬᠤᠢᠯᠠᠯ (ᠤᠯᠤᠰ᠎ᠤᠨ ᠬᠣᠭᠣᠯᠠᠢ ᠭᠤᠤᠷᠰᠤ᠎ᠶᠢᠨ ᠲᠣᠣᠷ᠎ᠤᠨ ᠪᠦᠯᠦᠭᠯᠡᠯ᠎ᠦᠨ ᠪᠡᠭᠡᠵᠢᠩ᠎ᠦᠨ ᠬᠣᠭᠣᠯᠠᠢ ᠭᠤᠤᠷᠰᠤ᠎ᠶᠢᠨ ᠺᠣᠮᠫᠠᠨᠢ᠎ᠶᠢᠨ ᠥᠪᠥᠷ ᠮᠣᠩᠭᠣᠯ᠎ᠤᠨ ᠲᠣᠰᠣ᠌ ᠬᠡᠢ ᠳᠠᠮᠵᠢᠭᠤᠯᠬᠤ ᠬᠤᠪᠢᠶᠠᠷᠢ ᠺᠣᠮᠫᠠᠨᠢ᠂ ᠥᠪᠥᠷ ᠮᠣᠩᠭᠣᠯ᠎ᠤᠨ ᠪᠠᠷᠠᠭᠤᠨ ᠬᠡᠰᠡᠭ᠎ᠦᠨ ᠪᠠᠢᠭᠠᠯᠢ᠎ᠶᠢᠨ ᠰᠢᠲᠠᠮᠠᠬᠠᠢ ᠬᠡᠢ᠎ᠶᠢᠨ ᠬᠣᠪᠢᠴᠠᠭᠠᠲᠤ ᠬᠢᠵᠠᠭᠠᠷᠲᠤ ᠺᠣᠮᠫᠠᠨᠢ ᠵᠢᠴᠢ ᠪᠤᠰᠤᠳ ᠬᠣᠯᠪᠣᠭᠳᠠᠯ ᠪᠦᠬᠦᠢ ᠠᠵᠤ ᠠᠬᠤᠢᠯᠠᠯ)᠄ ᠥᠪᠡᠷᠲᠡᠭᠡᠨ ᠵᠠᠰᠠᠬᠤ ᠣᠷᠣᠨ᠎ᠤ ᠵᠢᠯᠤᠭᠣᠳᠬᠤ ᠭᠠᠵᠠᠷ᠎ᠤᠨ ᠨᠢᠭᠡᠳᠦᠯᠲᠡᠢ ᠵᠢᠯᠣᠭᠣᠳᠤᠯᠭ᠎ᠠ ᠳᠣᠣᠷ᠎ᠠ᠂ ᠬᠠᠷᠢᠶ᠎ᠠ ᠪᠦᠬᠦᠢ ᠰᠢᠲᠠᠮᠠᠬᠠᠢ ᠬᠡᠢ᠎ᠶᠢᠨ ᠬᠣᠭᠣᠯᠠᠢ ᠭᠤᠤᠷᠰᠤ᠎ᠶᠢᠨ ᠠᠵᠢᠯᠯᠠᠭᠠᠨ᠎ᠤ ᠲᠣᠬᠢᠷᠠᠭᠤᠯᠤᠯᠲᠠ᠎ᠶᠢ ᠰᠠᠢᠲᠤᠷ ᠬᠢᠵᠦ᠂ ᠲᠤᠰᠬᠠᠢ ᠠᠵᠢᠯᠯᠠᠭᠠᠨ᠎ᠤ ᠪᠠᠲᠤᠯᠠᠭ᠎ᠠ ᠪᠠ ᠱᠠᠯᠠᠪᠳᠠᠨ ᠵᠠᠰᠠᠬᠤ ᠡᠩᠨᠡᠭᠡ᠎ᠶᠢ ᠵᠣᠬᠢᠶᠠᠨ ᠪᠠᠢᠭᠤᠯᠵᠤ᠂ ᠡᠪᠳᠡᠭᠳᠡᠭᠰᠡᠨ ᠬᠣᠭᠣᠯᠠᠢ ᠭᠤᠤᠷᠰᠤ᠎ᠶᠢ ᠱᠠᠯᠠᠪᠳᠠᠨ ᠵᠠᠰᠠᠵᠤ ᠰᠡᠷᠭᠦᠭᠡᠬᠦ ᠵᠡᠷᠭᠡ ᠠᠵᠢᠯ᠎ᠢ ᠬᠢᠨ᠎ᠡ᠃

2.4 ᠪᠠᠴᠢᠮ ᠪᠠᠢᠳᠠᠯ᠎ᠢ ᠠᠷᠭᠠᠴᠠᠭᠠᠬᠤ ᠠᠵᠢᠯ᠎ᠤᠨ ᠳᠤᠭᠤᠢᠯᠠᠩ᠎ᠤᠨ ᠪᠦᠷᠢᠯᠳᠦᠭᠦᠨ ᠵᠢᠴᠢ ᠡᠭᠦᠷᠭᠡ ᠬᠠᠷᠢᠭᠤᠴᠠᠯᠭ᠎ᠠ

ᠥᠪᠡᠷᠲᠡᠭᠡᠨ ᠵᠠᠰᠠᠬᠤ ᠣᠷᠣᠨ᠎ᠤ ᠵᠢᠯᠤᠭᠣᠳᠬᠤ ᠭᠠᠵᠠᠷ᠎ᠤᠨ ᠳᠣᠣᠷ᠎ᠠ ᠲᠠᠯ᠎ᠠ᠎ᠳᠤ ᠡᠨᠧᠷᠭᠢ᠎ᠶᠢᠨ ᠪᠠᠲᠤᠯᠠᠭ᠎ᠠ᠎ᠶᠢᠨ ᠳᠤᠭᠤᠢᠯᠠᠩ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠳᠤᠭᠤᠢᠯᠠᠩ᠂ ᠵᠠᠬ᠎ᠠ ᠳᠡᠯᠭᠡᠭᠦᠷ᠎ᠤᠨ ᠡᠮᠬᠢ ᠳᠢᠭ᠌ᠯᠢᠮ᠎ᠤᠨ ᠳᠤᠭᠤᠢᠯᠠᠩ᠂ ᠬᠦᠴᠦᠨ ᠵᠦᠢᠯ᠎ᠦᠨ ᠪᠠᠲᠤᠯᠠᠭ᠎ᠠ᠎ᠶᠢᠨ ᠳᠤᠭᠤᠢᠯᠠᠩ᠂ ᠤᠬᠠᠭᠤᠯᠭ᠎ᠠ ᠵᠢᠴᠢ ᠶᠠᠷᠢᠶ᠎ᠠ ᠬᠡᠯᠡᠯᠴᠡᠭᠡᠨ᠎ᠤ ᠪᠠᠢᠳᠠᠯ᠎ᠢ ᠰᠢᠢᠳᠪᠦᠷᠢᠯᠡᠬᠦ ᠳᠤᠭᠤᠢᠯᠠᠩ᠂ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠳᠤᠭᠤᠢᠯᠠᠩ ᠵᠡᠷᠭᠡ ᠪᠠᠴᠢᠮ ᠪᠠᠢᠳᠠᠯ᠎ᠢ ᠠᠷᠭᠠᠴᠠᠭᠠᠬᠤ ᠠᠵᠢᠯ᠎ᠤᠨ ᠳᠤᠭᠤᠢᠯᠠᠩ᠎ᠢ ᠪᠠᠢᠭᠤᠯᠤᠨ᠎ᠠ᠃

2.4.1 ᠡᠨᠧᠷᠭᠢ᠎ᠶᠢᠨ ᠪᠠᠲᠤᠯᠠᠭ᠎ᠠ᠎ᠶᠢᠨ ᠳᠤᠭᠤᠢᠯᠠᠩ

ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ ᠲᠦᠷᠦᠭᠦᠯᠡᠨ ᠬᠠᠷᠢᠭᠤᠴᠠᠨ᠎ᠠ᠂ ᠪᠦᠷᠢᠯᠳᠦᠭᠦᠨ ᠨᠢᠭᠡᠴᠢ ᠨᠢ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠢᠩᠬᠢᠮ᠂ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠢᠩᠬᠢᠮ᠂ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ᠂ ᠤᠯᠤᠰ᠎ᠤᠨ ᠠᠮᠤ ᠪᠤᠳᠠᠭ᠎ᠠ ᠪᠠ ᠡᠳ᠋ ᠪᠠᠷᠠᠭ᠎ᠠ ᠬᠠᠳᠠᠭᠠᠯᠠᠬᠤ ᠲᠣᠪᠴᠢᠶᠠᠨ᠎ᠤ ᠥᠪᠥᠷ ᠮᠣᠩᠭᠣᠯ᠎ᠤᠨ ᠲᠣᠪᠴᠢᠶ᠎ᠠ᠂ ᠥᠪᠥᠷ ᠮᠣᠩᠭᠣᠯ᠎ᠤᠨ ᠴᠠᠬᠢᠯᠭᠠᠨ ᠬᠦᠴᠦᠨ (ᠪᠦᠯᠦᠭᠯᠡᠯ)᠎ᠤ ᠺᠣᠮᠫᠠᠨᠢ᠂ ᠤᠯᠤᠰ᠎ᠤᠨ ᠴᠠᠬᠢᠯᠭᠠᠨ ᠬᠦᠴᠦᠨ᠎ᠦ ᠲᠣᠣᠷ᠎ᠤᠨ ᠥᠪᠥᠷ ᠮᠣᠩᠭᠣᠯ᠎ᠤᠨ ᠵᠡᠭᠦᠨ ᠬᠡᠰᠡᠭ᠎ᠲᠠᠬᠢ ᠴᠠᠬᠢᠯᠭᠠᠨ ᠬᠦᠴᠦᠨ᠎ᠦ ᠺᠣᠮᠫᠠᠨᠢ᠂ ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ ᠬᠥᠬᠡᠬᠣᠲᠠ᠎ᠶᠢᠨ ᠴᠢᠯᠠᠭᠤᠨ ᠲᠣᠰᠣ᠌ ᠬᠢᠮᠢ᠎ᠶᠢᠨ ᠠᠵᠤ ᠦᠢᠯᠡᠳᠪᠦᠷᠢ᠎ᠶᠢᠨ ᠺᠣᠮᠫᠠᠨᠢ᠂ ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ ᠥᠪᠥᠷ ᠮᠣᠩᠭᠣᠯ᠎ᠤᠨ ᠪᠣᠷᠤᠯᠠᠭᠤᠯᠭ᠎ᠠ᠎ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ᠎ᠤᠨ ᠴᠢᠯᠠᠭᠤᠨ ᠲᠣᠰᠣ᠌ ᠬᠢᠮᠢ᠎ᠶᠢᠨ ᠠᠵᠤ ᠦᠢᠯᠡᠳᠪᠦᠷᠢ᠎ᠶᠢᠨ ᠪᠣᠷᠤᠯᠠᠭᠤᠯᠭ᠎ᠠ᠎ᠶᠢᠨ ᠬᠣᠪᠢᠴᠠᠭᠠᠲᠤ ᠬᠢᠵᠠᠭᠠᠷᠲᠤ ᠺᠣᠮᠫᠠᠨᠢ᠎ᠶᠢᠨ ᠥᠪᠥᠷ ᠮᠣᠩᠭᠣᠯ᠎ᠤᠨ ᠴᠢᠯᠠᠭᠤᠨ ᠲᠣᠰᠣᠨ᠎ᠤ ᠬᠤᠪᠢᠶᠠᠷᠢ ᠺᠣᠮᠫᠠᠨᠢ᠂ ᠳᠤᠮᠳᠠᠳᠤ ᠤᠯᠤᠰ᠎ᠤᠨ ᠴᠢᠯᠠᠭᠤᠨ ᠲᠣᠰᠣ᠌ ᠪᠠᠢᠭᠠᠯᠢ᠎ᠶᠢᠨ ᠰᠢᠲᠠᠮᠠᠬᠠᠢ ᠬᠡᠢ᠎ᠶᠢᠨ ᠪᠣᠷᠤᠯᠠᠭᠤᠯᠭ᠎ᠠ᠎ᠶᠢᠨ ᠥᠪᠥᠷ ᠮᠣᠩᠭᠣᠯ᠎ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ᠎ᠤᠨ ᠴᠢᠯᠠᠭᠤᠨ ᠲᠣᠰᠣ᠌ ᠬᠢᠮᠢ᠎ᠶᠢᠨ ᠠᠵᠤ ᠦᠢᠯᠡᠳᠪᠦᠷᠢ᠎ᠶᠢᠨ ᠬᠤᠸᠠᠪᠧᠢ᠎ᠶᠢᠨ ᠲᠣᠰᠣ᠌ ᠬᠡᠢ᠎ᠶᠢᠨ ᠬᠤᠪᠢᠶᠠᠷᠢ ᠺᠣᠮᠫᠠᠨᠢ᠂ ᠬᠠᠮᠢᠶ᠎ᠠ ᠪᠦᠬᠦᠢ ᠨᠡᠭᠦᠷᠡᠰᠦ᠂ ᠴᠠᠬᠢᠯᠭᠠᠨ ᠭᠠᠷᠭᠠᠬᠤ᠂ ᠲᠣᠰᠣ᠌ ᠬᠡᠢ᠎ᠶᠢᠨ ᠬᠣᠭᠣᠯᠠᠢ ᠭᠤᠤᠷᠰᠤ᠎ᠶᠢᠨ ᠠᠵᠤ ᠠᠬᠤᠢᠯᠠᠯ᠃

ᠭᠣᠣᠯ ᠡᠭᠦᠷᠭᠡ ᠬᠠᠷᠢᠭᠤᠴᠠᠯᠭ᠎ᠠ᠄ ᠡᠨᠧᠷᠭᠢ᠎ᠶᠢᠨ ᠠᠵᠢᠯᠯᠠᠭᠠᠨ᠎ᠤ ᠪᠠᠢᠳᠠᠯ᠎ᠢ ᠬᠢᠨᠠᠨ ᠰᠢᠨᠵᠢᠵᠦ᠂ ᠡᠨᠧᠷᠭᠢ᠎ᠶᠢᠨ ᠬᠠᠩᠭᠠᠯᠭ᠎ᠠ ᠬᠡᠷᠡᠭᠴᠡᠭᠡ᠎ᠶᠢ ᠵᠣᠯᠭᠠᠭᠤᠯᠬᠤ ᠠᠵᠢᠯ᠎ᠢ ᠥᠷᠨᠢᠭᠦᠯᠦᠨ᠂ ᠡᠨᠧᠷᠭᠢ᠎ᠶᠢᠨ ᠬᠠᠩᠭᠠᠯᠭ᠎ᠠ᠎ᠶᠢᠨ ᠪᠠᠲᠤᠯᠠᠭ᠎ᠠ᠎ᠶᠢ ᠠᠷᠭᠠᠴᠠᠭᠠᠵᠤ ᠰᠢᠢᠳᠪᠦᠷᠢᠯᠡᠬᠦ ᠠᠷᠭ᠎ᠠ ᠬᠡᠮᠵᠢᠶ᠎ᠡ᠎ᠶᠢ ᠲᠣᠭᠲᠠᠭᠠᠵᠤ᠂ ᠬᠠᠩᠭᠠᠯᠭ᠎ᠠ᠎ᠶᠢᠨ ᠪᠠᠲᠤᠯᠠᠭ᠎ᠠ᠎ᠳᠤ ᠬᠡᠷᠡᠭᠰᠡᠬᠦ ᠡᠬᠢ ᠪᠠᠶᠠᠯᠢᠭ᠋᠎ᠢ ᠵᠣᠬᠢᠶᠠᠨ ᠪᠠᠢᠭᠤᠯᠤᠨ ᠨᠠᠢᠳᠠᠪᠤᠷᠢᠵᠢᠭᠤᠯᠵᠤ᠂ ᠪᠠᠴᠢᠮ ᠪᠠᠢᠳᠠᠯ᠎ᠢ ᠠᠷᠭᠠᠴᠠᠭᠠᠬᠤ ᠡᠳ᠋ ᠪᠠᠷᠠᠭ᠎ᠠ᠎ᠶᠢ ᠨᠥᠭᠡᠴᠡᠯᠡᠬᠦ ᠪᠠ ᠰᠢᠯᠵᠢᠭᠦᠯᠦᠨ ᠥᠭᠬᠦ ᠳᠦᠷᠢᠮ᠎ᠢ ᠪᠠᠢᠭᠤᠯᠤᠨ ᠪᠦᠷᠢᠨᠰᠢᠭᠦᠯᠵᠦ᠂ ᠭᠠᠮᠰᠢᠭ᠋᠎ᠠᠴᠠ ᠠᠪᠤᠷᠠᠬᠤ ᠦᠶ᠎ᠡ᠎ᠳᠦ ᠨᠢᠭᠡᠳᠦᠯᠲᠡᠢ ᠲᠣᠬᠢᠷᠠᠭᠤᠯᠤᠨ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠵᠣᠬᠢᠴᠠᠭᠤᠯᠵᠤ ᠪᠠᠢᠭᠠᠳ ᠠᠵᠢᠯ᠎ᠤᠨ ᠬᠤᠪᠢᠶᠠᠷᠢᠯᠠᠯ ᠶᠣᠰᠣᠭᠠᠷ ᠠᠷᠭᠠᠴᠠᠭᠠᠬᠤ ᠠᠵᠢᠯ᠎ᠢ ᠥᠷᠨᠢᠭᠦᠯᠦᠨ᠎ᠡ᠃

2.4.2 ᠵᠠᠮ ᠬᠠᠷᠢᠯᠴᠠᠭ᠎ᠠ ᠲᠡᠭᠡᠭᠡᠪᠦᠷᠢ᠎ᠶᠢᠨ ᠳᠤᠭᠤᠢᠯᠠᠩ

ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ ᠲᠦᠷᠦᠭᠦᠯᠡᠨ ᠬᠠᠷᠢᠭᠤᠴᠠᠨ᠎ᠠ᠂ ᠪᠦᠷᠢᠯᠳᠦᠭᠦᠨ ᠨᠢᠭᠡᠴᠢ ᠨᠢ᠄ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶᠢ ᠬᠠᠮᠠᠭᠠᠯᠠᠬᠤ ᠲᠢᠩᠬᠢᠮ᠂ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ ᠲᠣᠪᠴᠢᠶᠠᠨ᠎ᠤ ᠪᠦᠯᠦᠭᠯᠡᠯ᠎ᠦᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ᠎ᠤᠨ ᠲᠡᠮᠦᠷ ᠵᠠᠮ᠎ᠤᠨ ᠬᠠᠷᠪᠢᠨ ᠲᠣᠪᠴᠢᠶᠠᠨ᠎ᠤ ᠪᠦᠯᠦᠭᠯᠡᠯ᠎ᠦᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ᠎ᠤᠨ ᠲᠡᠮᠦᠷ ᠵᠠᠮ᠎ᠤᠨ ᠮᠦᠭᠳᠡᠨ ᠲᠣᠪᠴᠢᠶᠠᠨ᠎ᠤ ᠪᠦᠯᠦᠭᠯᠡᠯ᠎ᠦᠨ ᠬᠢᠵᠠᠭᠠᠷᠲᠤ ᠺᠣᠮᠫᠠᠨᠢ᠃

ᠭᠣᠣᠯ ᠡᠭᠦᠷᠭᠡ ᠬᠠᠷᠢᠭᠤᠴᠠᠯᠭ᠎ᠠ᠄ ᠡᠨᠧᠷᠭᠢ᠎ᠶᠢᠨ ᠦᠢᠯᠡᠳᠬᠦᠨ ᠵᠢᠴᠢ ᠴᠢᠬᠤᠯᠠ ᠪᠠᠷᠠᠭᠠᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠪᠠᠲᠤᠯᠠᠭ᠎ᠠ᠎ᠶᠢ ᠬᠠᠷᠢᠭᠤᠴᠠᠵᠤ᠂ ᠲᠡᠭᠡᠭᠡᠪᠦᠷᠢ᠎ᠶᠢᠨ ᠲᠣᠬᠢᠷᠠᠭᠤᠯᠤᠯᠲᠠ᠎ᠶᠢᠨ ᠲᠥᠰᠥᠯ᠎ᠢ ᠳᠤᠷᠠᠳᠴᠤ᠂ ᠴᠢᠬᠤᠯᠠᠲᠠᠢ ᠦᠶ᠎ᠡ᠎ᠳᠤ ᠵᠠᠮ ᠬᠠᠷᠢᠯᠴᠠᠭᠠᠨ᠎ᠤ ᠪᠠᠢᠳᠠᠯ᠎ᠢ ᠬᠢᠨᠠᠨ ᠰᠢᠨᠵᠢᠬᠦ᠂ ᠵᠠᠮ ᠬᠠᠷᠢᠯᠴᠠᠭ᠎ᠠ᠎ᠶᠢᠨ ᠵᠠᠯᠠᠵᠤ ᠵᠢᠯᠤᠭᠣᠳᠬᠤ ᠪᠠ ᠬᠠᠮᠢᠶᠠᠷᠤᠨ ᠡᠵᠡᠮᠳᠡᠬᠦ᠎ᠶᠢ ᠥᠷᠨᠢᠭᠦᠯᠦᠨ᠂ ᠬᠠᠩᠭᠠᠯᠭ᠎ᠠ᠎ᠶᠢ ᠪᠠᠲᠤᠯᠠᠬᠤ ᠡᠬᠢ ᠪᠠᠶᠠᠯᠢᠭ᠋᠎ᠢ ᠴᠠᠭ ᠲᠤᠬᠠᠢ᠎ᠳᠤ ᠨᠢ ᠲᠡᠭᠡᠭᠡᠪᠦᠷᠢᠯᠡᠨ ᠬᠦᠷᠭᠡᠬᠦ᠎ᠶᠢ ᠪᠠᠲᠤᠯᠠᠨ᠎ᠠ᠃

2.4.3 ᠵᠠᠬ᠎ᠠ ᠳᠡᠯᠭᠡᠭᠦᠷ᠎ᠦᠨ ᠡᠮᠬᠢ ᠳᠢᠭ᠌ᠯᠢᠮ᠎ᠦᠨ ᠳᠤᠭᠤᠢᠯᠠᠩ 

ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠲᠦᠷᠦᠭᠦᠯᠡᠨ ᠬᠠᠷᠢᠭᠤᠴᠠᠨ᠎ᠠ᠂ ᠪᠦᠷᠢᠯᠳᠦᠭᠦᠨ ᠨᠢᠭᠡᠴᠢ ᠨᠢ᠄ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠳᠣᠲᠣᠭᠠᠳᠤ᠎ᠶᠢ ᠬᠠᠮᠠᠭᠠᠯᠠᠬᠤ ᠲᠢᠩᠬᠢᠮ᠂ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠃

ᠭᠣᠣᠯ ᠡᠭᠦᠷᠭᠡ ᠬᠠᠷᠢᠭᠤᠴᠠᠯᠭ᠎ᠠ᠄ ᠤᠯᠤᠰ᠎ᠤᠨ ᠡᠨᠧᠷᠭᠢ᠎ᠶᠢᠨ ᠬᠢᠨᠠᠨ ᠰᠢᠨᠵᠢᠯᠲᠡ᠎ᠶᠢᠨ ᠮᠡᠳᠡᠭᠦᠯᠦᠯᠲᠡ᠎ᠶᠢᠨ ᠳᠦᠷᠢᠮ᠎ᠦᠨ ᠲᠣᠭᠲᠠᠭᠠᠯ ᠶᠣᠰᠣᠭᠠᠷ᠂ ᠬᠣᠯᠪᠣᠭᠳᠠᠯ ᠪᠦᠬᠦᠢ ᠡᠨᠧᠷᠭᠢ᠎ᠶᠢᠨ ᠵᠠᠬ᠎ᠠ ᠳᠡᠯᠭᠡᠭᠦᠷ᠎ᠦᠨ ᠦᠨ᠎ᠡ ᠬᠠᠩᠰᠢ᠎ᠶᠢ ᠬᠢᠨᠠᠨ ᠰᠢᠨᠵᠢᠬᠦ ᠠᠵᠢᠯ᠎ᠢ ᠬᠠᠷᠢᠭᠤᠴᠠᠨ᠎ᠠ; ᠵᠠᠬ᠎ᠠ ᠳᠡᠯᠭᠡᠭᠦᠷ᠎ᠦᠨ ᠠᠵᠢᠯᠯᠠᠭᠠᠨ ᠪᠠ ᠬᠠᠩᠭᠠᠯᠭ᠎ᠠ ᠬᠡᠷᠡᠭᠴᠡᠭᠡ᠎ᠶᠢᠨ ᠪᠠᠢᠳᠠᠯ᠎ᠢ ᠬᠢᠨᠠᠨ ᠰᠢᠨᠵᠢᠵᠦ ᠵᠠᠳᠠᠯᠤᠨ᠂ ᠡᠨᠧᠷᠭᠢ᠎ᠶᠢᠨ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ᠎ᠢ ᠬᠠᠮᠠᠭᠠᠯᠠᠵᠤ᠂ ᠵᠠᠬ᠎ᠠ ᠳᠡᠯᠭᠡᠭᠦᠷ᠎ᠦᠨ ᠭᠦᠢᠯᠭᠡᠭᠡᠨ᠎ᠳᠦ ᠴᠢᠬᠤᠯᠠ ᠪᠦᠬᠦᠢ ᠬᠠᠮᠢᠶᠠᠷᠤᠯᠲᠠ ᠡᠵᠡᠮᠳᠡᠯ ᠬᠢᠵᠦ᠂ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ᠎ᠢᠶᠠᠨ ᠦᠨᠳᠦᠰᠦᠯᠡᠨ ᠡᠨᠧᠷᠭᠢ᠎ᠶᠢᠨ ᠵᠠᠬ᠎ᠠ ᠳᠡᠯᠭᠡᠭᠦᠷ᠎ᠦᠨ ᠬᠢᠨᠠᠯᠲᠠ ᠪᠠᠢᠴᠠᠭᠠᠯᠲᠠ᠎ᠶᠢ ᠥᠷᠨᠢᠭᠦᠯᠵᠦ᠂ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠭᠦᠨ᠎ᠡ᠃

2.4.4 ᠬᠦᠴᠦᠨ ᠵᠦᠢᠯ᠎ᠦᠨ ᠪᠠᠲᠤᠯᠠᠭ᠎ᠠ᠎ᠶᠢᠨ ᠳᠤᠭᠤᠢᠯᠠᠩ

ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ ᠲᠦᠷᠦᠭᠦᠯᠡᠨ ᠬᠠᠷᠢᠭᠤᠴᠠᠨ᠎ᠠ᠂ ᠪᠦᠷᠢᠯᠳᠦᠭᠦᠨ ᠨᠢᠭᠡᠴᠢ ᠨᠢ᠄ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠂ ᠲᠡᠦᠬᠡ᠎ᠶᠢᠨ ᠳᠤᠷᠠᠰᠬᠠᠯᠲᠤ ᠵᠦᠢᠯ᠎ᠦᠨ ᠲᠣᠪᠴᠢᠶ᠎ᠠ᠂ ᠥᠪᠥᠷ ᠮᠣᠩᠭᠣᠯ᠎ᠤᠨ ᠴᠢᠮᠡᠭᠡ ᠬᠣᠯᠪᠣᠭᠠᠨ᠎ᠤ ᠬᠠᠮᠢᠶᠠᠷᠤᠯᠲᠠ᠎ᠶᠢᠨ ᠲᠣᠪᠴᠢᠶ᠎ᠠ᠂ ᠥᠪᠥᠷ ᠮᠣᠩᠭᠣᠯ᠎ᠤᠨ ᠴᠠᠭ ᠠᠭᠤᠷ᠎ᠤᠨ ᠲᠣᠪᠴᠢᠶ᠎ᠠ

ᠭᠣᠣᠯ ᠡᠭᠦᠷᠭᠡ ᠬᠠᠷᠢᠭᠤᠴᠠᠯᠭ᠎ᠠ᠄ ᠠᠭᠤᠷᠬᠠᠢ᠎ᠶᠢᠨ ᠭᠠᠷᠤᠯᠲᠠ᠎ᠶᠢᠨ ᠣᠷᠣᠨ᠎ᠤ ᠨᠥᠭᠡᠴᠡᠯᠡᠬᠦ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ᠎ᠶᠢᠨ ᠶᠣᠰᠣᠭᠠᠷ ᠣᠷᠴᠢᠨ ᠲᠣᠭᠣᠷᠢᠨ᠂ ᠴᠠᠭ ᠠᠭᠤᠷ᠂ ᠭᠠᠵᠠᠷ ᠵᠦᠢ᠎ᠶᠢᠨ ᠮᠡᠳᠡᠭᠡ ᠵᠠᠩᠭᠢ᠂ ᠣᠯᠠᠨ ᠨᠡᠢᠲᠡ᠎ᠶᠢᠨ ᠴᠢᠮᠡᠭᠡ ᠬᠣᠯᠪᠣᠭᠠᠨ᠎ᠤ ᠲᠣᠣᠷ ᠰᠦᠯᠵᠢᠶ᠎ᠡ ᠵᠡᠷᠭᠡ ᠪᠠᠲᠤᠯᠠᠭ᠎ᠠ ᠲᠤᠯᠭᠠᠭᠤᠷᠢᠯᠠᠯ᠎ᠤᠨ ᠦᠢᠯᠡᠴᠢᠯᠡᠭᠡ᠎ᠶᠢ ᠰᠠᠢᠲᠤᠷ ᠬᠢᠬᠦ᠎ᠶᠢ ᠵᠣᠬᠢᠴᠠᠭᠤᠯᠤᠨ ᠨᠠᠢᠳᠠᠪᠤᠷᠢᠵᠢᠭᠤᠯᠤᠨ᠎ᠠ; ᠬᠠᠩᠭᠠᠯᠭ᠎ᠠ᠎ᠶᠢ ᠪᠠᠲᠤᠯᠠᠬᠤ ᠡᠨᠧᠷᠭᠢ᠎ᠶᠢᠨ ᠪᠦᠲᠦᠭᠡᠨ ᠪᠠᠢᠭᠤᠯᠤᠯᠲᠠ᠎ᠶᠢᠨ ᠲᠦᠷᠦᠯ ᠵᠦᠢᠯ᠎ᠳᠦ ᠬᠦᠴᠦᠨ ᠵᠦᠢᠯ᠎ᠦᠨ ᠪᠠᠲᠤᠯᠠᠭ᠎ᠠ ᠬᠠᠩᠭᠠᠨ᠎ᠠ᠃ 

2.4.5 ᠤᠬᠠᠭᠤᠯᠭ᠎ᠠ ᠵᠢᠴᠢ ᠶᠠᠷᠢᠶ᠎ᠠ ᠬᠡᠯᠡᠯᠴᠡᠭᠡᠨ᠎ᠦ ᠪᠠᠢᠳᠠᠯ᠎ᠢ ᠰᠢᠢᠳᠪᠦᠷᠢᠯᠡᠬᠦ ᠳᠤᠭᠤᠢᠯᠠᠩ

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ ᠲᠦᠷᠦᠭᠦᠯᠡᠨ ᠬᠠᠷᠢᠭᠤᠴᠠᠨ᠎ᠠ᠂ ᠪᠦᠷᠢᠯᠳᠦᠭᠦᠨ ᠨᠢᠭᠡᠴᠢ ᠨᠢ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠦᠯᠵᠢᠶᠡᠨ᠎ᠦ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ᠎ᠶᠢᠨ ᠬᠣᠷᠢᠶᠠᠨ᠎ᠤ ᠠᠯᠪᠠᠨ ᠭᠡᠷ᠂ ᠷᠠᠳᠢᠣ᠋ ᠲᠧᠯᠸᠢᠰ᠎ᠦᠨ ᠲᠣᠪᠴᠢᠶ᠎ᠠ᠂ ᠡᠨᠧᠷᠭᠢ᠎ᠶᠢᠨ ᠲᠣᠪᠴᠢᠶ᠎ᠠ᠃ 

ᠭᠣᠣᠯ ᠡᠭᠦᠷᠭᠡ ᠬᠠᠷᠢᠭᠤᠴᠠᠯᠭ᠎ᠠ᠄ ᠵᠢᠯᠤᠭᠣᠳᠬᠤ ᠭᠠᠵᠠᠷ᠎ᠤᠨ ᠲᠣᠬᠢᠷᠠᠭᠤᠯᠤᠯᠲᠠ ᠶᠣᠰᠣᠭᠠᠷ ᠮᠡᠳᠡᠭᠡ ᠵᠠᠩᠭᠢ ᠨᠡᠢᠲᠡᠯᠡᠬᠦ᠂ ᠰᠣᠨᠢᠨ ᠮᠡᠳᠡᠭᠡ ᠮᠡᠳᠡᠭᠡᠯᠡᠬᠦ᠂ ᠶᠠᠷᠢᠶ᠎ᠠ ᠬᠡᠯᠡᠯᠴᠡᠭᠡᠨ᠎ᠦ ᠪᠠᠢᠳᠠᠯ᠎ᠢ ᠬᠢᠨᠠᠨ ᠰᠢᠨᠵᠢᠵᠦ ᠰᠢᠢᠳᠪᠦᠷᠢᠯᠡᠬᠦ ᠵᠡᠷᠭᠡ ᠠᠵᠢᠯ᠎ᠢ ᠵᠣᠬᠢᠶᠠᠨ ᠪᠠᠢᠭᠤᠯᠤᠨ ᠥᠷᠨᠢᠭᠦᠯᠵᠦ᠂ ᠶᠠᠷᠢᠶ᠎ᠠ ᠬᠡᠯᠡᠯᠴᠡᠭᠡ᠎ᠶᠢ ᠵᠥᠪ᠎ᠢᠶᠡᠷ ᠬᠥᠲᠥᠯᠥᠨ ᠵᠢᠯᠣᠭᠣᠳᠤᠨ᠎ᠠ᠃ 

2.4.6 ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠳᠤᠭᠤᠢᠯᠠᠩ 

ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠢᠩᠬᠢᠮ ᠲᠦᠷᠦᠭᠦᠯᠡᠨ ᠬᠠᠷᠢᠭᠤᠴᠠᠨ᠎ᠠ᠂ ᠪᠦᠷᠢᠯᠳᠦᠭᠦᠨ ᠨᠢᠭᠡᠴᠢ ᠨᠢ᠄ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ᠂ ᠳᠣᠲᠣᠭᠠᠳᠤ᠎ᠶᠢ ᠬᠠᠮᠠᠭᠠᠯᠠᠬᠤ ᠲᠢᠩᠬᠢᠮ᠂ ᠠᠷᠠᠳ᠎ᠤᠨ ᠶᠠᠪᠤᠳᠠᠯ᠎ᠤᠨ ᠲᠢᠩᠬᠢᠮ᠂ ᠥᠪᠥᠷ ᠮᠣᠩᠭᠣᠯ᠎ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠷᠦᠩᠬᠡᠢ ᠠᠩᠭᠢ᠂ ᠵᠡᠪᠰᠡᠭᠲᠦ ᠴᠠᠭᠳᠠᠭ᠎ᠠ᠎ᠶᠢᠨ ᠥᠪᠥᠷ ᠮᠣᠩᠭᠣᠯ᠎ᠤᠨ ᠶᠡᠷᠦᠩᠬᠡᠢ ᠠᠩᠭᠢ᠂ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠋᠎ᠤᠨ ᠪᠠᠲᠤᠯᠠᠭ᠎ᠠ᠎ᠶᠢᠨ ᠲᠣᠪᠴᠢᠶ᠎ᠠ᠂ ᠬᠣᠯᠪᠣᠭᠳᠠᠯ ᠪᠦᠬᠦᠢ ᠡᠨᠧᠷᠭᠢ᠎ᠶᠢᠨ ᠠᠵᠤ ᠠᠬᠤᠢᠯᠠᠯ᠃ 

ᠭᠣᠣᠯ ᠡᠭᠦᠷᠭᠡ ᠬᠠᠷᠢᠭᠤᠴᠠᠯᠭ᠎ᠠ᠄ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭᠠᠷ ᠡᠯ᠎ᠡ ᠲᠥᠷᠥᠯ᠎ᠦᠨ ᠪᠠᠴᠢᠮ ᠪᠠᠢᠳᠠᠯ᠎ᠢ ᠠᠷᠭᠠᠴᠠᠭᠠᠬᠤ ᠡᠩᠨᠡᠭᠡ᠎ᠶᠢ ᠵᠣᠬᠢᠴᠠᠭᠤᠯᠵᠤ᠂ ᠭᠠᠯ ᠰᠡᠷᠭᠡᠢᠯᠡᠵᠦ ᠤᠨᠲᠠᠷᠠᠭᠠᠬᠤ᠂ ᠴᠢᠯᠦᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ᠎ᠶᠢᠨ ᠴᠡᠷᠢᠭ ᠠᠩᠭᠢ᠎ᠶᠢᠨ ᠡᠨᠧᠷᠭᠢ᠎ᠶᠢᠨ ᠬᠠᠩᠭᠠᠯᠭ᠎ᠠ᠎ᠶᠢ ᠪᠠᠲᠤᠯᠠᠬᠤ ᠶᠠᠪᠤᠴᠠ᠎ᠳᠠᠬᠢ ᠭᠡᠨᠡᠳᠲᠡ᠎ᠶᠢᠨ ᠬᠡᠷᠡᠭ᠎ᠦᠨ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ᠎ᠳᠤ ᠣᠷᠣᠯᠴᠠᠬᠤ᠎ᠶᠢ ᠨᠢᠭᠡᠳᠦᠯᠲᠡᠢ ᠲᠥᠯᠥᠪᠯᠡᠨ ᠵᠣᠯᠭᠠᠭᠤᠯᠤᠨ᠎ᠠ; ᠨᠥᠯᠥᠭᠡᠯᠡᠭᠳᠡᠭᠰᠡᠨ ᠡᠨᠧᠷᠭᠢ᠎ᠶᠢᠨ ᠠᠵᠤ ᠠᠬᠤᠢᠯᠠᠯ᠎ᠤᠨ ᠰᠠᠭᠠᠳ ᠭᠠᠷᠤᠭᠰᠠᠨ᠂ ᠬᠠᠩᠭᠠᠯᠭ᠎ᠠ᠎ᠶᠢ ᠨᠥᠯᠥᠭᠡᠯᠡᠭᠰᠡᠨ ᠬᠠᠮᠢᠶ᠎ᠠ ᠪᠦᠬᠦᠢ ᠪᠡᠯᠡᠳᠬᠡᠮᠵᠢ᠎ᠶᠢᠨ ᠪᠠᠴᠢᠮ ᠪᠠᠢᠳᠠᠯ᠎ᠢ ᠠᠷᠭᠠᠴᠠᠭᠠᠵᠤ ᠱᠠᠯᠠᠪᠳᠠᠨ ᠵᠠᠰᠠᠬᠤ ᠠᠵᠢᠯ᠎ᠳᠦ ᠬᠠᠮᠵᠢᠨ᠎ᠠ; ᠵᠠᠷᠯᠢᠭ᠋ ᠶᠣᠰᠣᠭᠠᠷ ᠴᠢᠬᠤᠯᠠ ᠡᠨᠧᠷᠭᠢ᠎ᠶᠢᠨ ᠪᠡᠯᠡᠳᠬᠡᠮᠵᠢ᠂ ᠭᠣᠣᠯᠳᠠᠯᠭ᠎ᠠ ᠪᠣᠯᠬᠤ ᠨᠢᠭᠡᠴᠢ᠎ᠶᠢᠨ ᠠᠮᠤᠷ ᠲᠦᠪᠰᠢᠨ᠎ᠦ ᠤᠷᠢᠳᠴᠢᠯᠠᠨ ᠰᠡᠷᠡᠮᠵᠢᠯᠡᠭᠦᠯᠬᠦ᠂ ᠰᠡᠷᠭᠡᠢᠯᠡᠬᠦ᠎ᠶᠢ ᠴᠢᠩᠭᠠᠳᠬᠠᠵᠤ᠂ ᠨᠡᠢᠭᠡᠮ᠎ᠦᠨ ᠠᠮᠤᠷ ᠲᠦᠪᠰᠢᠨ᠎ᠦ ᠬᠠᠮᠢᠶᠠᠷᠤᠯᠲᠠ᠎ᠶᠢ ᠥᠷᠨᠢᠭᠦᠯᠦᠨ᠎ᠡ; ᠴᠢᠬᠤᠯᠠ ᠪᠦᠬᠦᠢ ᠲᠥᠷ ᠴᠠᠭ᠎ᠤᠨ ᠲᠡᠩᠬᠡᠷᠡᠭᠦᠯᠦᠨ ᠲᠤᠰᠠᠯᠠᠬᠤ ᠠᠵᠢᠯ᠎ᠢ ᠥᠷᠨᠢᠭᠦᠯᠵᠦ᠂ ᠴᠢᠬᠤᠯᠠᠲᠠᠢ ᠦᠶ᠎ᠡ᠎ᠳᠤ ᠬᠥᠮᠥᠰ᠎ᠢ ᠰᠢᠯᠵᠢᠭᠦᠯᠬᠦ᠂ ᠬᠠᠩᠭᠠᠯᠭ᠎ᠠ᠎ᠶᠢᠨ ᠪᠠᠲᠤᠯᠠᠭ᠎ᠠ᠎ᠶᠢᠨ ᠡᠳ᠋ ᠪᠠᠷᠠᠭ᠎ᠠ᠎ᠶᠢ ᠲᠡᠭᠡᠭᠡᠪᠦᠷᠢᠯᠡᠨ ᠬᠦᠷᠭᠡᠬᠦ ᠵᠡᠷᠭᠡ ᠠᠶᠤᠯ᠎ᠠᠴᠠ ᠠᠪᠤᠷᠠᠨ ᠲᠤᠰᠠᠯᠠᠬᠤ ᠬᠠᠮᠢᠶ᠎ᠠ ᠪᠦᠬᠦᠢ ᠠᠵᠢᠯ᠎ᠳᠤ ᠬᠠᠪᠰᠤᠷᠤᠨ᠎ᠠ᠃

2.5 ᠱᠠᠲᠤ ᠬᠤᠪᠢᠶᠠᠨ ᠠᠷᠭᠠᠴᠠᠭᠠᠬᠤ

ᠥᠪᠡᠷᠲᠡᠭᠡᠨ ᠵᠠᠰᠠᠬᠤ ᠣᠷᠣᠨ᠎ᠤ ᠵᠢᠯᠤᠭᠣᠳᠬᠤ ᠭᠠᠵᠠᠷ ᠨᠢ ᠬᠦᠨᠳᠦ ᠶᠡᠬᠡ ᠵᠢᠴᠢ ᠲᠡᠭᠦᠨ᠎ᠡᠴᠡ ᠳᠡᠭᠡᠭᠰᠢᠬᠢ ᠡᠨᠧᠷᠭᠢ᠎ᠶᠢᠨ ᠬᠠᠩᠭᠠᠯᠭ᠎ᠠ ᠬᠣᠮᠰᠠᠳᠠᠬᠤ ᠬᠡᠷᠡᠭ ᠵᠢᠴᠢ ᠬᠡᠷᠡᠭ ᠭᠠᠷᠤᠭᠰᠠᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠤ ᠰᠢᠢᠳᠪᠦᠷᠢᠯᠡᠬᠦ ᠴᠢᠳᠠᠪᠤᠷᠢ᠎ᠠᠴᠠ ᠳᠠᠪᠠᠭᠰᠠᠨ᠎ᠢ ᠨᠢᠭᠡᠳᠦᠯᠲᠡᠢ ᠵᠢᠯᠣᠭᠣᠳᠤᠨ ᠠᠷᠭᠠᠴᠠᠭᠠᠬᠤ᠎ᠶᠢ ᠬᠠᠷᠢᠭᠤᠴᠠᠬᠤ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠠᠷᠠᠭᠠᠯᠵᠠᠭᠰᠠᠨ ᠡᠨᠧᠷᠭᠢ᠎ᠶᠢᠨ ᠬᠠᠩᠭᠠᠯᠭ᠎ᠠ ᠬᠣᠮᠰᠠᠳᠠᠬᠤ ᠬᠡᠷᠡᠭ᠎ᠢ ᠨᠢᠭᠡᠳᠦᠯᠲᠡᠢ ᠵᠣᠬᠢᠶᠠᠨ ᠪᠠᠢᠭᠤᠯᠤᠨ ᠵᠣᠬᠢᠴᠠᠭᠤᠯᠬᠤ᠎ᠶᠢ ᠱᠠᠭᠠᠷᠳᠠᠨ᠎ᠠ᠃ ᠨᠡᠯᠢᠶᠡᠳ ᠶᠡᠬᠡ ᠪᠠ ᠡᠩ᠎ᠦᠨ ᠡᠨᠧᠷᠭᠢ᠎ᠶᠢᠨ ᠬᠠᠩᠭᠠᠯᠭ᠎ᠠ ᠬᠣᠮᠰᠠᠳᠠᠬᠤ ᠬᠡᠷᠡᠭ᠎ᠢ ᠲᠣᠰ ᠲᠣᠰ ᠬᠡᠷᠡᠭ ᠭᠠᠷᠤᠭᠰᠠᠨ ᠭᠠᠵᠠᠷ᠎ᠤᠨ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠬᠣᠰᠢᠭᠤ ᠰᠢᠶᠠᠨ (ᠬᠣᠲᠠ᠂ ᠲᠣᠭᠣᠷᠢᠭ᠋)᠎ᠤ ᠠᠷᠠᠳ᠎ᠤᠨ ᠵᠠᠰᠠᠭ᠎ᠤᠨ ᠣᠷᠳᠣᠨ᠎ᠠᠴᠠ ᠵᠣᠬᠢᠶᠠᠨ ᠪᠠᠢᠭᠤᠯᠵᠤ ᠠᠷᠭᠠᠴᠠᠭᠠᠨ᠎ᠠ᠃ 

3 ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ᠎ᠶᠢᠨ ᠮᠡᠳᠡᠭᠦᠯᠦᠯᠲᠡ 

3.1 ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ 

ᠡᠨᠧᠷᠭᠢ᠎ᠶᠢᠨ ᠠᠵᠤ ᠠᠬᠤᠢᠯᠠᠯ ᠨᠢ ᠡᠨᠧᠷᠭᠢ᠎ᠶᠢᠨ ᠦᠢᠯᠡᠳᠪᠦᠷᠢᠯᠡᠯ ᠪᠠ ᠬᠠᠩᠭᠠᠯᠭ᠎ᠠ᠎ᠶᠢᠨ ᠪᠠᠢᠳᠠᠯ᠂ ᠠᠶᠤᠯ ᠦᠭᠡᠢ ᠠᠵᠢᠯᠯᠠᠭᠠᠨ᠎ᠤ ᠪᠠᠢᠳᠠᠯ᠂ ᠡᠨᠧᠷᠭᠢ ᠳᠠᠮᠵᠢᠭᠤᠯᠤᠨ ᠬᠦᠷᠭᠡᠬᠦ ᠬᠣᠭᠣᠯᠠᠢ ᠭᠤᠤᠷᠰᠤ᠎ᠶᠢᠨ ᠲᠣᠣᠷ᠂ ᠲᠡᠭᠡᠭᠡᠪᠦᠷᠢ᠎ᠶᠢᠨ ᠨᠡᠪᠲᠡᠷᠡᠯ ᠵᠠᠮ ᠵᠢᠴᠢ ᠴᠢᠬᠤᠯᠠ ᠪᠡᠯᠡᠳᠬᠡᠮᠵᠢ ᠲᠥᠬᠦᠭᠡᠷᠦᠮᠵᠢ᠎ᠶᠢ ᠬᠢᠨᠠᠨ ᠰᠢᠨᠵᠢᠬᠦ᠎ᠪᠡᠨ ᠴᠢᠩᠭᠠᠳᠬᠠᠵᠤ᠂ ᠡᠯ᠎ᠡ ᠲᠦᠷᠦᠯ᠎ᠦᠨ ᠪᠠᠢᠳᠠᠯ᠎ᠠᠴᠠ ᠪᠣᠯᠵᠤ ᠮᠡᠳᠡᠬᠦ ᠨᠥᠯᠥᠭᠡ᠎ᠶᠢ ᠴᠠᠭ ᠲᠤᠬᠠᠢ᠎ᠳᠤ ᠨᠢ ᠵᠠᠳᠠᠯᠵᠤ᠂ ᠨᠥᠯᠥᠭᠡᠯᠡᠬᠦ ᠬᠡᠪᠴᠢᠶ᠎ᠡ ᠪᠠ ᠬᠡᠮᠵᠢᠶ᠎ᠡ᠎ᠶᠢ ᠤᠷᠢᠳᠴᠢᠯᠠᠨ ᠵᠢᠱ᠌ᠢᠬᠦ ᠬᠡᠷᠡᠭᠲᠡᠶ; ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠵᠢᠴᠢ ᠡᠨᠧᠷᠭᠢ᠎ᠶᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠨᠧᠷᠭᠢ᠎ᠶᠢᠨ ᠬᠠᠩᠭᠠᠯᠭ᠎ᠠ᠎ᠶᠢ ᠪᠠᠲᠤᠯᠠᠬᠤ᠎ᠶᠢᠨ ᠲᠦᠭᠰᠢᠭᠦᠷᠢ᠎ᠶᠢ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ᠎ᠶᠢ ᠪᠠᠢᠭᠤᠯᠵᠤ ᠲᠡᠭᠦᠯᠳᠡᠷᠵᠢᠭᠦᠯᠬᠦ᠎ᠶᠢᠨ ᠬᠠᠮᠲᠤ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠂ ᠴᠠᠭ ᠠᠭᠤᠷ᠂ ᠵᠠᠮ ᠬᠠᠷᠢᠯᠴᠠᠭ᠎ᠠ ᠲᠡᠭᠡᠭᠡᠪᠦᠷᠢ᠂ ᠪᠠᠢᠭᠠᠯᠢ᠎ᠶᠢᠨ ᠡᠬᠢ ᠪᠠᠶᠠᠯᠢᠭ᠋᠂ ᠠᠮᠢ ᠠᠬᠤᠢ ᠣᠷᠴᠢᠨ ᠲᠣᠭᠣᠷᠢᠨ ᠵᠡᠷᠭᠡ ᠬᠦᠷᠢᠶ᠎ᠡ ᠴᠠᠷᠠᠭᠠᠨ᠎ᠳᠠᠬᠢ ᠡᠯ᠎ᠡ ᠲᠥᠷᠥᠯ᠎ᠦᠨ ᠲᠦᠭᠰᠢᠭᠦᠷᠢ᠎ᠶᠢ ᠬᠢᠨᠠᠨ ᠰᠢᠨᠵᠢᠬᠦ ᠯᠦ᠍ᠭᠡ ᠴᠠᠭ ᠲᠤᠬᠠᠢ᠎ᠳᠤ ᠨᠢ ᠮᠡᠳᠡᠭᠡ ᠵᠠᠩᠭᠢ᠎ᠶᠢ ᠬᠠᠮᠲᠤ᠎ᠪᠠᠷ ᠭᠥᠷᠳᠡᠵᠦ᠂ ᠴᠠᠭ ᠠᠭᠤᠷ᠎ᠤᠨ ᠭᠠᠮᠰᠢᠭ᠋᠂ ᠣᠶ ᠰᠢᠭᠤᠢ ᠪᠠ ᠨᠤᠲᠤᠭ ᠪᠡᠯᠴᠢᠭᠡᠷ᠎ᠦᠨ ᠭᠠᠯ ᠲᠦᠢᠮᠡᠷ᠎ᠤᠨ ᠠᠶᠤᠯ᠂ ᠭᠠᠵᠠᠷ ᠬᠥᠳᠡᠯᠦᠯᠲᠡ ᠭᠠᠵᠠᠷ ᠰᠢᠨᠵᠢᠯᠡᠭᠡᠨ᠎ᠦ ᠭᠠᠮᠰᠢᠭ᠋ ᠵᠡᠷᠭᠡ ᠣᠯᠠᠨ ᠭᠠᠮᠰᠢᠭ᠋᠎ᠤᠨ ᠲᠥᠷᠥᠯ ᠳᠠᠪᠬᠤᠴᠠᠭᠰᠠᠨ᠎ᠤ ᠳᠠᠷᠠᠭ᠎ᠠ ᠡᠨᠧᠷᠭᠢ᠎ᠶᠢᠨ ᠬᠠᠩᠭᠠᠯᠭ᠎ᠠ᠎ᠶᠢᠨ ᠠᠮᠤᠷ ᠲᠦᠪᠰᠢᠨ᠎ᠳᠦ ᠦᠵᠡᠭᠦᠯᠬᠦ ᠨᠥᠯᠥᠭᠡ᠎ᠶᠢ ᠶᠡᠷᠦᠩᠬᠡᠢᠯᠡᠨ ᠰᠤᠳᠤᠯᠤᠨ ᠮᠠᠭᠠᠳᠯᠠᠵᠤ᠂ ᠴᠤᠬᠤᠶ᠋ᠢᠯᠲᠠ᠎ᠶᠢᠨ ᠴᠢᠨᠠᠷᠲᠠᠢ ᠠᠰᠠᠭᠤᠳᠠᠯ᠎ᠢ ᠴᠠᠭ ᠲᠤᠬᠠᠢ᠎ᠳᠤ ᠨᠢ ᠢᠯᠡᠷᠡᠭᠦᠯᠵᠦ᠂ ᠴᠠᠭ ᠲᠤᠬᠠᠢ᠎ᠳᠤ ᠨᠢ ᠤᠷᠢᠳᠴᠢᠯᠠᠨ ᠰᠡᠷᠡᠮᠵᠢᠯᠡᠭᠦᠯᠬᠦ᠎ᠶᠢᠨ ᠬᠠᠮᠲᠤ ᠰᠡᠷᠭᠡᠢᠯᠡᠬᠦ ᠠᠷᠭ᠎ᠠ ᠬᠡᠮᠵᠢᠶ᠎ᠡ ᠠᠪᠤᠨ᠎ᠠ᠃ 

3.2 ᠤᠷᠢᠳᠴᠢᠯᠠᠨ ᠰᠡᠷᠡᠮᠵᠢᠯᠡᠭᠦᠯᠬᠦ ᠳᠡᠰ ᠬᠤᠪᠢᠶᠠᠷᠢᠯᠠᠯ 

ᠬᠡᠷᠡᠭ᠎ᠦᠨ ᠪᠠᠢᠳᠠᠯ᠎ᠤᠨ ᠬᠥᠭᠵᠢᠯᠲᠡ᠎ᠡᠴᠡ ᠪᠣᠯᠤᠭᠰᠠᠨ ᠡᠨᠧᠷᠭᠢ᠎ᠶᠢᠨ ᠬᠠᠩᠭᠠᠯᠭ᠎ᠠ᠎ᠶᠢᠨ ᠬᠣᠮᠰᠠᠳᠠᠬᠤ ᠬᠡᠮᠵᠢᠶ᠎ᠡ ᠪᠠ ᠠᠵᠤ ᠠᠬᠤᠢ ᠨᠡᠢᠭᠡᠮ᠎ᠳᠦ ᠦᠵᠡᠭᠦᠯᠬᠦ ᠨᠥᠯᠥᠭᠡ᠎ᠶᠢᠨ ᠬᠡᠮᠵᠢᠶ᠎ᠡ᠎ᠶᠢ ᠦᠨᠳᠦᠰᠦᠯᠡᠨ᠂ ᠡᠨᠧᠷᠭᠢ᠎ᠶᠢᠨ ᠬᠠᠩᠭᠠᠯᠭ᠎ᠠ ᠬᠣᠮᠰᠠᠳᠠᠬᠤ ᠪᠠᠢᠳᠠᠯ᠎ᠤᠨ ᠤᠷᠢᠳᠴᠢᠯᠠᠭᠰᠠᠨ ᠰᠡᠷᠡᠮᠵᠢᠯᠡᠭᠦᠯᠦᠯ᠎ᠢ ᠥᠨᠳᠥᠷ᠎ᠡᠴᠡ ᠳᠣᠣᠷ᠎ᠠ ᠲᠡᠢᠰᠢ᠎ᠪᠠᠨ ᠨᠢᠭᠡᠳᠦᠭᠡᠷ ᠳᠡᠰ᠂ ᠬᠣᠶᠠᠳᠤᠭᠠᠷ ᠳᠡᠰ᠂ ᠭᠤᠷᠪᠠᠳᠤᠭᠠᠷ ᠳᠡᠰ᠂ ᠳᠥᠷᠪᠡᠳᠦᠭᠡᠷ ᠳᠡᠰ ᠭᠡᠬᠦ 4 ᠲᠠᠰ ᠬᠤᠪᠢᠶᠠᠵᠤ᠂ ᠲᠤᠰ ᠲᠤᠰ᠎ᠲᠤ ᠨᠢ ᠤᠯᠠᠭᠠᠨ ᠥᠩᠭᠡ᠂ ᠤᠯᠠᠪᠤᠷ ᠥᠩᠭᠡ᠂ ᠰᠢᠷ᠎ᠠ ᠥᠩᠭᠡ᠂ ᠬᠥᠬᠡ ᠥᠩᠭᠡ᠎ᠪᠡᠷ ᠢᠯᠡᠳᠬᠡᠨ᠎ᠡ᠃ 

ᠨᠢᠭᠡᠳᠦᠭᠡᠷ ᠳᠡᠰ (ᠤᠯᠠᠭᠠᠨ ᠥᠩᠭᠡ)᠄ ᠡᠨᠧᠷᠭᠢ᠎ᠶᠢᠨ ᠬᠠᠩᠭᠠᠯᠭ᠎ᠠ ᠬᠦᠨᠳᠦ ᠨᠣᠴᠢᠲᠠᠢ ᠬᠣᠮᠰᠠᠳᠠᠬᠤ ᠰᠢᠨᠵᠢ ᠲᠡᠮᠳᠡᠭ ᠭᠠᠷᠴᠤ᠂ ᠰᠤᠳᠤᠯᠤᠨ ᠮᠠᠭᠠᠳᠯᠠᠬᠤ᠎ᠪᠠᠷ ᠳᠠᠮᠵᠢᠭᠠᠳ ᠡᠨᠧᠷᠭᠢ᠎ᠶᠢᠨ ᠬᠠᠩᠭᠠᠯᠭ᠎ᠠ᠎ᠶᠢᠨ ᠪᠠᠲᠤᠯᠠᠭ᠎ᠠ᠎ᠶᠢᠨ ᠨᠢᠭᠡᠳᠦᠭᠡᠷ ᠳᠡᠰ᠎ᠤᠨ ᠪᠠᠴᠢᠮ ᠪᠠᠢᠳᠠᠯ᠎ᠢ ᠠᠷᠭᠠᠴᠠᠭᠠᠵᠤ ᠴᠤᠤᠷᠢᠶᠠᠲᠤᠨ ᠳᠠᠭᠠᠬᠤ ᠬᠡᠷᠡᠭ ᠡᠭᠦᠰᠬᠡᠵᠦ ᠮᠡᠳᠡᠨ᠎ᠡ᠃ 

ᠬᠣᠶᠠᠳᠤᠭᠠᠷ ᠳᠡᠰ (ᠤᠯᠠᠪᠤᠷ ᠥᠩᠭᠡ)᠄ ᠡᠨᠧᠷᠭᠢ᠎ᠶᠢᠨ ᠬᠠᠩᠭᠠᠯᠭ᠎ᠠ ᠬᠣᠮᠰᠠᠳᠠᠬᠤ ᠰᠢᠨᠵᠢ ᠲᠡᠮᠳᠡᠭ ᠭᠠᠷᠴᠤ᠂ ᠰᠤᠳᠤᠯᠤᠨ ᠮᠠᠭᠠᠳᠯᠠᠬᠤ᠎ᠪᠠᠷ ᠳᠠᠮᠵᠢᠭᠠᠳ ᠡᠨᠧᠷᠭᠢ᠎ᠶᠢᠨ ᠬᠠᠩᠭᠠᠯᠭ᠎ᠠ᠎ᠶᠢᠨ ᠪᠠᠲᠤᠯᠠᠭ᠎ᠠ᠎ᠶᠢᠨ ᠬᠣᠶᠠᠳᠤᠭᠠᠷ ᠳᠡᠰ᠎ᠤᠨ ᠪᠠᠴᠢᠮ ᠪᠠᠢᠳᠠᠯ᠎ᠢ  ᠠᠷᠭᠠᠴᠠᠭᠠᠵᠤ ᠴᠤᠤᠷᠢᠶᠠᠲᠤᠨ ᠳᠠᠭᠠᠬᠤ ᠬᠡᠷᠡᠭ ᠡᠭᠦᠰᠬᠡᠵᠦ ᠮᠡᠳᠡᠨ᠎ᠡ᠃ 

ᠭᠤᠷᠪᠠᠳᠤᠭᠠᠷ ᠳᠡᠰ (ᠰᠢᠷ᠎ᠠ ᠥᠩᠭᠡ)᠄ ᠡᠨᠧᠷᠭᠢ᠎ᠶᠢᠨ ᠬᠠᠩᠭᠠᠯᠭ᠎ᠠ ᠳᠤᠲᠠᠮᠠᠭ ᠪᠣᠯᠬᠤ ᠰᠢᠨᠵᠢ ᠲᠡᠮᠳᠡᠭ ᠭᠠᠷᠴᠤ᠂ ᠰᠤᠳᠤᠯᠤᠨ ᠮᠠᠭᠠᠳᠯᠠᠬᠤ᠎ᠪᠠᠷ ᠳᠠᠮᠵᠢᠭᠠᠳ ᠡᠨᠧᠷᠭᠢ᠎ᠶᠢᠨ ᠬᠠᠩᠭᠠᠯᠭ᠎ᠠ᠎ᠶᠢᠨ ᠪᠠᠲᠤᠯᠠᠭ᠎ᠠ᠎ᠶᠢᠨ ᠭᠤᠷᠪᠠᠳᠤᠭᠠᠷ ᠳᠡᠰ᠎ᠤᠨ ᠪᠠᠴᠢᠮ ᠪᠠᠢᠳᠠᠯ᠎ᠢ  ᠠᠷᠭᠠᠴᠠᠭᠠᠵᠤ ᠴᠤᠤᠷᠢᠶᠠᠲᠤᠨ ᠳᠠᠭᠠᠬᠤ ᠬᠡᠷᠡᠭ ᠡᠭᠦᠰᠬᠡᠵᠦ ᠮᠡᠳᠡᠨ᠎ᠡ᠃ 

ᠳᠥᠷᠪᠡᠳᠦᠭᠡᠷ ᠳᠡᠰ (ᠬᠥᠬᠡ ᠥᠩᠭᠡ)᠄ ᠡᠨᠧᠷᠭᠢ᠎ᠶᠢᠨ ᠬᠠᠩᠭᠠᠯᠭ᠎ᠠ ᠳᠤᠲᠠᠮᠠᠭ ᠪᠣᠯᠬᠤ ᠬᠠᠨᠳᠤᠰᠢ᠎ᠶᠢᠨ ᠰᠢᠨᠵᠢ ᠲᠡᠮᠳᠡᠭ ᠭᠠᠷᠴᠤ᠂ ᠰᠤᠳᠤᠯᠤᠨ ᠮᠠᠭᠠᠳᠯᠠᠬᠤ᠎ᠪᠠᠷ ᠳᠠᠮᠵᠢᠭᠠᠳ ᠡᠨᠧᠷᠭᠢ᠎ᠶᠢᠨ ᠬᠠᠩᠭᠠᠯᠭ᠎ᠠ᠎ᠶᠢᠨ ᠪᠠᠲᠤᠯᠠᠭ᠎ᠠ᠎ᠶᠢᠨ ᠳᠥᠷᠪᠡᠳᠦᠭᠡᠷ ᠳᠡᠰ᠎ᠤᠨ ᠪᠠᠴᠢᠮ ᠪᠠᠢᠳᠠᠯ᠎ᠢ ᠠᠷᠭᠠᠴᠠᠭᠠᠵᠤ ᠴᠤᠤᠷᠢᠶᠠᠲᠤᠨ ᠳᠠᠭᠠᠬᠤ ᠬᠡᠷᠡᠭ ᠡᠭᠦᠰᠬᠡᠵᠦ ᠮᠡᠳᠡᠨ᠎ᠡ᠃ 

ᠤᠷᠢᠳᠴᠢᠯᠠᠨ ᠰᠡᠷᠡᠮᠵᠢᠯᠡᠭᠦᠯᠬᠦ ᠵᠡᠷᠭᠡ ᠳᠡᠰ᠎ᠢ ᠡᠯ᠎ᠡ ᠱᠠᠲᠤᠨ᠎ᠤ ᠡᠨᠧᠷᠭᠢ᠎ᠶᠢᠨ ᠬᠠᠩᠭᠠᠯᠭ᠎ᠠ᠎ᠶᠢᠨ ᠪᠠᠲᠤᠯᠠᠭ᠎ᠠ᠎ᠶᠢᠨ ᠪᠠᠴᠢᠮ ᠪᠠᠢᠳᠠᠯ᠎ᠢ ᠠᠷᠭᠠᠴᠠᠭᠠᠬᠤ ᠠᠵᠢᠯ᠎ᠤᠨ ᠵᠢᠯᠤᠭᠣᠳᠬᠤ ᠪᠠᠢᠭᠤᠯᠤᠮᠵᠢ᠎ᠠᠴᠠ ᠬᠡᠷᠡᠭ ᠭᠠᠷᠤᠭᠰᠠᠨ ᠭᠠᠵᠠᠷ᠎ᠤᠨ ᠡᠨᠧᠷᠭᠢ᠎ᠶᠢᠨ ᠪᠠᠲᠤᠯᠠᠭ᠎ᠠ᠎ᠶᠢᠨ ᠬᠠᠩᠭᠠᠯᠭ᠎ᠠ᠎ᠶᠢᠨ ᠲᠡᠦᠬᠡᠨ ᠲᠤᠷᠰᠢᠯᠭ᠎ᠠ᠂ ᠰᠢᠯᠵᠢᠭᠦᠯᠦᠨ ᠬᠡᠷᠡᠭᠯᠡᠵᠦ ᠪᠣᠯᠬᠤᠢᠴᠠ ᠲᠤᠯᠭᠠᠭᠤᠷᠢᠯᠠᠨ ᠪᠠᠲᠤᠯᠠᠬᠤ ᠴᠢᠳᠠᠪᠤᠷᠢ᠎ᠶᠢ ᠦᠨᠳᠦᠰᠦᠯᠡᠨ᠂ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠶᠡᠷᠦᠩᠬᠡᠢᠯᠡᠨ ᠰᠤᠳᠤᠯᠤᠨ ᠮᠠᠭᠠᠳᠯᠠᠵᠤ ᠲᠣᠭᠲᠠᠭᠠᠨ᠎ᠠ᠃ (ᠡᠨᠧᠷᠭᠢ᠎ᠶᠢᠨ ᠬᠠᠩᠭᠠᠯᠭ᠎ᠠ ᠬᠣᠮᠰᠠᠳᠠᠬᠤ ᠰᠢᠨᠵᠢ ᠲᠡᠮᠳᠡᠭ᠎ᠦᠨ ᠪᠠᠴᠢᠮ ᠪᠠᠢᠳᠠᠯ᠎ᠤᠨ ᠬᠡᠮᠵᠢᠶ᠎ᠡ᠎ᠶᠢᠨ ᠪᠣᠳᠠᠲᠠᠢ ᠢᠯᠭᠠᠨ ᠲᠣᠳᠣᠯᠠᠬᠤ ᠯᠠᠪᠯᠠᠯᠲᠠ᠎ᠶᠢᠨ ᠪᠠᠷᠢᠮᠵᠢᠶ᠎ᠠ᠎ᠶᠢ ᠳᠠᠭᠠᠯᠳᠤᠭᠤᠯᠤᠯ 4᠎ᠳᠤ ᠨᠠᠷᠢᠨ ᠦᠵᠡᠭᠡᠷᠡᠢ) 

3.3 ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ᠎ᠶᠢ ᠨᠡᠢᠲᠡᠯᠡᠬᠦ 

ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠡᠨᠧᠷᠭᠢ᠎ᠶᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠳᠠᠯᠢ ᠱᠠᠲᠤᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠵᠤ ᠪᠠᠢᠭᠠᠳ ᠡᠨᠧᠷᠭᠢ᠎ᠶᠢᠨ ᠬᠠᠩᠭᠠᠯᠭ᠎ᠠ᠎ᠶᠢ ᠨᠥᠯᠥᠭᠡᠯᠡᠵᠦ ᠮᠡᠳᠡᠬᠦ ᠲᠦᠭᠰᠢᠭᠦᠷᠢ᠎ᠶᠢ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ᠎ᠢᠶᠠᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠵᠢᠯᠤᠭᠣᠳᠬᠤ ᠭᠠᠵᠠᠷ᠎ᠤᠨ ᠨᠡᠢᠲᠡᠯᠡᠬᠦ ᠴᠢᠬᠤᠯᠠᠲᠠᠢ ᠤᠷᠢᠳᠴᠢᠯᠠᠨ ᠰᠡᠷᠡᠮᠵᠢᠯᠡᠭᠦᠯᠬᠦ ᠬᠡᠷᠡᠭ᠎ᠢ ᠥᠪᠡᠷᠲᠡᠭᠡᠨ ᠵᠠᠰᠠᠬᠤ ᠣᠷᠣᠨ᠎ᠤ ᠵᠢᠯᠤᠭᠣᠳᠬᠤ ᠭᠠᠵᠠᠷ᠎ᠤᠨ ᠠᠯᠪᠠᠨ ᠭᠡᠷ᠎ᠲᠦ ᠴᠠᠭ ᠲᠤᠬᠠᠢ᠎ᠳᠤ ᠨᠢ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠵᠢᠯᠤᠭᠣᠳᠬᠤ ᠭᠠᠵᠠᠷ᠎ᠤᠨ ᠠᠯᠪᠠᠨ ᠭᠡᠷ ᠨᠢ ᠬᠣᠯᠪᠣᠭᠳᠠᠯ ᠪᠦᠬᠦᠢ ᠮᠡᠳᠡᠭᠡ ᠵᠠᠩᠭᠢ᠎ᠶᠢ ᠣᠯᠣᠭᠰᠠᠨ᠎ᠤ ᠳᠠᠷᠠᠭ᠎ᠠ ᠴᠠᠭ ᠲᠤᠬᠠᠢ᠎ᠳᠤ ᠨᠢ ᠰᠤᠳᠤᠯᠤᠨ ᠮᠠᠭᠠᠳᠯᠠᠬᠤ ᠪᠠ ᠬᠢᠨᠠᠨ ᠬᠠᠷᠭᠤᠭᠤᠯᠬᠤ᠎ᠶᠢ ᠵᠣᠬᠢᠶᠠᠨ ᠪᠠᠢᠭᠤᠯᠵᠤ᠂ ᠤᠷᠢᠳᠴᠢᠯᠠᠨ ᠰᠡᠷᠡᠮᠵᠢᠯᠡᠭᠦᠯᠬᠦ ᠴᠢᠬᠤᠯᠠᠲᠠᠢ ᠪᠣᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠢᠶᠠᠷ ᠵᠥᠪᠰᠢᠶᠡᠷᠡᠭᠦᠯᠬᠦ ᠪᠤᠶᠤ ᠡᠷᠬᠡ ᠣᠯᠭᠣᠭᠰᠠᠨ᠎ᠤ ᠳᠠᠷᠠᠭ᠎ᠠ ᠨᠡᠢᠲᠡᠯᠡᠵᠦ᠂ ᠥᠪᠡᠷᠲᠡᠭᠡᠨ ᠵᠠᠰᠠᠬᠤ ᠣᠷᠣᠨ᠎ᠤ ᠵᠢᠯᠤᠭᠣᠳᠬᠤ ᠭᠠᠵᠠᠷ᠎ᠠᠴᠠ ᠨᠡᠢᠲᠡᠯᠡᠬᠦ ᠬᠣᠶᠠᠳᠤᠭᠠᠷ ᠳᠡᠰ ᠵᠢᠴᠢ ᠲᠡᠭᠦᠨ᠎ᠡᠴᠡ ᠳᠡᠭᠡᠭᠰᠢᠬᠢ ᠤᠷᠢᠳᠴᠢᠯᠠᠭᠰᠠᠨ ᠰᠡᠷᠡᠮᠵᠢᠯᠡᠭᠦᠯᠦᠯ᠎ᠢ ᠬᠠᠮᠲᠤ᠎ᠳᠤ ᠨᠢ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠡᠨᠧᠷᠭᠢ᠎ᠶᠢᠨ ᠲᠣᠪᠴᠢᠶ᠎ᠠ᠎ᠳᠤ ᠮᠡᠳᠡᠭᠦᠯᠬᠦ᠎ᠶᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠲᠠᠰ ᠳᠠᠷᠠᠭᠠᠯᠠᠯ ᠶᠣᠰᠣᠭᠠᠷ ᠲᠥᠷᠥ᠎ᠶᠢᠨ ᠶᠠᠪᠤᠳᠠᠯ᠎ᠤᠨ ᠬᠣᠷᠢᠶ᠎ᠠ᠎ᠳᠤ ᠮᠡᠳᠡᠭᠦᠯᠬᠦ ᠬᠡᠷᠡᠭᠲᠡᠢ᠃ 

ᠠᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ᠋) ᠨᠢ ᠲᠣᠰ ᠭᠠᠵᠠᠷ ᠣᠷᠣᠨ᠎ᠤ᠎ᠪᠠᠨ ᠤᠷᠢᠳᠴᠢᠯᠠᠨ ᠰᠡᠷᠡᠮᠵᠢᠯᠡᠭᠦᠯᠬᠦ ᠠᠵᠢᠯ᠎ᠢ ᠰᠠᠢᠲᠤᠷ ᠬᠢᠬᠦ ᠬᠡᠷᠡᠭᠲᠡᠢ᠃ ᠬᠠᠷᠢᠶ᠎ᠠ ᠣᠷᠣᠨ᠎ᠤ ᠡᠨᠧᠷᠭᠢ᠎ᠶᠢᠨ ᠬᠠᠩᠭᠠᠯᠭ᠎ᠠ ᠬᠡᠷᠡᠭᠴᠡᠭᠡ᠎ᠶᠢᠨ ᠠᠵᠤ ᠠᠬᠤᠢᠯᠠᠯ ᠨᠢ ᠬᠣᠯᠪᠣᠭᠳᠠᠯ ᠪᠦᠬᠦᠢ ᠪᠠᠢᠳᠠᠯ᠎ᠢᠶᠠᠨ ᠲᠤᠬᠠᠢ᠎ᠶᠢᠨ ᠭᠠᠵᠠᠷ᠎ᠤᠨ ᠡᠨᠧᠷᠭᠢ᠎ᠶᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠦ ᠴᠠᠭ ᠲᠤᠬᠠᠢ᠎ᠳᠤ ᠨᠢ ᠮᠡᠳᠡᠭᠦᠯᠵᠦ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠢᠲᠡᠯᠡᠬᠦ ᠰᠠᠨᠠᠭᠤᠯᠭ᠎ᠠ ᠳᠤᠷᠠᠳᠬᠤ᠎ᠶᠢᠨ ᠬᠠᠮᠲᠤ᠂ ᠪᠠᠢᠳᠠᠯ᠎ᠢᠶᠠᠨ ᠦᠵᠡᠵᠦ ᠪᠠᠢᠭᠠᠳ ᠴᠢᠬᠤᠯᠠ ᠬᠡᠷᠡᠭᠯᠡᠭᠴᠢ᠎ᠳᠦ ᠮᠡᠳᠡᠭᠳᠡᠬᠦ ᠬᠡᠷᠡᠭᠲᠡᠢ; ᠬᠡᠷᠡᠭ ᠭᠠᠷᠤᠭᠰᠠᠨ ᠭᠠᠵᠠᠷ᠎ᠤᠨ ᠡᠨᠧᠷᠭᠢ᠎ᠶᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠰᠤᠳᠤᠯᠤᠨ ᠮᠠᠭᠠᠳᠯᠠᠬᠤ᠎ᠶᠢ ᠴᠠᠭ ᠲᠤᠬᠠᠢ᠎ᠳᠤ ᠨᠢ ᠵᠣᠬᠢᠶᠠᠨ ᠪᠠᠢᠭᠤᠯᠵᠤ᠂ ᠡᠨᠧᠷᠭᠢ᠎ᠶᠢᠨ ᠬᠠᠩᠭᠠᠯᠭ᠎ᠠ ᠬᠣᠮᠰᠠᠳᠠᠬᠤ ᠬᠡᠷᠡᠭ ᠭᠠᠷᠬᠤ ᠪᠣᠯᠣᠯᠴᠠᠭ᠎ᠠ ᠨᠡᠮᠡᠭᠳᠡᠬᠦ ᠦᠶ᠎ᠡ᠎ᠳᠤ᠂ ᠳᠡᠰ ᠳᠠᠷᠠᠭᠠᠯᠠᠯ᠎ᠤᠨ ᠶᠣᠰᠣᠭᠠᠷ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ᠎ᠶᠢ ᠴᠠᠭ ᠲᠤᠬᠠᠢ᠎ᠳᠤ ᠨᠢ ᠨᠡᠢᠲᠡᠯᠡᠵᠦ᠂ ᠰᠡᠷᠭᠡᠢᠯᠡᠬᠦ ᠠᠷᠭ᠎ᠠ ᠬᠡᠮᠵᠢᠶ᠎ᠡ ᠠᠪᠬᠤ᠎ᠶᠢᠨ ᠬᠠᠮᠲᠤ ᠳᠡᠭᠡᠷ᠎ᠡ ᠨᠢᠭᠡ ᠱᠠᠲᠤᠨ᠎ᠤ ᠡᠨᠧᠷᠭᠢ᠎ᠶᠢᠨ ᠬᠠᠩᠭᠠᠯᠭ᠎ᠠ᠎ᠶᠢ ᠪᠠᠲᠤᠯᠠᠬᠤ ᠠᠵᠢᠯ᠎ᠤᠨ ᠵᠢᠯᠤᠭᠣᠳᠬᠤ ᠪᠠᠢᠭᠤᠯᠤᠮᠵᠢ᠎ᠶᠢᠨ ᠠᠯᠪᠠᠨ ᠭᠡᠷ᠎ᠲᠦ ᠮᠡᠳᠡᠭᠦᠯᠦᠨ᠂ ᠡᠭᠦᠨ᠎ᠦ ᠬᠠᠮᠲᠤ ᠬᠡᠷᠡᠭ ᠭᠠᠷᠤᠭᠰᠠᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠢᠶᠠᠷ ᠳᠠᠮᠵᠢᠭᠤᠯᠤᠨ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠬᠦ ᠬᠡᠷᠡᠭᠲᠡᠢ᠃ ᠪᠠᠴᠢᠮ ᠪᠠᠢᠳᠠᠯ ᠲᠣᠬᠢᠶᠠᠯᠳᠤᠪᠠᠯ᠂ ᠡᠯ᠎ᠡ ᠱᠠᠲᠤᠨ᠎ᠤ ᠵᠢᠯᠤᠭᠣᠳᠬᠤ ᠪᠠᠢᠭᠤᠯᠤᠮᠵᠢ ᠱᠠᠲᠤ ᠠᠯᠤᠰᠯᠠᠨ ᠳᠡᠭᠡᠭᠰᠢ ᠮᠡᠳᠡᠭᠦᠯᠵᠦ ᠪᠣᠯᠣᠨ᠎ᠠ᠃ 

ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ᠎ᠶᠢ ᠨᠡᠢᠲᠡᠯᠡᠬᠦ ᠬᠡᠪᠴᠢᠶ᠎ᠡ ᠨᠢ ᠶᠡᠷᠦᠳᠡᠭᠡᠨ᠄ ᠬᠡᠷᠡᠭ ᠭᠠᠷᠤᠭᠰᠠᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠂ ᠡᠨᠧᠷᠭᠢ᠎ᠶᠢᠨ ᠬᠠᠩᠭᠠᠯᠭ᠎ᠠ᠎ᠶᠢᠨ ᠪᠠᠲᠤᠯᠠᠭ᠎ᠠ᠎ᠶᠢᠨ ᠪᠠᠴᠢᠮ ᠪᠠᠢᠳᠠᠯ᠎ᠢ ᠠᠷᠭᠠᠴᠠᠭᠠᠬᠤ ᠠᠵᠢᠯ᠎ᠤᠨ ᠵᠢᠯᠤᠭᠣᠳᠬᠤ ᠪᠠᠢᠭᠤᠯᠤᠮᠵᠢ᠎ᠶᠢᠨ ᠪᠦᠷᠢᠯᠳᠦᠭᠦᠨ ᠨᠢᠭᠡᠴᠢ᠂ ᠪᠤᠰᠤᠳ ᠬᠣᠯᠪᠣᠭᠳᠠᠯ ᠪᠦᠬᠦᠢ ᠲᠤᠰᠬᠠᠢ ᠵᠦᠢᠯ᠎ᠤᠨ ᠪᠠᠴᠢᠮ ᠪᠠᠢᠳᠠᠯ᠎ᠢ ᠠᠷᠭᠠᠴᠠᠭᠠᠬᠤ ᠠᠵᠢᠯ᠎ᠤᠨ ᠵᠢᠯᠤᠭᠣᠳᠬᠤ ᠪᠠᠢᠭᠤᠯᠤᠮᠵᠢ᠎ᠶᠢᠨ ᠠᠯᠪᠠᠨ ᠭᠡᠷ᠂ ᠡᠨᠧᠷᠭᠢ᠎ᠶᠢᠨ ᠬᠠᠩᠭᠠᠯᠭ᠎ᠠ᠎ᠶᠢ ᠪᠠᠲᠤᠯᠠᠬᠤ ᠠᠵᠤ ᠠᠬᠤᠢᠯᠠᠯ ᠪᠣᠯᠣᠨ᠎ᠠ᠃ ᠤᠷᠢᠳᠴᠢᠯᠠᠨ ᠰᠡᠷᠡᠮᠵᠢᠯᠡᠭᠦᠯᠬᠦ ᠲᠦᠭᠰᠢᠭᠦᠷᠢ᠎ᠶᠢᠨ ᠪᠠᠢᠳᠠᠯ ᠨᠢ ᠨᠡᠢᠭᠡᠮ᠎ᠦᠨ ᠲᠠᠯ᠎ᠠ᠎ᠳᠤ ᠲᠠᠷᠬᠠᠬᠤ ᠲᠦᠭᠰᠢᠭᠦᠷᠢ ᠭᠠᠷᠪᠠᠯ᠂ ᠳᠤᠲᠠᠭᠳᠠᠵᠤ ᠪᠠᠢᠭ᠎ᠠ ᠡᠨᠧᠷᠭᠢ᠎ᠶᠢᠨ ᠲᠥᠷᠥᠯ ᠵᠦᠢᠯ᠂ ᠨᠥᠯᠥᠭᠡᠯᠡᠬᠦ ᠬᠡᠪᠴᠢᠶ᠎ᠡ ᠪᠠ ᠡᠭᠦᠰᠴᠦ ᠮᠡᠳᠡᠬᠦ ᠦᠷ᠎ᠡ ᠤᠷᠰᠢᠭ᠋᠎ᠢ ᠦᠨᠳᠦᠰᠦᠯᠡᠨ᠂ ᠬᠠᠩᠭᠠᠯᠭ᠎ᠠ᠎ᠶᠢ ᠵᠣᠭᠰᠤᠭᠠᠬᠤ᠂ ᠬᠠᠩᠭᠠᠯᠭ᠎ᠠ᠎ᠶᠢ ᠬᠢᠵᠠᠭᠠᠷᠯᠠᠬᠤ᠂ ᠣᠷᠭᠢᠯ ᠦᠶ᠎ᠡ᠎ᠶᠢ ᠵᠥᠷᠢᠭᠦᠯᠬᠦ ᠴᠠᠭ ᠬᠤᠭᠤᠴᠠᠭ᠎ᠠ᠂ ᠬᠡᠪᠴᠢᠶ᠎ᠡ ᠵᠡᠷᠭᠡ ᠮᠡᠳᠡᠭᠡ ᠵᠠᠩᠭᠢ᠎ᠶᠢ ᠴᠠᠭ ᠲᠤᠬᠠᠢ᠎ᠳᠤ ᠨᠢ ᠣᠯᠠᠨ ᠨᠡᠢᠲᠡ᠎ᠳᠦ ᠢᠯᠡ ᠨᠡᠢᠲᠡᠯᠡᠬᠦ ᠬᠡᠷᠡᠭᠲᠡᠢ᠃ 

ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ᠎ᠶᠢ ᠨᠡᠢᠲᠡᠯᠡᠬᠦ᠎ᠳᠤ ᠨᠢᠭᠡᠳᠦᠯᠲᠡᠢ ᠬᠡᠯᠪᠡᠷᠢ᠎ᠶᠢ ᠬᠡᠷᠡᠭᠯᠡᠬᠦ ᠬᠡᠷᠡᠭᠲᠡᠢ᠂ ᠭᠣᠣᠯ ᠠᠭᠤᠯᠭ᠎ᠠ᠎ᠳᠤ ᠤᠷᠢᠳᠴᠢᠯᠠᠨ ᠰᠡᠷᠡᠮᠵᠢᠯᠡᠭᠦᠯᠬᠦ ᠲᠦᠷᠦᠯ ᠢᠯᠭᠠᠯ᠂ ᠤᠷᠢᠳᠴᠢᠯᠠᠨ ᠰᠡᠷᠡᠮᠵᠢᠯᠡᠭᠦᠯᠬᠦ ᠳᠡᠰ ᠢᠯᠭᠠᠯ᠂ ᠡᠬᠢᠯᠡᠭᠰᠡᠨ ᠴᠠᠭ᠂ ᠨᠥᠯᠥᠭᠡᠯᠡᠵᠦ ᠮᠡᠳᠡᠬᠦ ᠬᠡᠪᠴᠢᠶ᠎ᠡ᠂ ᠤᠷᠢᠳᠴᠢᠯᠠᠨ ᠰᠡᠷᠡᠮᠵᠢᠯᠡᠭᠦᠯᠬᠦ ᠵᠦᠢᠯᠡᠰ᠂ ᠠᠪᠬᠤ ᠴᠢᠬᠤᠯᠠᠲᠠᠢ ᠠᠷᠭ᠎ᠠ ᠬᠡᠮᠵᠢᠶ᠎ᠡ ᠪᠠ ᠨᠡᠢᠲᠡᠯᠡᠬᠦ ᠨᠢᠭᠡᠴᠢ᠂ ᠨᠡᠢᠲᠡᠯᠡᠬᠦ ᠴᠠᠭ ᠬᠤᠭᠤᠴᠠᠭ᠎ᠠ ᠵᠡᠷᠭᠡ ᠪᠠᠭᠲᠠᠵᠤ᠂ ᠪᠠᠴᠢᠮ ᠪᠠᠢᠳᠠᠯ᠎ᠳᠤ ᠳ᠋ᠢᠶᠠᠩᠬᠤᠸᠠ ᠵᠡᠷᠭᠡ ᠠᠷᠭ᠎ᠠ ᠮᠠᠶᠢᠭ᠋᠎ᠢᠶᠠᠷ ᠮᠡᠳᠡᠭᠳᠡᠵᠦ᠂ ᠬᠡᠷᠡᠭ᠎ᠤᠨ ᠳᠠᠷᠠᠭ᠎ᠠ ᠵᠢᠩᠬᠢᠨᠢ ᠪᠢᠴᠢᠭ ᠮᠠᠲᠧᠷᠢᠶᠠᠯ᠎ᠢᠶᠠᠨ ᠨᠥᠬᠥᠪᠦᠷᠢᠯᠡᠨ ᠶᠠᠪᠤᠭᠤᠯᠵᠤ ᠪᠣᠯᠣᠨ᠎ᠠ᠃ 

3.4 ᠤᠷᠢᠳᠴᠢᠯᠠᠨ ᠰᠡᠷᠡᠮᠵᠢᠯᠡᠭᠦᠯᠬᠦ ᠠᠵᠢᠯᠯᠠᠭᠠᠨ

ᠥᠪᠡᠷᠲᠡᠭᠡᠨ ᠵᠠᠰᠠᠬᠤ ᠣᠷᠣᠨ᠎ᠤ ᠵᠢᠯᠤᠭᠣᠳᠬᠤ ᠭᠠᠵᠠᠷ᠎ᠤᠨ ᠠᠯᠪᠠᠨ ᠭᠡᠷ᠎ᠠᠴᠠ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ᠎ᠶᠢ ᠨᠡᠢᠲᠡᠯᠡᠭᠰᠡᠨ᠎ᠦ ᠳᠠᠷᠠᠭ᠎ᠠ᠂ ᠬᠣᠯᠪᠣᠭᠳᠠᠯ ᠪᠦᠬᠦᠢ ᠪᠦᠷᠢᠯᠳᠦᠭᠦᠨ ᠨᠢᠭᠡᠴᠢ ᠯᠦ᠍ᠭᠡ ᠬᠠᠮᠲᠤᠷᠠᠨ ᠠᠷᠭᠠᠴᠠᠭᠠᠬᠤ ᠵᠢᠯᠣᠭᠣᠳᠤᠯᠭ᠎ᠠ᠎ᠪᠠᠨ ᠴᠢᠩᠭᠠᠳᠬᠠᠵᠤ᠂ ᠠᠷᠭ᠎ᠠ ᠬᠡᠮᠵᠢᠶ᠎ᠡ ᠠᠪᠴᠤ ᠪᠠᠢᠭᠠᠳ ᠬᠡᠷᠡᠭ᠎ᠦᠨ ᠪᠠᠢᠳᠠᠯ᠎ᠤᠨ ᠤᠯᠠᠮ ᠨᠢᠭᠡ ᠠᠯᠬᠤᠮ ᠬᠥᠭᠵᠢᠬᠦ᠎ᠶᠢ ᠡᠵᠡᠮᠳᠡᠬᠦ ᠪᠠ ᠨᠠᠮᠳᠠᠭᠤᠯᠵᠤ᠂ ᠬᠡᠷᠡᠭ᠎ᠦᠨ ᠪᠠᠢᠳᠠᠯ᠎ᠤᠨ ᠥᠷᠭᠡᠳᠬᠦ᠎ᠡᠴᠡ ᠵᠠᠢᠯᠠᠰᠬᠢᠬᠤ ᠬᠡᠷᠡᠭᠲᠡᠢ᠃ ᠬᠡᠷᠡᠭ ᠭᠠᠷᠤᠭᠰᠠᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ ᠪᠠ ᠬᠠᠮᠢᠶ᠎ᠠ ᠪᠦᠬᠦᠢ ᠡᠨᠧᠷᠭᠢ᠎ᠶᠢᠨ ᠠᠵᠤ ᠠᠬᠤᠢᠯᠠᠯ ᠲᠡᠷᠡ ᠳᠠᠷᠤᠢ᠎ᠳᠤ ᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠡᠷᠡᠭ᠎ᠦᠨ ᠬᠥᠭᠵᠢᠯᠲᠡ᠎ᠶᠢ ᠡᠵᠡᠮᠳᠡᠵᠦ᠂ ᠳᠠᠯᠳᠠ ᠭᠡᠮ᠎ᠢ ᠠᠷᠢᠯᠭᠠᠬᠤ ᠬᠡᠷᠡᠭᠲᠡᠢ᠃ ᠡᠭᠦᠨ᠎ᠦ ᠬᠠᠮᠲᠤ᠂ ᠶᠠᠷᠢᠶ᠎ᠠ ᠬᠡᠯᠡᠯᠴᠡᠭᠡᠨ᠎ᠦ ᠬᠥᠲᠥᠯᠥᠨ ᠵᠢᠯᠤᠭᠣᠳᠬᠤ ᠠᠵᠢᠯ᠎ᠢ ᠰᠠᠢᠲᠤᠷ ᠬᠢᠵᠦ᠂ ᠬᠣᠯᠪᠣᠭᠳᠠᠯ ᠪᠦᠬᠦᠢ ᠶᠠᠷᠢᠶ᠎ᠠ ᠬᠡᠯᠡᠯᠴᠡᠭᠡᠨ᠎ᠦ ᠪᠠᠢᠳᠠᠯ᠎ᠢ ᠬᠢᠨᠠᠨ ᠰᠢᠨᠵᠢᠬᠦ ᠠᠵᠢᠯ᠎ᠢ ᠴᠢᠩᠭᠠᠳᠬᠠᠨ᠂ ᠨᠡᠢᠭᠡᠮ᠎ᠦᠨ ᠠᠩᠬᠠᠷᠤᠯ᠎ᠳᠤ ᠰᠠᠨᠠᠭᠠᠴᠢᠯᠠᠭ᠎ᠠ᠎ᠠᠴᠠ᠎ᠪᠠᠨ ᠬᠠᠷᠢᠭᠤᠯᠲᠠ ᠥᠭᠴᠦ᠂ ᠴᠤᠤᠷᠬᠠᠯ ᠳᠠᠮ ᠶᠠᠷᠢᠶ᠎ᠠ᠎ᠶᠢ ᠴᠠᠭ ᠲᠤᠬᠠᠢ᠎ᠳᠤ ᠨᠢ ᠲᠣᠳᠣᠷᠬᠠᠢᠯᠠᠬᠤ ᠬᠡᠷᠡᠭᠲᠡᠢ᠃

3.5 ᠤᠷᠢᠳᠴᠢᠯᠠᠭᠰᠠᠨ ᠰᠡᠷᠡᠮᠵᠢᠯᠡᠭᠦᠯᠦᠯ᠎ᠢ ᠬᠦᠴᠦᠨ ᠦᠭᠡᠢ ᠪᠣᠯᠭᠠᠬᠤ

ᠬᠡᠷᠡᠭ᠎ᠦᠨ ᠪᠠᠢᠳᠠᠯ᠎ᠤᠨ ᠬᠥᠭᠵᠢᠯᠲᠡ᠎ᠶᠢ ᠦᠨᠳᠦᠰᠦᠯᠡᠨ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ᠎ᠶᠢ ᠨᠡᠢᠲᠡᠯᠡᠭᠰᠡᠨ ᠨᠢᠭᠡᠴᠢ᠎ᠡᠴᠡ ᠤᠷᠢᠳᠴᠢᠯᠠᠨ ᠰᠡᠷᠡᠮᠵᠢᠯᠡᠭᠦᠯᠬᠦ ᠪᠠᠢᠳᠠᠯ᠎ᠢ ᠴᠠᠭ ᠲᠤᠬᠠᠢ᠎ᠳᠤ ᠨᠢ ᠲᠠᠰ ᠳᠡᠪᠰᠢᠭᠦᠯᠬᠦ ᠪᠤᠶᠤ ᠲᠠᠰ ᠪᠠᠭᠤᠷᠠᠭᠤᠯᠬᠤ᠎ᠶᠢᠨ ᠬᠠᠮᠲᠤ᠂ ᠬᠠᠷᠠᠭᠠᠯᠵᠠᠭᠰᠠᠨ ᠪᠡᠯᠡᠳᠬᠡᠯ ᠪᠠ ᠤᠷᠢᠳᠴᠢᠯᠠᠨ ᠰᠡᠷᠭᠡᠢᠯᠡᠵᠦ ᠠᠷᠢᠯᠭᠠᠬᠤ ᠠᠷᠭ᠎ᠠ ᠬᠡᠮᠵᠢᠶ᠎ᠡ ᠠᠪᠤᠨ᠎ᠠ; ᠰᠤᠳᠤᠯᠤᠨ ᠮᠠᠭᠠᠳᠯᠠᠬᠤ᠎ᠪᠠᠷ ᠳᠠᠮᠵᠢᠭᠠᠳ ᠡᠨᠧᠷᠭᠢ᠎ᠶᠢᠨ ᠬᠠᠩᠭᠠᠯᠭ᠎ᠠ ᠬᠣᠮᠰᠠᠳᠠᠬᠤ ᠬᠡᠷᠡᠭ ᠳᠠᠭᠢᠵᠤ ᠡᠭᠦᠰᠬᠦ ᠦᠭᠡᠢ ᠪᠣᠯᠤᠭᠰᠠᠨ ᠦᠶ᠎ᠡ᠎ᠳᠦ᠂ 《ᠬᠡᠨ ᠨᠡᠢᠲᠡᠯᠡᠭᠰᠡᠨ ᠪᠣᠯ ᠲᠡᠷᠡ ᠬᠦᠴᠦᠨ ᠦᠭᠡᠢ ᠪᠣᠯᠭᠠᠬᠤ》 ᠵᠠᠷᠴᠢᠮ ᠶᠣᠰᠣᠭᠠᠷ᠂ ᠥᠪᠡᠷᠲᠡᠭᠡᠨ ᠵᠠᠰᠠᠬᠤ ᠣᠷᠣᠨ᠎ᠤ ᠲᠠᠯ᠎ᠠ᠎ᠶᠢᠨ ᠨᠡᠢᠲᠡᠯᠡᠭᠰᠡᠨ ᠤᠷᠢᠳᠴᠢᠯᠠᠭᠰᠠᠨ ᠰᠡᠷᠡᠮᠵᠢᠯᠡᠭᠦᠯᠦᠯ᠎ᠢ ᠥᠪᠡᠷᠲᠡᠭᠡᠨ ᠵᠠᠰᠠᠬᠤ ᠣᠷᠣᠨ᠎ᠤ ᠵᠢᠯᠤᠭᠣᠳᠬᠤ ᠭᠠᠵᠠᠷ᠎ᠤᠨ ᠠᠯᠪᠠᠨ ᠭᠡᠷ ᠬᠦᠴᠦᠨ ᠦᠭᠡᠢ ᠪᠣᠯᠭᠠᠬᠤ᠎ᠪᠠᠷ ᠨᠡᠢᠲᠡᠯᠡᠨ᠎ᠡ; ᠠᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ᠋)᠎ᠤ ᠤᠷᠢᠳᠴᠢᠯᠠᠭᠰᠠᠨ ᠰᠡᠷᠡᠮᠵᠢᠯᠡᠭᠦᠯᠦᠯ᠎ᠢ ᠲᠣᠰ ᠲᠣᠰ᠎ᠤᠨ ᠨᠡᠢᠲᠡᠯᠡᠭᠰᠡᠨ ᠪᠠᠢᠭᠤᠯᠤᠮᠵᠢ ᠬᠦᠴᠦᠨ ᠦᠭᠡᠢ ᠪᠣᠯᠭᠠᠬᠤ᠎ᠪᠡᠷ ᠨᠡᠢᠲᠡᠯᠡᠨ᠎ᠡ᠃

4 ᠪᠠᠴᠢᠮ ᠪᠠᠢᠳᠠᠯ᠎ᠢ ᠠᠷᠭᠠᠴᠠᠭᠠᠵᠤ ᠴᠤᠤᠷᠢᠶᠠᠲᠤᠨ ᠳᠠᠭᠠᠬᠤ

4.1 ᠮᠡᠳᠡᠭᠡ ᠵᠠᠩᠭᠢ᠎ᠶᠢᠨ ᠮᠡᠳᠡᠭᠦᠯᠦᠯᠲᠡ

ᠡᠨᠧᠷᠭᠢ ᠬᠣᠮᠰᠠᠳᠠᠬᠤ ᠬᠡᠷᠡᠭ ᠭᠠᠷᠤᠭᠰᠠᠨ᠎ᠤ ᠲᠠᠷᠠᠭ᠎ᠠ᠂ ᠨᠥᠯᠥᠭᠡᠯᠡᠭᠳᠡᠭᠰᠡᠨ ᠡᠨᠧᠷᠭᠢ᠎ᠶᠢᠨ ᠬᠠᠩᠭᠠᠯᠭ᠎ᠠ ᠬᠡᠷᠡᠭᠴᠡᠭᠡ᠎ᠶᠢᠨ ᠠᠵᠤ ᠠᠬᠤᠢᠯᠠᠯ ᠲᠡᠷᠡ ᠳᠠᠷᠤᠢ᠎ᠳᠤ ᠨᠢ ᠠᠷᠭ᠎ᠠ ᠬᠡᠮᠵᠢᠶ᠎ᠡ ᠠᠪᠴᠤ ᠪᠠᠢᠭᠠᠳ ᠬᠡᠷᠡᠭ᠎ᠦᠨ ᠪᠠᠢᠳᠠᠯ᠎ᠤᠨ ᠬᠥᠭᠵᠢᠯᠲᠡ᠎ᠶᠢ ᠡᠵᠡᠮᠳᠡᠬᠦ᠎ᠶᠢᠨ ᠬᠠᠮᠲᠤ᠂ ᠬᠡᠷᠡᠭ ᠭᠠᠷᠤᠭᠰᠠᠨ ᠭᠠᠵᠠᠷ᠎ᠤᠨ ᠡᠨᠧᠷᠭᠢ᠎ᠶᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠦ ᠲᠦᠷᠭᠡᠨ ᠮᠡᠳᠡᠭᠦᠯᠵᠦ ᠳᠡᠮᠵᠢᠨ ᠲᠤᠰᠠᠯᠠᠭᠤᠯᠬᠤ ᠬᠡᠷᠡᠭᠴᠡᠭᠡ᠎ᠪᠡᠨ ᠳᠤᠷᠠᠳᠬᠤ ᠬᠡᠷᠡᠭᠲᠡᠶ; ᠬᠠᠩᠭᠠᠯᠭ᠎ᠠ ᠬᠡᠷᠡᠭᠴᠡᠭᠡ᠎ᠶᠢᠨ ᠪᠠᠢᠳᠠᠯ᠎ᠤᠨ ᠬᠢᠨᠠᠨ ᠰᠢᠨᠵᠢᠯᠲᠡ᠎ᠶᠢ ᠴᠢᠩᠭᠠᠳᠬᠠᠵᠤ᠂ ᠬᠡᠷᠡᠭ᠎ᠦᠨ ᠪᠠᠢᠳᠠᠯ᠎ᠤᠨ ᠬᠥᠭᠵᠢᠯᠲᠡ ᠬᠤᠪᠢᠷᠠᠯᠲᠠ᠎ᠶᠢ ᠦᠨᠳᠦᠰᠦᠯᠡᠨ ᠬᠣᠯᠪᠣᠭᠳᠠᠯ ᠪᠦᠬᠦᠢ ᠪᠠᠢᠳᠠᠯ᠎ᠢ ᠴᠠᠭ ᠲᠤᠬᠠᠢ᠎ᠳᠤ ᠨᠢ ᠦᠷᠭᠦᠯᠵᠢᠯᠡᠨ ᠮᠡᠳᠡᠭᠦᠯᠬᠦ ᠬᠡᠷᠡᠭᠲᠡᠢ᠃

ᠡᠨᠧᠷᠭᠢ᠎ᠶᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠮᠡᠳᠡᠭᠡ ᠵᠠᠩᠭᠢ᠎ᠶᠢᠨ ᠮᠡᠳᠡᠭᠦᠯᠦᠯᠲᠡ᠎ᠶᠢ ᠣᠯᠣᠭᠰᠠᠨ ᠪᠤᠶᠤ ᠬᠠᠮᠢᠶ᠎ᠠ ᠪᠦᠬᠦᠢ ᠮᠡᠳᠡᠭᠡ ᠵᠠᠩᠭᠢ᠎ᠶᠢ ᠬᠢᠨᠠᠨ ᠰᠢᠨᠵᠢᠵᠦ ᠣᠯᠣᠭᠰᠠᠨ᠎ᠦ ᠳᠠᠷᠠᠭ᠎ᠠ ᠳᠠᠷᠤᠢᠬᠠᠨ ᠬᠢᠨᠠᠨ ᠬᠠᠷᠭᠤᠭᠤᠯᠤᠨ᠂ ᠡᠨᠧᠷᠭᠢ ᠬᠣᠮᠰᠠᠳᠠᠭᠰᠠᠨ ᠬᠡᠷᠡᠭ᠎ᠤᠨ ᠲᠥᠷᠥᠯ ᠢᠯᠭᠠᠯ᠂ ᠨᠥᠯᠥᠭᠡᠯᠡᠭᠰᠡᠨ ᠬᠡᠮᠵᠢᠶ᠎ᠡ᠂ ᠨᠥᠯᠥᠭᠡᠯᠡᠭᠰᠡᠨ ᠬᠡᠪᠴᠢᠶ᠎ᠡ ᠵᠡᠷᠭᠡ᠎ᠶᠢ ᠠᠩᠬ᠎ᠠ ᠠᠯᠬᠤᠮ ᠮᠠᠭᠠᠳᠯᠠᠨ ᠲᠣᠭᠲᠠᠭᠠᠵᠤ᠂ ᠲᠡᠷᠡ ᠳᠠᠷᠤᠢ᠎ᠳᠤ ᠨᠢ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠂ ᠳᠡᠭᠡᠳᠦ ᠱᠠᠲᠤᠨ᠎ᠤ ᠡᠨᠧᠷᠭᠢ᠎ᠶᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠦ ᠮᠡᠳᠡᠭᠦᠯᠬᠦ᠎ᠶᠢᠨ ᠬᠠᠮᠲᠤ᠂ ᠠᠳᠠᠯᠢ ᠱᠠᠲᠤᠨ᠎ᠤ ᠵᠢᠯᠤᠭᠣᠳᠬᠤ ᠪᠠᠢᠭᠤᠯᠤᠮᠵᠢ᠎ᠶᠢᠨ ᠪᠦᠷᠢᠯᠳᠦᠭᠦᠨ ᠨᠢᠭᠡᠴᠢ ᠪᠠ ᠪᠤᠰᠤᠳ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ᠎ᠳᠦ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ᠂ ᠡᠭᠦᠨ᠎ᠦ ᠬᠠᠮᠲᠤ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠢᠶᠠᠷ ᠳᠠᠮᠵᠢᠭᠤᠯᠤᠨ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠲᠡᠰ ᠳᠠᠷᠠᠭᠠᠯᠠᠯ ᠶᠣᠰᠣᠭᠠᠷ ᠮᠡᠳᠡᠭᠦᠯᠬᠦ ᠬᠡᠷᠡᠭᠲᠡᠢ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠵᠢᠴᠢ ᠡᠨᠧᠷᠭᠢ᠎ᠶᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠱᠠᠲᠤ ᠳᠠᠷᠠᠭᠠᠯᠠᠨ ᠳᠡᠭᠡᠭᠰᠢ ᠮᠡᠳᠡᠭᠦᠯᠵᠦ᠂ ᠴᠢᠬᠤᠯᠠᠲᠠᠢ ᠦᠶ᠎ᠡ᠎ᠳᠤ ᠱᠠᠲᠤ ᠠᠯᠤᠰᠯᠠᠨ ᠳᠡᠭᠡᠭᠰᠢ ᠮᠡᠳᠡᠭᠦᠯᠵᠦ ᠪᠣᠯᠣᠨ᠎ᠠ᠃

ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ ᠨᠢ ᠡᠨᠧᠷᠭᠢ᠎ᠶᠢᠨ ᠬᠠᠩᠭᠠᠯᠭ᠎ᠠ ᠬᠣᠮᠰᠠᠳᠠᠭᠰᠠᠨ ᠬᠡᠷᠡᠭ᠎ᠦᠨ ᠮᠡᠳᠡᠭᠦᠯᠦᠯᠲᠡ᠎ᠶᠢ ᠭᠥᠯᠢᠶᠡᠨ ᠠᠪᠤᠭᠰᠠᠨ᠎ᠤ ᠳᠠᠷᠠᠭ᠎ᠠ᠂ ᠬᠣᠯᠪᠣᠭᠳᠠᠯ ᠪᠦᠬᠦᠢ ᠪᠠᠢᠳᠠᠯ᠎ᠢ ᠳᠠᠷᠤᠢᠬᠠᠨ ᠬᠢᠨᠠᠨ ᠬᠠᠷᠭᠤᠭᠤᠯᠵᠤ᠂ ᠲᠡᠷᠡ ᠳᠣᠣᠷ᠎ᠠ᠎ᠪᠠᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠬᠦ᠎ᠶᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠳᠦ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ; ᠬᠦᠨᠳᠦ ᠶᠡᠬᠡ ᠵᠢᠴᠢ ᠲᠡᠭᠦᠨ᠎ᠡᠴᠡ ᠳᠡᠭᠡᠭᠰᠢᠬᠢ ᠡᠨᠧᠷᠭᠢ᠎ᠶᠢᠨ ᠬᠠᠩᠭᠠᠯᠭ᠎ᠠ ᠬᠣᠮᠰᠠᠳᠠᠭᠰᠠᠨ ᠬᠡᠷᠡᠭ᠎ᠢᠶᠡᠷ ᠠᠩᠬ᠎ᠠ ᠠᠯᠬᠤᠮ ᠮᠠᠭᠠᠳᠯᠠᠭᠰᠠᠨ ᠪᠠᠢᠪᠠᠯ᠂ ᠬᠠᠮᠲᠤ᠎ᠳᠤ ᠨᠢ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠡᠨᠧᠷᠭᠢ᠎ᠶᠢᠨ ᠲᠣᠪᠴᠢᠶ᠎ᠠ᠎ᠳᠤ ᠮᠡᠳᠡᠭᠦᠯᠦᠨ᠎ᠡ᠂ ᠡᠭᠦᠨ᠎ᠦ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠲᠠᠰ ᠳᠠᠷᠠᠭᠠᠯᠠᠯ ᠶᠣᠰᠣᠭᠠᠷ ᠲᠥᠷᠥ᠎ᠶᠢᠨ ᠶᠠᠪᠤᠳᠠᠯ᠎ᠤᠨ ᠬᠣᠷᠢᠶ᠎ᠠ᠎ᠳᠤ ᠮᠡᠳᠡᠭᠦᠯᠬᠦ ᠬᠡᠷᠡᠭᠲᠡᠢ᠃

4.2 ᠡᠬᠢᠨ᠎ᠦ ᠬᠤᠭᠤᠴᠠᠭᠠᠨ᠎ᠳᠤ ᠰᠢᠢᠳᠪᠦᠷᠢᠯᠡᠬᠦ

(1) ᠡᠨᠧᠷᠭᠢ᠎ᠶᠢᠨ ᠬᠠᠩᠭᠠᠯᠭ᠎ᠠ ᠬᠣᠮᠰᠠᠳᠠᠬᠤ᠎ᠶᠢ ᠪᠣᠢ ᠪᠣᠯᠭᠠᠭᠰᠠᠨ ᠬᠡᠷᠡᠭ ᠭᠠᠷᠤᠭᠰᠠᠨ ᠨᠢᠭᠡᠴᠢ ᠨᠢ ᠲᠣᠰ ᠨᠢᠭᠡᠴᠢ᠎ᠶᠢᠨ᠎ᠢᠶᠡᠨ ᠪᠠᠢᠴᠠᠭᠠᠨ ᠵᠠᠰᠠᠬᠤ᠂ ᠱᠠᠯᠠᠪᠳᠠᠨ ᠵᠠᠰᠠᠬᠤ ᠡᠩᠨᠡᠭᠡ ᠪᠠ ᠪᠠᠢᠴᠠᠭᠠᠨ ᠵᠠᠰᠠᠬᠤ᠂ ᠠᠵᠢᠯᠯᠠᠭᠤᠯᠵᠤ ᠪᠠᠲᠤᠯᠠᠬᠤ ᠵᠡᠷᠭᠡ ᠡᠭᠦᠷᠭᠡ ᠬᠠᠷᠢᠭᠤᠴᠠᠯᠭ᠎ᠠ᠎ᠶᠢ ᠭᠥᠯᠢᠶᠡᠨ ᠠᠪᠤᠭᠰᠠᠨ ᠬᠠᠮᠢᠶ᠎ᠠ ᠪᠦᠬᠦᠢ ᠭᠠᠳᠠᠷ ᠲᠠᠯ᠎ᠠ᠎ᠶᠢᠨ ᠬᠦᠴᠦᠨ᠎ᠢ ᠲᠡᠷᠡ ᠳᠣᠣᠷ᠎ᠠ᠎ᠪᠠᠨ ᠴᠤᠭᠯᠠᠭᠤᠯᠵᠤ᠂ ᠬᠠᠩᠭᠠᠯᠭ᠎ᠠ ᠬᠣᠮᠰᠠᠳᠠᠭᠰᠠᠨ ᠰᠢᠯᠲᠠᠭᠠᠨ᠎ᠢ ᠵᠢᠭ᠍ᠰᠠᠭᠠᠨ ᠪᠠᠢᠴᠠᠭᠠᠵᠤ᠂ ᠰᠠᠭᠠᠳ ᠪᠠ ᠬᠣᠬᠢᠷᠠᠯ᠎ᠳᠤ ᠤᠴᠠᠷᠠᠭᠰᠠᠨ ᠦᠢᠯᠡᠳᠪᠦᠷᠢᠯᠡᠯ᠂ ᠬᠠᠩᠭᠠᠯᠭ᠎ᠠ᠎ᠶᠢᠨ ᠲᠥᠬᠦᠭᠡᠷᠦᠮᠵᠢ᠎ᠶᠢ ᠱᠠᠯᠠᠪᠳᠠᠨ ᠵᠠᠰᠠᠵᠤ᠂ ᠬᠠᠩᠭᠠᠯᠭ᠎ᠠ᠎ᠶᠢᠨ ᠬᠣᠮᠰᠠᠳᠠᠯ᠎ᠢ ᠪᠠᠭᠠᠰᠬᠠᠨ᠂ ᠬᠡᠷᠡᠭ᠎ᠦᠨ ᠪᠠᠢᠳᠠᠯ᠎ᠤᠨ ᠬᠥᠭᠵᠢᠨ ᠥᠷᠭᠡᠵᠢᠬᠦ᠎ᠶᠢ ᠡᠵᠡᠮᠳᠡᠵᠦ᠂ ᠲᠥᠷᠥ᠎ᠶᠢᠨ ᠪᠣᠳᠣᠯᠭ᠎ᠠ᠎ᠶᠢᠨ ᠬᠠᠩᠭᠠᠯᠭ᠎ᠠ᠎ᠶᠢ ᠪᠥᠬᠥ ᠬᠦᠴᠦᠨ᠎ᠢᠶᠡᠷ᠎ᠢᠶᠡᠨ ᠰᠡᠷᠭᠦᠭᠡᠬᠦ ᠬᠡᠷᠡᠭᠲᠡᠢ᠃

(2)ᠨᠥᠯᠥᠭᠡᠯᠡᠭᠳᠡᠭᠰᠡᠨ ᠨᠢᠭᠡᠴᠢ ᠨᠢ ᠡᠨᠧᠷᠭᠢ᠎ᠶᠢᠨ ᠬᠠᠩᠭᠠᠯᠭ᠎ᠠ ᠵᠣᠭᠰᠣᠭᠰᠠᠨ ᠣᠷᠣᠨ ᠪᠦᠰᠡ᠎ᠶᠢᠨ ᠬᠥᠮᠥᠨ᠎ᠦ ᠪᠡᠶ᠎ᠡ᠎ᠶᠢᠨ ᠠᠮᠤᠷ ᠲᠦᠪᠰᠢᠨ᠎ᠦ ᠰᠦᠷᠳᠡᠭᠦᠯᠦᠯ᠎ᠳᠦ ᠤᠴᠠᠷᠠᠭᠰᠠᠨ ᠬᠥᠮᠥᠰ᠎ᠢ ᠴᠠᠭ ᠲᠤᠬᠠᠢ᠎ᠳᠤ ᠨᠢ ᠡᠮᠬᠢ ᠵᠢᠷᠤᠮ᠎ᠲᠠᠢ᠎ᠪᠠᠷ ᠠᠮᠤᠷ ᠲᠦᠪᠰᠢᠨ ᠣᠷᠣᠨ ᠪᠦᠰᠡ᠎ᠳᠤ ᠲᠠᠷᠬᠠᠭᠠᠨ ᠶᠠᠪᠤᠭᠤᠯᠬᠤ᠂ ᠬᠦᠴᠢᠷᠳᠡᠯ᠎ᠳᠦ ᠤᠴᠠᠷᠠᠭᠰᠠᠨ ᠬᠥᠮᠥᠰ᠎ᠢ ᠪᠦᠬᠦ ᠬᠦᠴᠦᠨ᠎ᠢᠶᠡᠷ᠎ᠢᠶᠡᠨ ᠠᠪᠤᠷᠠᠵᠤ᠂ ᠰᠦᠷᠳᠡᠭᠦᠯᠦᠯ ᠪᠣᠯᠬᠤ ᠲᠠᠯᠠᠪᠤᠷ᠎ᠢ ᠪᠢᠲᠡᠭᠦᠮᠵᠢᠯᠡᠬᠦ ᠬᠡᠷᠡᠭᠲᠡᠶ; ᠬᠣᠯᠪᠣᠭᠳᠠᠯ ᠪᠦᠬᠦᠢ ᠨᠢᠭᠡᠴᠢ᠎ᠶᠢ ᠵᠣᠬᠢᠴᠠᠭᠤᠯᠵᠤ ᠪᠠᠢᠭᠠᠳ ᠲᠦᠷ ᠴᠠᠭ᠎ᠤᠨ ᠡᠨᠧᠷᠭᠢ᠎ᠶᠢᠨ ᠬᠠᠩᠭᠠᠯᠭ᠎ᠠ᠎ᠶᠢᠨ ᠠᠷᠭ᠎ᠠ ᠬᠡᠮᠵᠢᠶ᠎ᠡ ᠠᠪᠬᠤ ᠪᠤᠶᠤ ᠪᠡᠯᠡᠳᠬᠡᠯ ᠡᠨᠧᠷᠭᠢ᠎ᠶᠢᠨ ᠬᠠᠩᠭᠠᠯᠭ᠎ᠠ᠎ᠶᠢᠨ ᠠᠷᠭ᠎ᠠ ᠵᠠᠮ᠎ᠢ ᠴᠠᠭ ᠲᠤᠬᠠᠢ᠎ᠳᠤ ᠨᠢ ᠡᠬᠢᠯᠡᠭᠦᠯᠵᠦ᠂ ᠠᠷᠠᠳ᠎ᠤᠨ ᠠᠮᠢᠳᠤᠷᠠᠯ᠎ᠳᠤ ᠬᠡᠷᠡᠭᠯᠡᠬᠦ ᠡᠨᠧᠷᠭᠢ ᠪᠠ ᠠᠷᠠᠳ ᠤᠯᠠᠨ᠎ᠤ ᠠᠮᠢ ᠨᠠᠰᠤᠨ᠎ᠤ ᠠᠮᠤᠷ ᠲᠦᠪᠰᠢᠨ᠎ᠢ ᠪᠦᠬᠦ ᠬᠦᠴᠦᠨ᠎ᠢᠶᠡᠷ᠎ᠢᠶᠡᠨ ᠪᠠᠲᠤᠯᠠᠬᠤ ᠬᠡᠷᠡᠭᠲᠡᠢ; ᠢᠯᠠᠩᠭᠤᠶ᠎ᠠ ᠴᠢᠬᠤᠯᠠ ᠲᠠᠯᠠᠪᠤᠷ ᠭᠠᠵᠠᠷ᠂ ᠲᠣᠮᠣ᠌ ᠬᠡᠯᠪᠡᠷᠢ᠎ᠶᠢᠨ ᠤᠯᠠᠨ ᠨᠡᠢᠲᠡ᠎ᠶᠢᠨ ᠪᠡᠯᠡᠳᠬᠡᠮᠵᠢ᠂ ᠴᠢᠬᠤᠯᠠ ᠴᠠᠬᠢᠯᠭᠠᠨ ᠳᠠᠭᠠᠭᠠᠴᠠ ᠨᠢ ᠴᠠᠬᠢᠯᠭᠠᠨ ᠬᠦᠴᠦᠨ᠎ᠦ ᠬᠠᠩᠭᠠᠯᠭ᠎ᠠ ᠬᠣᠮᠰᠠᠳᠠᠭᠰᠠᠨ᠎ᠠᠴᠠ ᠪᠣᠯᠵᠤ ᠲᠥᠯᠥᠪᠯᠡᠭᠡᠲᠦ ᠪᠤᠰᠤ ᠴᠠᠬᠢᠯᠭᠠᠨ ᠵᠣᠭᠰᠣᠬᠤ ᠦᠶ᠎ᠡ᠎ᠳᠦ ᠪᠡᠯᠡᠳᠬᠡᠯ ᠴᠠᠬᠢᠯᠭᠠᠨ ᠡᠭᠦᠰᠬᠡᠭᠴᠢ᠎ᠶᠢ ᠴᠠᠭ ᠲᠤᠬᠠᠢ᠎ᠳᠤ ᠨᠢ ᠡᠬᠢᠯᠡᠨ ᠬᠡᠷᠡᠭᠯᠡᠬᠦ᠎ᠶᠢᠨ ᠬᠠᠮᠲᠤ᠂ ᠪᠠᠴᠢᠮ ᠪᠠᠢᠳᠠᠯ᠎ᠢ ᠠᠷᠭᠠᠴᠠᠭᠠᠬᠤ ᠴᠠᠬᠢᠯᠭᠠᠨ ᠡᠭᠦᠰᠬᠡᠭᠴᠢ᠎ᠶᠢ ᠬᠣᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠲᠣᠬᠢᠷᠠᠭᠤᠯᠬᠤ ᠪᠠ ᠴᠠᠭ ᠲᠤᠬᠠᠢ᠎ᠳᠤ ᠨᠢ ᠡᠬᠢᠯᠡᠨ ᠬᠡᠷᠡᠭᠯᠡᠵᠦ᠂ ᠬᠦᠨᠳᠦ ᠨᠣᠴᠢᠲᠠᠢ ᠡ᠊ᠨᠳᠡᠯ ᠭᠠᠷᠬᠤ᠎ᠠᠴᠠ ᠵᠠᠢᠯᠠᠰᠬᠢᠬᠤ ᠬᠡᠷᠡᠭᠲᠡᠢ᠃

(3) ᠬᠡᠷᠡᠭ ᠭᠠᠷᠤᠭᠰᠠᠨ ᠭᠠᠵᠠᠷ᠎ᠤᠨ ᠰᠤᠮᠤ ᠰᠢᠶᠠᠩ ᠪᠠᠯᠭᠠᠰᠤ (ᠵᠡᠭᠡᠯᠢ ᠭᠤᠳᠤᠮᠵᠢ)᠂ ᠨᠡᠭᠡᠭᠡᠯᠲᠡ᠎ᠶᠢᠨ ᠣᠷᠣᠨ᠂ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠂ ᠦᠵᠡᠮᠵᠢ᠎ᠶᠢᠨ ᠣᠷᠣᠨ ᠨᠢ ᠣᠢᠷ᠎ᠠ ᠬᠠᠪᠢ᠎ᠡᠴᠡ ᠪᠠᠴᠢᠮ ᠪᠠᠢᠳᠠᠯ᠎ᠢ ᠠᠷᠭᠠᠴᠠᠭᠠᠬᠤ ᠬᠦᠴᠦᠨ᠎ᠢ ᠵᠣᠬᠢᠶᠠᠨ ᠪᠠᠢᠭᠤᠯᠵᠤ᠂ ᠠᠷᠭ᠎ᠠ ᠬᠡᠮᠵᠢᠶ᠎ᠡ ᠠᠪᠴᠤ ᠪᠠᠢᠳᠠᠯ᠎ᠤᠨ ᠬᠥᠭᠵᠢᠯᠲᠡ᠎ᠶᠢ ᠡᠵᠡᠮᠳᠡᠨ᠂ ᠬᠣᠯᠪᠣᠭᠳᠠᠯ ᠪᠦᠬᠦᠢ ᠬᠥᠮᠥᠰ᠂ ᠡᠩᠨᠡᠭᠡ᠎ᠶᠢ ᠵᠣᠬᠢᠶᠠᠨ ᠪᠠᠢᠭᠤᠯᠵᠤ ᠪᠠᠢᠭᠠᠳ ᠬᠠᠷᠢᠶ᠎ᠠ ᠣᠷᠣᠨ᠎ᠤ᠎ᠪᠡᠨ ᠳᠣᠲᠣᠷᠠᠬᠢ ᠡᠨᠧᠷᠭᠢ ᠬᠠᠩᠭᠠᠬᠤ ᠪᠡᠯᠡᠳᠬᠡᠮᠵᠢ᠎ᠶᠢ ᠵᠢᠭ᠍ᠰᠠᠭᠠᠨ ᠪᠠᠢᠴᠠᠭᠠᠬᠤ ᠪᠠ ᠪᠠᠢᠴᠠᠭᠠᠨ ᠵᠠᠰᠠᠵᠤ᠂ ᠡᠨᠧᠷᠭᠢ᠎ᠶᠢᠨ ᠬᠠᠩᠭᠠᠯᠭ᠎ᠠ᠎ᠶᠢᠨ ᠳᠠᠯᠳᠠ ᠬᠡᠮ᠎ᠢ ᠠᠷᠢᠯᠭᠠᠨ᠂ ᠡᠨᠧᠷᠭᠢ᠎ᠶᠢᠨ ᠦᠢᠯᠡᠳᠪᠦᠷᠢᠯᠡᠯ ᠬᠠᠩᠭᠠᠯᠭ᠎ᠠ᠎ᠶᠢᠨ ᠲᠣᠭᠲᠠᠭᠤᠨ ᠠᠵᠢᠯᠯᠠᠭᠠᠨ᠎ᠢ ᠪᠥᠬᠥ ᠬᠦᠴᠦᠨ᠎ᠢᠶᠡᠷ᠎ᠢᠶᠡᠨ ᠰᠡᠷᠭᠦᠭᠡᠬᠦ᠎ᠶᠢᠨ ᠬᠠᠮᠲᠤ᠂ ᠴᠠᠭ ᠲᠤᠬᠠᠢ᠎ᠳᠤ ᠨᠢ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠬᠦ ᠬᠡᠷᠡᠭᠲᠡᠢ᠃ ᠭᠠᠴᠠᠭ᠎ᠠ ᠲᠣᠰᠬᠣᠨ (ᠨᠡᠢᠭᠡᠮ ᠲᠣᠭᠣᠷᠢᠭ᠋) ᠵᠢᠴᠢ ᠪᠤᠰᠤᠳ ᠵᠣᠬᠢᠶᠠᠨ ᠪᠠᠢᠭᠤᠯᠤᠯᠲᠠ ᠨᠢ ᠳᠠᠷᠤᠢᠬᠠᠨ ᠨᠡᠢᠭᠡᠮ ᠲᠣᠭᠣᠷᠢᠭ᠋᠎ᠤᠨ ᠮᠡᠳᠡᠭᠳᠡᠯ᠂ ᠲᠣᠣᠷᠯᠢᠭ᠍ᠵᠢᠭᠤᠯᠤᠭᠰᠠᠨ ᠬᠠᠮᠢᠶᠠᠷᠤᠯᠲᠠ᠎ᠶᠢᠨ ᠠᠷᠭ᠎ᠠ ᠪᠠᠷᠢᠯ᠂ ᠨᠡᠢᠭᠡᠮ ᠲᠣᠭᠣᠷᠢᠭ᠋᠎ᠤᠨ ᠵᠢᠷᠭᠢᠶ᠎ᠡ ᠬᠣᠯᠪᠣᠭᠠᠨ᠎ᠤ ᠤᠬᠠᠭᠤᠯᠭ᠎ᠠ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠵᠤ᠂ ᠰᠠᠭᠤᠭᠠᠯᠢ ᠠᠷᠠᠳ ᠪᠠ ᠬᠤᠳᠠᠯᠳᠤᠭᠠᠨ᠎ᠤ ᠡᠷᠦᠬᠡ᠎ᠶᠢ ᠴᠠᠬᠢᠯᠭᠠᠨ ᠬᠡᠢ᠎ᠶᠢ ᠠᠷᠪᠢᠯᠠᠨ ᠬᠡᠷᠡᠭᠯᠡᠭᠦᠯᠬᠦ᠎ᠪᠡᠷ ᠰᠠᠨᠠᠭᠠᠴᠢᠯᠠᠨ᠂ ᠴᠢᠬᠤᠯᠠ ᠪᠤᠰᠤ ᠲᠥᠬᠦᠭᠡᠷᠦᠮᠵᠢ᠎ᠪᠠᠨ ᠬᠠᠭᠠᠵᠤ᠂ ᠬᠦᠯᠢᠶᠡᠬᠦᠢ ᠪᠠᠢᠳᠠᠯ᠎ᠳᠠᠬᠢ ᠡᠨᠧᠷᠭᠢ᠎ᠶᠢᠨ ᠬᠣᠷᠣᠭᠳᠠᠯ᠎ᠢ ᠪᠠᠭᠠᠰᠬᠠᠨ᠂ ᠤᠷᠬᠢᠯ᠎ᠤᠨ ᠦᠶ᠎ᠡ᠎ᠡᠴᠡ ᠵᠥᠷᠢᠭᠦᠯᠦᠨ ᠵᠠᠢᠯᠠᠬᠤ᠎ᠶᠢ ᠬᠥᠲᠥᠯᠥᠨ ᠵᠢᠯᠤᠭᠣᠳᠴᠤ᠂ ᠡᠨᠧᠷᠭᠢ᠎ᠶᠢᠨ ᠬᠠᠩᠭᠠᠯᠭ᠎ᠠ᠎ᠶᠢᠨ ᠲᠠᠯ᠎ᠠ᠎ᠶᠢᠨ ᠳᠠᠷᠤᠭᠠᠰᠤ᠎ᠶᠢ ᠬᠥᠩᠭᠡᠷᠡᠭᠦᠯᠦᠨ᠂ ᠡᠨᠧᠷᠭᠢ᠎ᠶᠢᠨ ᠬᠠᠩᠭᠠᠯᠭ᠎ᠠ ᠲᠠᠰᠤᠯᠳᠠᠭᠰᠠᠨ᠎ᠠᠴᠠ ᠪᠣᠯᠵᠤ ᠬᠦᠴᠢᠷᠳᠡᠯ᠎ᠳᠦ ᠤᠴᠠᠷᠠᠭᠰᠠᠨ ᠤᠯᠠᠨ ᠲᠦᠮᠡᠨ᠎ᠢ ᠵᠣᠬᠢᠶᠠᠨ ᠪᠠᠢᠭᠤᠯᠤᠨ ᠥᠪᠡᠷ᠎ᠢ᠎ᠪᠡᠨ ᠠᠪᠤᠷᠠᠬᠤ ᠪᠠ ᠬᠠᠷᠢᠯᠴᠠᠨ ᠠᠪᠤᠷᠠᠬᠤ ᠠᠵᠢᠯ᠎ᠢ ᠥᠷᠨᠢᠭᠦᠯᠵᠦ᠂ ᠴᠢᠬᠤᠯᠠᠲᠠᠢ ᠦᠶ᠎ᠡ᠎ᠳᠦ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠦ ᠵᠦᠢᠯ᠎ᠢ ᠬᠠᠩᠭᠠᠬᠤ ᠪᠠ ᠲᠣᠬᠢᠷᠠᠭᠤᠯᠤᠨ ᠬᠦᠷᠭᠡᠬᠦ᠎ᠶᠢ ᠵᠣᠬᠢᠴᠠᠭᠤᠯᠤᠨ᠎ᠠ᠃

4.3 ᠴᠤᠤᠷᠢᠶᠠᠲᠤᠨ ᠳᠠᠭᠠᠬᠤ ᠳᠡᠰ ᠬᠤᠪᠢᠶᠠᠷᠢᠯᠠᠯ

ᠪᠠᠴᠢᠮ ᠪᠠᠢᠳᠠᠯ᠎ᠤᠨ ᠬᠥᠭᠵᠢᠯᠲᠡ᠎ᠶᠢᠨ ᠬᠠᠨᠳᠤᠰᠢ᠂ ᠬᠦᠨᠳᠦ ᠨᠣᠴᠢᠲᠠᠢ ᠴᠢᠨᠠᠷ᠂ ᠪᠠᠴᠢᠮ ᠪᠠᠢᠳᠠᠯ᠎ᠤᠨ ᠬᠡᠮᠵᠢᠶ᠎ᠡ ᠪᠠ ᠨᠥᠯᠥᠭᠡᠯᠡᠬᠦ ᠬᠡᠪᠴᠢᠶ᠎ᠡ ᠵᠡᠷᠭᠡ᠎ᠶᠢ ᠦᠨᠳᠦᠰᠦᠯᠡᠨ᠂ ᠴᠤᠤᠷᠢᠶᠠᠲᠤᠨ ᠳᠠᠭᠠᠬᠤ ᠵᠡᠷᠭᠡ ᠲᠠᠰ᠎ᠢ ᠥᠨᠳᠥᠷ᠎ᠡᠴᠡ ᠳᠣᠣᠷ᠎ᠠ ᠲᠡᠢᠰᠢ᠎ᠪᠡᠨ ᠨᠢᠭᠡᠳᠦᠭᠡᠷ ᠳᠡᠰ᠂ ᠬᠣᠶᠠᠳᠤᠭᠠᠷ ᠳᠡᠰ᠂ ᠭᠤᠷᠪᠠᠳᠤᠭᠠᠷ ᠳᠡᠰ᠂ ᠳᠥᠷᠪᠡᠳᠦᠭᠡᠷ ᠳᠡᠰ ᠭᠡᠵᠦ ᠬᠤᠪᠢᠶᠠᠨ᠎ᠠ᠃ ᠪᠣᠳᠠᠲᠠᠢ ᠬᠤᠪᠢᠶᠠᠷᠢᠯᠠᠯ ᠨᠢ ᠳᠣᠣᠷᠠᠬᠢ ᠮᠡᠲᠦ᠄

ᠨᠢᠭᠡᠳᠦᠭᠡᠷ ᠳᠡᠰ᠎ᠤᠨ ᠴᠤᠤᠷᠢᠶᠠᠲᠤᠨ ᠳᠠᠭᠠᠬᠣ᠌᠄ ᠣᠨᠴᠠ ᠬᠦᠨᠳᠦ ᠶᠡᠬᠡ ᠡᠨᠧᠷᠭᠢ᠎ᠶᠢᠨ ᠬᠠᠩᠭᠠᠯᠭ᠎ᠠ ᠬᠣᠮᠰᠠᠳᠠᠭᠰᠠᠨ ᠬᠡᠷᠡᠭ᠎ᠢ ᠠᠷᠭᠠᠴᠠᠭᠠᠬᠤ᠂ ᠲᠤᠬᠠᠢᠯᠠᠪᠠᠯ ᠡᠨᠧᠷᠭᠢ᠎ᠶᠢᠨ ᠬᠠᠩᠭᠠᠯᠭ᠎ᠠ ᠬᠡᠷᠡᠭᠴᠡᠭᠡ ᠬᠦᠨᠳᠦ ᠨᠣᠴᠢᠲᠠᠢ ᠲᠡᠩᠴᠡᠭᠦᠷᠢ᠎ᠪᠡᠨ ᠠᠯᠳᠠᠭᠰᠠᠨ᠎ᠠᠴᠠ ᠪᠣᠯᠵᠤ ᠪᠥᠬᠥ ᠣᠷᠣᠨ᠎ᠤ ᠰᠢᠰᠲᠧᠮ᠎ᠦᠨ ᠴᠢᠨᠠᠷᠲᠠᠢ ᠡᠨᠧᠷᠭᠢ᠎ᠶᠢᠨ ᠬᠠᠩᠭᠠᠯᠭ᠎ᠠ ᠬᠣᠮᠰᠠᠳᠠᠭᠰᠠᠨ ᠬᠡᠷᠡᠭ᠎ᠢ ᠡᠭᠦᠰᠬᠡᠵᠦ᠂ ᠪᠥᠬᠥ ᠣᠷᠣᠨ᠎ᠤ ᠠᠵᠤ ᠠᠬᠤᠢ᠎ᠶᠢᠨ ᠲᠣᠭᠲᠠᠭᠤᠨ᠎ᠢᠶᠠᠷ ᠠᠵᠢᠯᠯᠠᠬᠤ᠎ᠶᠢ ᠬᠦᠨᠳᠦ ᠨᠣᠴᠢᠲᠠᠢ ᠨᠥᠭᠡᠴᠡᠯᠡᠨ᠂ ᠨᠡᠢᠭᠡᠮ᠎ᠦᠨ ᠦᠢᠯᠡᠳᠪᠦᠷᠢᠯᠡᠯ ᠠᠮᠢᠳᠤᠷᠠᠯ᠎ᠤᠨ ᠡᠮᠬᠢ ᠳᠢᠭ᠌ᠯᠢᠮ᠎ᠳᠦ ᠬᠦᠨᠳᠦ ᠶᠡᠬᠡ ᠰᠦᠷᠳᠡᠭᠦᠯᠦᠯ ᠪᠣᠯᠣᠨ᠎ᠠ᠃

ᠬᠣᠶᠠᠳᠤᠭᠠᠷ ᠳᠡᠰ᠎ᠤᠨ ᠴᠤᠤᠷᠢᠶᠠᠲᠤᠨ ᠳᠠᠭᠠᠬᠣ᠌᠄ ᠬᠦᠨᠳᠦ ᠶᠡᠬᠡ ᠡᠨᠧᠷᠭᠢ᠎ᠶᠢᠨ ᠬᠠᠩᠭᠠᠯᠭ᠎ᠠ ᠬᠣᠮᠰᠠᠳᠠᠭᠰᠠᠨ ᠬᠡᠷᠡᠭ᠎ᠢ ᠠᠷᠭᠠᠴᠠᠭᠠᠬᠤ᠂ ᠲᠤᠬᠠᠢᠯᠠᠪᠠᠯ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠡᠨᠧᠷᠭᠢ᠎ᠶᠢᠨ ᠬᠠᠩᠭᠠᠯᠭ᠎ᠠ᠎ᠳᠤ ᠨᠡᠯᠢᠶᠡᠳ ᠶᠡᠬᠡ ᠲᠤᠲᠠᠪᠤᠷᠢ ᠭᠠᠷᠤᠭᠰᠠᠨ᠎ᠠᠴᠠ ᠪᠣᠯᠵᠤ ᠬᠡᠰᠡᠭ ᠣᠷᠣᠨ ᠪᠦᠰᠡ ᠪᠤᠶᠤ ᠣᠯᠠᠨ ᠠᠢᠮᠠᠭ ᠬᠣᠲᠠ᠎ᠶᠢᠨ ᠡᠨᠧᠷᠭᠢ᠎ᠶᠢᠨ ᠬᠠᠩᠭᠠᠯᠭ᠎ᠠ ᠬᠣᠮᠰᠠᠳᠠᠭᠰᠠᠨ ᠬᠡᠷᠡᠭ᠎ᠢ ᠡᠭᠦᠰᠬᠡᠵᠦ᠂ ᠬᠡᠷᠡᠭ ᠭᠠᠷᠤᠭᠰᠠᠨ ᠣᠷᠣᠨ ᠪᠦᠰᠡ᠎ᠶᠢᠨ ᠡᠯ᠎ᠡ ᠠᠢᠮᠠᠭ ᠬᠣᠲᠠ᠎ᠶᠢᠨ ᠠᠵᠤ ᠠᠬᠤᠢ᠎ᠶᠢᠨ ᠲᠣᠭᠲᠠᠭᠤᠨ ᠠᠵᠢᠯᠯᠠᠭᠠᠨ᠎ᠢ ᠨᠡᠯᠢᠶᠡᠳ ᠶᠡᠬᠡ᠎ᠪᠡᠷ ᠨᠥᠯᠥᠭᠡᠯᠡᠨ᠂ ᠨᠡᠢᠭᠡᠮ᠎ᠦᠨ ᠦᠢᠯᠡᠳᠪᠦᠷᠢᠯᠡᠯ ᠠᠮᠢᠳᠤᠷᠠᠯ᠎ᠤᠨ ᠡᠮᠬᠢ ᠳᠢᠭ᠌ᠯᠢᠮ᠎ᠳᠦ ᠨᠡᠯᠢᠶᠡᠳ ᠶᠡᠬᠡ ᠰᠦᠷᠳᠡᠭᠦᠯᠦᠯ ᠪᠣᠯᠬᠤ᠎ᠶᠢᠨ ᠬᠠᠮᠲᠤ ᠪᠥᠬᠥ ᠣᠷᠣᠨ᠎ᠤ ᠠᠵᠤ ᠠᠬᠤᠢ ᠨᠡᠢᠭᠡᠮ᠎ᠦᠨ ᠲᠣᠭᠲᠠᠭᠤᠨ ᠠᠵᠢᠯᠯᠠᠭᠠᠨ᠎ᠢ ᠨᠡᠯᠢᠶᠡᠳ ᠶᠡᠬᠡ ᠬᠡᠮᠵᠢᠶ᠎ᠡ᠎ᠪᠡᠷ ᠨᠥᠯᠥᠭᠡᠯᠡᠨ᠎ᠡ᠃

ᠭᠤᠷᠪᠠᠳᠤᠭᠠᠷ ᠳᠡᠰ᠎ᠤᠨ ᠴᠤᠤᠷᠢᠶᠠᠲᠤᠨ ᠳᠠᠭᠠᠬᠣ᠌᠄ ᠬᠣᠯᠪᠣᠭᠳᠠᠬᠤ ᠬᠡᠪᠴᠢᠶ᠎ᠡ ᠨᠡᠯᠢᠶᠡᠳ ᠥᠷᠭᠡᠨ᠂ ᠨᠡᠯᠢᠶᠡᠳ ᠰᠡᠷᠭᠡᠭ ᠮᠥᠷᠲᠡᠭᠡᠨ ᠪᠤᠳᠤᠯᠢᠶᠠᠨᠲᠠᠢ᠂ ᠥᠪᠡᠷᠲᠡᠭᠡᠨ ᠵᠠᠰᠠᠬᠤ ᠣᠷᠣᠨ᠎ᠤ ᠵᠢᠯᠤᠭᠣᠳᠬᠤ ᠭᠠᠵᠠᠷ᠎ᠠᠴᠠ ᠵᠢᠯᠣᠭᠣᠳᠤᠨ ᠬᠠᠪᠰᠤᠷᠬᠤ ᠴᠢᠬᠤᠯᠠᠲᠠᠢ ᠨᠡᠯᠢᠶᠡᠳ ᠶᠡᠬᠡ ᠡᠨᠧᠷᠭᠢ᠎ᠶᠢᠨ ᠬᠠᠩᠭᠠᠯᠭ᠎ᠠ ᠬᠣᠮᠰᠠᠳᠠᠭᠰᠠᠨ ᠬᠡᠷᠡᠭ ᠶᠠᠪᠤᠳᠠᠯ᠂ ᠲᠤᠬᠠᠢᠯᠠᠪᠠᠯ ᠠᠢᠮᠠᠭ ᠬᠣᠲᠠ᠎ᠶᠢᠨ ᠳᠣᠲᠣᠭᠠᠳᠤ᠎ᠶᠢᠨ ᠡᠨᠧᠷᠭᠢ᠎ᠶᠢᠨ ᠬᠠᠩᠭᠠᠯᠭ᠎ᠠ᠎ᠳᠤ ᠵᠣᠬᠢᠬᠤ ᠬᠡᠮᠵᠢᠶᠡᠨ᠎ᠦ ᠲᠤᠲᠠᠪᠤᠷᠢ ᠭᠠᠷᠤᠭᠰᠠᠨ᠎ᠠᠴᠠ ᠪᠣᠯᠵᠤ ᠲᠤᠬᠠᠢ᠎ᠶᠢᠨ ᠭᠠᠵᠠᠷ᠎ᠤᠨ ᠡᠨᠧᠷᠭᠢ᠎ᠶᠢᠨ ᠬᠠᠩᠭᠠᠯᠭ᠎ᠠ ᠬᠣᠮᠰᠠᠳᠠᠭᠰᠠᠨ ᠬᠡᠷᠡᠭ᠎ᠢ ᠡᠭᠦᠰᠬᠡᠵᠦ᠂ ᠬᠡᠷᠡᠭ ᠭᠠᠷᠤᠭᠰᠠᠨ ᠠᠢᠮᠠᠭ ᠬᠣᠲᠠ᠎ᠶᠢᠨ ᠠᠵᠤ ᠠᠬᠤᠢ᠎ᠶᠢᠨ ᠲᠣᠭᠲᠠᠭᠤᠨ ᠠᠵᠢᠯᠯᠠᠭᠠᠨ᠎ᠢ ᠵᠣᠬᠢᠬᠤ ᠬᠡᠮᠵᠢᠶ᠎ᠡ᠎ᠪᠡᠷ ᠨᠥᠯᠥᠭᠡᠯᠡᠨ᠂ ᠨᠡᠢᠭᠡᠮ᠎ᠦᠨ ᠦᠢᠯᠡᠳᠪᠦᠷᠢᠯᠡᠯ ᠠᠮᠢᠳᠤᠷᠠᠯ᠎ᠤᠨ ᠡᠮᠬᠢ ᠳᠢᠭ᠌ᠯᠢᠮ᠎ᠳᠦ ᠵᠣᠬᠢᠬᠤ ᠬᠡᠮᠵᠢᠶᠡᠨ᠎ᠦ ᠰᠦᠷᠳᠡᠭᠦᠯᠦᠯ ᠪᠣᠯᠵᠤ᠂ ᠴᠠᠭ ᠲᠤᠬᠠᠢ᠎ᠳᠤ ᠨᠢ ᠰᠢᠢᠳᠪᠦᠷᠢᠯᠡᠬᠦ ᠦᠭᠡᠢ ᠪᠣᠯ ᠨᠠᠩ ᠬᠦᠨᠳᠦ ᠨᠣᠴᠢᠲᠠᠢ ᠡᠨᠧᠷᠭᠢ᠎ᠶᠢᠨ ᠬᠠᠩᠭᠠᠯᠭ᠎ᠠ᠎ᠶᠢᠨ ᠬᠣᠮᠰᠠᠳᠠᠯ ᠡᠭᠦᠰᠬᠡᠵᠦ ᠮᠡᠳᠡᠨ᠎ᠡ᠃

ᠳᠥᠷᠪᠡᠳᠦᠭᠡᠷ ᠳᠡᠰ᠎ᠤᠨ ᠴᠤᠤᠷᠢᠶᠠᠲᠤᠨ ᠳᠠᠭᠠᠬᠣ᠌᠄ ᠬᠣᠯᠪᠣᠭᠳᠠᠬᠤ ᠬᠡᠪᠴᠢᠶ᠎ᠡ ᠨᠡᠯᠢᠶᠡᠳ ᠥᠷᠭᠡᠨ ᠮᠥᠷᠲᠡᠭᠡᠨ ᠤᠯᠠᠮ ᠨᠢᠭᠡ ᠠᠯᠬᠤᠮ ᠥᠷᠭᠡᠳᠬᠦ ᠲᠦᠭᠰᠢᠭᠦᠷᠢ᠎ᠶᠢ ᠠᠷᠭᠠᠴᠠᠭᠠᠬᠤ᠎ᠳᠤ᠂ ᠥᠪᠡᠷᠲᠡᠭᠡᠨ ᠵᠠᠰᠠᠬᠤ ᠣᠷᠣᠨ᠎ᠤ ᠵᠢᠯᠤᠭᠣᠳᠬᠤ ᠭᠠᠵᠠᠷ᠎ᠠᠴᠠ ᠵᠢᠯᠣᠭᠣᠳᠤᠨ ᠬᠠᠪᠰᠤᠷᠬᠤ ᠴᠢᠬᠤᠯᠠᠲᠠᠢ ᠡᠩ᠎ᠦᠨ ᠡᠨᠧᠷᠭᠢ᠎ᠶᠢᠨ ᠬᠠᠩᠭᠠᠯᠭ᠎ᠠ ᠬᠣᠮᠰᠠᠳᠠᠭᠰᠠᠨ ᠬᠡᠷᠡᠭ ᠶᠠᠪᠤᠳᠠᠯ᠂ ᠲᠤᠬᠠᠢᠯᠠᠪᠠᠯ ᠬᠣᠰᠢᠭᠤ ᠰᠢᠶᠠᠨ (ᠬᠣᠲᠠ᠂ ᠲᠣᠭᠣᠷᠢᠭ᠋)᠎ᠤ ᠵᠠᠰᠠᠭ ᠵᠠᠬᠢᠷᠭᠠᠨ᠎ᠤ ᠣᠷᠣᠨ ᠬᠡᠪᠴᠢᠶᠡᠨ᠎ᠳᠡᠬᠢ ᠡᠨᠧᠷᠭᠢ᠎ᠶᠢᠨ ᠬᠠᠩᠭᠠᠯᠭ᠎ᠠ᠎ᠳᠤ ᠬᠡᠰᠡᠭ ᠲᠠᠯ᠎ᠠ᠎ᠶᠢᠨ ᠲᠤᠲᠠᠪᠤᠷᠢ ᠭᠠᠷᠤᠭᠰᠠᠨ᠎ᠠᠴᠠ ᠪᠣᠯᠵᠤ ᠲᠤᠬᠠᠢ᠎ᠶᠢᠨ ᠭᠠᠵᠠᠷ᠎ᠤᠨ ᠡᠨᠧᠷᠭᠢ᠎ᠶᠢᠨ ᠬᠠᠩᠭᠠᠯᠭ᠎ᠠ ᠬᠣᠮᠰᠠᠳᠠᠭᠰᠠᠨ ᠬᠡᠷᠡᠭ᠎ᠢ ᠡᠭᠦᠰᠬᠡᠵᠦ᠂ ᠬᠡᠷᠡᠭ ᠭᠠᠷᠤᠭᠰᠠᠨ ᠬᠣᠰᠢᠭᠤ ᠰᠢᠶᠠᠨ (ᠬᠣᠲᠠ᠂ ᠲᠣᠭᠣᠷᠢᠭ᠋)᠎ᠤ ᠠᠵᠤ ᠠᠬᠤᠢ᠎ᠶᠢᠨ ᠲᠣᠭᠲᠠᠭᠤᠨ ᠠᠵᠢᠯᠯᠠᠭᠠᠨ᠎ᠳᠤ ᠵᠣᠬᠢᠬᠤ ᠨᠥᠯᠥᠭᠡ ᠪᠣᠯᠵᠤ᠂ ᠨᠡᠢᠭᠡᠮ᠎ᠦᠨ ᠦᠢᠯᠡᠳᠪᠦᠷᠢᠯᠡᠯ ᠠᠮᠢᠳᠤᠷᠠᠯ᠎ᠤᠨ ᠡᠮᠬᠢ ᠳᠢᠭ᠌ᠯᠢᠮ᠎ᠳᠦ ᠵᠣᠬᠢᠬᠤ ᠰᠦᠷᠳᠡᠭᠦᠯᠦᠯ ᠪᠣᠯᠬᠤ᠎ᠶᠢᠨ ᠬᠠᠮᠲᠤ ᠪᠠᠢᠭ᠎ᠠ ᠠᠢᠮᠠᠭ ᠬᠣᠲᠠ᠎ᠶᠢᠨ ᠠᠵᠤ ᠠᠬᠤᠢ ᠨᠡᠢᠭᠡᠮ᠎ᠦᠨ ᠲᠣᠭᠲᠠᠭᠤᠨ ᠠᠵᠢᠯᠯᠠᠭᠠᠨ᠎ᠢ ᠨᠡᠯᠢᠶᠡᠳ ᠶᠡᠬᠡ᠎ᠪᠡᠷ ᠨᠥᠯᠥᠭᠡᠯᠡᠵᠦ᠂ ᠲᠣᠰ ᠠᠢᠮᠠᠭ ᠬᠣᠲᠠ᠎ᠶᠢᠨ ᠭᠠᠳᠠᠨᠠᠬᠢ ᠡᠬᠢ ᠪᠠᠶᠠᠯᠢᠭ᠋᠎ᠢ ᠵᠣᠬᠢᠴᠠᠭᠤᠯᠵᠤ ᠬᠠᠩᠭᠠᠯᠭ᠎ᠠ᠎ᠶᠢ ᠪᠠᠲᠤᠯᠠᠬᠤ ᠴᠢᠬᠤᠯᠠᠲᠠᠢ ᠪᠠᠢᠬᠤ ᠬᠡᠷᠡᠭ᠃

4.4 ᠴᠤᠤᠷᠢᠶᠠᠲᠤᠨ ᠳᠠᠭᠠᠬᠤ᠎ᠶᠢ ᠡᠬᠢᠯᠡᠭᠦᠯᠬᠦ

ᠥᠪᠡᠷᠲᠡᠭᠡᠨ ᠵᠠᠰᠠᠬᠤ ᠣᠷᠣᠨ᠎ᠤ ᠨᠢᠭᠡᠳᠦᠭᠡᠷ ᠳᠡᠰ᠎ᠦᠨ ᠴᠤᠤᠷᠢᠶᠠᠲᠤᠨ ᠳᠠᠭᠠᠬᠣ᠌᠎ᠶᠢ ᠥᠪᠡᠷᠲᠡᠭᠡᠨ ᠵᠠᠰᠠᠬᠤ ᠣᠷᠣᠨ᠎ᠤ ᠵᠢᠯᠤᠭᠣᠳᠬᠤ ᠭᠠᠵᠠᠷ᠎ᠤᠨ ᠠᠯᠪᠠᠨ ᠭᠡᠷ᠎ᠡᠴᠡ ᠡᠬᠢᠯᠡᠭᠦᠯᠬᠦ ᠰᠠᠨᠠᠭᠤᠯᠭ᠎ᠠ ᠳᠤᠷᠠᠳᠴᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠦᠭᠰᠡᠨ᠎ᠦ ᠳᠠᠷᠠᠭ᠎ᠠ ᠬᠡᠷᠡᠭᠵᠢᠭᠦᠯᠦᠨ᠎ᠡ᠂ ᠡᠭᠦᠨ᠎ᠦ ᠬᠠᠮᠲᠤ᠂ ᠲᠠᠰ ᠳᠠᠷᠠᠭᠠᠯᠠᠯ ᠶᠣᠰᠣᠭᠠᠷ ᠲᠥᠷᠥ᠎ᠶᠢᠨ ᠶᠠᠪᠤᠳᠠᠯ᠎ᠤᠨ ᠬᠣᠷᠢᠶ᠎ᠠ ᠪᠤᠶᠤ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠡᠨᠧᠷᠭᠢ᠎ᠶᠢᠨ ᠲᠣᠪᠴᠢᠶ᠎ᠠ᠎ᠳᠤ ᠮᠡᠳᠡᠭᠦᠯᠦᠨ ᠵᠢᠯᠣᠭᠣᠳᠤᠭᠤᠯᠵᠤ ᠬᠠᠮᠵᠢᠯᠴᠠᠭᠤᠯᠤᠨ᠎ᠠ᠃

ᠥᠪᠡᠷᠲᠡᠭᠡᠨ ᠵᠠᠰᠠᠬᠤ ᠣᠷᠣᠨ᠎ᠤ ᠬᠣᠶᠠᠳᠤᠭᠠᠷ ᠳᠡᠰ᠎ᠤᠨ ᠴᠤᠤᠷᠢᠶᠠᠲᠤᠨ ᠳᠠᠭᠠᠬᠤ᠎ᠶᠢ ᠥᠪᠡᠷᠲᠡᠭᠡᠨ ᠵᠠᠰᠠᠬᠤ ᠣᠷᠣᠨ᠎ᠤ ᠵᠢᠯᠤᠭᠣᠳᠬᠤ ᠭᠠᠵᠠᠷ᠎ᠤᠨ ᠠᠯᠪᠠᠨ ᠭᠡᠷ᠎ᠡᠴᠡ ᠡᠬᠢᠯᠡᠭᠦᠯᠬᠦ ᠰᠠᠨᠠᠭᠤᠯᠭ᠎ᠠ ᠳᠤᠷᠠᠳᠴᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠥᠪᠡᠷᠲᠡᠭᠡᠨ ᠵᠠᠰᠠᠬᠤ ᠣᠷᠣᠨ᠎ᠤ ᠵᠢᠯᠤᠭᠣᠳᠬᠤ ᠭᠠᠵᠠᠷ᠎ᠤᠨ ᠶᠡᠷᠦᠩᠬᠡᠢ ᠵᠢᠯᠣᠭᠣᠳᠤᠭ᠍ᠴᠢ᠎ᠳᠤ ᠮᠡᠳᠡᠭᠦᠯᠦᠨ ᠵᠥᠪᠰᠢᠶᠡᠷᠡᠭᠦᠯᠦᠭᠰᠡᠨ᠎ᠦ ᠳᠠᠷᠠᠭ᠎ᠠ ᠬᠡᠷᠡᠭᠵᠢᠭᠦᠯᠦᠨ᠎ᠡ᠃

ᠥᠪᠡᠷᠲᠡᠭᠡᠨ ᠵᠠᠰᠠᠬᠤ ᠣᠷᠣᠨ᠎ᠤ ᠭᠤᠷᠪᠠᠳᠤᠭᠠᠷ ᠳᠡᠰ᠂ ᠳᠥᠷᠪᠡᠳᠦᠭᠡᠷ ᠳᠡᠰ᠎ᠦᠨ ᠴᠤᠤᠷᠢᠶᠠᠲᠤᠨ ᠳᠠᠭᠠᠬᠤ᠎ᠶᠢ ᠥᠪᠡᠷᠲᠡᠭᠡᠨ ᠵᠠᠰᠠᠬᠤ ᠣᠷᠣᠨ᠎ᠤ ᠵᠢᠯᠤᠭᠣᠳᠬᠤ ᠭᠠᠵᠠᠷ᠎ᠤᠨ ᠠᠯᠪᠠᠨ ᠭᠡᠷ᠎ᠡᠴᠡ ᠲᠣᠭᠲᠠᠭᠠᠵᠤ᠂ ᠪᠠᠢᠳᠠᠯ᠎ᠢ ᠨᠢ ᠦᠵᠡᠵᠦ ᠪᠠᠢᠭᠠᠳ ᠬᠡᠷᠡᠭ ᠭᠠᠷᠤᠭᠰᠠᠨ ᠭᠠᠵᠠᠷ᠎ᠲᠤ ᠠᠵᠢᠯᠯᠠᠬᠤ ᠳᠤᠭᠤᠢᠯᠠᠩ ᠲᠣᠮᠢᠯᠠᠨ ᠠᠷᠭᠠᠴᠠᠭᠠᠬᠤ ᠠᠵᠢᠯ᠎ᠢ ᠵᠢᠯᠣᠭᠣᠳᠤᠨ ᠥᠷᠨᠢᠭᠦᠯᠵᠦ᠂ ᠪᠠᠴᠢᠮ ᠪᠠᠢᠳᠠᠯ᠎ᠢ ᠠᠷᠭᠠᠴᠠᠭᠠᠵᠤ ᠬᠠᠩᠭᠠᠯᠭ᠎ᠠ᠎ᠶᠢ ᠪᠠᠲᠤᠯᠠᠬᠤ ᠡᠬᠢ ᠪᠠᠶᠠᠯᠢᠭ᠋᠎ᠢ ᠵᠣᠬᠢᠴᠠᠭᠤᠯᠤᠨ ᠲᠣᠬᠢᠷᠠᠭᠤᠯᠵᠤ᠂ ᠬᠡᠷᠡᠭ ᠭᠠᠷᠤᠭᠰᠠᠨ ᠭᠠᠵᠠᠷ᠎ᠤᠨ ᠠᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ᠋)᠎ᠤ ᠵᠢᠯᠤᠭᠣᠳᠬᠤ ᠪᠠᠢᠭᠤᠯᠤᠮᠵᠢ᠎ᠡᠴᠡ ᠪᠣᠳᠠᠲᠠᠢ ᠬᠡᠷᠡᠭᠵᠢᠭᠦᠯᠬᠦ᠎ᠶᠢ ᠬᠠᠷᠢᠭᠤᠴᠠᠨ᠎ᠠ᠃

ᠭᠡᠨᠡᠳᠲᠡ᠎ᠶᠢᠨ ᠬᠡᠷᠡᠭ ᠡᠭᠦᠰᠦᠭᠰᠡᠨ᠎ᠦ ᠳᠠᠷᠠᠭ᠎ᠠ᠂ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠦ ᠰᠠᠯᠠᠭ᠎ᠠ ᠮᠥᠴᠢᠷ ᠨᠢᠭᠡᠴᠢ ᠨᠢ ᠬᠠᠷᠢᠶᠠᠲᠤ ᠭᠠᠵᠠᠷ᠎ᠤᠨ ᠬᠠᠷᠢᠭᠤᠴᠠᠯᠭ᠎ᠠ᠎ᠪᠠᠨ ᠬᠢᠨᠠᠮᠠᠭᠠᠢ ᠨᠠᠢᠳᠠᠪᠤᠷᠢᠵᠢᠭᠤᠯᠵᠤ᠂ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠬᠡᠯ ᠲᠥᠰᠥᠯ᠎ᠦᠨ ᠶᠣᠰᠣᠭᠠᠷ ᠪᠠᠴᠢᠮ ᠪᠠᠢᠳᠠᠯ᠎ᠢ ᠠᠷᠭᠠᠴᠠᠭᠠᠵᠤ ᠴᠤᠤᠷᠢᠶᠠᠲᠤᠨ ᠳᠠᠭᠠᠬᠤ ᠠᠵᠢᠯ᠎ᠢ ᠳᠠᠷᠤᠢᠬᠠᠨ ᠡᠬᠢᠯᠡᠭᠦᠯᠵᠦ᠂ ᠠᠷᠭᠠᠴᠠᠭᠠᠵᠤ ᠰᠢᠢᠳᠪᠦᠷᠢᠯᠡᠬᠦ ᠠᠵᠢᠯ᠎ᠢ ᠥᠷᠨᠢᠭᠦᠯᠬᠦ᠎ᠶᠢᠨ ᠬᠠᠮᠲᠤ ᠬᠡᠷᠡᠭ᠎ᠦᠨ ᠪᠠᠢᠳᠠᠯ᠎ᠤᠨ ᠬᠥᠭᠵᠢᠯᠲᠡ᠎ᠶᠢᠨ ᠪᠠᠢᠳᠠᠯ᠎ᠢ ᠦᠨᠳᠦᠰᠦᠯᠡᠨ ᠴᠤᠤᠷᠢᠶᠠᠲᠤᠨ ᠳᠠᠭᠠᠬᠤ ᠲᠠᠰ᠎ᠲᠤ ᠴᠠᠭ ᠲᠤᠬᠠᠢ᠎ᠳᠤ ᠨᠢ ᠲᠣᠬᠢᠷᠠᠭᠤᠯᠤᠯᠲᠠ ᠬᠢᠬᠦ ᠬᠡᠷᠡᠭᠲᠡᠢ᠃ ᠨᠡᠯᠢᠶᠡᠳ ᠰᠡᠷᠭᠡᠭ᠂ ᠭᠣᠣᠯᠳᠠᠯᠭ᠎ᠠ᠎ᠲᠠᠢ ᠭᠠᠵᠠᠷ ᠣᠷᠣᠨ᠂ ᠴᠢᠬᠤᠯᠠ ᠪᠠᠶᠠᠷ ᠳᠤᠷᠠᠰᠬᠠᠯ᠎ᠤᠨ ᠡᠳᠦᠷ᠂ ᠲᠣᠮᠣ᠌ ᠬᠡᠯᠪᠡᠷᠢ᠎ᠶᠢᠨ ᠠᠵᠢᠯᠯᠠᠭ᠎ᠠ᠎ᠶᠢᠨ ᠬᠤᠭᠤᠴᠠᠭᠠᠨ᠎ᠳᠤ ᠵᠡᠷᠭᠡ ᠴᠢᠬᠤᠯᠠ ᠴᠠᠭ ᠬᠤᠭᠤᠴᠠᠭᠠᠨ᠎ᠳᠤ ᠡᠭᠦᠰᠦᠭᠰᠡᠨ ᠬᠡᠷᠡᠭ ᠶᠠᠪᠤᠳᠠᠯ᠎ᠳᠤ᠂ ᠪᠠᠢᠳᠠᠯ᠎ᠢ ᠨᠢ ᠦᠵᠡᠵᠦ ᠪᠠᠢᠭᠠᠳ ᠴᠤᠤᠷᠢᠶᠠᠲᠤᠨ ᠳᠠᠭᠠᠬᠤ ᠲᠠᠰ᠎ᠢ ᠨᠢ ᠳᠡᠭᠡᠭᠰᠢᠯᠡᠭᠦᠯᠵᠦ᠂ ᠲᠦᠭᠰᠢᠭᠦᠷᠢ ᠶᠡᠬᠡᠲᠡᠢ᠂ ᠬᠡᠪ᠎ᠦᠨ ᠵᠤᠷᠰᠢᠯ᠎ᠡᠴᠡ ᠳᠠᠪᠠᠭᠰᠠᠨ᠂ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠷᠭᠠᠴᠠᠭᠠᠬᠤ᠎ᠳᠤ ᠪᠡᠷᠬᠡᠲᠡᠢ ᠬᠡᠲᠦᠷᠡᠮᠡᠬᠡᠢ ᠬᠡᠷᠡᠭ᠎ᠲᠤ ᠡᠷᠡᠰ ᠰᠢᠭᠤᠷᠬᠠᠢ᠎ᠪᠠᠷ ᠲᠠᠰ ᠳᠡᠪᠰᠢᠭᠦᠯᠦᠨ ᠴᠤᠤᠷᠢᠶᠠᠲᠤᠨ ᠳᠠᠭᠠᠵᠤ᠂ ᠳᠡᠭᠡᠳᠦ ᠱᠠᠲᠤᠨ᠎ᠤ ᠲᠤᠰᠠᠯᠠᠮᠵᠢ᠎ᠶᠢ ᠭᠤᠶᠤᠴᠢᠯᠠᠨ᠎ᠠ᠃

4.5 ᠵᠢᠯᠣᠭᠣᠳᠤᠨ ᠵᠣᠬᠢᠴᠠᠭᠤᠯᠬᠤ

(1) ᠵᠣᠬᠢᠶᠠᠨ ᠪᠠᠢᠭᠤᠯᠵᠤ ᠵᠢᠯᠤᠭᠣᠳᠬᠤ᠃ ᠣᠨᠴᠠ ᠬᠦᠨᠳᠦ ᠶᠡᠬᠡ᠂ ᠬᠦᠨᠳᠦ ᠶᠡᠬᠡ ᠡᠨᠧᠷᠭᠢ᠎ᠶᠢᠨ ᠬᠠᠩᠭᠠᠯᠭ᠎ᠠ ᠬᠣᠮᠰᠠᠳᠠᠬᠤ ᠬᠡᠷᠡᠭ ᠭᠠᠷᠤᠭᠰᠠᠨ᠎ᠢᠶᠡᠷ ᠠᠩᠬ᠎ᠠ ᠠᠯᠬᠤᠮ ᠮᠠᠭᠠᠳᠯᠠᠭᠳᠠᠭᠰᠠᠨ ᠪᠣᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠬᠢᠷᠠᠭᠤᠯᠤᠯᠲᠠ ᠪᠠᠢᠷᠢᠯᠠᠭᠤᠯᠤᠯᠲᠠ ᠶᠣᠰᠣᠭᠠᠷ ᠥᠪᠡᠷᠲᠡᠭᠡᠨ ᠵᠠᠰᠠᠬᠤ ᠣᠷᠣᠨ᠎ᠤ ᠵᠢᠯᠤᠭᠣᠳᠬᠤ ᠭᠠᠵᠠᠷ᠎ᠠᠴᠠ ᠠᠷᠭᠠᠴᠠᠭᠠᠬᠤ ᠠᠵᠢᠯ᠎ᠢ ᠬᠠᠷᠢᠭᠤᠴᠠᠨ ᠵᠣᠬᠢᠶᠠᠨ ᠪᠠᠢᠭᠤᠯᠵᠤ ᠵᠢᠯᠣᠭᠣᠳᠤᠨ᠂ ᠠᠢᠮᠠᠭ᠎ᠤᠨ ᠵᠠᠬᠢᠷᠭ᠎ᠠ᠂ ᠬᠤᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠬᠣᠰᠢᠭᠤ ᠰᠢᠶᠠᠨ (ᠬᠤᠲᠠ᠂ ᠲᠣᠭᠣᠷᠢᠭ᠋)᠎ᠤ ᠠᠷᠠᠳ᠎ᠤᠨ ᠵᠠᠰᠠᠭ᠎ᠤᠨ ᠣᠷᠳᠣᠨ ᠨᠢ ᠲᠣᠰ ᠬᠠᠷᠢᠶ᠎ᠠ ᠣᠷᠣᠨ᠎ᠳᠠᠬᠢ ᠡᠨᠧᠷᠭᠢ᠎ᠶᠢᠨ ᠬᠠᠩᠭᠠᠯᠭ᠎ᠠ᠎ᠶᠢᠨ ᠪᠠᠲᠤᠯᠠᠭ᠎ᠠ᠎ᠶᠢᠨ ᠪᠣᠳᠠᠲᠠᠢ ᠰᠢᠢᠳᠪᠦᠷᠢᠯᠡᠬᠦ ᠪᠠ ᠠᠷᠭᠠᠴᠠᠭᠠᠬᠤ ᠠᠵᠢᠯ᠎ᠢ ᠬᠠᠷᠢᠭᠤᠴᠠᠨ᠎ᠠ; ᠨᠡᠯᠢᠶᠡᠳ ᠶᠡᠬᠡ᠂ ᠡᠩ᠎ᠤᠨ ᠡᠨᠧᠷᠭᠢ᠎ᠶᠢᠨ ᠬᠠᠩᠭᠠᠯᠭ᠎ᠠ ᠬᠣᠮᠰᠠᠳᠠᠬᠤ ᠬᠡᠷᠡᠭ ᠭᠠᠷᠤᠭᠰᠠᠨ᠎ᠢᠶᠠᠷ ᠠᠩᠬ᠎ᠠ ᠠᠯᠬᠤᠮ ᠮᠠᠭᠠᠳᠯᠠᠭᠳᠠᠭᠰᠠᠨ ᠪᠣᠯ᠂ ᠵᠠᠷᠴᠢᠮ ᠳᠡᠭᠡᠷ᠎ᠡ᠎ᠪᠡᠨ ᠬᠡᠷᠡᠭ ᠭᠠᠷᠤᠭᠰᠠᠨ ᠭᠠᠵᠠᠷ᠎ᠤᠨ ᠠᠢᠮᠠᠭ᠎ᠤᠨ ᠵᠠᠬᠢᠷᠭ᠎ᠠ᠂ ᠬᠤᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠬᠣᠰᠢᠭᠤ ᠰᠢᠶᠠᠨ (ᠬᠤᠲᠠ᠂ ᠲᠣᠭᠣᠷᠢᠭ᠋)᠎ᠤ ᠠᠷᠠᠳ᠎ᠤᠨ ᠵᠠᠰᠠᠭ᠎ᠤᠨ ᠣᠷᠳᠣᠨ᠎ᠠᠴᠠ ᠠᠷᠭᠠᠴᠠᠭᠠᠬᠤ ᠠᠵᠢᠯ᠎ᠢ ᠵᠣᠬᠢᠶᠠᠨ ᠪᠠᠢᠭᠤᠯᠤᠨ ᠵᠢᠯᠣᠭᠣᠳᠤᠨ᠎ᠠ; ᠵᠠᠰᠠᠭ ᠵᠠᠬᠢᠷᠭᠠᠨ᠎ᠤ ᠣᠷᠣᠨ ᠬᠡᠪᠴᠢᠶ᠎ᠡ ᠠᠯᠤᠰᠯᠠᠭᠰᠠᠨ ᠪᠤᠶᠤ ᠲᠤᠰ ᠵᠠᠰᠠᠭ ᠵᠠᠬᠢᠷᠭᠠᠨ᠎ᠤ ᠣᠷᠣᠨ ᠬᠡᠪᠴᠢᠶᠡᠨ᠎ᠤ ᠠᠷᠭᠠᠴᠠᠭᠠᠬᠤ ᠴᠢᠳᠠᠪᠤᠷᠢ᠎ᠠᠴᠠ ᠬᠡᠲᠦᠷᠡᠭᠰᠡᠨ ᠡᠨᠧᠷᠭᠢ᠎ᠶᠢᠨ ᠬᠠᠩᠭᠠᠯᠭ᠎ᠠ ᠬᠣᠮᠰᠠᠳᠠᠬᠤ ᠬᠡᠷᠡᠭ᠎ᠲᠤ ᠴᠠᠭ ᠲᠤᠬᠠᠢ᠎ᠳᠤ ᠨᠢ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠠᠷᠭᠠᠴᠠᠭᠠᠬᠤ ᠠᠵᠢᠯ᠎ᠢ ᠵᠣᠬᠢᠴᠠᠭᠤᠯᠤᠨ ᠵᠣᠬᠢᠶᠠᠨ ᠪᠠᠶ᠋ᠢᠭᠤᠯᠬᠤ ᠪᠤᠶᠤ ᠴᠤᠤᠷᠢᠶᠠᠲᠤᠨ ᠳᠠᠭᠠᠬᠤ ᠲᠠᠯ᠎ᠠ᠎ᠶᠢᠨ ᠲᠤᠰᠠᠯᠠᠮᠵᠢ ᠬᠠᠩᠭᠠᠯᠭᠠᠬᠤ᠎ᠪᠠᠷ ᠭᠤᠶᠤᠴᠢᠯᠠᠨ᠎ᠠ᠃ ᠴᠢᠬᠤᠯᠠᠲᠠᠢ ᠦᠶ᠎ᠡ᠎ᠳᠦ᠂ ᠳᠡᠰ ᠳᠠᠷᠠᠭᠠᠯᠠᠯ᠎ᠤᠨ ᠶᠣᠰᠣᠭᠠᠷ ᠲᠥᠷᠥ᠎ᠶᠢᠨ ᠶᠠᠪᠤᠳᠠᠯ᠎ᠤᠨ ᠬᠣᠷᠢᠶ᠎ᠠ ᠪᠤᠶᠤ ᠤᠯᠤᠰ᠎ᠤᠨ ᠡᠨᠧᠷᠭᠢ᠎ᠶᠢᠨ ᠪᠠᠲᠤᠯᠠᠭ᠎ᠠ ᠬᠠᠩᠭᠠᠬᠤ ᠵᠢᠯᠤᠭᠣᠳᠬᠤ ᠪᠠᠢᠭᠤᠯᠤᠮᠵᠢ᠎ᠪᠠᠷ ᠠᠷᠭᠠᠴᠠᠭᠠᠬᠤ ᠠᠵᠢᠯ᠎ᠢ ᠨᠢᠭᠡᠳᠦᠯᠲᠡᠢ ᠵᠢᠯᠣᠭᠣᠳᠤᠭᠤᠯᠤᠨ ᠵᠣᠬᠢᠴᠠᠭᠤᠯᠤᠨ᠎ᠠ᠃ ᠬᠣᠰᠢᠭᠤ ᠰᠢᠶᠠᠨ (ᠬᠤᠲᠠ᠂ ᠲᠣᠭᠣᠷᠢᠭ᠋)᠎ᠤ ᠠᠷᠠᠳ᠎ᠤᠨ ᠵᠠᠰᠠᠭ᠎ᠤᠨ ᠣᠷᠳᠣᠨ ᠨᠢ ᠲᠤᠰ ᠵᠠᠰᠠᠭ ᠵᠠᠬᠢᠷᠭᠠᠨ᠎ᠤ ᠣᠷᠣᠨ ᠬᠡᠪᠴᠢᠶᠡᠨ᠎ᠳᠡᠬᠢ ᠡᠨᠧᠷᠭᠢ᠎ᠶᠢᠨ ᠬᠠᠩᠭᠠᠯᠭ᠎ᠠ ᠬᠣᠮᠰᠠᠳᠠᠬᠤ ᠬᠡᠷᠡᠭ᠎ᠲᠤ ᠬᠠᠷᠢᠶᠠᠲᠤ ᠭᠠᠵᠠᠷ᠎ᠤᠨ ᠬᠠᠮᠢᠶᠠᠷᠤᠯᠲᠠ᠎ᠶᠢᠨ ᠬᠠᠷᠢᠭᠤᠴᠠᠯᠭ᠎ᠠ ᠡᠭᠦᠷᠭᠡᠯᠡᠵᠦ᠂ ᠬᠠᠩᠭᠠᠯᠭ᠎ᠠ᠎ᠶᠢ ᠪᠠᠲᠤᠯᠠᠬᠤ ᠪᠠᠴᠢᠮ ᠪᠠᠢᠳᠠᠯ᠎ᠢ ᠠᠷᠭᠠᠴᠠᠭᠠᠵᠤ ᠰᠢᠢᠳᠪᠦᠷᠢᠯᠡᠬᠦ ᠠᠷᠭ᠎ᠠ ᠬᠡᠮᠵᠢᠶ᠎ᠡ᠎ᠶᠢ ᠬᠠᠷᠢᠭᠤᠴᠠᠨ ᠵᠣᠬᠢᠶᠠᠨ ᠪᠠᠢᠭᠤᠯᠵᠤ ᠬᠡᠷᠡᠭᠵᠢᠭᠦᠯᠦᠨ᠎ᠡ᠃

(2) ᠲᠤᠬᠠᠢ᠎ᠶᠢᠨ ᠲᠠᠯᠠᠪᠠᠢ᠎ᠳᠤ ᠨᠢ ᠵᠢᠯᠤᠭᠣᠳᠬᠤ᠃ ᠠᠵᠢᠯ᠎ᠤᠨ ᠬᠡᠷᠡᠭᠴᠡᠭᠡ᠎ᠪᠡᠨ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠵᠢᠯᠤᠭᠣᠳᠬᠤ ᠭᠠᠵᠠᠷ ᠨᠢ ᠬᠡᠷᠡᠭ ᠭᠠᠷᠤᠭᠰᠠᠨ ᠭᠠᠵᠠᠷ᠎ᠲᠤ ᠲᠤᠬᠠᠢ᠎ᠶᠢᠨ ᠲᠠᠯᠠᠪᠠᠢ᠎ᠶᠢᠨ ᠠᠵᠢᠯᠯᠠᠬᠤ ᠳᠤᠭᠤᠢᠯᠠᠩ ᠲᠣᠮᠢᠯᠠᠵᠤ᠂ ᠲᠤᠬᠠᠢ᠎ᠶᠢᠨ ᠲᠠᠯᠠᠪᠠᠢ᠎ᠶᠢᠨ ᠵᠢᠯᠤᠭᠣᠳᠬᠤ ᠪᠠᠢᠭᠤᠯᠤᠮᠵᠢ᠎ᠶᠢ ᠪᠠᠢᠭᠤᠯᠵᠤ᠂ ᠳᠣᠣᠷᠠᠳᠤ ᠱᠠᠲᠤᠨ᠎ᠤ ᠲᠤᠬᠠᠢ᠎ᠶᠢᠨ ᠲᠠᠯᠠᠪᠠᠢ᠎ᠶᠢᠨ ᠵᠢᠯᠤᠭᠣᠳᠬᠤ ᠪᠠᠢᠭᠤᠯᠤᠮᠵᠢ᠎ᠶᠢ ᠥᠪᠡᠷᠲᠡᠭᠡᠨ ᠵᠠᠰᠠᠬᠤ ᠣᠷᠣᠨ᠎ᠤ ᠲᠤᠬᠠᠢ᠎ᠶᠢᠨ ᠲᠠᠯᠠᠪᠠᠢ᠎ᠶᠢᠨ ᠵᠢᠯᠤᠭᠣᠳᠬᠤ ᠪᠠᠢᠭᠤᠯᠤᠮᠵᠢ᠎ᠳᠤ ᠣᠷᠣᠭᠤᠯᠬᠤ ᠬᠡᠷᠡᠭᠲᠡᠢ᠃ ᠠᠵᠢᠯᠯᠠᠬᠤ ᠳᠤᠭᠤᠢᠯᠠᠩ ᠬᠦᠷᠦᠭᠰᠡᠨ᠎ᠦ ᠳᠠᠷᠠᠭ᠎ᠠ᠂ ᠳᠣᠣᠷᠠᠳᠤ ᠱᠠᠲᠤᠨ᠎ᠤ ᠲᠤᠬᠠᠢ᠎ᠶᠢᠨ ᠲᠠᠯᠠᠪᠠᠢ᠎ᠶᠢᠨ ᠵᠢᠯᠤᠭᠣᠳᠬᠤ ᠪᠠᠢᠭᠤᠯᠤᠮᠵᠢ ᠨᠢ ᠲᠡᠭᠦᠨ᠎ᠦ ᠲᠤᠬᠠᠢᠯᠠᠭᠰᠠᠨ ᠠᠵᠢᠯ᠎ᠤᠨ ᠵᠢᠯᠣᠭᠣᠳᠤᠯᠭ᠎ᠠ᠎ᠶᠢ ᠬᠦᠯᠢᠶᠡᠬᠦ ᠬᠡᠷᠡᠭᠲᠡᠢ᠃ ᠬᠠᠩᠭᠠᠯᠭ᠎ᠠ᠎ᠶᠢ ᠪᠠᠲᠤᠯᠠᠬᠤ᠎ᠳᠤ ᠬᠡᠷᠡᠭᠯᠡᠬᠦ ᠪᠠᠴᠢᠮ ᠪᠠᠢᠳᠠᠯ᠎ᠢ ᠠᠷᠭᠠᠴᠠᠭᠠᠬᠤ ᠬᠦᠴᠦᠨ᠂ ᠲᠡᠭᠡᠭᠡᠪᠦᠷᠢ᠎ᠶᠢᠨ ᠨᠡᠪᠲᠡᠷᠡᠯ ᠵᠠᠮ᠂ ᠲᠣᠨᠤᠭ ᠲᠥᠬᠦᠭᠡᠷᠦᠮᠵᠢ᠂ ᠡᠳ᠋ ᠪᠠᠷᠠᠭ᠎ᠠ ᠵᠡᠷᠭᠡ ᠨᠢ ᠲᠤᠬᠠᠢ᠎ᠶᠢᠨ ᠲᠠᠯᠠᠪᠠᠢ᠎ᠶᠢᠨ ᠵᠢᠯᠤᠭᠣᠳᠬᠤ ᠪᠠᠢᠭᠤᠯᠤᠮᠵᠢ᠎ᠶᠢᠨ ᠨᠢᠭᠡᠳᠦᠯᠲᠡᠢ ᠲᠣᠬᠢᠷᠠᠭᠤᠯᠤᠯᠲᠠ᠎ᠶᠢ ᠬᠦᠯᠢᠶᠡᠨ᠎ᠡ᠃ ᠲᠤᠬᠠᠢ᠎ᠶᠢᠨ ᠲᠠᠯᠠᠪᠠᠢ᠎ᠶᠢᠨ ᠵᠢᠯᠤᠭᠣᠳᠬᠤ ᠪᠠᠢᠭᠤᠯᠤᠮᠵᠢ ᠨᠢ ᠲᠤᠰᠬᠠᠢ ᠮᠡᠷᠭᠡᠵᠢᠯᠲᠡᠨ᠎ᠦ ᠰᠠᠨᠠᠯ᠎ᠢ ᠭᠦᠢᠴᠡᠳ ᠯᠠᠪᠯᠠᠵᠤ᠂ ᠲᠤᠬᠠᠢ᠎ᠶᠢᠨ ᠲᠠᠯᠠᠪᠠᠢ᠎ᠶᠢᠨ ᠪᠣᠳᠠᠲᠤ ᠪᠠᠢᠳᠠᠯ᠎ᠢ ᠦᠨᠳᠦᠰᠦᠯᠡᠨ ᠬᠠᠩᠭᠠᠯᠭ᠎ᠠ᠎ᠶᠢ ᠪᠠᠲᠤᠯᠠᠬᠤ ᠡᠩᠨᠡᠭᠡ᠎ᠶᠢᠨ ᠴᠤᠭᠯᠠᠷᠠᠯ ᠭᠠᠵᠠᠷ᠂ ᠡᠬᠢ ᠪᠠᠶᠠᠯᠢᠭ᠋ ᠪᠠ ᠡᠳ᠋ ᠪᠠᠷᠠᠭ᠎ᠠ᠎ᠶᠢ ᠬᠦᠯᠢᠶᠡᠨ ᠠᠪᠬᠤ ᠪᠠ ᠬᠤᠪᠢᠶᠠᠨ ᠲᠠᠷᠬᠠᠭᠠᠬᠤ ᠭᠠᠵᠠᠷ᠂ ᠰᠣᠨᠢᠨ ᠮᠡᠳᠡᠭᠡᠨ᠎ᠦ ᠲᠥᠪ ᠵᠡᠷᠭᠡ᠎ᠶᠢ ᠪᠠᠶ᠋ᠢᠭᠤᠯᠬᠤ᠎ᠶᠢᠨ ᠬᠠᠮᠲᠤ ᠴᠢᠬᠤᠯᠠ ᠪᠦᠬᠦᠢ ᠠᠷᠤ ᠲᠠᠯ᠎ᠠ᠎ᠶᠢᠨ ᠦᠢᠯᠡᠴᠢᠯᠡᠭᠡᠨ᠎ᠦ ᠪᠠᠲᠤᠯᠠᠭ᠎ᠠ ᠬᠠᠩᠭᠠᠬᠤ ᠬᠡᠷᠡᠭᠲᠡᠢ᠃

(3) ᠬᠣᠷᠰᠢᠨ ᠬᠥᠳᠡᠯᠦᠯᠴᠡᠬᠦ᠃ ᠡᠨᠧᠷᠭᠢ᠎ᠶᠢᠨ ᠪᠠᠲᠤᠯᠠᠭ᠎ᠠ ᠬᠠᠩᠭᠠᠯᠭ᠎ᠠ᠎ᠶᠢᠨ ᠠᠵᠤ ᠠᠬᠤᠢᠯᠠᠯ᠂ ᠡᠨᠧᠷᠭᠢ ᠬᠡᠷᠡᠭᠯᠡᠬᠦ ᠨᠢᠭᠡᠴᠢ᠂ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠴᠢᠯᠦᠭᠡᠯᠡᠬᠦ ᠴᠡᠷᠢᠭ᠂ ᠵᠡᠪᠰᠡᠭᠲᠦ ᠴᠠᠭᠳᠠᠭ᠎ᠠ᠎ᠶᠢᠨ ᠴᠡᠷᠢᠭ ᠠᠩᠭᠢ᠂ ᠤᠯᠤᠰ᠎ᠤᠨ ᠶᠡᠷᠦᠩᠬᠡᠢᠯᠡᠭᠰᠡᠨ ᠴᠢᠨᠠᠷᠲᠠᠢ ᠭᠠᠯ ᠰᠡᠷᠭᠡᠢᠯᠡᠨ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ ᠪᠠ ᠲᠤᠰᠬᠠᠢ ᠮᠡᠷᠭᠡᠵᠢᠯ᠎ᠤᠨ ᠪᠠᠴᠢᠮ ᠪᠠᠢᠳᠠᠯ᠎ᠢ ᠠᠷᠭᠠᠴᠠᠭᠠᠬᠤ ᠡᠨᠧᠷᠭᠢ᠎ᠶᠢᠨ ᠱᠠᠯᠠᠪᠳᠠᠨ ᠵᠠᠰᠠᠬᠤ ᠡᠩᠨᠡᠭᠡ ᠵᠡᠷᠭᠡ ᠨᠢ ᠰᠠᠭᠤᠭ᠎ᠠ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠤ ᠨᠢᠭᠡᠳᠦᠯᠲᠡᠢ ᠤᠳᠤᠷᠢᠳᠤᠯᠭ᠎ᠠ ᠳᠣᠣᠷ᠎ᠠ ᠡᠨᠧᠷᠭᠢ᠎ᠶᠢᠨ ᠬᠠᠩᠭᠠᠯᠭ᠎ᠠ᠎ᠶᠢ ᠪᠠᠲᠤᠯᠠᠬᠤ ᠠᠵᠢᠯ᠎ᠳᠤ ᠣᠷᠣᠯᠴᠠᠬᠤ ᠬᠡᠷᠡᠭᠲᠡᠢ᠃

4.6 ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ

ᠡᠨᠧᠷᠭᠢ᠎ᠶᠢᠨ ᠬᠠᠩᠭᠠᠯᠭ᠎ᠠ ᠬᠣᠮᠰᠠᠳᠠᠬᠤ ᠬᠡᠷᠡᠭ ᠭᠠᠷᠤᠭᠰᠠᠨ᠎ᠤ ᠳᠠᠷᠠᠭ᠎ᠠ᠂ ᠵᠣᠬᠢᠶᠠᠨ ᠪᠠᠢᠭᠤᠯᠤᠨ ᠵᠢᠯᠤᠭᠣᠳᠬᠤ᠎ᠶᠢ ᠬᠠᠷᠢᠭᠤᠴᠠᠵᠤ ᠪᠠᠢᠭ᠎ᠠ ᠪᠠᠴᠢᠮ ᠪᠠᠢᠳᠠᠯ᠎ᠢ ᠠᠷᠭᠠᠴᠠᠭᠠᠬᠤ ᠠᠵᠢᠯ᠎ᠤᠨ ᠵᠢᠯᠤᠭᠣᠳᠬᠤ ᠪᠠᠢᠭᠤᠯᠤᠮᠵᠢ ᠨᠢ ᠳᠠᠷᠤᠢ ᠲᠦᠷᠭᠡᠨ ᠬᠦᠴᠦᠨ᠎ᠢᠶᠠᠨ ᠵᠣᠬᠢᠶᠠᠨ ᠪᠠᠢᠭᠤᠯᠵᠤ᠂ ᠬᠣᠯᠪᠣᠭᠳᠠᠯ ᠪᠦᠬᠦᠢ ᠲᠣᠭᠲᠠᠭᠠᠯ ᠪᠠ ᠪᠣᠳᠠᠲᠠᠢ ᠪᠠᠢᠳᠠᠯ᠎ᠤᠨ ᠶᠣᠰᠣᠭᠠᠷ ᠡᠬᠢ ᠪᠠᠶᠠᠯᠢᠭ᠋᠎ᠢ ᠰᠢᠯᠵᠢᠭᠦᠯᠦᠨ ᠴᠤᠭᠯᠠᠭᠤᠯᠬᠤ᠂ ᠬᠠᠩᠭᠠᠯᠭ᠎ᠠ᠎ᠶᠢᠨ ᠡᠮᠬᠢ ᠳᠢᠭ᠌ᠯᠢᠮ᠎ᠢ ᠬᠠᠮᠠᠭᠠᠯᠠᠬᠤ᠂ ᠨᠥᠭᠡᠴᠡᠯᠡᠵᠦ ᠬᠡᠷᠡᠭᠯᠡᠬᠦ᠂ ᠱᠠᠯᠠᠪᠳᠠᠨ ᠵᠠᠰᠠᠵᠤ ᠪᠠᠶ᠋ᠢᠭᠤᠯᠬᠤ ᠵᠡᠷᠭᠡ ᠰᠢᠢᠳᠪᠦᠷᠢᠯᠡᠬᠦ ᠠᠵᠢᠯ᠎ᠢ ᠥᠷᠨᠢᠭᠦᠯᠵᠦ᠂ ᠡᠨᠧᠷᠭᠢ᠎ᠶᠢᠨ ᠬᠠᠩᠭᠠᠯᠭ᠎ᠠ᠎ᠶᠢ ᠪᠠᠲᠤᠯᠠᠬᠤ ᠬᠡᠷᠡᠭᠲᠡᠢ; ᠡᠨᠧᠷᠭᠢ ᠬᠣᠮᠰᠠᠳᠠᠬᠤ ᠬᠡᠷᠡᠭ᠎ᠤᠨ ᠨᠡᠢᠭᠡᠮ᠎ᠳᠤ ᠤᠴᠠᠷᠠᠭᠤᠯᠬᠤ ᠬᠣᠣᠷ ᠬᠥᠨᠥᠭᠡᠯ᠎ᠤᠨ ᠰᠢᠨᠵᠢ ᠴᠢᠨᠠᠷ᠂ ᠬᠢᠷᠢ ᠬᠡᠮᠵᠢᠶ᠎ᠡ ᠪᠠ ᠬᠦᠷᠢᠶ᠎ᠡ ᠬᠡᠪᠴᠢᠶ᠎ᠡ ᠯᠦ᠍ᠭᠡ ᠬᠠᠷᠢᠯᠴᠠᠨ ᠵᠣᠬᠢᠴᠠᠯᠳᠤᠭᠰᠠᠨ ᠠᠷᠭ᠎ᠠ ᠬᠡᠮᠵᠢᠶ᠎ᠡ ᠠᠪᠬᠤ᠎ᠶᠢᠨ ᠬᠠᠮᠲᠤ ᠡᠭᠦᠰᠦᠮᠡᠯ ᠬᠡᠷᠡᠭ ᠡᠭᠦᠰᠬᠦ᠎ᠠᠴᠠ ᠰᠡᠷᠭᠡᠢᠯᠡᠬᠦ ᠬᠡᠷᠡᠭᠲᠡᠢ; ᠴᠢᠬᠤᠯᠠᠲᠠᠢ ᠦᠶ᠎ᠡ᠎ᠳᠤ᠂ ᠨᠢᠭᠡᠴᠢ ᠪᠠ ᠬᠤᠪᠢ ᠬᠥᠮᠥᠨ᠎ᠤ ᠡᠳ᠋ ᠬᠥᠷᠥᠩᠭᠡ᠎ᠶᠢ ᠬᠠᠤᠯᠢ ᠶᠣᠰᠣᠭᠠᠷ ᠲᠠᠲᠠᠪᠤᠷᠢᠯᠠᠬᠤ ᠪᠠ ᠲᠠᠲᠠᠪᠤᠷᠢᠯᠠᠨ ᠬᠡᠷᠡᠭᠯᠡᠵᠦ ᠪᠠᠴᠢᠮ ᠪᠠᠢᠳᠠᠯ᠎ᠢ ᠠᠷᠭᠠᠴᠠᠭᠠᠬᠤ ᠡᠳ᠋ ᠪᠠᠷᠠᠭ᠎ᠠ ᠪᠣᠯᠭᠠᠵᠤ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠲᠠᠯ᠎ᠠ᠎ᠶᠢᠨ ᠴᠤᠤᠷᠢᠶᠠᠲᠤᠨ ᠳᠠᠭᠠᠬᠤ ᠡᠬᠢᠯᠡᠭᠰᠡᠨ᠎ᠤ ᠳᠠᠷᠠᠭ᠎ᠠ᠂ ᠡᠨᠧᠷᠭᠢ᠎ᠶᠢᠨ ᠬᠠᠩᠭᠠᠯᠭ᠎ᠠ ᠬᠣᠮᠰᠠᠳᠠᠬᠤ ᠬᠡᠷᠡᠭ᠎ᠲᠤ ᠴᠢᠭᠯᠡᠭᠦᠯᠦᠨ ᠡᠨᠧᠷᠭᠢ᠎ᠶᠢᠨ ᠬᠠᠩᠭᠠᠯᠭ᠎ᠠ᠎ᠶᠢ ᠪᠠᠲᠤᠯᠠᠬᠤ ᠠᠵᠢᠯ᠎ᠢ ᠥᠷᠨᠢᠭᠦᠯᠦᠨ᠂ ᠭᠣᠣᠯᠳᠠᠭᠤ ᠳᠣᠣᠷᠠᠬᠢ ᠮᠡᠲᠦ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ ᠠᠪᠤᠨ᠎ᠠ (ᠠᠳᠠᠯᠢ ᠪᠤᠰᠤ ᠲᠥᠷᠥᠯ ᠵᠦᠢᠯ᠎ᠤᠨ ᠡᠨᠧᠷᠭᠢ᠎ᠶᠢᠨ ᠬᠠᠩᠭᠠᠯᠭ᠎ᠠ᠎ᠶᠢᠨ ᠪᠠᠲᠤᠯᠠᠭ᠎ᠠ᠎ᠶᠢᠨ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ᠎ᠶᠢ ᠳᠠᠭᠠᠯᠳᠤᠭᠤᠯᠤᠯ 1 ᠎ᠳᠤ ᠨᠠᠷᠢᠨ ᠦᠵᠡᠭᠡᠷᠡᠢ)᠄

(1) ᠵᠢᠯᠤᠭᠣᠳᠬᠤ ᠪᠠᠢᠭᠤᠯᠤᠮᠵᠢ᠎ᠶᠢᠨ ᠪᠦᠷᠢᠯᠳᠦᠭᠦᠨ ᠨᠢᠭᠡᠴᠢ᠎ᠶᠢᠨ ᠬᠤᠷᠠᠯ᠎ᠢ ᠬᠤᠷᠠᠯᠳᠤᠭᠤᠯᠤᠨ᠂ ᠬᠠᠩᠭᠠᠯᠭ᠎ᠠ ᠬᠡᠷᠡᠭᠴᠡᠭᠡ᠎ᠶᠢᠨ ᠪᠠᠢᠳᠠᠯ᠎ᠢ ᠰᠤᠳᠤᠯᠤᠨ ᠮᠠᠭᠠᠳᠯᠠᠵᠤ᠂ ᠬᠠᠩᠭᠠᠯᠭ᠎ᠠ᠎ᠶᠢ ᠪᠠᠲᠤᠯᠠᠬᠤ ᠲᠥᠰᠥᠯ ᠪᠠ ᠠᠷᠭ᠎ᠠ ᠬᠡᠮᠵᠢᠶ᠎ᠡ᠎ᠶᠢ ᠵᠥᠪᠳᠡᠯᠴᠡᠨ᠂ ᠡᠨᠧᠷᠭᠢ᠎ᠶᠢᠨ ᠬᠠᠩᠭᠠᠯᠭ᠎ᠠ ᠬᠡᠷᠡᠭᠴᠡᠭᠡ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ᠎ᠶᠢ ᠨᠡᠢᠲᠡᠯᠡᠵᠦ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠳᠦ ᠡᠨᠧᠷᠭᠢ᠎ᠶᠢᠨ ᠪᠠᠲᠤᠯᠠᠭ᠎ᠠ᠎ᠶᠢᠨ ᠬᠠᠩᠭᠠᠯᠭ᠎ᠠ᠎ᠶᠢ ᠲᠣᠬᠢᠷᠠᠭᠤᠯᠬᠤ ᠵᠠᠷᠯᠢᠭ᠋ ᠪᠠᠭᠤᠯᠭᠠᠨ᠎ᠠ᠃ 

(2) ᠡᠨᠧᠷᠭᠢ ᠦᠢᠯᠡᠳᠪᠦᠷᠢᠯᠡᠬᠦ ᠬᠠᠩᠭᠠᠬᠤ ᠬᠠᠳᠠᠭᠠᠯᠠᠬᠤ ᠲᠡᠭᠡᠭᠡᠪᠦᠷᠢᠯᠡᠬᠦ᠎ᠶᠢᠨ ᠪᠠᠴᠢᠮ ᠲᠣᠬᠢᠷᠠᠭᠤᠯᠤᠯᠲᠠ᠎ᠶᠢ ᠬᠡᠷᠡᠭᠵᠢᠭᠦᠯᠵᠦ᠂ ᠦᠢᠯᠡᠳᠪᠦᠷᠢᠯᠡᠬᠦ᠂ ᠲᠡᠭᠡᠭᠡᠪᠦᠷᠢᠯᠡᠬᠦ ᠵᠡᠷᠭᠡ ᠡᠨᠧᠷᠭᠢ᠎ᠶᠢᠨ ᠬᠠᠩᠭᠠᠯᠭ᠎ᠠ᠎ᠶᠢᠨ ᠪᠠᠲᠤᠯᠠᠭ᠎ᠠ᠎ᠶᠢᠨ ᠠᠵᠤ ᠠᠬᠤᠢᠯᠠᠯ᠎ᠢ ᠵᠣᠬᠢᠶᠠᠨ ᠪᠠᠢᠭᠤᠯᠤᠨ ᠵᠣᠬᠢᠴᠠᠭᠤᠯᠵᠤ᠂ ᠪᠠᠲᠤᠯᠠᠭ᠎ᠠ᠎ᠶᠢᠨ ᠡᠬᠢ ᠪᠠᠶᠠᠯᠢᠭ᠋᠎ᠢ ᠰᠢᠯᠵᠢᠭᠦᠯᠵᠦ ᠴᠤᠭᠯᠠᠭᠤᠯᠤᠨ᠂ ᠬᠠᠩᠭᠠᠬᠤ ᠲᠡᠭᠡᠭᠡᠪᠦᠷᠢᠯᠡᠬᠦ ᠬᠡᠷᠡᠭᠯᠡᠬᠦ ᠲᠠᠯ᠎ᠠ᠎ᠶᠢᠨ ᠵᠣᠯᠭᠠᠭᠤᠯᠬᠤ ᠠᠵᠢᠯ᠎ᠢ ᠥᠷᠨᠢᠭᠦᠯᠦᠨ᠎ᠡ; ᠬᠣᠯᠪᠣᠭᠳᠠᠯ ᠪᠦᠬᠦᠢ ᠡᠨᠧᠷᠭᠢ᠎ᠶᠢᠨ ᠠᠵᠤ ᠠᠬᠤᠢᠯᠠᠯ᠎ᠢ ᠰᠢᠮᠳᠠᠭᠤᠯᠵᠤ ᠪᠠᠢᠭᠠᠳ ᠠᠮᠤᠷ ᠲᠦᠪᠰᠢᠨ᠎ᠢ ᠦᠨᠡᠨ ᠬᠦ᠌ ᠪᠠᠲᠤᠯᠠᠭᠰᠠᠨ ᠤᠷᠢᠲᠠᠯ ᠳᠣᠣᠷ᠎ᠠ ᠲᠣᠬᠢᠷᠠᠭᠤᠯᠤᠯᠲᠠ᠎ᠪᠠᠨ ᠰᠢᠯᠢᠳᠡᠭᠵᠢᠭᠦᠯᠦᠨ᠂ ᠴᠢᠳᠠᠬᠤ᠎ᠶᠢᠨ ᠴᠢᠨᠡᠭᠡ᠎ᠪᠠᠷ ᠦᠢᠯᠡᠳᠪᠦᠷᠢᠯᠡᠵᠦ᠂ ᠠᠷᠠᠳ᠎ᠤᠨ ᠠᠮᠢᠳᠤᠷᠠᠯ᠂ ᠭᠣᠣᠯᠳᠠᠯᠭ᠎ᠠ᠎ᠲᠠᠢ ᠨᠢᠭᠡᠴᠢ᠂ ᠴᠢᠬᠤᠯᠠ ᠲᠠᠯᠠᠪᠤᠷ ᠭᠠᠵᠠᠷ᠎ᠲᠤ ᠬᠡᠷᠡᠭᠯᠡᠬᠦ ᠡᠨᠧᠷᠭᠢ᠎ᠶᠢ ᠤᠷᠢᠳ᠎ᠢᠶᠠᠷ ᠪᠠᠲᠤᠯᠠᠨ᠎ᠠ᠃ 

(3) ᠬᠡᠷᠡᠭ᠎ᠦᠨ ᠪᠠᠢᠳᠠᠯ᠎ᠤᠨ ᠬᠥᠭᠵᠢᠯᠲᠡ᠎ᠶᠢᠨ ᠪᠠᠢᠳᠠᠯ᠎ᠢ ᠦᠨᠳᠦᠰᠦᠯᠡᠨ ᠪᠠᠴᠢᠮ ᠪᠠᠢᠳᠠᠯ᠎ᠢ ᠠᠷᠭᠠᠴᠠᠭᠠᠬᠤ ᠡᠳ᠋ ᠪᠠᠷᠠᠭ᠎ᠠ ᠪᠠ ᠨᠥᠭᠡᠴᠡᠯᠡᠭᠰᠡᠨ ᠡᠨᠧᠷᠭᠢ᠎ᠶᠢ ᠰᠢᠯᠵᠢᠭᠦᠯᠦᠨ ᠬᠡᠷᠡᠭᠯᠡᠬᠦ ᠠᠵᠢᠯ᠎ᠢ ᠥᠷᠨᠢᠭᠦᠯᠵᠦ᠂ ᠬᠠᠮᠢᠶ᠎ᠠ ᠪᠦᠬᠦᠢ ᠨᠥᠭᠡᠴᠡᠯᠡᠬᠦ ᠬᠠᠮᠢᠶᠠᠷᠤᠯᠲᠠ᠎ᠶᠢᠨ ᠰᠠᠯᠠᠭ᠎ᠠ ᠮᠥᠴᠢᠷ ᠨᠢ ᠰᠢᠯᠵᠢᠭᠦᠯᠦᠨ ᠲᠣᠬᠢᠷᠠᠭᠤᠯᠬᠤ ᠵᠠᠷᠯᠢᠭ᠋ ᠪᠠ ᠬᠣᠯᠪᠣᠭᠳᠠᠯ ᠪᠦᠬᠦᠢ ᠪᠠᠴᠢᠮ ᠪᠠᠢᠳᠠᠯ᠎ᠢ ᠠᠷᠭᠠᠴᠠᠭᠠᠬᠤ ᠨᠥᠭᠡᠴᠡᠯᠡᠵᠦ ᠰᠢᠯᠵᠢᠭᠦᠯᠦᠨ ᠬᠡᠷᠡᠭᠯᠡᠬᠦ ᠪᠡᠯᠡᠳᠬᠡᠯ ᠲᠥᠰᠥᠯ᠎ᠦᠨ ᠱᠠᠭᠠᠷᠳᠠᠯᠭ᠎ᠠ ᠶᠣᠰᠣᠭᠠᠷ᠂ ᠡᠨᠧᠷᠭᠢ᠎ᠶᠢᠨ ᠨᠥᠭᠡᠴᠡᠯᠡᠬᠦ ᠪᠠ ᠡᠳ᠋ ᠪᠠᠷᠠᠭ᠎ᠠ ᠰᠢᠯᠵᠢᠭᠦᠯᠦᠨ ᠬᠡᠷᠡᠭᠯᠡᠬᠦ᠎ᠶᠢ ᠪᠠᠲᠤᠯᠠᠬᠤ ᠠᠵᠢᠯ᠎ᠢ ᠲᠠᠰ ᠳᠠᠷᠠᠭᠠᠯᠠᠯ ᠶᠣᠰᠣᠭᠠᠷ ᠨᠠᠢᠳᠠᠪᠤᠷᠢᠵᠢᠭᠤᠯᠤᠨ᠎ᠠ; ᠨᠡᠭᠦᠷᠡᠰᠦᠨ᠎ᠦ ᠪᠠᠴᠢᠮ ᠪᠠᠢᠳᠠᠯ᠎ᠢ ᠠᠷᠭᠠᠴᠠᠭᠠᠬᠤ ᠦᠢᠯᠡᠳᠪᠦᠷᠢᠯᠡᠯ᠎ᠦᠨ ᠴᠢᠳᠠᠪᠤᠷᠢ᠎ᠶᠢᠨ ᠨᠥᠭᠡᠴᠡᠯᠡᠯᠲᠡ᠂ ᠴᠠᠬᠢᠯᠭᠠᠨ ᠬᠦᠴᠦᠨ᠎ᠦ ᠪᠡᠯᠡᠳᠬᠡᠯ ᠳᠠᠭᠠᠭᠠᠴᠠ᠂ ᠲᠣᠰᠣ᠌ ᠬᠡᠢ᠎ᠶᠢᠨ ᠨᠥᠭᠡᠴᠡᠯᠡᠯᠲᠡ᠎ᠶᠢ ᠡᠭᠦᠷᠭᠡᠯᠡᠵᠦ ᠪᠦᠬᠦᠢ ᠬᠣᠯᠪᠣᠭᠳᠠᠯ ᠪᠦᠬᠦᠢ ᠠᠵᠤ ᠠᠬᠤᠢᠯᠠᠯ᠎ᠢ ᠵᠣᠬᠢᠶᠠᠨ ᠪᠠᠢᠭᠤᠯᠤᠨ ᠬᠠᠩᠭᠠᠯᠭ᠎ᠠ᠎ᠶᠢ ᠪᠠᠲᠤᠯᠠᠬᠤ ᠱᠠᠭᠠᠷᠳᠠᠯᠭ᠎ᠠ ᠶᠣᠰᠣᠭᠠᠷ ᠬᠠᠷᠢᠮᠠᠬᠠᠢ ᠴᠢᠨᠠᠷᠲᠠᠢ᠎ᠪᠠᠷ ᠦᠢᠯᠡᠳᠪᠦᠷᠢᠯᠡᠯ᠎ᠢᠶᠠᠨ ᠨᠡᠮᠡᠭᠳᠡᠭᠦᠯᠦᠨ᠎ᠡ; ᠴᠢᠬᠤᠯᠠᠲᠠᠢ ᠦᠶ᠎ᠡ᠎ᠳᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠡᠴᠡ ᠲᠥᠷᠥ᠎ᠶᠢᠨ ᠶᠠᠪᠤᠳᠠᠯ᠎ᠤᠨ ᠬᠣᠷᠢᠶᠠᠨ᠎ᠳᠤ ᠤᠯᠤᠰ᠎ᠤᠨ ᠪᠠᠴᠢᠮ ᠪᠠᠢᠳᠠᠯ᠎ᠢ ᠠᠷᠭᠠᠴᠠᠭᠠᠬᠤ ᠨᠥᠭᠡᠴᠡ᠎ᠶᠢ ᠬᠡᠷᠡᠭᠯᠡᠬᠦ᠎ᠪᠠᠷ ᠭᠤᠶᠤᠴᠢᠯᠠᠬᠤ ᠪᠤᠶᠤ ᠬᠥᠷᠰᠢ ᠵᠡᠷᠭᠡᠯᠡᠳᠡᠭᠡ ᠮᠤᠵᠢ ᠣᠷᠣᠨ᠎ᠤ ᠲᠤᠰᠠᠯᠠᠮᠵᠢ᠎ᠶᠢ ᠵᠣᠬᠢᠴᠠᠭᠤᠯᠤᠨ᠎ᠠ᠃ 

(4) ᠪᠠᠴᠢᠮ ᠪᠠᠢᠳᠠᠯ᠎ᠤᠨ ᠳᠣᠣᠷ᠎ᠠ᠂ ᠡᠨᠧᠷᠭᠢ᠎ᠶᠢᠨ ᠬᠠᠩᠭᠠᠯᠭ᠎ᠠ᠎ᠶᠢ ᠲᠠᠰᠤᠯᠳᠠᠭᠤᠯᠵᠤ ᠪᠣᠯᠬᠤ ᠬᠡᠷᠡᠭᠯᠡᠭᠴᠢᠳ᠎ᠦᠨ ᠲᠣᠳᠣᠷᠬᠠᠢ ᠬᠠᠭᠤᠳᠠᠰᠤ᠎ᠶᠢ ᠦᠨᠳᠦᠰᠦᠯᠡᠨ ᠡᠨᠧᠷᠭᠢ᠎ᠶᠢᠨ ᠬᠠᠩᠭᠠᠯᠭ᠎ᠠ᠎ᠶᠢᠨ ᠬᠡᠮᠵᠢᠶ᠎ᠡ᠎ᠶᠢ ᠪᠠᠭᠠᠰᠬᠠᠬᠤ ᠠᠷᠭ᠎ᠠ ᠬᠡᠮᠵᠢᠶ᠎ᠡ ᠠᠪᠴᠤ᠂ ᠬᠡᠲᠦᠷᠡᠭᠦᠦ ᠦᠶ᠎ᠡ᠎ᠳᠦ ᠴᠢᠬᠤᠯᠠ ᠪᠤᠰᠤ ᠡᠨᠧᠷᠭᠢ᠎ᠶᠢᠨ ᠬᠠᠩᠭᠠᠯᠭ᠎ᠠ᠎ᠶᠢ ᠰᠢᠭᠤᠳ ᠲᠦᠷ ᠵᠣᠭᠰᠣᠭᠠᠵᠤ᠂ ᠠᠷᠠᠳ᠎ᠤᠨ ᠠᠮᠢᠳᠤᠷᠠᠯ᠎ᠳᠦ ᠬᠡᠷᠡᠭᠯᠡᠬᠦ ᠡᠨᠧᠷᠭᠢ᠎ᠶᠢ ᠪᠦᠬᠦ ᠬᠦᠴᠦᠨ᠎ᠢᠶᠡᠷ ᠪᠠᠲᠤᠯᠠᠨ᠎ᠠ᠃ 

(5) ᠬᠠᠤᠯᠢ ᠶᠣᠰᠣᠭᠠᠷ ᠪᠠᠷᠠᠭᠠᠨ᠎ᠤ ᠦᠨ᠎ᠡ᠎ᠶᠢ ᠬᠠᠮᠢᠶᠠᠷᠬᠤ ᠬᠣᠯᠪᠣᠭᠳᠠᠯ ᠪᠦᠬᠦᠢ ᠠᠷᠭ᠎ᠠ ᠬᠡᠮᠵᠢᠶ᠎ᠡ ᠪᠤᠶᠤ ᠪᠠᠴᠢᠮ ᠪᠠᠢᠳᠠᠯ᠎ᠢ ᠠᠷᠭᠠᠴᠠᠭᠠᠬᠤ ᠬᠠᠩᠭᠠᠯᠭ᠎ᠠ᠎ᠶᠢᠨ ᠲᠦᠷ ᠴᠠᠭ᠎ᠤᠨ ᠠᠷᠭ᠎ᠠ ᠬᠡᠮᠵᠢᠶ᠎ᠡ ᠠᠪᠴᠤ᠂ ᠡᠨᠧᠷᠭᠢ᠎ᠶᠢᠨ ᠵᠠᠬ᠎ᠠ ᠳᠡᠯᠭᠡᠭᠦᠷ᠎ᠲᠦ ᠪᠠᠢᠴᠠᠭᠠᠬᠤ᠂ ᠬᠢᠨᠠᠯᠲᠠ ᠲᠠᠯᠪᠢᠬᠤ᠂ ᠲᠣᠬᠢᠷᠠᠭᠤᠯᠤᠨ ᠡᠵᠡᠮᠳᠡᠬᠦ ᠵᠡᠷᠭᠡ ᠦᠨ᠎ᠡ ᠬᠠᠩᠰᠢ᠎ᠶᠢ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠠᠪᠴᠤ᠂ ᠬᠤᠷᠠᠮᠳᠤᠭᠤᠯᠤᠨ ᠳᠠᠷᠤᠵᠤ ᠬᠣᠨᠵᠢᠨ ᠵᠠᠪᠰᠢᠬᠤ᠂ ᠦᠨ᠎ᠡ ᠬᠠᠩᠰᠢ᠎ᠶᠢ ᠥᠷᠢᠰᠦᠯᠳᠦᠨ ᠥᠰᠬᠡᠬᠦ᠂ ᠬᠡᠳᠦ ᠠᠰᠢᠭ᠋ ᠬᠥᠭᠡᠭᠡᠴᠡᠯᠳᠦᠬᠦ ᠵᠡᠷᠭᠡ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ᠂ ᠵᠠᠬ᠎ᠠ ᠳᠡᠯᠭᠡᠭᠦᠷ᠎ᠦᠨ ᠬᠠᠩᠭᠠᠯᠭ᠎ᠠ᠎ᠶᠢᠨ ᠡᠮᠬᠢ ᠳᠢᠭ᠌ᠯᠢᠮ᠎ᠢ ᠬᠠᠮᠠᠭᠠᠯᠠᠨ᠎ᠠ; ᠵᠠᠪᠰᠢᠶᠠᠨ᠎ᠢ ᠳᠠᠯᠢᠮᠳᠠᠭᠤᠯᠤᠨ ᠵᠣᠭᠣᠰ ᠮᠥᠩᠭᠥ ᠡᠳ᠋ ᠪᠣᠳᠠᠰ᠎ᠢ ᠳᠦᠷᠭᠢᠯᠳᠦᠨ ᠪᠤᠯᠢᠶᠠᠬᠤ᠂ ᠡᠪᠳᠡᠯᠡᠭᠡ ᠬᠢᠬᠦ ᠵᠡᠷᠭᠡ ᠨᠡᠢᠭᠡᠮ᠎ᠦᠨ ᠡᠮᠬᠢ ᠳᠢᠭ᠌ᠯᠢᠮ᠎ᠢ ᠰᠠᠮᠠᠭᠤᠷᠠᠭᠤᠯᠬᠤ ᠦᠢᠯᠡ ᠠᠵᠢᠯᠯᠠᠭ᠎ᠠ᠎ᠶᠢ ᠴᠢᠩᠭ᠎ᠠ ᠵᠠᠯᠬᠠᠭᠠᠨ ᠰᠢᠢᠳᠬᠡᠨ᠎ᠡ᠃ ᠡᠨᠧᠷᠭᠢ᠎ᠶᠢᠨ ᠬᠠᠩᠭᠠᠯᠭ᠎ᠠ᠎ᠶᠢ ᠪᠠᠲᠤᠯᠠᠬᠤ ᠬᠣᠯᠪᠣᠭᠳᠠᠯ ᠪᠦᠬᠦᠢ ᠡᠳ᠋᠎ᠦᠨ ᠵᠠᠰᠠᠭ᠎ᠤᠨ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠪᠡᠯᠡᠳᠬᠡᠯ ᠵᠠᠷᠤᠳᠠᠯ᠎ᠢ ᠴᠠᠭ᠎ᠲᠤ ᠨᠢ ᠲᠣᠬᠢᠷᠠᠭᠤᠯᠤᠨ ᠬᠡᠷᠡᠭᠯᠡᠵᠦ᠂ ᠬᠠᠩᠭᠠᠯᠭ᠎ᠠ᠎ᠶᠢ ᠪᠠᠲᠤᠯᠠᠬᠤ᠎ᠳᠤ ᠴᠢᠬᠤᠯᠠ ᠪᠦᠬᠦᠢ ᠵᠠᠷᠤᠳᠠᠯ᠎ᠤᠨ ᠳᠡᠮᠵᠢᠯᠭᠡ ᠬᠠᠩᠭᠠᠨ᠎ᠠ᠃ 

(6) ᠡᠨᠧᠷᠭᠢ᠎ᠶᠢᠨ ᠬᠠᠩᠭᠠᠯᠭ᠎ᠠ ᠬᠡᠷᠡᠭᠴᠡᠭᠡ᠎ᠶᠢᠨ ᠪᠠᠢᠳᠠᠯ᠎ᠢ ᠦᠨᠳᠦᠰᠦᠯᠡᠨ᠂ ᠡᠨᠧᠷᠭᠢ ᠬᠡᠷᠡᠭᠯᠡᠬᠦ᠎ᠶᠢ ᠵᠦᠢ ᠵᠣᠬᠢᠰᠲᠠᠢ ᠬᠠᠮᠢᠶᠠᠷᠤᠨ ᠡᠵᠡᠮᠳᠡᠵᠦ᠂ ᠲᠥᠯᠥᠪᠯᠡᠭᠡᠲᠦ ᠪᠤᠰᠤ ᠬᠠᠩᠭᠠᠯᠭ᠎ᠠ ᠵᠣᠭᠰᠣᠭᠰᠠᠨ ᠴᠢᠬᠤᠯᠠ ᠬᠡᠷᠡᠭᠯᠡᠭᠴᠢ᠎ᠳᠦ ᠪᠠᠴᠢᠮ ᠪᠠᠢᠳᠠᠯ᠎ᠢ ᠠᠷᠭᠠᠴᠠᠭᠠᠬᠤ ᠪᠠᠲᠤᠯᠠᠭ᠎ᠠ᠎ᠶᠢᠨ ᠬᠠᠩᠭᠠᠯᠭ᠎ᠠ᠎ᠶᠢᠨ ᠠᠷᠭ᠎ᠠ ᠬᠡᠮᠵᠢᠶ᠎ᠡ ᠠᠪᠤᠨ᠎ᠠ; ᠨᠡᠢᠭᠡᠮ᠎ᠦᠨ ᠠᠮᠤᠷ ᠲᠦᠪᠰᠢᠨ᠎ᠦ ᠬᠡᠷᠡᠭ ᠭᠠᠷᠤᠭᠰᠠᠨ ᠣᠨᠴᠠ ᠨᠢᠭᠡᠨ ᠣᠷᠣᠨ ᠪᠦᠰᠡ᠎ᠶᠢᠨ ᠪᠠᠢᠭᠠᠯᠢ᠎ᠶᠢᠨ ᠰᠢᠲᠠᠮᠠᠬᠠᠢ ᠬᠡᠢ᠂ ᠴᠠᠬᠢᠯᠭᠠᠨ ᠬᠦᠴᠦ ᠵᠡᠷᠭᠡ ᠡᠨᠧᠷᠭᠢ᠎ᠶᠢ ᠵᠠᠬᠢᠷᠤᠨ ᠬᠠᠮᠢᠶᠠᠷᠤᠨ᠎ᠠ᠃ ᠪᠠᠴᠢᠮ ᠪᠠᠢᠳᠠᠯ᠎ᠤᠨ ᠳᠣᠣᠷ᠎ᠠ᠂ ᠬᠠᠮᠢᠶ᠎ᠠ ᠪᠦᠬᠦᠢ ᠡᠨᠧᠷᠭᠢ᠎ᠶᠢᠨ ᠠᠵᠤ ᠠᠬᠤᠢᠯᠠᠯ᠂ ᠨᠥᠭᠡᠴᠡᠯᠡᠬᠦ ᠨᠢᠭᠡᠴᠢ᠂ ᠲᠡᠭᠡᠭᠡᠪᠦᠷᠢ᠎ᠶᠢᠨ ᠠᠵᠤ ᠠᠬᠤᠢᠯᠠᠯ᠎ᠳᠤ ᠦᠢᠯᠡᠳᠪᠦᠷᠢᠯᠡᠬᠦ ᠬᠠᠩᠭᠠᠬᠤ ᠨᠥᠭᠡᠴᠡᠯᠡᠬᠦ ᠪᠣᠷᠣᠯᠠᠭᠤᠯᠬᠤ᠎ᠶᠢ ᠨᠢᠭᠡᠳᠦᠯᠲᠡᠢ ᠲᠣᠬᠢᠷᠠᠭᠤᠯᠬᠤ᠎ᠶᠢ ᠬᠡᠷᠡᠭᠵᠢᠭᠦᠯᠵᠦ᠂ ᠬᠣᠯᠪᠣᠭᠳᠠᠯ ᠪᠦᠬᠦᠢ ᠨᠢᠭᠡᠴᠢ᠎ᠨᠦᠭᠦᠳ ᠲᠣᠬᠢᠷᠠᠭᠤᠯᠤᠯᠲᠠ ᠬᠢᠬᠦ ᠵᠠᠷᠯᠢᠭ᠋᠎ᠢ ᠴᠢᠩᠭ᠎ᠠ ᠵᠢᠷᠤᠮᠯᠠᠨ ᠲᠤᠭᠤᠰᠢᠯᠠᠭᠤᠯᠤᠨ ᠬᠡᠷᠡᠭᠵᠢᠭᠦᠯᠦᠨ᠎ᠡ᠃ 

(7) ᠱᠠᠯᠠᠪᠳᠠᠨ ᠵᠠᠰᠠᠬᠤ ᠡᠩᠨᠡᠭᠡ᠎ᠶᠢ ᠵᠣᠬᠢᠶᠠᠨ ᠪᠠᠢᠭᠤᠯᠵᠤ ᠡᠪᠳᠡᠷᠡᠵᠦ ᠰᠦᠢᠳᠦᠭᠰᠡᠨ ᠡᠨᠧᠷᠭᠢ᠎ᠶᠢᠨ ᠦᠢᠯᠡᠳᠪᠦᠷᠢᠯᠡᠯ ᠪᠠ ᠬᠠᠩᠭᠠᠯᠭ᠎ᠠ᠎ᠶᠢᠨ ᠪᠡᠯᠡᠳᠬᠡᠮᠵᠢ᠎ᠶᠢ ᠱᠠᠯᠠᠪᠳᠠᠨ ᠵᠠᠰᠠᠵᠤ ᠬᠠᠩᠭᠠᠯᠭ᠎ᠠ᠎ᠪᠠᠨ ᠰᠡᠷᠭᠦᠭᠡᠨ᠎ᠡ; ᠡᠨᠧᠷᠭᠢ᠎ᠶᠢᠨ ᠬᠠᠩᠭᠠᠯᠭ᠎ᠠ᠎ᠶᠢᠨ ᠪᠠᠲᠤᠯᠠᠭ᠎ᠠ᠎ᠶᠢᠨ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠨ᠂ ᠳᠠᠷᠤᠢᠬᠠᠨ ᠠᠰᠢᠭ᠍ᠯᠠᠯᠲᠠ᠎ᠳᠤ ᠣᠷᠤᠭᠤᠯᠬᠤ᠎ᠶᠢ ᠰᠢᠮᠳᠠᠭᠤᠯᠵᠤ᠂ ᠬᠠᠩᠭᠠᠯᠭ᠎ᠠ᠎ᠶᠢᠨ ᠴᠢᠳᠠᠪᠤᠷᠢ᠎ᠶᠢ ᠳᠡᠭᠡᠭᠰᠢᠯᠡᠭᠦᠯᠦᠨ᠎ᠡ᠃ 

4.7 ᠮᠡᠳᠡᠭᠡ ᠵᠠᠩᠭᠢ ᠨᠡᠢᠲᠡᠯᠡᠬᠦ ᠪᠠ ᠶᠠᠷᠢᠶ᠎ᠠ ᠬᠡᠯᠡᠯᠴᠡᠭᠡ᠎ᠶᠢ ᠬᠥᠲᠥᠯᠥᠨ ᠵᠢᠯᠤᠭᠣᠳᠬᠤ 

ᠴᠤᠤᠷᠢᠶᠠᠲᠤᠨ ᠳᠠᠭᠠᠬᠤ᠎ᠶᠢ ᠡᠬᠢᠯᠡᠭᠦᠯᠦᠭᠰᠡᠨ᠎ᠦ ᠳᠠᠷᠠᠭ᠎ᠠ᠂ ᠨᠥᠯᠥᠭᠡᠯᠡᠭᠳᠡᠭᠰᠡᠨ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠳᠦ ᠴᠠᠭ ᠲᠤᠬᠠᠢ᠎ᠳᠤ ᠨᠢ ᠮᠡᠳᠡᠭᠡ ᠵᠠᠩᠭᠢ ᠨᠡᠢᠲᠡᠯᠡᠵᠦ᠂ ᠮᠡᠳᠡᠭᠡ ᠵᠠᠩᠭᠢ᠎ᠶᠢᠨ ᠴᠠᠭ ᠲᠤᠬᠠᠢ᠎ᠳᠤ ᠨᠢ᠂ ᠣᠨᠣᠪᠴᠢᠲᠠᠶ᠂ ᠪᠤᠰᠤᠳᠴᠢ᠂ ᠪᠥᠬᠥ ᠲᠠᠯ᠎ᠠ᠎ᠶᠢᠨ ᠪᠠᠢᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠠᠭᠤᠯᠭ᠎ᠠ᠎ᠳᠤ ᠶᠡᠷᠦ᠎ᠳᠤ᠎ᠪᠠᠨ᠄ ᠡᠬᠢ ᠪᠠᠶᠠᠯᠢᠭ᠋ ᠬᠣᠮᠰᠠᠳᠠᠭᠰᠠᠨ ᠬᠡᠮᠵᠢᠶ᠎ᠡ᠂ ᠨᠥᠯᠥᠭᠡᠯᠡᠭᠳᠡᠭᠰᠡᠨ ᠬᠡᠪᠴᠢᠶ᠎ᠡ᠂ ᠦᠷᠭᠦᠯᠵᠢᠯᠡᠭᠰᠡᠨ ᠴᠠᠭ᠂ ᠨᠥᠯᠥᠭᠡᠯᠡᠭᠳᠡᠵᠦ ᠮᠡᠳᠡᠬᠦ ᠣᠷᠣᠨ ᠪᠦᠰᠡ ᠵᠢᠴᠢ ᠨᠢᠭᠡᠨᠲᠡ ᠠᠪᠤᠭᠰᠠᠨ ᠠᠷᠭ᠎ᠠ ᠬᠡᠮᠵᠢᠶ᠎ᠡ ᠵᠡᠷᠭᠡ ᠪᠠᠭᠲᠠᠨ᠎ᠠ᠃ ᠡᠨᠧᠷᠭᠢ᠎ᠶᠢᠨ ᠬᠡᠷᠡᠭᠯᠡᠯᠲᠡ ᠬᠣᠮᠰᠠᠳᠠᠬᠤ ᠪᠠᠢᠳᠠᠯ ᠦᠷᠭᠦᠯᠵᠢᠯᠡᠨ ᠥᠷᠭᠡᠳᠴᠦ᠂ ᠨᠡᠢᠭᠡᠮ ᠠᠷᠠᠳ᠎ᠤᠨ ᠠᠮᠢᠳᠤᠷᠠᠯ᠎ᠤᠨ ᠬᠦᠷᠢᠶ᠎ᠡ ᠲᠡᠢᠰᠢ ᠥᠷᠭᠡᠵᠢᠭᠰᠡᠨ᠂ ᠡᠰᠡᠬᠦᠯ᠎ᠡ ᠠᠷᠠᠳ᠎ᠤᠨ ᠠᠮᠢᠳᠤᠷᠠᠯ᠎ᠤᠨ ᠡᠨᠧᠷᠭᠢ᠎ᠶᠢᠨ ᠬᠡᠷᠡᠭᠯᠡᠯᠲᠡ᠎ᠶᠢ ᠰᠢᠭᠤᠳ ᠰᠦᠷᠳᠡᠭᠦᠯᠦᠭᠰᠡᠨ ᠦᠶ᠎ᠡ᠎ᠳᠦ ᠴᠠᠭ ᠲᠤᠬᠠᠢ᠎ᠳᠤ ᠨᠢ ᠰᠦᠯᠵᠢᠶ᠎ᠡ᠂ ᠭᠠᠷ ᠤᠲᠠᠰᠤ᠂ ᠷᠠᠳᠢᠣ᠋ ᠨᠡᠪᠲᠡᠷᠡᠭᠦᠯᠭᠡ᠂ ᠲᠧᠯᠸᠢᠰ ᠵᠡᠷᠭᠡ᠎ᠪᠡᠷ ᠳᠠᠮᠵᠢᠭᠤᠯᠤᠨ ᠨᠡᠢᠭᠡᠮ ᠳᠠᠶᠠᠭᠠᠷ᠎ᠲᠤ ᠬᠣᠯᠪᠣᠭᠳᠠᠯ ᠪᠦᠬᠦᠢ ᠮᠡᠳᠡᠭᠡ ᠵᠠᠩᠭᠢ᠎ᠶᠢ ᠨᠡᠢᠲᠡᠯᠡᠬᠦ ᠬᠡᠷᠡᠭᠲᠡᠢ᠃ 

ᠤᠬᠠᠭᠤᠯᠵᠤ ᠬᠥᠲᠥᠯᠥᠨ ᠵᠢᠯᠤᠭᠣᠳᠬᠤ ᠠᠵᠢᠯ᠎ᠢ ᠥᠷᠨᠢᠭᠦᠯᠵᠦ᠂ ᠪᠦᠬᠦ ᠨᠡᠢᠭᠡᠮ᠎ᠢᠶᠡᠷ᠎ᠢᠶᠠᠨ ᠡᠨᠧᠷᠭᠢ᠎ᠶᠢ ᠠᠷᠪᠢᠯᠠᠨ ᠬᠡᠷᠡᠭᠯᠡᠬᠦ ᠲᠤᠬᠠᠢ ᠤᠬᠠᠭᠤᠯᠭ᠎ᠠ᠎ᠶᠢ ᠥᠷᠭᠡᠨ ᠳᠡᠯᠭᠡᠷᠡᠩᠭᠦᠢ ᠥᠷᠨᠢᠭᠦᠯᠵᠦ᠂ ᠡᠨᠧᠷᠭᠢ᠎ᠶᠢᠨ ᠬᠠᠩᠭᠠᠯᠭ᠎ᠠ᠎ᠶᠢ ᠪᠠᠲᠤᠯᠠᠭᠰᠠᠨ ᠦᠷ᠎ᠡ ᠪᠦᠲᠦᠮᠵᠢ ᠪᠠ ᠲᠡᠷᠢᠭᠦᠨ᠎ᠦ ᠦᠢᠯᠡ ᠶᠠᠪᠤᠳᠠᠯ᠎ᠢ ᠴᠠᠭ ᠲᠤᠬᠠᠢ᠎ᠳᠤ ᠨᠢ ᠮᠡᠳᠡᠭᠡᠯᠡᠨ᠂ ᠶᠠᠷᠢᠶ᠎ᠠ ᠬᠡᠯᠡᠯᠴᠡᠭᠡᠨ᠎ᠦ ᠪᠠᠢᠳᠠᠯ᠎ᠢ ᠬᠢᠨᠠᠨ ᠰᠢᠨᠵᠢᠬᠦ᠂ ᠬᠥᠲᠥᠯᠥᠨ ᠵᠢᠯᠤᠭᠣᠳᠬᠤ ᠪᠠ ᠬᠠᠮᠢᠶᠠᠷᠤᠨ ᠡᠵᠡᠮᠳᠡᠬᠦ᠎ᠪᠡᠨ ᠴᠢᠩᠭᠠᠳᠬᠠᠵᠤ᠂ ᠰᠣᠨᠢᠨ ᠮᠡᠳᠡᠭᠡ ᠨᠡᠢᠲᠡᠯᠡᠬᠦ ᠬᠤᠷᠠᠯ᠎ᠢ ᠴᠠᠭ ᠲᠤᠬᠠᠢ᠎ᠳᠤ ᠨᠢ ᠬᠤᠷᠠᠯᠳᠤᠭᠤᠯᠤᠨ᠂ ᠨᠡᠢᠭᠡᠮ᠎ᠦᠨ ᠠᠩᠬᠠᠷᠤᠯ ᠲᠠᠯᠪᠢᠵᠤ ᠪᠠᠢᠭ᠎ᠠ ᠬᠠᠯᠠᠮᠰᠢᠯ ᠠᠰᠠᠭᠤᠳᠠᠯ᠎ᠳᠤ ᠬᠠᠷᠢᠭᠤᠯᠲᠠ ᠥᠭᠭᠦᠨ᠎ᠡ᠃ 

4.8 ᠪᠠᠴᠢᠮ ᠪᠠᠢᠳᠠᠯ᠎ᠢ ᠠᠷᠭᠠᠴᠠᠭᠠᠵᠤ ᠴᠤᠤᠷᠢᠶᠠᠲᠤᠨ ᠳᠠᠭᠠᠬᠤ ᠠᠵᠢᠯ ᠳᠠᠭᠤᠰᠬᠤ

ᠵᠣᠬᠢᠶᠠᠨ ᠪᠠᠢᠭᠤᠯᠤᠨ ᠵᠢᠯᠤᠭᠣᠳᠬᠤ᠎ᠶᠢ ᠬᠠᠷᠢᠭᠤᠴᠠᠵᠤ ᠪᠠᠢᠭ᠎ᠠ ᠡᠨᠧᠷᠭᠢ᠎ᠶᠢᠨ ᠬᠠᠩᠭᠠᠯᠭ᠎ᠠ᠎ᠶᠢᠨ ᠪᠠᠲᠤᠯᠠᠭ᠎ᠠ᠎ᠶᠢᠨ ᠪᠠᠴᠢᠮ ᠪᠠᠢᠳᠠᠯ᠎ᠢ ᠠᠷᠭᠠᠴᠠᠭᠠᠬᠤ ᠠᠵᠢᠯ᠎ᠤᠨ ᠵᠢᠯᠤᠭᠣᠳᠬᠤ ᠪᠠᠢᠭᠤᠯᠤᠮᠵᠢ ᠨᠢ ᠡᠨᠧᠷᠭᠢ᠎ᠶᠢᠨ ᠬᠠᠩᠭᠠᠯᠭ᠎ᠠ ᠬᠣᠮᠰᠠᠳᠠᠬᠤ ᠪᠠᠢᠳᠠᠯ᠎ᠤᠨ ᠤᠳᠠᠭᠠᠰᠢᠷᠠᠯ᠎ᠤᠨ ᠬᠡᠮᠵᠢᠶ᠎ᠡ᠎ᠶᠢ ᠦᠨᠳᠦᠰᠦᠯᠡᠨ᠂ ᠴᠤᠤᠷᠢᠶᠠᠲᠤᠨ ᠳᠠᠭᠠᠬᠤ ᠲᠠᠰ ᠪᠠ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ᠎ᠳᠦ ᠴᠠᠭ ᠲᠤᠬᠠᠢ᠎ᠳᠤ ᠨᠢ ᠲᠣᠬᠢᠷᠠᠭᠤᠯᠤᠯᠲᠠ ᠬᠢᠨ᠎ᠡ; ᠡᠨᠧᠷᠭᠢ᠎ᠶᠢᠨ ᠬᠠᠩᠭᠠᠯᠭ᠎ᠠ ᠬᠣᠮᠰᠠᠳᠠᠭᠰᠠᠨ ᠪᠠᠢᠳᠠᠯ᠎ᠢ ᠪᠦᠷᠢᠮᠦᠰᠦᠨ ᠠᠷᠢᠯᠭᠠᠭᠰᠠᠨ᠎ᠤ ᠲᠠᠷᠠᠭ᠎ᠠ᠂ ᠴᠤᠤᠷᠢᠶᠠᠲᠤᠨ ᠲᠠᠭᠠᠬᠤ᠎ᠶᠢ ᠳᠠᠭᠤᠰᠬᠠᠵᠤ᠂ ᠪᠠᠴᠢᠮ ᠪᠠᠢᠳᠠᠯ᠎ᠢ ᠠᠷᠭᠠᠴᠠᠭᠠᠬᠤ ᠪᠠᠢᠳᠠᠯ᠎ᠢ ᠵᠣᠭᠰᠣᠭᠠᠵᠤ᠂ ᠡᠨᠧᠷᠭᠢ᠎ᠶᠢᠨ ᠬᠠᠩᠭᠠᠯᠭ᠎ᠠ᠎ᠶᠢ ᠬᠡᠪ᠎ᠦᠨ ᠪᠠᠢᠳᠠᠯ᠎ᠢᠶᠠᠷ ᠠᠵᠢᠯᠯᠠᠭᠤᠯᠬᠤ ᠪᠣᠯᠭᠠᠨ᠎ᠠ᠃ 

5 ᠰᠡᠭᠦᠯᠴᠢ᠎ᠶᠢᠨ ᠬᠤᠭᠤᠴᠠᠭᠠᠨ᠎ᠤ ᠰᠢᠢᠳᠪᠦᠷᠢᠯᠡᠯᠲᠡ 

5.1 ᠬᠣᠢᠲᠤᠬᠢ ᠶᠠᠪᠤᠳᠠᠯ᠎ᠢ ᠰᠢᠢᠳᠪᠦᠷᠢᠯᠡᠬᠦ 

ᠪᠠᠴᠢᠮ ᠪᠠᠢᠳᠠᠯ᠎ᠢ ᠠᠷᠭᠠᠴᠠᠭᠠᠵᠤ ᠴᠤᠤᠷᠢᠶᠠᠲᠤᠨ ᠳᠠᠭᠠᠬᠣ᠌ ᠠᠵᠢᠯ ᠳᠠᠭᠤᠰᠤᠭᠰᠠᠨ᠎ᠤ ᠳᠠᠷᠠᠭ᠎ᠠ᠂ ᠬᠡᠷᠡᠭ ᠭᠠᠷᠤᠭᠰᠠᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠡᠴᠡ ᠪᠠᠴᠢᠮ ᠪᠠᠢᠳᠠᠯ᠎ᠢ ᠠᠷᠭᠠᠴᠠᠭᠠᠬᠤ ᠬᠤᠭᠤᠴᠠᠭᠠᠨ᠎ᠳᠤ ᠪᠠᠴᠢᠮ ᠰᠢᠯᠵᠢᠭᠦᠯᠦᠨ ᠴᠤᠭᠯᠠᠭᠤᠯᠤᠭᠰᠠᠨ᠂ ᠲᠠᠲᠠᠪᠤᠷᠢᠯᠠᠨ ᠬᠡᠷᠡᠭᠯᠡᠭᠰᠡᠨ ᠬᠣᠯᠪᠣᠭᠳᠠᠯ ᠪᠦᠬᠦᠢ ᠨᠢᠭᠡᠴᠢ ᠪᠠ ᠬᠤᠪᠢ ᠬᠥᠮᠥᠨ᠎ᠦ ᠡᠳ᠋ ᠪᠠᠷᠠᠭ᠎ᠠ᠎ᠶᠢ ᠪᠤᠴᠠᠭᠠᠬᠤ᠎ᠶᠢ ᠵᠣᠬᠢᠶᠠᠨ ᠪᠠᠢᠭᠤᠯᠵᠤ᠂ ᠪᠤᠴᠠᠭᠠᠬᠤ᠎ᠶᠢᠨ ᠠᠷᠭ᠎ᠠ ᠦᠭᠡᠢ ᠎ᠳᠤ ᠬᠠᠤᠯᠢ ᠶᠣᠰᠣᠭᠠᠷ ᠠᠵᠤ ᠠᠬᠤᠢ᠎ᠶᠢᠨ ᠨᠥᠬᠥᠪᠦᠷᠢ ᠪᠤᠶᠤ ᠲᠥᠯᠥᠪᠦᠷᠢ ᠥᠭᠴᠦ᠂ ᠬᠣᠢᠲᠤᠬᠢ ᠬᠠᠮᠢᠶ᠎ᠠ ᠪᠦᠬᠦᠢ ᠠᠵᠢᠯ᠎ᠢ ᠰᠠᠢᠲᠤᠷ ᠬᠢᠵᠦ᠂ ᠡᠨᠧᠷᠭᠢ᠎ᠶᠢᠨ ᠬᠡᠪ᠎ᠢᠶᠠᠷ ᠦᠢᠯᠡᠳᠪᠦᠷᠢᠯᠡᠬᠦ ᠬᠠᠩᠭᠠᠬᠤ ᠨᠥᠭᠡᠴᠡᠯᠡᠬᠦ ᠪᠣᠷᠣᠯᠠᠭᠤᠯᠬᠤ ᠡᠮᠬᠢ ᠳᠢᠭ᠌ᠯᠢᠮ᠎ᠢ ᠰᠡᠷᠭᠦᠭᠡᠬᠦ ᠠᠵᠢᠯ᠎ᠢ ᠵᠣᠬᠢᠶᠠᠨ ᠪᠠᠢᠭᠤᠯᠤᠨ᠎ᠠ᠃ 

5.2 ᠪᠠᠢᠴᠠᠭᠠᠯᠲᠠ ᠬᠢᠵᠦ ᠦᠨᠡᠯᠡᠨ ᠵᠢᠱ᠌ᠢᠬᠦ 

ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠠᠵᠢᠯ᠎ᠳᠤ ᠨᠢᠭᠡᠳᠦᠯᠲᠡᠢ ᠤᠳᠤᠷᠢᠳᠬᠤ ᠡᠭᠦᠷᠭᠡ ᠬᠠᠷᠢᠭᠤᠴᠠᠯᠭ᠎ᠠ᠎ᠶᠢ ᠭᠦᠢᠴᠡᠳᠬᠡᠵᠦ ᠪᠠᠢᠭ᠎ᠠ ᠠᠷᠠᠳ᠎ᠤᠨ ᠵᠠᠰᠠᠭ᠎ᠤᠨ ᠣᠷᠳᠣᠨ ᠨᠢ ᠴᠤᠤᠷᠢᠶᠠᠲᠤᠨ ᠳᠠᠭᠠᠬᠤ ᠠᠵᠢᠯ ᠳᠠᠭᠤᠰᠤᠭᠰᠠᠨ᠎ᠤ ᠳᠠᠷᠠᠭ᠎ᠠ᠂ ᠡᠨᠧᠷᠭᠢ᠎ᠶᠢᠨ ᠬᠠᠩᠭᠠᠯᠭ᠎ᠠ ᠬᠣᠮᠰᠠᠳᠠᠭᠰᠠᠨ ᠬᠡᠷᠡᠭ᠎ᠦᠨ ᠰᠢᠯᠲᠠᠭᠠᠨ᠂ ᠡᠭᠦᠰᠦᠭᠰᠡᠨ ᠥᠩᠭᠡᠷᠡᠯᠲᠡ ᠪᠠ ᠠᠵᠤ ᠠᠬᠤᠢ ᠨᠡᠢᠭᠡᠮ᠎ᠳᠦ ᠤᠴᠠᠷᠠᠭᠤᠯᠤᠭᠰᠠᠨ ᠨᠥᠯᠥᠭᠡ᠎ᠶᠢ ᠪᠠᠢᠴᠠᠭᠠᠨ ᠲᠣᠳᠣᠷᠬᠠᠢᠯᠠᠵᠤ᠂ ᠪᠠᠴᠢᠮ ᠪᠠᠢᠳᠠᠯ᠎ᠢ ᠠᠷᠭᠠᠴᠠᠭᠠᠵᠤ ᠰᠢᠢᠳᠪᠦᠷᠢᠯᠡᠭᠰᠡᠨ ᠶᠠᠪᠤᠴᠠ᠎ᠶᠢ ᠳ᠋ᠦᠩᠨᠡᠨ ᠦᠨᠡᠯᠡᠨ ᠵᠢᠱ᠌ᠢᠵᠦ᠂ ᠰᠢᠢᠳᠪᠦᠷᠢᠯᠡᠵᠦ ᠠᠷᠭᠠᠴᠠᠭᠠᠬᠤ ᠶᠠᠪᠤᠴᠠ᠎ᠳᠤ ᠣᠷᠣᠰᠢᠵᠤ ᠪᠠᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ᠎ᠶᠢ ᠴᠡᠭᠴᠡᠯᠡᠨ ᠰᠠᠢᠵᠢᠷᠠᠭᠤᠯᠵᠤ᠂ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠬᠡᠯ ᠲᠥᠰᠥᠯ᠎ᠢᠶᠡᠨ ᠲᠡᠭᠦᠯᠳᠡᠷᠵᠢᠭᠦᠯᠬᠦ᠎ᠶᠢᠨ ᠬᠠᠮᠲᠤ ᠭᠡᠨᠡᠳᠲᠡ᠎ᠶᠢᠨ ᠬᠡᠷᠡᠭ᠎ᠦᠨ ᠡᠨᠧᠷᠭᠢ᠎ᠶᠢᠨ ᠬᠠᠩᠭᠠᠯᠭ᠎ᠠ᠎ᠶᠢᠨ ᠪᠠᠲᠤᠯᠠᠭ᠎ᠠ᠎ᠶᠢ ᠠᠷᠭᠠᠴᠠᠭᠠᠨ ᠰᠢᠢᠳᠪᠦᠷᠢᠯᠡᠬᠦ᠎ᠶᠢ ᠦᠨᠡᠯᠡᠨ ᠵᠢᠱ᠌ᠢᠭᠰᠡᠨ ᠳ᠋ᠦᠩᠨᠡᠯᠲᠡ᠎ᠶᠢᠨ ᠮᠡᠳᠡᠭᠦᠯᠦᠯᠲᠡ᠎ᠶᠢ ᠪᠦᠷᠢᠯᠳᠦᠭᠦᠯᠵᠦ᠂ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠬᠦᠷᠭᠡᠬᠦ ᠬᠡᠷᠡᠭᠲᠡᠢ᠃ 

5.3 ᠰᠡᠷᠭᠦᠭᠡᠨ ᠲᠠᠬᠢᠨ ᠪᠠᠶ᠋ᠢᠭᠤᠯᠬᠤ 

ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠠᠵᠢᠯ ᠳᠠᠭᠤᠰᠤᠭᠰᠠᠨ᠎ᠤ ᠳᠠᠷᠠᠭ᠎ᠠ᠂ ᠬᠡᠷᠡᠭ ᠭᠠᠷᠤᠭᠰᠠᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠂ ᠡᠨᠧᠷᠭᠢ᠎ᠶᠢᠨ ᠬᠠᠩᠭᠠᠯᠭ᠎ᠠ᠎ᠶᠢᠨ ᠠᠵᠤ ᠠᠬᠤᠢᠯᠠᠯ᠎ᠢ ᠵᠣᠬᠢᠶᠠᠨ ᠪᠠᠢᠭᠤᠯᠵᠤ ᠪᠠᠢᠭᠠᠳ ᠡᠨᠧᠷᠭᠢ᠎ᠶᠢᠨ ᠬᠡᠪ᠎ᠦᠨ ᠬᠠᠩᠭᠠᠯᠭ᠎ᠠ᠎ᠶᠢᠨ ᠡᠮᠬᠢ ᠳᠢᠭ᠌ᠯᠢᠮ᠎ᠢ ᠰᠡᠷᠭᠦᠭᠡᠨ᠂ ᠡᠪᠳᠡᠯᠡᠭᠡ᠎ᠳᠦ ᠤᠴᠠᠷᠠᠭᠰᠠᠨ ᠡᠨᠧᠷᠭᠢ᠎ᠶᠢᠨ ᠬᠠᠩᠭᠠᠯᠭ᠎ᠠ᠎ᠶᠢᠨ ᠪᠡᠯᠡᠳᠬᠡᠮᠵᠢ᠎ᠶᠢ ᠰᠡᠯᠪᠢᠨ ᠵᠠᠰᠠᠵᠤ᠂ ᠨᠥᠯᠥᠭᠡᠯᠡᠭᠳᠡᠭᠰᠡᠨ ᠤᠯᠠᠨ ᠲᠦᠮᠡᠨ᠎ᠦ ᠠᠪᠤᠷᠠᠨ ᠲᠤᠰᠠᠯᠠᠬᠤ ᠬᠡᠷᠡᠭᠴᠡᠭᠡ᠎ᠶᠢ ᠭᠦᠨᠵᠡᠭᠡᠢ ᠪᠠᠢᠴᠠᠭᠠᠨ ᠣᠢᠯᠠᠭᠠᠵᠤ᠂ ᠬᠣᠯᠪᠣᠭᠳᠠᠯ ᠪᠦᠬᠦᠢ ᠠᠪᠤᠷᠠᠨ ᠲᠤᠰᠠᠯᠠᠬᠤ ᠠᠵᠢᠯ᠎ᠢ ᠰᠠᠢᠲᠤᠷ ᠬᠢᠵᠦ᠂ ᠦᠨᠳᠦᠰᠦᠨ ᠠᠮᠢᠳᠤᠷᠠᠯ᠎ᠢ ᠨᠢ ᠪᠠᠲᠤᠯᠠᠨ᠂ ᠲᠦᠷ ᠴᠠᠭ᠎ᠤᠨ ᠬᠠᠩᠭᠠᠯᠭ᠎ᠠ᠂ ᠭᠣᠣᠯᠳᠠᠯᠭ᠎ᠠ᠎ᠲᠠᠢ ᠰᠡᠷᠭᠦᠭᠡᠬᠦ᠎ᠡᠴᠡ ᠪᠦᠬᠦ ᠲᠠᠯ᠎ᠠ᠎ᠪᠠᠷ ᠰᠡᠷᠭᠦᠭᠡᠬᠦ ᠬᠦᠷᠲᠡᠯᠡᠬᠢ ᠡᠨᠧᠷᠭᠢ᠎ᠶᠢᠨ ᠬᠠᠩᠭᠠᠯᠭ᠎ᠠ᠎ᠶᠢ ᠰᠡᠷᠭᠦᠭᠡᠨ ᠲᠠᠬᠢᠨ ᠪᠠᠶ᠋ᠢᠭᠤᠯᠬᠤ ᠲᠥᠰᠥᠯ᠎ᠢ ᠲᠣᠭᠲᠠᠭᠠᠬᠤ ᠬᠡᠷᠡᠭᠲᠡᠢ᠃ 

6 ᠪᠠᠴᠢᠮ ᠪᠠᠢᠳᠠᠯ᠎ᠢ ᠠᠷᠭᠠᠴᠠᠭᠠᠬᠤ ᠪᠠᠲᠤᠯᠠᠭ᠎ᠠ 

6.1 ᠪᠠᠴᠢᠮ ᠪᠠᠢᠳᠠᠯ᠎ᠢ ᠠᠷᠭᠠᠴᠠᠭᠠᠬᠤ ᠡᠩᠨᠡᠭᠡ᠎ᠶᠢᠨ ᠪᠠᠲᠤᠯᠠᠭ᠎ᠠ 

ᠡᠨᠧᠷᠭᠢ᠎ᠶᠢᠨ ᠪᠠᠲᠤᠯᠠᠭ᠎ᠠ ᠬᠠᠩᠭᠠᠯᠭ᠎ᠠ᠎ᠶᠢᠨ ᠠᠵᠤ ᠠᠬᠤᠢᠯᠠᠯ ᠨᠢ ᠲᠤᠰ ᠠᠵᠤ ᠠᠬᠤᠢᠯᠠᠯ᠎ᠤᠨ᠎ᠢᠶᠡᠨ ᠬᠠᠩᠭᠠᠯᠭ᠎ᠠ᠎ᠶᠢ ᠪᠠᠲᠤᠯᠠᠬᠤ᠂ ᠪᠠᠴᠢᠮ ᠪᠠᠢᠳᠠᠯ᠎ᠢ ᠠᠷᠭᠠᠴᠠᠭᠠᠵᠤ ᠱᠠᠯᠠᠪᠳᠠᠨ ᠵᠠᠰᠠᠬᠤ ᠡᠩᠨᠡᠭᠡ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠪᠠᠴᠢᠮ ᠪᠠᠢᠳᠠᠯ᠎ᠢ ᠠᠷᠭᠠᠴᠠᠭᠠᠵᠤ ᠰᠢᠢᠳᠪᠦᠷᠢᠯᠡᠬᠦ ᠪᠣᠳᠠᠲᠤ ᠬᠡᠷᠡᠭᠴᠡᠭᠡ᠎ᠶᠢ ᠦᠨᠳᠦᠰᠦᠯᠡᠨ᠂ ᠤᠯᠤᠰ᠎ᠤᠨ ᠶᠡᠷᠦᠩᠬᠡᠢᠯᠡᠭᠰᠡᠨ ᠭᠠᠯ ᠰᠡᠷᠭᠡᠢᠯᠡᠨ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ ᠪᠠ ᠴᠡᠷᠢᠭ ᠠᠩᠭᠢ᠎ᠶᠢᠨ ᠬᠠᠮᠢᠶ᠎ᠠ ᠪᠦᠬᠦᠢ ᠪᠠᠴᠢᠮ ᠪᠠᠢᠳᠠᠯ᠎ᠢ ᠠᠷᠭᠠᠴᠠᠭᠠᠬᠤ ᠬᠦᠴᠦᠨ᠎ᠤ ᠡᠨᠧᠷᠬᠢ᠎ᠶᠢᠨ ᠪᠠᠲᠤᠯᠠᠭ᠎ᠠ ᠬᠠᠩᠭᠠᠯᠭ᠎ᠠ᠎ᠶᠢᠨ ᠠᠵᠢᠯ᠎ᠳᠤ ᠣᠷᠤᠯᠴᠠᠬᠤ᠎ᠳᠤ ᠭᠦᠢᠴᠡᠳ ᠲᠦᠰᠢᠭᠯᠡᠨ᠂ ᠡᠯ᠎ᠡ ᠲᠥᠷᠥᠯ᠎ᠤᠨ ᠪᠠᠴᠢᠮ ᠪᠠᠢᠳᠠᠯ᠎ᠢ ᠠᠷᠭᠠᠴᠠᠭᠠᠬᠤ ᠡᠩᠨᠡᠭᠡ᠎ᠶᠢᠨ ᠬᠠᠮᠵᠢᠯᠴᠠᠬᠤ ᠲᠣᠭᠲᠠᠴᠠ᠎ᠶᠢ ᠪᠦᠷᠢᠨᠰᠢᠭᠦᠯᠵᠦ᠂ ᠬᠠᠮᠲᠤ ᠪᠠᠷ ᠪᠣᠯᠪᠠᠰᠤᠷᠠᠭᠤᠯᠬᠤ᠂ ᠬᠠᠮᠲᠤᠷᠠᠨ ᠵᠢᠵᠢᠭᠦᠷᠯᠡᠵᠦ ᠬᠠᠮᠲᠤᠷᠠᠨ ᠰᠣᠷᠢᠬᠤ ᠪᠠ ᠬᠠᠮᠢᠶ᠎ᠠ ᠪᠦᠬᠦᠢ ᠲᠤᠨᠤᠭ ᠲᠥᠬᠦᠭᠡᠷᠦᠮᠵᠢ᠂ ᠪᠠᠭᠠᠵᠢ ᠬᠡᠷᠡᠭᠰᠡᠯ᠂ ᠡᠳ᠋ ᠪᠠᠷᠠᠭ᠎ᠠ᠂ ᠪᠣᠯᠪᠠᠰᠤᠷᠠᠯ᠎ᠤᠨ ᠪᠡᠯᠡᠳᠬᠡᠮᠵᠢ ᠵᠡᠷᠭᠡ᠎ᠶᠢ ᠬᠠᠮᠲᠤ ᠪᠠᠷ ᠬᠦᠷᠲᠡᠵᠦ ᠬᠠᠮᠲᠤ ᠪᠠᠷ ᠬᠡᠷᠡᠭᠯᠡᠬᠦ᠎ᠶᠢ ᠴᠢᠩᠭᠠᠳᠬᠠᠵᠤ᠂ ᠪᠦᠬᠦᠯᠢ ᠴᠣᠭᠴᠠ᠎ᠶᠢᠨ ᠨᠡᠢᠯᠡᠯ ᠬᠦᠴᠦᠨ᠎ᠢ ᠪᠤᠢ ᠪᠣᠯᠭᠠᠬᠤ ᠬᠡᠷᠡᠭᠲᠡᠢ᠃ 

6.2 ᠲᠡᠭᠡᠭᠡᠪᠦᠷᠢ᠎ᠶᠢᠨ ᠪᠠᠲᠤᠯᠠᠭ᠎ᠠ 

ᠴᠠᠬᠢᠯᠭᠠᠨ ᠬᠦᠴᠦᠨ᠎ᠤ ᠲᠣᠣᠷ᠎ᠤᠨ ᠠᠵᠤ ᠠᠬᠤᠢᠯᠠᠯ ᠪᠠ ᠲᠣᠰᠣ᠌ ᠬᠡᠢ᠎ᠶᠢᠨ ᠬᠣᠭᠣᠯᠠᠢ ᠭᠤᠤᠷᠰᠤ᠎ᠶᠢᠨ ᠲᠣᠣᠷ᠎ᠤᠨ ᠠᠵᠤ ᠠᠬᠤᠢᠯᠠᠯ ᠨᠢ ᠴᠠᠬᠢᠯᠭᠠᠨ ᠬᠦᠴᠦᠨ᠂ ᠲᠣᠰᠣ᠌ ᠬᠡᠢ᠎ᠶᠢᠨ ᠡᠬᠢ ᠪᠠᠶᠠᠯᠢᠭ᠋᠎ᠢ ᠲᠣᠬᠢᠷᠠᠭᠤᠯᠤᠨ ᠲᠡᠭᠡᠭᠡᠪᠦᠷᠢᠯᠡᠬᠦ᠎ᠶᠢ ᠬᠠᠷᠢᠭᠤᠴᠠᠵᠤ᠂ ᠨᠡᠭᠦᠷᠡᠰᠦᠨ᠎ᠦ ᠡᠬᠢ ᠪᠠᠶᠠᠯᠢᠭ᠋᠎ᠤᠨ ᠬᠠᠩᠭᠠᠯᠭ᠎ᠠ ᠬᠡᠷᠡᠭᠴᠡᠭᠡᠨ᠎ᠦ ᠬᠣᠶᠠᠷ ᠲᠠᠯ᠎ᠠ᠎ᠶᠢᠨ ᠬᠢᠨ ᠨᠡᠭᠦᠷᠡᠰᠦᠨ᠎ᠦ ᠲᠡᠭᠡᠭᠡᠪᠦᠷᠢ᠎ᠶᠢ ᠵᠣᠬᠢᠶᠠᠨ ᠪᠠᠢᠭᠤᠯᠤᠨ ᠪᠠᠲᠤᠯᠠᠬᠤ᠎ᠶᠢ ᠬᠠᠷᠢᠭᠤᠴᠠᠨ᠎ᠠ; ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠪᠠ ᠲᠤᠬᠠᠢ᠎ᠶᠢᠨ ᠭᠠᠵᠠᠷ᠎ᠤᠨ ᠡᠨᠧᠷᠭᠢ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠲᠡᠭᠡᠭᠡᠪᠦᠷᠢ᠎ᠶᠢᠨ ᠬᠦᠴᠦᠨ᠎ᠤ ᠪᠠᠲᠤᠯᠠᠭ᠎ᠠ᠎ᠶᠢ ᠰᠠᠢᠲᠤᠷ ᠵᠣᠬᠢᠴᠠᠭᠤᠯᠵᠤ᠂ ᠴᠢᠬᠤᠯᠠᠲᠠᠢ ᠦᠶ᠎ᠡ᠎ᠳᠤ ᠥᠪᠡᠷᠲᠡᠭᠡᠨ ᠵᠠᠰᠠᠬᠤ ᠣᠷᠣᠨ᠎ᠤ ᠵᠢᠯᠤᠭᠣᠳᠬᠤ ᠭᠠᠵᠠᠷ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠳᠤᠭᠤᠢᠯᠠᠩ᠎ᠠᠴᠠ ᠵᠠᠰᠠᠮᠠᠯ ᠵᠠᠮ᠂ ᠲᠡᠮᠦᠷ ᠵᠠᠮ᠂ ᠠᠷᠠᠳ᠎ᠤᠨ ᠠᠭᠠᠷ᠎ᠤᠨ ᠲᠡᠭᠡᠭᠡᠪᠦᠷᠢ᠂ ᠬᠤᠳᠠ᠎ᠶᠢᠨ ᠵᠠᠮ ᠬᠠᠷᠢᠯᠴᠠᠭ᠎ᠠ ᠵᠡᠷᠭᠡ ᠡᠬᠢ ᠪᠠᠶᠠᠯᠢᠭ᠋᠎ᠢ ᠵᠣᠬᠢᠴᠠᠭᠤᠯᠵᠤ᠂ ᠡᠨᠧᠷᠭᠢ ᠡᠳ᠋ ᠪᠠᠷᠠᠭ᠎ᠠ᠎ᠶᠢ ᠴᠠᠭ ᠲᠤᠬᠠᠢ᠎ᠳᠤ ᠨᠢ ᠲᠡᠭᠡᠭᠡᠪᠦᠷᠢᠯᠡᠨ ᠬᠦᠷᠭᠡᠬᠦ᠎ᠶᠢ ᠪᠠᠲᠤᠯᠠᠬᠤ ᠬᠡᠷᠡᠭᠲᠡᠢ᠃ 

6.3 ᠡᠳ᠋ ᠪᠠᠷᠠᠭᠠᠨ᠎ᠤ ᠪᠠᠲᠤᠯᠠᠭ᠎ᠠ 

ᠥᠪᠡᠷᠲᠡᠭᠡᠨ ᠵᠠᠰᠠᠬᠤ ᠣᠷᠣᠨ᠎ᠤ ᠡᠨᠧᠷᠭᠢ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠂ ᠬᠤᠳᠠᠯᠳᠤᠭᠠᠨ᠎ᠤ ᠶᠠᠪᠤᠳᠠᠯ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠂ ᠡᠳ᠋ ᠪᠠᠷᠠᠭ᠎ᠠ ᠨᠥᠭᠡᠴᠡᠯᠡᠬᠦ ᠵᠡᠷᠭᠡ ᠰᠠᠯᠠᠭ᠎ᠠ ᠮᠥᠴᠢᠷ ᠨᠢᠭᠡᠴᠢ᠎ᠨᠦᠭᠦᠳ ᠪᠠᠴᠢᠮ ᠪᠠᠢᠳᠠᠯ᠎ᠢ ᠠᠷᠭᠠᠴᠠᠭᠠᠬᠤ ᠡᠳ᠋ ᠪᠠᠷᠠᠭᠠᠨ᠎ᠤ ᠪᠠᠲᠤᠯᠠᠭ᠎ᠠ᠎ᠶᠢᠨ ᠲᠣᠭᠲᠠᠯᠴᠠᠭ᠎ᠠ᠎ᠶᠢ ᠪᠠᠢᠭᠤᠯᠵᠤ᠂ ᠪᠠᠴᠢᠮ ᠪᠠᠢᠳᠠᠯ᠎ᠢ ᠠᠷᠭᠠᠴᠠᠭᠠᠬᠤ ᠡᠳ᠋ ᠪᠠᠷᠠᠭ᠎ᠠ᠎ᠶᠢᠨ ᠪᠣᠳᠠᠲᠤ ᠪᠣᠳᠠᠰ᠎ᠤᠨ ᠨᠥᠭᠡᠴᠡᠯᠡᠯᠲᠡ᠂ ᠨᠡᠢᠭᠡᠮ᠎ᠦᠨ ᠨᠥᠭᠡᠴᠡᠯᠡᠯᠲᠡ ᠪᠠ ᠦᠢᠯᠡᠳᠪᠦᠷᠢᠯᠡᠬᠦ ᠴᠢᠳᠠᠪᠤᠷᠢ᠎ᠶᠢᠨ ᠨᠥᠭᠡᠴᠡᠯᠡᠯᠲᠡ᠎ᠶᠢ ᠲᠡᠭᠦᠯᠳᠡᠷᠵᠢᠭᠦᠯᠦᠨ᠂ ᠬᠠᠩᠭᠠᠯᠭ᠎ᠠ ᠬᠣᠮᠰᠠᠳᠠᠬᠤ ᠪᠤᠶᠤ ᠬᠠᠩᠭᠠᠯᠭ᠎ᠠ᠎ᠶᠢᠨ ᠪᠠᠲᠤᠯᠠᠭ᠎ᠠ᠎ᠶᠢ ᠨᠥᠯᠥᠭᠡᠯᠡᠵᠦ ᠮᠡᠳᠡᠬᠦ ᠬᠡᠷᠡᠭ ᠶᠠᠪᠤᠳᠠᠯ᠎ᠳᠤ ᠴᠢᠭᠯᠡᠭᠦᠯᠦᠨ ᠲᠥᠪᠯᠡᠷᠡᠭᠦᠯᠦᠨ ᠦᠢᠯᠡᠳᠪᠦᠷᠢᠯᠡᠵᠦ ᠲᠣᠬᠢᠷᠠᠭᠤᠯᠬᠤ ᠬᠡᠷᠡᠭᠲᠡᠢ; ᠡᠨᠧᠷᠭᠢ᠎ᠶᠢᠨ ᠠᠵᠤ ᠠᠬᠤᠢᠯᠠᠯ᠎ᠤᠳ ᠲᠣᠰ ᠪᠡᠶ᠎ᠡ᠎ᠶᠢᠨ ᠪᠠᠴᠢᠮ ᠪᠠᠢᠳᠠᠯ᠎ᠢ ᠠᠷᠭᠠᠴᠠᠭᠠᠬᠤ ᠡᠳ᠋ ᠪᠠᠷᠠᠭ᠎ᠠ᠎ᠶᠢ ᠨᠥᠭᠡᠴᠡᠯᠡᠬᠦ ᠪᠠ ᠡᠨᠧᠷᠭᠢ᠎ᠶᠢ ᠤᠷᠢᠳᠴᠢᠯᠠᠨ ᠨᠥᠭᠡᠴᠡᠯᠡᠵᠦ ᠤᠷᠢᠳᠴᠢᠯᠠᠨ ᠪᠠᠢᠷᠢᠯᠠᠭᠤᠯᠬᠤ ᠴᠢᠳᠠᠪᠤᠷᠢ᠎ᠶᠢᠨ ᠪᠠᠢᠭᠤᠯᠤᠯᠲᠠ᠎ᠪᠠᠨ ᠴᠢᠩᠭᠠᠳᠬᠠᠵᠤ᠂ ᠡᠨᠧᠷᠭᠢ᠎ᠶᠢᠨ ᠬᠠᠳᠠᠭᠠᠯᠠᠯᠲᠠ᠎ᠶᠢ ᠬᠢᠨᠠᠨ ᠰᠢᠨᠵᠢᠬᠦ᠎ᠪᠡᠨ ᠴᠢᠩᠭᠠᠷᠠᠭᠤᠯᠤᠨ᠂ ᠪᠠᠴᠢᠮ ᠪᠠᠢᠳᠠᠯ᠎ᠢ ᠠᠷᠭᠠᠴᠠᠭᠠᠬᠤ ᠴᠢᠬᠤᠯᠠ ᠡᠳ᠋ ᠪᠠᠷᠠᠭ᠎ᠠ᠎ᠶᠢᠨ ᠭᠠᠷᠴᠠᠭ᠎ᠢ ᠪᠠᠢᠭᠤᠯᠵᠤ᠂ ᠪᠠᠴᠢᠮ ᠪᠠᠢᠳᠠᠯ᠎ᠢ ᠠᠷᠭᠠᠴᠠᠭᠠᠬᠤ ᠡᠳ᠋ ᠪᠠᠷᠠᠭ᠎ᠠ᠎ᠶᠢ ᠨᠥᠬᠥᠪᠦᠷᠢᠯᠡᠨ ᠰᠢᠨᠡᠳᠬᠡᠬᠦ ᠬᠠᠮᠢᠶ᠎ᠠ ᠪᠦᠬᠦᠢ ᠠᠵᠢᠯ᠎ᠤᠨ ᠲᠣᠭᠲᠠᠴᠠ᠎ᠶᠢ ᠲᠡᠭᠦᠯᠳᠡᠷᠵᠢᠭᠦᠯᠦᠨ᠂ ᠬᠡᠷᠡᠭᠰᠡᠬᠦ ᠡᠳ᠋ ᠪᠠᠷᠠᠭ᠎ᠠ᠎ᠶᠢ ᠴᠠᠭ ᠲᠤᠬᠠᠢ᠎ᠳᠤ ᠨᠢ ᠬᠠᠩᠭᠠᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃ 

6.4 ᠴᠢᠮᠡᠭᠡ ᠬᠣᠯᠪᠣᠭᠠᠨ᠎ᠤ ᠪᠠᠲᠤᠯᠠᠭ᠎ᠠ 

ᠪᠠᠴᠢᠮ ᠪᠠᠢᠳᠠᠯ᠎ᠢ ᠠᠷᠭᠠᠴᠠᠭᠠᠵᠤ ᠴᠤᠤᠷᠢᠶᠠᠲᠤᠨ ᠳᠠᠭᠠᠬᠤ ᠬᠤᠭᠤᠴᠠᠭᠠᠨ᠎ᠳᠤ᠂ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠠᠵᠢᠯ᠎ᠳᠤ ᠣᠷᠣᠯᠴᠠᠭᠰᠠᠨ ᠬᠠᠮᠢᠶ᠎ᠠ ᠪᠦᠬᠦᠢ ᠬᠥᠮᠥᠰ᠎ᠦᠨ ᠭᠠᠷ ᠤᠲᠠᠰᠤ ᠨᠢ 24 ᠴᠠᠭ᠎ᠢᠶᠠᠷ ᠰᠠᠭᠠᠳ ᠦᠭᠡᠢ ᠨᠡᠪᠲᠡᠷᠡᠬᠦ ᠬᠡᠷᠡᠭᠲᠡᠢ᠃ ᠴᠢᠬᠤᠯᠠᠲᠠᠢ ᠦᠶ᠎ᠡ᠎ᠳᠦ᠂ ᠴᠢᠮᠡᠭᠡ ᠬᠣᠯᠪᠣᠭᠠᠨ᠎ᠤ ᠬᠠᠮᠢᠶᠠᠷᠤᠯᠲᠠ᠂ ᠷᠠᠳᠢᠣ᠋ ᠲᠧᠯᠸᠢᠰ ᠵᠡᠷᠭᠡ ᠰᠠᠯᠠᠭ᠎ᠠ ᠮᠥᠴᠢᠷ ᠨᠢᠭᠡᠴᠢ᠎ᠡᠴᠡ ᠳᠡᠮᠵᠢᠯᠭᠡ ᠬᠠᠩᠭᠠᠵᠤ᠂ ᠴᠢᠮᠡᠭᠡ ᠬᠣᠯᠪᠣᠭᠠᠨ᠎ᠤ ᠰᠠᠭᠠᠳ ᠦᠭᠡᠢ ᠨᠡᠪᠲᠡᠷᠡᠬᠦ᠎ᠶᠢ ᠪᠠᠲᠤᠯᠠᠬᠤ ᠬᠡᠷᠡᠭᠲᠡᠢ᠃ 

6.5 ᠵᠠᠷᠤᠳᠠᠯ᠎ᠤᠨ ᠪᠠᠲᠤᠯᠠᠭ᠎ᠠ 

ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ᠎ᠳᠦ ᠬᠡᠷᠡᠭᠰᠡᠬᠦ ᠡᠳ᠋᠎ᠦᠨ ᠵᠠᠰᠠᠭ᠎ᠤᠨ ᠵᠠᠷᠤᠳᠠᠯ᠎ᠢ ᠡᠳ᠋᠎ᠦᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ᠎ᠶᠢᠨ ᠬᠠᠷᠢᠭᠤᠴᠠᠯᠭ᠎ᠠ ᠶᠣᠰᠣᠭᠠᠷ ᠬᠤᠪᠢᠶᠠᠷᠢᠯᠠᠵᠤ᠂ ᠱᠠᠲᠤ ᠬᠤᠪᠢᠶᠠᠨ ᠡᠭᠦᠷᠭᠡᠯᠡᠨ᠎ᠡ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠨᠢ ᠭᠡᠨᠡᠳᠲᠡ᠎ᠶᠢᠨ ᠬᠡᠷᠡᠭ᠎ᠤᠨ ᠡᠨᠧᠷᠭᠢ᠎ᠶᠢᠨ ᠬᠠᠩᠭᠠᠯᠭ᠎ᠠ᠎ᠶᠢᠨ ᠪᠠᠲᠤᠯᠠᠭ᠎ᠠ᠎ᠶᠢ ᠠᠷᠭᠠᠴᠠᠭᠠᠬᠤ ᠠᠵᠢᠯ᠎ᠳᠤ ᠬᠡᠷᠡᠭᠰᠡᠬᠦ ᠵᠠᠷᠤᠳᠠᠯ᠎ᠢ ᠲᠤᠰ ᠱᠠᠲᠤᠨ᠎ᠤ ᠡᠳ᠋᠎ᠦᠨ ᠵᠠᠰᠠᠭ᠎ᠤᠨ ᠲᠥᠰᠥᠪ᠎ᠲᠤ᠎ᠪᠠᠨ ᠣᠷᠣᠭᠤᠯᠬᠤ᠎ᠶᠢᠨ ᠬᠠᠮᠲᠤ ᠪᠡᠯᠡ ᠮᠥᠩᠭᠥ᠎ᠶᠢᠨ ᠬᠠᠮᠢᠶᠠᠷᠤᠯᠲᠠ᠎ᠪᠠᠨ ᠴᠢᠩᠭᠠᠳᠬᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠪᠠᠴᠢᠮ ᠪᠠᠢᠳᠠᠯ᠎ᠢ ᠠᠷᠭᠠᠴᠠᠭᠠᠵᠤ ᠴᠤᠤᠷᠢᠶᠠᠲᠤᠨ ᠳᠠᠭᠠᠬᠤ᠎ᠶᠢ ᠡᠬᠢᠯᠡᠭᠦᠯᠦᠭᠰᠡᠨ ᠪᠠᠢᠪᠠᠯ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠡᠴᠡ ᠴᠤᠤᠷᠢᠶᠠᠲᠤᠨ ᠳᠠᠭᠠᠬᠤ ᠲᠠᠰ᠂ ᠨᠥᠯᠥᠭᠡᠯᠡᠬᠦ ᠬᠡᠮᠵᠢᠶ᠎ᠡ᠂ ᠣᠷᠣᠨ ᠨᠤᠲᠤᠭ᠎ᠤᠨ ᠡᠳ᠋᠎ᠦᠨ ᠬᠦᠴᠦᠨ ᠵᠡᠷᠭᠡ᠎ᠶᠢ ᠦᠨᠳᠦᠰᠦᠯᠡᠨ ᠠᠢᠮᠠᠭ ᠬᠣᠲᠠ᠎ᠳᠤ ᠵᠣᠬᠢᠬᠤ ᠳᠡᠮᠵᠢᠯᠭᠡ ᠦᠵᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠪᠠᠴᠢᠮ ᠪᠠᠢᠳᠠᠯ᠎ᠢ ᠠᠷᠭᠠᠴᠠᠭᠠᠵᠤ ᠴᠤᠤᠷᠢᠶᠠᠲᠤᠨ ᠳᠠᠭᠠᠬᠤ᠎ᠶᠢ ᠡᠰᠡ ᠡᠬᠢᠯᠡᠭᠦᠯᠦᠭᠰᠡᠨ ᠪᠠᠢᠪᠠᠯ᠂ ᠠᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ᠋)᠎ᠤ ᠡᠳ᠋᠎ᠦᠨ ᠵᠠᠰᠠᠭ᠎ᠡᠴᠡ ᠬᠠᠮᠢᠶ᠎ᠠ ᠪᠦᠬᠦᠢ ᠵᠠᠷᠤᠳᠠᠯ᠎ᠤᠨ ᠪᠠᠲᠤᠯᠠᠭ᠎ᠠ᠎ᠶᠢ ᠬᠠᠷᠢᠭᠤᠴᠠᠨ᠎ᠠ᠃ 

7 ᠪᠡᠯᠡᠳᠬᠡᠯ ᠲᠥᠰᠥᠯ᠎ᠦᠨ ᠬᠠᠮᠢᠶᠠᠷᠤᠯᠲᠠ 

7.1 ᠪᠡᠯᠡᠳᠬᠡᠯ ᠲᠥᠰᠥᠯ᠎ᠢ ᠨᠠᠢᠷᠠᠭᠤᠯᠤᠨ ᠵᠣᠬᠢᠶᠠᠬᠤ ᠪᠠ ᠵᠣᠯᠭᠠᠭᠤᠯᠬᠤ 

ᠡᠯ᠎ᠡ ᠠᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ᠋) ᠨᠢ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠲᠣᠰ ᠭᠠᠵᠠᠷ ᠣᠷᠣᠨ᠎ᠤ᠎ᠪᠠᠨ ᠡᠨᠧᠷᠭᠢ᠎ᠶᠢᠨ ᠪᠠᠲᠤᠯᠠᠭ᠎ᠠ᠎ᠶᠢᠨ ᠬᠠᠩᠭᠠᠯᠭ᠎ᠠ᠎ᠶᠢᠨ ᠪᠡᠯᠡᠳᠬᠡᠯ ᠲᠥᠰᠥᠯ᠎ᠢ ᠨᠠᠢᠷᠠᠭᠤᠯᠤᠨ ᠵᠣᠬᠢᠶᠠᠵᠤ ᠵᠠᠰᠠᠪᠤᠷᠢ ᠣᠷᠣᠭᠤᠯᠤᠨ᠂ ᠲᠠᠰ ᠳᠠᠷᠠᠭᠠᠯᠠᠯ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠪᠠ ᠬᠡᠷᠡᠭᠵᠢᠭᠦᠯᠬᠦ ᠬᠡᠷᠡᠭᠲᠡᠢ; ᠡᠨᠧᠷᠭᠢ ᠦᠢᠯᠡᠳᠪᠦᠷᠢᠯᠡᠵᠦ ᠡᠵᠡᠩᠨᠡᠬᠦ᠂ ᠨᠥᠭᠡᠴᠡᠯᠡᠬᠦ᠂ ᠲᠡᠭᠡᠭᠡᠪᠦᠷᠢᠯᠡᠬᠦ ᠨᠢᠭᠡᠴᠢ ᠪᠠ ᠡᠨᠧᠷᠭᠢ ᠬᠡᠷᠡᠭᠯᠡᠬᠦ ᠭᠣᠣᠯᠳᠠᠯᠭ᠎ᠠ ᠪᠣᠯᠬᠤ ᠨᠢᠭᠡᠴᠢ᠎ᠨᠦᠭᠦᠳ ᠲᠤᠰ ᠨᠢᠭᠡᠴᠢ᠎ᠶᠢᠨ᠎ᠢᠶᠡᠨ ᠡᠨᠧᠷᠭᠢ ᠵᠢᠨ ᠬᠠᠩᠭᠠᠯᠭ᠎ᠠ᠎ᠶᠢᠨ ᠪᠠᠲᠤᠯᠠᠭ᠎ᠠ᠎ᠶᠢᠨ ᠪᠡᠯᠡᠳᠬᠡᠯ ᠲᠥᠰᠥᠯ᠎ᠢ ᠨᠠᠢᠷᠠᠭᠤᠯᠤᠨ ᠵᠣᠬᠢᠶᠠᠬᠤ᠎ᠶᠢ ᠵᠣᠬᠢᠶᠠᠨ ᠪᠠᠢᠭᠤᠯᠬᠤ᠎ᠶᠢᠨ ᠬᠠᠮᠲᠤ᠂ ᠪᠠᠢᠭ᠎ᠠ ᠭᠠᠵᠠᠷ᠎ᠤᠨ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠣᠬᠢᠶᠠᠨ ᠪᠠᠢᠭᠤᠯᠵᠤ ᠲᠣᠭᠲᠠᠭᠠᠭᠰᠠᠨ ᠬᠠᠮᠢᠶ᠎ᠠ ᠪᠦᠬᠦᠢ ᠪᠡᠯᠡᠳᠬᠡᠯ ᠲᠥᠰᠥᠯ ᠯᠦ᠍ᠭᠡ ᠵᠣᠯᠭᠠᠭᠤᠯᠬᠤ ᠬᠡᠷᠡᠭᠲᠡᠢ; ᠡᠯ᠎ᠡ ᠱᠠᠲᠤᠨ᠎ᠤ ᠡᠯ᠎ᠡ ᠲᠥᠷᠥᠯ᠎ᠦᠨ ᠡᠨᠧᠷᠭᠢ᠎ᠶᠢᠨ ᠪᠠᠲᠤᠯᠠᠭ᠎ᠠ ᠬᠠᠩᠭᠠᠯᠭ᠎ᠠ ᠪᠤᠶᠤ ᠨᠥᠭᠡᠴᠡᠯᠡᠵᠦ ᠰᠢᠯᠵᠢᠭᠦᠯᠦᠨ ᠬᠡᠷᠡᠭᠯᠡᠬᠦ ᠠᠵᠢᠯ᠎ᠤᠨ ᠪᠡᠯᠡᠳᠬᠡᠯ ᠲᠥᠰᠥᠯ᠂ ᠵᠢᠯᠤᠭᠣᠳᠬᠤ ᠪᠠᠢᠭᠤᠯᠤᠮᠵᠢ᠎ᠶᠢᠨ ᠪᠦᠷᠢᠯᠳᠦᠭᠦᠨ ᠨᠢᠭᠡᠴᠢ᠎ᠶᠢᠨ ᠬᠠᠮᠢᠶ᠎ᠠ ᠪᠦᠬᠦᠢ ᠭᠡᠨᠡᠳᠲᠡ᠎ᠶᠢᠨ ᠬᠡᠷᠡᠭ᠎ᠦᠨ ᠪᠠᠲᠤᠯᠠᠭ᠎ᠠ᠎ᠶᠢᠨ ᠪᠡᠯᠡᠳᠬᠡᠯ ᠲᠥᠰᠥᠯ᠎ᠢ ᠳᠡᠭᠡᠳᠦ ᠳᠣᠣᠷᠠᠳᠤ ᠱᠠᠲᠤ᠎ᠶᠢᠨ ᠬᠢᠨ᠎ᠢ ᠵᠣᠬᠢᠴᠠᠯᠳᠤᠭᠤᠯᠵᠤ᠂ ᠪᠦᠬᠦ ᠲᠠᠯ᠎ᠠ᠎ᠪᠡᠷ ᠵᠣᠯᠭᠠᠭᠤᠯᠤᠨ᠂ ᠰᠣᠯᠪᠢᠴᠠᠬᠤ᠎ᠶᠢ ᠰᠡᠷᠭᠡᠢᠯᠡᠨ᠂ ᠵᠥᠷᠢᠴᠡᠯ ᠲᠠᠢ ᠪᠠᠢᠬᠤ᠎ᠡᠴᠡ ᠵᠠᠢᠯᠠᠬᠤ ᠬᠡᠷᠡᠭᠲᠡᠢ᠃ 

7.2 ᠪᠡᠯᠡᠳᠬᠡᠯ ᠲᠥᠰᠥᠯ᠎ᠦᠨ ᠰᠣᠷᠢᠯᠲᠠ 

ᠡᠯ᠎ᠡ ᠱᠠᠲᠤᠨ᠎ᠤ ᠡᠨᠧᠷᠭᠢ᠎ᠶᠢᠨ ᠬᠠᠩᠭᠠᠯᠭ᠎ᠠ᠎ᠶᠢᠨ ᠪᠠᠲᠤᠯᠠᠭ᠎ᠠ᠎ᠶᠢᠨ ᠪᠠᠴᠢᠮ ᠪᠠᠢᠳᠠᠯ᠎ᠢ ᠠᠷᠭᠠᠴᠠᠭᠠᠬᠤ ᠠᠵᠢᠯ᠎ᠤᠨ ᠵᠢᠯᠤᠭᠣᠳᠬᠤ ᠪᠠᠢᠭᠤᠯᠤᠮᠵᠢ ᠨᠢ ᠪᠠᠴᠢᠮ ᠪᠠᠢᠳᠠᠯ᠎ᠢ ᠠᠷᠭᠠᠴᠠᠭᠠᠬᠤ ᠪᠠᠲᠤᠯᠠᠭ᠎ᠠ ᠬᠠᠩᠭᠠᠯᠭ᠎ᠠ᠎ᠶᠢᠨ ᠰᠣᠷᠢᠯᠲᠠ᠎ᠶᠢᠨ ᠲᠥᠯᠥᠪᠯᠡᠭᠡ᠎ᠶᠢ ᠲᠣᠭᠲᠠᠭᠠᠬᠤ᠎ᠶᠢᠨ ᠬᠠᠮᠲᠤ ᠰᠣᠷᠢᠯᠲᠠ ᠬᠢᠬᠦ᠎ᠶᠢ ᠲᠣᠭᠲᠠᠮᠠᠯ ᠬᠤᠭᠤᠴᠠᠭ᠎ᠠ ᠲᠠᠢ᠎ᠪᠠᠷ ᠵᠣᠬᠢᠶᠠᠨ ᠪᠠᠢᠭᠤᠯᠬᠤ ᠬᠡᠷᠡᠭᠲᠡᠢ; ᠡᠯ᠎ᠡ ᠭᠠᠵᠠᠷ ᠣᠷᠣᠨ ᠡᠯ᠎ᠡ ᠨᠢᠭᠡᠴᠢ ᠨᠢ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ᠂ ᠬᠠᠮᠢᠶ᠎ᠠ ᠪᠦᠬᠦᠢ ᠰᠣᠷᠢᠯᠲᠠ᠎ᠶᠢ ᠲᠥᠯᠥᠪᠯᠡᠭᠡ᠎ᠲᠠᠢ ᠴᠢᠭᠯᠡᠭᠦᠯᠬᠦ ᠴᠢᠨᠠᠷᠲᠠᠢ᠎ᠪᠠᠷ ᠵᠣᠬᠢᠶᠠᠨ ᠪᠠᠢᠭᠤᠯᠤᠨ ᠥᠷᠨᠢᠭᠦᠯᠬᠦ ᠬᠡᠷᠡᠭᠲᠡᠢ᠃ ᠡᠯ᠎ᠡ ᠱᠠᠲᠤᠨ᠎ᠤ ᠡᠨᠧᠷᠭᠢ᠎ᠶᠢᠨ ᠬᠠᠩᠭᠠᠯᠭ᠎ᠠ᠎ᠶᠢᠨ ᠪᠠᠲᠤᠯᠠᠭ᠎ᠠ᠎ᠶᠢᠨ ᠪᠡᠯᠡᠳᠬᠡᠯ ᠲᠥᠰᠥᠯ᠎ᠢ ᠨᠠᠭᠠᠲᠤ ᠵᠠᠬ᠎ᠠ᠎ᠳᠤ᠎ᠪᠠᠨ 3 ᠵᠢᠯ᠎ᠳᠦ ᠨᠢᠭᠡ ᠤᠳᠠᠭ᠎ᠠ ᠰᠣᠷᠢᠵᠤ᠂ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ᠎ᠠᠴᠠ ᠠᠰᠲᠠᠭᠠᠨ ᠲᠣᠭᠲᠠᠭᠠᠯ᠎ᠲᠠᠢ ᠪᠣᠯ ᠲᠡᠷᠡ ᠬᠦ᠌ ᠲᠣᠭᠲᠠᠭᠠᠯ᠎ᠢᠶᠠᠷ ᠬᠡᠷᠡᠭᠵᠢᠭᠦᠯᠦᠨ᠎ᠡ᠃ 

7.3 ᠪᠡᠯᠡᠳᠬᠡᠯ ᠲᠥᠰᠥᠯ᠎ᠢ ᠦᠨᠡᠯᠡᠨ ᠵᠢᠱ᠌ᠢᠬᠦ ᠪᠠ ᠵᠠᠰᠠᠪᠤᠷᠢ ᠣᠷᠣᠭᠤᠯᠬᠤ 

ᠡᠯ᠎ᠡ ᠱᠠᠲᠤᠨ᠎ᠤ ᠡᠨᠧᠷᠭᠢ᠎ᠶᠢᠨ ᠬᠠᠩᠭᠠᠯᠭ᠎ᠠ᠎ᠶᠢᠨ ᠪᠠᠲᠤᠯᠠᠭ᠎ᠠ᠎ᠶᠢᠨ ᠪᠠᠴᠢᠮ ᠪᠠᠢᠳᠠᠯ᠎ᠢ ᠠᠷᠭᠠᠴᠠᠭᠠᠬᠤ ᠠᠵᠢᠯ᠎ᠤᠨ ᠵᠢᠯᠤᠭᠣᠳᠬᠤ ᠪᠠᠢᠭᠤᠯᠤᠮᠵᠢ ᠨᠢ ᠪᠡᠯᠡᠳᠬᠡᠯ ᠲᠥᠰᠥᠯ᠎ᠦᠨ ᠬᠥᠳᠡᠯᠦᠩᠭᠦᠢ ᠬᠠᠮᠢᠶᠠᠷᠤᠯᠲᠠ᠎ᠶᠢ ᠴᠢᠩᠭᠠᠳᠬᠠᠵᠤ᠂ ᠰᠢᠢᠳᠪᠦᠷᠢᠯᠡᠵᠦ ᠠᠷᠭᠠᠴᠠᠭᠠᠭᠰᠠᠨ ᠪᠠ ᠰᠣᠷᠢᠯᠲᠠ᠎ᠶᠢᠨ ᠦᠨᠡᠯᠡᠨ ᠵᠢᠱ᠌ᠢᠭᠰᠡᠨ ᠦᠷ᠎ᠡ ᠳ᠋ᠦᠩ᠎ᠢ ᠦᠨᠳᠦᠰᠦᠯᠡᠨ᠂ ᠬᠠᠮᠢᠶ᠎ᠠ ᠪᠦᠬᠦᠢ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠬᠡᠯ ᠲᠥᠰᠥᠯ᠎ᠳᠦ ᠦᠨᠡᠯᠡᠨ ᠵᠢᠱ᠌ᠢᠯᠲᠡ ᠬᠢᠬᠦ ᠪᠠ ᠵᠠᠰᠠᠪᠤᠷᠢ ᠣᠷᠣᠭᠤᠯᠬᠤ᠎ᠶᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠢᠭᠤᠯᠵᠤ᠂ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠬᠡᠯ ᠲᠥᠰᠥᠯ᠎ᠦᠨ ᠴᠢᠭᠯᠡᠭᠦᠯᠦᠯᠲᠦ ᠴᠢᠨᠠᠷ᠂ ᠬᠡᠷᠡᠭᠯᠡᠭᠡᠨ᠎ᠦ ᠴᠢᠨᠠᠷ ᠪᠠ ᠬᠡᠷᠡᠭᠵᠢᠭᠦᠯᠵᠦ ᠪᠣᠯᠬᠤᠢᠴᠠ ᠴᠢᠨᠠᠷ᠎ᠢ ᠴᠢᠩᠭᠠᠷᠠᠭᠤᠯᠬᠤ ᠬᠡᠷᠡᠭᠲᠡᠢ᠃ 

7.4 ᠤᠬᠠᠭᠤᠯᠭ᠎ᠠ ᠬᠢᠭᠡᠳ ᠪᠣᠯᠪᠠᠰᠤᠷᠠᠯ 

ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠨᠢ ᠲᠤᠰ ᠭᠠᠵᠠᠷ ᠣᠷᠣᠨ᠎ᠤ ᠪᠡᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠪᠡᠯᠡᠳᠬᠡᠯ ᠲᠥᠰᠥᠯ᠎ᠤᠨ ᠤᠬᠠᠭᠤᠯᠭ᠎ᠠ ᠪᠠ ᠪᠣᠯᠪᠠᠰᠤᠷᠠᠯ᠎ᠢ ᠴᠢᠩᠭᠠᠳᠬᠠᠬᠤ ᠬᠡᠷᠡᠭᠲᠡᠢ᠃ ᠪᠡᠯᠡᠳᠬᠡᠯ ᠲᠥᠰᠥᠯ᠎ᠢ ᠨᠡᠢᠲᠡᠯᠡᠭᠰᠡᠨ᠎ᠦ ᠳᠠᠷᠠᠭ᠎ᠠ᠂ ᠲᠦᠷᠦᠭᠦᠯᠡᠵᠦ ᠨᠠᠢᠷᠠᠭᠤᠯᠤᠨ ᠵᠣᠬᠢᠶᠠᠭᠰᠠᠨ ᠨᠢᠭᠡᠴᠢ ᠨᠢ ᠲᠠᠢᠯᠤᠮᠵᠢ ᠬᠢᠬᠦ ᠠᠵᠢᠯ᠎ᠢ ᠰᠠᠢᠲᠤᠷ ᠬᠢᠵᠦ᠂ ᠡᠯ᠎ᠡ ᠱᠠᠲᠤᠨ᠎ᠤ ᠵᠢᠯᠤᠭᠣᠳᠬᠤ ᠪᠠᠢᠭᠤᠯᠤᠮᠵᠢ᠎ᠶᠢᠨ ᠪᠦᠷᠢᠯᠳᠦᠭᠦᠨ ᠨᠢᠭᠡᠴᠢ ᠨᠢ ᠪᠣᠯᠪᠠᠰᠤᠷᠠᠯ᠎ᠤᠨ ᠮᠠᠲᠧᠷᠢᠶᠠᠯ᠎ᠢ ᠨᠠᠢᠷᠠᠭᠤᠯᠤᠨ ᠲᠠᠷᠬᠠᠭᠠᠬᠤ᠂ ᠪᠣᠯᠪᠠᠰᠤᠷᠠᠯ᠎ᠤᠨ ᠠᠩᠭᠢ ᠡᠷᠭᠢᠯᠡᠬᠦ᠂ ᠠᠵᠢᠯ ᠰᠤᠳᠤᠯᠤᠨ ᠶᠠᠷᠢᠯᠴᠠᠬᠤ᠎ᠶᠢ ᠥᠷᠨᠢᠭᠦᠯᠬᠦ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ᠂ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠬᠡᠯ ᠲᠥᠰᠥᠯ᠎ᠢ ᠬᠡᠷᠡᠭᠵᠢᠭᠦᠯᠬᠦ ᠯᠦ᠍ᠭᠡ ᠬᠣᠯᠪᠣᠭᠳᠠᠬᠤ ᠠᠵᠢᠯᠲᠠᠨ᠂ ᠨᠢᠭᠡᠴᠢ᠎ᠳᠦ ᠪᠣᠯᠪᠠᠰᠤᠷᠠᠯ ᠬᠢᠬᠦ ᠬᠡᠷᠡᠭᠲᠡᠢ᠃ 

7.5 ᠬᠠᠷᠢᠭᠤᠴᠠᠯᠭ᠎ᠠ ᠬᠢᠭᠡᠳ ᠱᠠᠩᠨᠠᠵᠤ ᠲᠣᠷᠭᠠᠬᠤ 

ᠭᠡᠨᠡᠳᠲᠡ᠎ᠶᠢᠨ ᠬᠡᠷᠡᠭ᠎ᠦᠨ ᠡᠨᠧᠷᠭᠢ᠎ᠶᠢᠨ ᠬᠠᠩᠭᠠᠯᠭ᠎ᠠ᠎ᠶᠢ ᠪᠠᠲᠤᠯᠠᠬᠤ ᠠᠵᠢᠯ᠎ᠤᠨ ᠳᠤᠮᠳᠠ ᠲᠣᠪᠣᠢᠮ᠎ᠠ ᠬᠤᠪᠢ ᠨᠡᠮᠡᠷᠢ ᠦᠵᠡᠭᠦᠯᠦᠭᠰᠡᠨ ᠬᠠᠮᠲᠤ ᠨᠡᠢᠲᠡ ᠪᠠ ᠬᠤᠪᠢ ᠬᠥᠮᠥᠨ᠎ᠢ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠨ᠎ᠠ; ᠠᠵᠢᠯᠯᠠᠭᠰᠠᠨ᠎ᠢᠶᠠᠷ ᠬᠦᠷᠦᠯᠴᠡᠬᠦ ᠦᠭᠡᠢ᠂ ᠲᠤᠰᠢᠶᠠᠯ᠎ᠳᠤ᠎ᠪᠠᠨ ᠣᠰᠣᠯᠳᠠᠵᠤ ᠬᠠᠷᠢᠭᠤᠴᠠᠯᠭ᠎ᠠ ᠠᠯᠳᠠᠭᠰᠠᠨ᠎ᠠᠴᠠ ᠪᠣᠯᠵᠤ ᠬᠣᠬᠢᠷᠠᠯ ᠤᠴᠠᠷᠠᠭᠤᠯᠤᠭᠰᠠᠨ᠂ ᠴᠢᠬᠤᠯᠠ ᠮᠡᠳᠡᠭᠡ ᠵᠠᠩᠭᠢ᠎ᠶᠢ ᠤᠳᠠᠭᠠᠰᠢᠷᠠᠭᠤᠯᠤᠨ ᠮᠡᠳᠡᠭᠦᠯᠦᠭᠰᠡᠨ᠂ ᠣᠷᠬᠢᠭ᠍ᠳᠠᠭᠤᠯᠤᠨ ᠮᠡᠳᠡᠭᠦᠯᠦᠭᠰᠡᠨ᠂ ᠬᠤᠳᠠᠯ᠎ᠢᠶᠠᠷ ᠮᠡᠳᠡᠭᠦᠯᠦᠭᠰᠡᠨ ᠪᠠ ᠮᠡᠳᠡᠭᠦᠯᠬᠦ ᠦᠭᠡᠢ ᠨᠢᠭᠤᠭᠰᠠᠨ ᠡᠰᠡᠬᠦᠯ᠎ᠡ ᠬᠠᠤᠯᠢ ᠲᠣᠭᠲᠠᠭᠠᠯ᠎ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠎ᠲᠠᠢ ᠪᠠᠢᠪᠠᠯ᠂ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ 

7.6 ᠲᠣᠭᠲᠠᠭᠠᠬᠤ ᠪᠠ ᠲᠠᠢᠯᠪᠤᠷᠢᠯᠠᠬᠤ ᠰᠠᠯᠠᠭ᠎ᠠ ᠮᠥᠴᠢᠷ 

ᠲᠣᠰ ᠪᠡᠯᠡᠳᠬᠡᠯ ᠲᠥᠰᠥᠯ᠎ᠢ ᠬᠡᠷᠡᠭᠵᠢᠭᠦᠯᠬᠦ ᠶᠠᠪᠤᠴᠠ᠎ᠳᠠᠬᠢ ᠪᠣᠳᠠᠲᠠᠢ ᠠᠰᠠᠭᠤᠳᠠᠯ᠎ᠢ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ᠎ᠡᠴᠡ ᠬᠠᠷᠢᠭᠤᠴᠠᠨ ᠲᠠᠢᠯᠪᠤᠷᠢᠯᠠᠨ᠎ᠠ᠃ 

7.7 ᠪᠡᠯᠡᠳᠬᠡᠯ ᠲᠥᠰᠥᠯ᠎ᠢ ᠬᠡᠷᠡᠭᠵᠢᠭᠦᠯᠬᠦ ᠪᠠ ᠬᠦᠴᠦᠨ᠎ᠲᠠᠢ ᠪᠣᠯᠬᠤ 

ᠲᠤᠰ ᠪᠡᠯᠡᠳᠬᠡᠯ ᠲᠥᠰᠥᠯ᠎ᠢ ᠳᠠᠷᠤᠮᠠᠯᠯᠠᠨ ᠲᠠᠷᠬᠠᠭᠠᠭᠰᠠᠨ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃ 

 

ᠳᠠᠭᠠᠯᠳᠤᠭᠤᠯᠤᠯ᠄

1. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠡᠨᠡᠳᠲᠡ᠎ᠶᠢᠨ ᠬᠡᠷᠡᠭ᠎ᠦᠨ ᠡᠯ᠎ᠡ ᠲᠦᠷᠦᠯ᠎ᠦᠨ ᠡᠨᠧᠷᠬᠢ᠎ᠶᠢᠨ ᠬᠠᠩᠭᠠᠯᠭ᠎ᠠ᠎ᠶᠢᠨ ᠪᠠᠲᠤᠯᠠᠭ᠎ᠠ᠎ᠶᠢᠨ ᠪᠠᠴᠢᠮ ᠪᠠᠢᠳᠠᠯ᠎ᠢ ᠠᠷᠭᠠᠴᠠᠭᠠᠵᠤ ᠰᠢᠢᠳᠪᠦᠷᠢᠯᠡᠬᠦ ᠠᠷᠭ᠎ᠠ ᠬᠡᠮᠵᠢᠶ᠎ᠡ

2.ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠡᠨᠡᠳᠲᠡ᠎ᠶᠢᠨ ᠬᠡᠷᠡᠭ᠎ᠦᠨ ᠡᠨᠧᠷᠬᠢ᠎ᠶᠢᠨ ᠬᠠᠩᠭᠠᠯᠭ᠎ᠠ᠎ᠶᠢᠨ ᠪᠠᠲᠤᠯᠠᠭ᠎ᠠ᠎ᠶᠢᠨ ᠴᠤᠤᠷᠢᠶᠠᠲᠤᠨ ᠳᠠᠭᠠᠬᠤ ᠴᠤᠪᠤᠷᠠᠯ᠎ᠤᠨ ᠵᠢᠷᠤᠭ

3. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠡᠨᠡᠳᠲᠡ᠎ᠶᠢᠨ ᠬᠡᠷᠡᠭ᠎ᠦᠨ ᠡᠨᠧᠷᠬᠢ᠎ᠶᠢᠨ ᠬᠠᠩᠭᠠᠯᠭ᠎ᠠ᠎ᠶᠢᠨ ᠪᠠᠲᠤᠯᠠᠭ᠎ᠠ᠎ᠶᠢᠨ ᠪᠠᠴᠢᠮ ᠪᠠᠢᠳᠠᠯ᠎ᠢ ᠠᠷᠭᠠᠴᠠᠭᠠᠬᠤ ᠠᠵᠢᠯ᠎ᠤᠨ ᠵᠢᠯᠤᠭᠣᠳᠬᠤ ᠲᠣᠭᠲᠠᠯᠴᠠᠭ᠎ᠠ

4. ᠡᠨᠧᠷᠬᠢ᠎ᠶᠢᠨ ᠬᠠᠩᠭᠠᠯᠭ᠎ᠠ ᠬᠣᠮᠰᠠᠳᠠᠬᠤ ᠰᠢᠨᠵᠢ ᠲᠡᠮᠳᠡᠭ᠎ᠢ ᠢᠯᠭᠠᠨ ᠲᠣᠳᠣᠯᠠᠬᠤ᠎ᠳᠤ ᠯᠠᠪᠯᠠᠯᠲᠠ ᠪᠣᠯᠭᠠᠬᠤ ᠪᠠᠷᠢᠮᠵᠢᠶ᠎ᠠ

 

 

[ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠫᠣᠷᠲᠧᠯ ᠰᠦᠯᠵᠢᠶᠡᠨ ᠥᠷᠲᠡᠭᠡ᠎ᠶᠢᠨ ᠵᠠᠰᠠᠭ᠎ᠤᠨ ᠣᠷᠳᠣᠨ᠎ᠤ ᠠᠯᠪᠠᠨ ᠮᠡᠳᠡᠭᠡ (ᠬᠢᠲᠠᠳ ᠬᠡᠪᠯᠡᠯ)᠎ᠶᠢᠨ ᠲᠤᠰᠬᠠᠢ ᠪᠤᠯᠤᠩ᠎ᠳᠤ ᠲᠤᠰ ᠪᠢᠴᠢᠭ ᠮᠠᠲᠧᠷᠢᠶᠠᠯ᠎ᠤᠨ ᠡᠯᠧᠺᠲᠷᠣᠨ ᠬᠡᠪᠯᠡᠯ᠎ᠦᠨ ᠪᠦᠬᠦ ᠠᠭᠤᠯᠭ᠎ᠠ᠎ᠶᠢ ᠨᠡᠢᠲᠡᠯᠡᠪᠡ᠂ ᠡᠨᠳᠡ ᠳᠠᠭᠠᠯᠳᠤᠭᠤᠯᠤᠯ᠎ᠢ ᠲᠣᠪᠴᠢᠯᠠᠪᠠ]

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ
Baidu
map