5 ᠰᠠᠷ᠎ᠠ ᠵᠢᠨ18᠎ᠤ ᠡᠳᠦᠷ᠂ ᠲᠣᠰ ᠭᠠᠵᠠᠷ᠎ᠲᠠᠭᠠᠨ ᠦᠢ᠍ᠯᠡᠳᠦᠭᠰᠡᠨ ᠨᠢᠭᠡ ᠪᠦᠯᠦᠭ ᠰᠠᠯᠬᠢᠨ ᠬᠦᠴᠦᠨ᠎ᠤ ᠴᠠᠬᠢᠯᠭ᠋ᠠᠨ᠎ᠤ ᠲᠤᠨᠤᠭᠯᠠᠯᠤᠳᠢ ᠵᠠᠯᠭ᠋ᠠᠭ᠎ᠠ᠎ᠪᠠᠷ ᠲᠡᠷᠭᠡᠨ᠎ᠳᠤ ᠠᠴᠢᠶᠠᠯᠠᠨ ᠲᠡᠭᠡᠭᠡᠪᠤᠷᠢᠯᠡᠵᠤ᠂ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ᠎ᠶᠢᠨ ᠨᠢᠭᠡᠳᠦᠭᠡᠷ ᠹᠷᠣᠨᠲ᠎ᠲᠤ ᠬᠦᠷᠬᠦ᠎ᠶᠢ ᠳᠠᠭ᠋ᠠᠯᠳᠤᠨ᠂ ᠥᠪᠥᠷ ᠮᠣᠩᠭᠤᠯ᠎ᠤᠨ ᠴᠠᠬᠠᠷ ᠰᠢᠨ᠎ᠡ ᠡᠨᠧᠷᠭᠢ᠎ᠶᠢᠨ ᠬᠢᠵᠠᠭ᠋ᠠᠷᠲᠤ ᠺᠣᠮᠫᠠᠨᠢ᠎ᠠᠴᠠ ᠪᠠᠯᠠ ᠣᠷᠣᠭᠤᠯᠤᠨ ᠪᠥᠲᠥᠭᠡᠨ ᠪᠠᠶ᠋ᠢᠭᠤᠯᠤᠭᠰᠠᠨ ᠤᠯᠠᠭ᠋ᠠᠨᠴᠠᠪ᠎ᠤᠨ 600 ᠲᠦᠮᠡᠨ ᠺᠢᠯᠣᠸᠠᠲ᠎ᠤᠨ ᠰᠠᠯᠬᠢᠨ ᠬᠦᠴᠦᠨ᠎ᠤ ᠴᠠᠬᠢᠯᠭ᠋ᠠᠨ᠎ᠤ ᠰᠠᠭᠤᠷᠢᠨ ᠭᠠᠵᠠᠷ᠎ᠤᠨ ᠬᠤᠶᠠᠳᠤᠭ᠋ᠠᠷ ᠪᠦᠯᠦᠭ᠎ᠤᠨ 120 ᠲᠦᠮᠡᠨ ᠺᠢᠯᠣᠸᠠᠲ᠎ᠤᠨ ᠲᠥᠷᠥᠯ ᠵᠦᠢ᠍ᠯ ᠪᠥᠬᠦ ᠬᠤᠷᠳᠤᠴᠠ᠎ᠪᠠᠷ ᠪᠥᠲᠥᠭᠡᠨ ᠪᠠᠢᠭᠤᠯᠬᠤ ᠰᠢᠨ᠎ᠡ ᠱᠠᠲᠤᠨ᠎ᠳᠤ ᠵᠢᠩᠬᠢᠨᠢ᠎ᠪᠠᠷ ᠣᠷᠣᠪᠠ᠃
ᠤᠯᠠᠭ᠋ᠠᠨᠴᠠᠪ᠎ᠤᠨ 600 ᠲᠦᠮᠡᠨ ᠺᠢᠯᠣᠸᠠᠲ᠎ᠤᠨ ᠰᠠᠯᠬᠢᠨ ᠬᠦᠴᠦᠨ᠎ᠤ ᠴᠠᠬᠢᠯᠭ᠋ᠠᠨ᠎ᠤ ᠰᠠᠭᠤᠷᠢᠨ ᠭᠠᠵᠠᠷ ᠪᠣᠯ ᠤᠯᠤᠰ᠎ᠤᠨ ᠡᠨᠧᠷᠭᠢ᠎ᠶᠢᠨ ᠲᠤᠪᠴᠢᠶᠠᠨ᠎ᠤ ᠴᠤᠬᠤᠯᠠᠪᠤᠷᠢᠯᠠᠨ ᠬᠠᠷᠢᠭᠤᠯᠤᠭᠰᠠᠨ ᠠᠩᠬᠠᠳᠠᠭᠴᠢ ᠲᠥᠪᠯᠡᠷᠡᠭᠦᠯᠦᠨ ᠨᠡᠬᠡᠬᠡᠨ ᠬᠦᠭᠵᠢᠬᠦᠯᠦᠭᠰᠡᠨ ᠶᠡᠭᠡ ᠬᠡᠪᠴᠢᠶᠡᠨ᠎ᠤ ᠡᠩ᠎ᠤᠨ ᠦᠨ᠎ᠡ᠎ᠪᠠᠷ ᠲᠣᠣᠷ᠎ᠲᠤ ᠭᠠᠷᠭ᠋ᠠᠬᠤ ᠵᠢᠱ᠌ᠢᠶ᠎ᠡ ᠦᠵᠡᠭᠦᠯᠬᠦ ᠲᠥᠷᠥᠯ ᠵᠦᠢ᠍ᠯ ᠪᠣᠯᠤᠨ᠎ᠠ᠃ ᠲᠥᠷᠥᠯ ᠵᠦᠢ᠍ᠯ᠎ᠨᠢ ᠳᠥᠷᠪᠡᠳ ᠬᠤᠰᠢᠭᠤᠨ᠎ᠤ ᠥᠷᠭᠡᠨ ᠠᠭᠤᠳᠠᠮ ᠲᠠᠯ᠎ᠠ ᠨᠤᠲᠤᠭ᠎ᠲᠤ ᠪᠠᠶ᠋ᠢᠷᠢᠯᠠᠵᠤ᠂ ᠣᠷᠣᠨ ᠪᠦᠰᠡ᠎ᠶᠢᠨ ᠰᠠᠯᠬᠢᠨ᠎ᠤ ᠡᠨᠧᠷᠭᠢ᠎ᠶᠢᠨ ᠡᠬᠢ ᠪᠠᠶᠠᠯᠢᠭ ᠡᠯᠪᠡᠭ ᠳᠡᠯᠪᠡᠭ᠂ ᠰᠠᠯᠬᠢᠨ᠎ᠤ ᠪᠠᠶ᠋ᠢᠳᠠᠯ ᠰᠢᠯᠢᠳᠡᠭ ᠰᠠᠶ᠋ᠢᠨ ᠪᠠᠶ᠋ᠢᠭ᠋ᠠᠯᠢ᠎ᠶᠢᠨ ᠳᠠᠪᠠᠭᠤᠯᠢᠭ᠎ᠲᠤ ᠲᠦᠰᠢᠭᠯᠡᠨ᠂ ᠲᠦᠷᠦᠬᠦᠦ ᠪᠦᠯᠦᠭ᠎ᠤᠨ 120 ᠲᠦᠮᠡᠨ ᠺᠢᠯᠣᠸᠠᠲ᠎ᠤᠨ ᠲᠥᠷᠥᠯ ᠵᠦᠢ᠍ᠯ᠎ᠢ ᠨᠢᠭᠡᠨᠳᠡ ᠪᠠᠢ᠌ᠭᠤᠯᠪᠠ᠃ ᠲᠦᠷᠦᠭᠦᠤ ᠪᠦᠯᠦᠭ᠎ᠤᠨ ᠲᠥᠷᠥᠯ ᠵᠦᠢ᠍ᠯ᠎ᠢ 2023 ᠣᠨ᠎ᠤ ᠰᠡᠭᠦᠯᠴᠢ᠎ᠪᠠᠷ ᠠᠰᠢᠭᠯᠠᠯᠲᠠ᠎ᠳᠤ ᠣᠷᠣᠭᠤᠯᠤᠭᠰᠠᠨ᠎ᠠᠴᠠ ᠨᠠᠭᠠᠰᠢ᠂ ᠨᠡᠶ᠋ᠢᠲᠡ 84 ᠳ᠋ᠦᠩᠰᠢᠭᠤᠷ ᠺᠢᠯᠣᠸᠠᠲ ᠴᠠᠭ ᠴᠠᠬᠢᠯᠭ᠋ᠠᠨ ᠭᠠᠷᠭ᠋ᠠᠵᠤ᠂ 253 ᠲᠦᠮᠡᠨ ᠲᠣᠨ ᠪᠠᠷᠢᠮᠵᠢᠶᠠᠲᠤ ᠨᠡᠭᠦᠷᠡᠰᠦ᠎ᠶᠢ ᠠᠷᠪᠢᠯᠠᠵᠤ᠂ 658 ᠲᠦᠮᠡᠨ ᠲᠣᠨ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠳᠠ᠎ᠶᠢ ᠪᠠᠭ᠋ᠠᠰᠬᠠᠵᠤ᠂ ᠢᠵᠢ ᠪᠥᠷᠢᠳᠦᠭᠦᠯᠦᠭᠰᠡᠨ ᠡᠨᠧᠷᠭᠢ ᠬᠠᠳᠠᠭ᠋ᠠᠯᠠᠬᠤ ᠲᠥᠷᠥᠯ ᠵᠦᠢ᠍ᠯ᠎ᠤᠨ ᠰᠠᠯᠬᠢᠨ᠎ᠤ ᠬᠦᠴᠦᠨ᠎ᠤ ᠴᠠᠬᠢᠯᠭ᠋ᠠᠨ᠎ᠤ ᠬᠡᠮᠵᠢᠶ᠎ᠡ᠎ᠶᠢ 1.2 ᠳ᠋ᠦᠩᠰᠢᠭᠤᠷ ᠺᠢᠯᠣᠸᠠᠲ ᠴᠠᠭ ᠰᠢᠬᠠᠮ ᠡᠭᠡᠭᠦᠯᠦᠨ ᠠᠪᠴᠢᠷᠠᠪᠠ᠃
ᠣᠳᠣᠬᠠᠨ᠎ᠳᠤ ᠪᠥᠬᠦ ᠬᠤᠷᠳᠤᠴᠠ᠎ᠪᠠᠷ ᠪᠥᠲᠥᠭᠡᠨ ᠪᠠᠢ᠌ᠭᠤᠯᠵᠤ ᠪᠠᠢ᠌ᠭ᠎ᠠ ᠬᠤᠶᠠᠳᠤᠭ᠋ᠠᠷ ᠪᠦᠯᠦᠭ᠎ᠤᠨ 120 ᠲᠦᠮᠡᠨ ᠺᠢᠯᠣᠸᠠᠲ᠎ᠤᠨ ᠲᠥᠷᠥᠯ ᠵᠦᠢ᠍ᠯ ᠪᠣᠯ ᠪᠦᠬᠦ᠋ᠢ᠍ᠯᠡ 600 ᠲᠦᠮᠡᠨ ᠺᠢᠯᠣᠸᠠᠲ᠎ᠤᠨ ᠰᠠᠯᠬᠢᠨ ᠬᠦᠴᠦᠨ᠎ᠤ ᠴᠠᠬᠢᠯᠭ᠋ᠠᠨ᠎ᠤ ᠰᠠᠭᠤᠷᠢᠨ ᠭᠠᠵᠠᠷ᠎ᠤᠨ ᠴᠢᠬᠤᠯᠠ ᠪᠦᠷᠢᠯᠳᠦᠬᠦᠨ ᠬᠡᠰᠡᠭ ᠪᠣᠯᠣᠨ᠎ᠠ᠂ ᠮᠦᠨᠴᠦ ᠪᠣᠬᠢᠷᠲᠤᠯ ᠥᠬᠡᠶ ᠴᠠᠬᠢᠯᠭ᠋ᠠᠨ ᠡᠨᠧᠷᠭᠢ᠎ᠶᠢᠨ ᠬᠡᠪᠴᠢᠶᠡᠵᠢᠭᠰᠡᠨ ᠬᠠᠩᠭ᠋ᠠᠯᠭ᠎ᠠ᠎ᠶᠢ ᠨᠡᠪᠲᠡᠷᠡᠭᠦᠯᠬᠦ᠂ ᠪᠣᠳᠣᠯᠭ᠎ᠠ᠎ᠶᠢᠨ ᠬᠦᠴᠦᠨ᠎ᠤ ᠠᠵᠤ ᠦᠢ᠍ᠯᠡᠰ᠎ᠤᠨ ᠬᠥᠭᠵᠢᠯᠲᠡ᠎ᠳᠤ ᠬᠦᠴᠦᠨ ᠴᠢᠳᠠᠮᠵᠢ ᠣᠯᠭᠤᠬᠤ ᠵᠠᠩᠭᠢᠯᠠᠭ᠎ᠠ᠎ᠶᠢᠨ ᠠᠴᠢᠶᠠᠯᠠᠪᠤᠷᠢ ᠪᠣᠯᠣᠨ᠎ᠠ᠃ ᠲᠤᠰ ᠲᠥᠷᠥᠯ ᠵᠦᠢ᠍ᠯ᠎ᠨᠢ ᠲᠦᠷᠦᠭᠦᠤ ᠪᠦᠯᠦᠭ᠎ᠤᠨ 120 ᠲᠦᠮᠡᠨ ᠺᠢᠯᠣᠸᠠᠲ᠎ᠤᠨ ᠲᠥᠷᠥᠯ ᠵᠦᠢ᠍ᠯ᠎ᠤᠨ ᠲᠠᠯᠠᠪᠤᠷ᠎ᠲᠠᠢ ᠬᠥᠷᠰᠢᠯᠡᠵᠦ᠂ ᠳ᠋ᠠᠪᠠᠨᠯᠢᠶᠠᠩᠤᠨ ᠬᠤᠶᠠᠳᠤᠭ᠋ᠠᠷ ᠰᠠᠯᠬᠢᠨ ᠬᠦᠴᠦᠨ᠎ᠢᠶᠠᠷ ᠴᠠᠬᠢᠯᠭ᠋ᠠᠨ ᠭᠠᠷᠭ᠋ᠠᠬᠤ ᠲᠠᠯᠠᠪᠠᠢ 70 ᠲᠦᠮᠡᠨ ᠺᠢᠯᠣᠸᠠᠲ᠂ ᠬᠣᠩᠭᠣᠷ᠎ᠤᠨ ᠬᠤᠶᠠᠳᠤᠭ᠋ᠠᠷ ᠰᠠᠯᠬᠢᠨ ᠬᠦᠴᠦᠨ᠎ᠢᠶᠠᠷ ᠴᠠᠬᠢᠯᠭ᠋ᠠᠨ ᠭᠠᠷᠭ᠋ᠠᠬᠤ ᠲᠠᠯᠠᠪᠠᠢ 50 ᠲᠦᠮᠡᠨ ᠺᠢᠯᠣᠸᠠᠲ᠎ᠤᠨ ᠬᠤᠶᠠᠷ ᠰᠠᠯᠬᠢᠨ ᠬᠦᠴᠦᠨ᠎ᠢᠶᠠᠷ ᠴᠠᠬᠢᠯᠭ᠋ᠠᠨ ᠭᠠᠷᠭ᠋ᠠᠬᠣ ᠲᠠᠯᠠᠪᠠᠢ᠎ᠶᠢ ᠪᠠᠶ᠋ᠢᠷᠢᠰᠢᠭᠤᠯᠵᠤ᠂ ᠨᠡᠢ᠌ᠳᠡ 3 ᠰᠠᠤᠷᠢ 4.5MW ᠳᠠᠩ ᠮᠠᠰᠢᠨ᠎ᠤ ᠪᠠᠭᠲᠠᠭ᠋ᠠᠮᠵᠢ᠂ 55 ᠰᠠᠤᠷᠢ 8.3MW ᠳᠠᠩ ᠮᠠᠰᠢᠨ᠎ᠤ ᠪᠠᠭᠲᠠᠭ᠋ᠠᠮᠵᠢ ᠪᠠ 73 ᠰᠠᠤᠷᠢ10MW ᠳᠠᠩ ᠮᠠᠰᠢᠨ᠎ᠤ ᠪᠠᠭᠲᠠᠭ᠋ᠠᠮᠵᠢ᠎ᠶᠢᠨ ᠬᠠᠭᠤᠷᠠᠶ ᠳᠡᠭᠡᠷᠡᠬᠢ ᠶᠡᠭᠡ ᠴᠢᠳᠠᠮᠵᠢᠲᠤ ᠰᠠᠯᠬᠢᠨ ᠬᠦᠴᠦᠨ᠎ᠢᠶᠠᠷ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ᠎ᠶᠢ ᠤᠭᠰᠠᠷᠠᠪᠠ᠃
ᠣᠳᠣᠬᠠᠨ᠎ᠳᠤ᠂ ᠬᠤᠶᠠᠳᠤᠭ᠋ᠠᠷ ᠪᠦᠯᠦᠭ᠎ᠤᠨ 120 ᠲᠦᠮᠡᠨ ᠺᠢᠯᠣᠸᠠᠲ᠎ᠤᠨ ᠲᠥᠷᠥᠯ ᠵᠦᠢ᠍ᠯ᠎ᠢ ᠶᠠᠭ ᠣᠯᠠᠨ ᠴᠡᠭ᠎ᠲᠤ ᠵᠡᠷᠭᠡ᠎ᠪᠡᠷ ᠠᠵᠢᠯᠯᠠᠭᠤᠯᠵᠤ ᠪᠠᠶ᠋ᠢᠨ᠎ᠠ᠃ ᠪᠠᠷᠢᠯᠭ᠎ᠠ᠎ᠶᠢᠨ ᠲᠤᠬᠠᠢ᠎ᠶᠢᠨ ᠲᠠᠯᠠᠪᠠᠢ᠎ᠳᠤ᠂ ᠳ᠋ᠢᠶᠠᠮᠸᠲᠷᠨᠢ 24 ᠮᠸᠲᠷ᠂ ᠭᠦᠨ᠎ᠨᠢ 7 ᠮᠸᠲᠷ᠎ᠤᠨ ᠰᠠᠯᠬᠢᠨ ᠬᠦᠴᠦᠨ᠎ᠢᠶᠠᠷ ᠴᠠᠬᠢᠯᠭ᠋ᠠᠨ ᠭᠠᠷᠭ᠋ᠠᠬᠤ ᠮᠠᠰᠢᠨ᠎ᠤ ᠰᠠᠭᠤᠷᠢ ᠨᠦᠬᠡ᠎ᠶᠢ ᠲᠡᠭᠰᠢᠯᠡᠨ ᠬᠡᠪᠰᠢᠭᠦᠯᠵᠦ᠂ ᠨᠦᠬᠡᠨ᠎ᠳᠠᠬᠢ ᠰᠢᠷᠪᠤᠰᠤ ᠪᠤᠯᠤᠳ᠎ᠤᠨ ᠪᠠᠢ᠌ᠷᠢᠰᠢᠭᠤᠯᠤᠯᠳᠠ᠎ᠶᠢ ᠳᠡᠷᠢ ᠲᠡᠭᠰᠢ᠂ ᠱᠣᠷᠠᠭ ᠬᠠᠳᠠᠭ᠋ᠠᠰᠣ᠎ᠶᠢ ᠪᠠᠲᠤ ᠴᠢᠩᠭ᠎ᠠ ᠲᠤᠭᠳᠠᠪᠤᠷᠢᠳᠠᠢ ᠪᠤᠯᠭ᠋ᠠᠪᠠ᠃ 《ᠡᠩ᠎ᠤᠨ ᠱᠣᠷᠠᠭ ᠬᠠᠳᠠᠭ᠋ᠠᠰᠣ᠎ᠶᠢᠨ ᠤᠷᠲᠤ᠎ᠶᠢᠨ ᠬᠡᠮᠵᠢᠶ᠎ᠡ᠎ᠨᠢ ᠤᠯᠠᠩᠬᠢ᠎ᠳᠠᠭᠠᠨ 5 ᠮᠸᠲᠷ ᠣᠷᠴᠢᠮ ᠪᠠᠶ᠋ᠢᠳᠠᠭ᠂ ᠲᠣᠰ ᠤᠳᠠᠭ᠋ᠠᠨ᠎ᠤ ᠬᠡᠷᠡᠭᠯᠡᠭᠰᠡᠨ 7.8ᠮᠸᠲᠷ᠎ᠤᠨ ᠱᠣᠷᠠᠭ ᠬᠠᠳᠠᠭ᠋ᠠᠰᠣ᠎ᠨᠢ ᠣᠳᠣᠬᠠᠨ᠎ᠤ ᠬᠠᠭᠤᠷᠠᠶ ᠭᠠᠵᠠᠷ ᠳᠡᠭᠡᠷᠡᠬᠢ ᠰᠠᠯᠬᠢᠨ ᠬᠦᠴᠦᠨ᠎ᠢᠶᠠᠷ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ᠎ᠶᠢᠨ ᠬᠠᠮᠤᠭ᠎ᠤᠨ ᠶᠡᠭᠡ ᠬᠡᠮᠵᠢᠶᠡᠨ᠎ᠤ ᠨᠢᠭᠡ ᠲᠥᠷᠥᠯ᠎ᠳᠤ ᠬᠠᠷᠢᠶᠠᠯᠠᠭᠳᠠᠵᠤ᠂ ᠳᠠᠭ᠋ᠠᠭ᠋ᠠᠴᠠ᠎ᠶᠢᠨ ᠴᠢᠳᠠᠪᠤᠷᠢ᠂ ᠪᠦᠬᠦᠯᠢ ᠴᠣᠭᠴᠠ᠎ᠶᠢᠨ ᠲᠣᠭᠲᠠᠪᠤᠷᠢᠲᠤ ᠴᠢᠨᠠᠷ᠎ᠢ ᠶᠡᠭᠡ᠎ᠪᠠᠷ ᠳᠡᠭᠡᠭᠰᠢᠯᠡᠭᠦᠯᠵᠦ᠂ 〈ᠰᠠᠯᠬᠢᠨ ᠬᠦᠷᠲᠤ〉 ᠨᠢᠭᠡᠪᠤᠷᠢ᠎ᠶᠢ ᠲᠠᠯ᠎ᠠ ᠨᠤᠲᠤᠭ᠎ᠤᠨ ᠡᠬᠡ ᠭᠠᠵᠠᠷ᠎ᠲᠤ ᠯᠠᠪᠳᠠᠭᠤᠨ ᠲᠤᠭᠲᠠᠭ᠋ᠠᠵᠤ ᠴᠢᠳᠠᠨ᠎ᠠ᠃》ᠳᠤᠮᠳᠠᠳᠤ ᠤᠯᠤᠰ᠎ᠤᠨ ᠡᠨᠧᠷᠭᠢ᠎ᠶᠢᠨ ᠪᠦᠲᠦᠭᠡᠨ ᠪᠠᠢ᠌ᠭᠤᠯᠤᠯᠳᠠ᠎ᠶᠢᠨ ᠪᠦᠯᠦᠭᠯᠡᠯ᠎ᠤᠨ ᠵᠡᠭᠦᠨ ᠬᠤᠢ᠌ᠳᠤ᠎ᠶᠢᠨ ᠴᠠᠬᠢᠯᠭ᠋ᠠᠨ ᠬᠦᠴᠦᠨ᠎ᠤ ᠨᠢᠭᠡᠳᠦᠭᠡᠷ ᠢᠨᠵᠧᠨᠧᠷᠢᠩ᠎ᠤᠨ ᠬᠢᠵᠠᠭ᠋ᠠᠷᠲᠤ ᠺᠣᠮᠫᠠᠨᠢ᠎ᠶᠢᠨ ᠢᠨᠵᠧᠨᠧᠷᠢᠩ᠎ᠤᠨ ᠬᠡᠯᠳᠡᠰ᠎ᠤᠨ ᠳᠠᠷᠤᠭ᠎ᠠ ᠯᠢ ᠢ ᠨᠠᠨ᠂ ᠨᠢᠭᠡᠨᠲᠡ ᠲᠤᠭᠳᠠᠭ᠋ᠠᠭᠰᠠᠨ ᠪᠠᠷᠢᠯᠭ᠎ᠠ᠎ᠶᠢᠨ ᠲᠥᠯᠥᠪᠯᠡᠭᠡ ᠶᠣᠰᠣᠭ᠋ᠠᠷ᠂ 6ᠰᠠᠷ᠎ᠠ᠎ᠶᠢᠨ 20᠎ᠤ ᠡᠳᠦᠷ ᠲᠥᠷᠥᠯ ᠵᠦᠢ᠍ᠯ᠎ᠤᠨ ᠠᠩᠬᠠᠳᠠᠭᠴᠢ ᠰᠠᠯᠬᠢᠨ ᠬᠦᠴᠦᠨ᠎ᠢᠶᠠᠷ ᠴᠠᠬᠢᠯᠭ᠋ᠠᠨ ᠭᠠᠷᠭ᠋ᠠᠬᠤ ᠮᠠᠰᠢᠨ᠎ᠢ ᠳᠡᠭᠦᠵᠢᠯᠡᠨ ᠤᠭᠰᠠᠷᠠᠬᠤ᠎ᠶᠢ ᠪᠡᠶᠡᠯᠡᠬᠦᠯᠵᠤ᠂ ᠲᠤᠬᠠᠶ᠎ᠶᠢᠨ ᠦᠶ᠎ᠡ᠎ᠳᠤ ᠴᠣ᠋ ᠰᠢᠨ᠎ᠡ ᠰᠠᠯᠬᠢᠨ ᠬᠦᠴᠦᠨ᠎ᠢᠶᠠᠷ ᠴᠠᠬᠢᠯᠭ᠋ᠠᠨ ᠭᠠᠷᠭ᠋ᠠᠬᠤ ᠮᠠᠰᠢᠨ ᠲᠠᠯ᠎ᠠ ᠨᠤᠲᠤᠭ᠎ᠲᠤ ᠰᠦᠨᠳᠡᠷᠯᠡᠨ ᠪᠣᠰᠴᠤ᠂ ᠣᠷᠣᠨ ᠪᠦᠰᠡ᠎ᠶᠢᠨ ᠰᠢᠨ᠎ᠡ ᠡᠨᠧᠷᠭᠢ᠎ᠶᠢᠨ ᠪᠥᠲᠥᠭᠡᠨ ᠪᠠᠶ᠋ᠢᠭᠤᠯᠤᠯᠲᠠ᠎ᠶᠢᠨ ᠰᠢᠨ᠎ᠡ ᠬᠠᠷᠢᠭᠤᠯᠲᠠ᠎ᠶᠢᠨ ᠬᠠᠭᠤᠳᠠᠰᠤ᠎ᠶᠢ ᠦᠷᠭᠦᠯᠵᠢᠯᠡᠨ ᠪᠢᠴᠢᠭᠯᠡᠨ᠎ᠡ ᠭᠡᠵᠤ ᠬᠡᠯᠡᠪᠡ᠃
ᠰᠠᠯᠬᠢᠨ ᠬᠦᠴᠦᠨ᠎ᠢᠶᠠᠷ ᠴᠠᠬᠢᠯᠭ᠋ᠠᠨ ᠭᠠᠷᠭ᠋ᠠᠬᠤ ᠳᠠᠯᠠᠪᠤᠷ᠎ᠤᠨ ᠪᠣᠬᠢᠷᠲᠤᠯ ᠦᠭᠡᠢ ᠴᠠᠬᠢᠯᠭ᠋ᠠᠨ᠎ᠢ ᠬᠣᠷᠠᠭᠣᠯᠬᠣ᠂ ᠬᠦᠴᠦᠳᠡᠯ ᠲᠣᠬᠢᠷᠠᠭᠤᠯᠤᠨ ᠬᠦᠷᠭᠡᠬᠦ ᠭᠤᠣᠯ ᠬᠦᠢ᠍ᠰᠦ ᠪᠣᠯᠤᠭᠰᠠᠨ᠎ᠤ ᠬᠤᠪᠢ᠎ᠳᠤ᠂ ᠬᠦᠴᠦᠳᠡᠯ ᠳᠡᠭᠡᠭᠰᠢᠯᠡᠭᠦᠯᠬᠦ ᠦᠷᠳᠡᠭᠡᠨ᠎ᠤ᠎ᠬᠢᠨ ᠨᠢᠭᠡᠨᠲᠡ ᠠᠩᠬᠠᠨ᠎ᠤ ᠰᠠᠪᠠ ᠪᠧᠲ᠋ᠣᠨᠢ ᠴᠢᠳᠬᠤᠵᠤ ᠳᠠᠭᠤᠰᠬᠠᠪᠠ᠃ ᠥᠪᠥᠷ ᠮᠣᠩᠭᠤᠯ᠎ᠤᠨ ᠴᠠᠬᠠᠷ ᠰᠢᠨ᠎ᠡ ᠡᠨᠧᠷᠭᠢ᠎ᠶᠢᠨ ᠬᠢᠵᠠᠭ᠋ᠠᠷᠲᠤ ᠺᠣᠮᠫᠠᠨᠢ᠎ᠶᠢᠨ ᠳᠡᠳ᠋ ᠶᠡᠷᠦᠩᠬᠡᠶ ᠳᠠᠭ᠋ᠠᠭ᠋ᠠᠮᠠᠯ ᠶᠠᠩ ᠬᠤᠶ ᠸᠧᠨ᠂ ᠰᠢᠨ᠎ᠡ᠎ᠪᠠᠷ ᠪᠠᠶ᠋ᠢᠭᠤᠯᠤᠭᠰᠠᠨ ᠬᠦᠴᠦᠳᠡᠯ ᠳᠡᠭᠡᠭᠰᠢᠯᠡᠭᠦᠯᠬᠦ ᠥᠷᠲᠡᠭᠡ᠎ᠨᠢ ᠣᠶᠤᠨᠴᠢᠯᠠᠭᠰᠠᠨ ᠬᠠᠮᠢᠶᠠᠷᠤᠨ ᠡᠵᠡᠮᠳᠡᠬᠦ ᠰᠢᠰᠲ᠋ᠧᠮ᠎ᠢ ᠢᠵᠢ ᠪᠥᠷᠢᠳᠦᠭᠦᠯᠵᠦ᠂ ᠪᠥᠬᠦ ᠴᠠᠷᠠᠭ᠋ᠠᠨ᠎ᠤ ᠰᠠᠯᠬᠢᠨ᠎ᠤ ᠬᠦᠴᠦᠨ᠎ᠤ ᠳᠠᠯᠠᠪᠤᠷ᠎ᠤᠨ ᠠᠵᠢᠯᠯᠠᠭ᠋ᠠᠨ᠎ᠤ ᠲᠤᠭ᠎ᠠ ᠪᠠᠷᠢᠮᠲᠠ᠎ᠶᠢ ᠴᠠᠭ ᠲᠤᠬᠠᠶ᠎ᠳᠤᠨᠢ ᠰᠢᠨᠡᠳᠬᠡᠬᠦ᠎ᠪᠠᠷ ᠪᠠᠷᠠᠬᠤ ᠥᠬᠡᠶ᠂ ᠪᠠᠰᠠ ᠤᠯᠤᠰ᠎ᠤᠨ ᠴᠠᠬᠢᠯᠭ᠋ᠠᠨ ᠬᠦᠴᠦᠨ᠎ᠤ ᠪᠠᠯᠠ ᠣᠷᠣᠭᠤᠯᠤᠯᠲᠠ᠎ᠶᠢᠨ ᠪᠦᠯᠦᠭᠯᠡᠯ᠎ᠤᠨ ᠠᠩᠬᠠᠳᠠᠭᠴᠢ AI ᠰᠠᠯᠬᠢᠨ ᠬᠦᠴᠦᠨ᠎ᠤ ᠴᠠᠬᠢᠯᠭ᠋ᠠᠨ᠎ᠤ ᠵᠢᠱ᠌ᠢᠶ᠎ᠡ ᠦᠵᠡᠭᠦᠯᠬᠦ ᠲᠠᠯᠠᠪᠤᠷ ᠦᠷᠳᠡᠭᠡᠨ᠎ᠤ ᠵᠠᠭᠪᠤᠷ᠎ᠤᠨ ᠲᠠᠰᠤᠯᠭ᠎ᠠ᠎ᠶᠢ ᠪᠠᠶ᠋ᠢᠭᠤᠯᠵᠤ᠂ ᠣᠶᠤᠨᠴᠢ ᠣᠨᠣᠰᠢᠯᠠᠯᠳᠠ᠎ᠶᠢᠨ ᠵᠠᠭᠪᠤᠷ᠂ ᠰᠠᠭ᠋ᠠᠳ ᠲᠤᠳᠬᠠᠷ᠎ᠤᠨ ᠳ᠋ᠠᠶ᠋ᠢᠲ᠋ᠠ ᠬᠥᠮᠥᠷᠭᠡ᠂ ᠰᠢᠢ᠍ᠳᠪᠦᠷᠢᠯᠡᠬᠦ ᠲᠥᠰᠦᠯ᠎ᠤᠨ ᠮᠡᠳᠡᠯᠭᠡ᠎ᠶᠢᠨ ᠬᠥᠮᠥᠷᠭᠡ᠂ ᠪᠦᠬᠦᠯᠢ ᠮᠠᠰᠢᠨ᠎ᠤ ᠠᠮᠤᠷ ᠲᠦᠪᠰᠢᠨ᠎ᠤ ᠳᠠᠯᠳᠠ ᠬᠡᠮ᠎ᠢ ᠤᠷᠢᠳᠴᠢᠯᠠᠨ ᠰᠡᠷᠡᠮᠵᠢᠯᠡᠭᠦᠯᠬᠦ ᠵᠠᠭᠪᠤᠷ᠂ ᠣᠶᠤᠨᠴᠢᠯᠠᠭᠰᠠᠨ ᠡᠵᠡᠮᠳᠡᠯ᠎ᠢ ᠰᠢᠯᠢᠳᠡᠭᠵᠢᠬᠦᠯᠦᠨ ᠪᠤᠳᠤᠬᠤ ᠠᠷᠭ᠎ᠠ ᠵᠡᠷᠭᠡ ᠣᠯᠠᠨ ᠣᠶᠤᠨᠴᠢ ᠮᠡᠳᠡᠷᠡᠮᠵᠢ᠎ᠶᠢᠨ ᠰᠢᠢ᠍ᠳᠪᠦᠷᠢᠲᠦ ᠪᠣᠳᠣᠯᠭ᠎ᠠ᠎ᠶᠢᠨ ᠵᠠᠭᠪᠤᠷ᠎ᠢ ᠪᠠᠶ᠋ᠢᠭᠤᠯᠵᠤ᠂ ᠰᠠᠯᠬᠢᠨ ᠬᠦᠴᠦᠨ᠎ᠢᠶᠠᠷ ᠴᠠᠬᠢᠯᠭ᠋ᠠᠨ ᠭᠠᠷᠭ᠋ᠠᠬᠣ ᠲᠠᠯᠠᠪᠠᠶ᠎ᠶᠢᠨ ᠲᠤᠰᠬᠠᠶ ᠬᠠᠷᠢᠶᠠᠯᠠᠭᠳᠠᠬᠤ 《AI ᠶᠡᠭᠡ ᠲᠠᠷᠢᠬᠢ》᠎ᠶᠢ ᠪᠠᠶ᠋ᠢᠭᠤᠯᠵᠤ᠂ AI ᠰᠠᠭ᠋ᠠᠳ ᠲᠤᠳᠬᠠᠷᠢ ᠣᠶᠤᠨᠴᠢ᠎ᠪᠠᠷ ᠣᠨᠣᠰᠢᠯᠠᠬᠤ᠂ AI ᠬᠦᠨᠳᠦ ᠶᠡᠭᠡ ᠠᠮᠤᠷ ᠲᠦᠪᠰᠢᠨ᠎ᠤ ᠭᠡᠮ ᠰᠣᠭᠣᠭ᠎ᠢ ᠤᠷᠢᠳᠴᠢᠯᠠᠨ ᠰᠡᠷᠡᠮᠵᠢᠯᠡᠭᠦᠯᠬᠦ᠂ ᠰᠠᠯᠬᠢᠨ ᠬᠦᠴᠦᠨ᠎ᠤ ᠮᠠᠰᠢᠨ᠎ᠤ AI ᠣᠶᠤᠨᠴᠢᠯᠠᠭᠰᠠᠨ ᠡᠵᠡᠮᠳᠡᠯ᠎ᠢ ᠰᠢᠯᠢᠳᠡᠭᠵᠢᠭᠦᠯᠬᠦ᠂ ᠰᠠᠯᠬᠢᠨ ᠬᠦᠴᠦᠨ᠎ᠤ ᠮᠠᠰᠢᠨ᠎ᠤ AI ᠰᠠᠯᠬᠢᠨ ᠬᠦᠴᠦᠨ᠎ᠤ ᠴᠢᠳᠠᠮᠵᠢ᠎ᠶᠢ ᠤᠷᠢᠳᠴᠢᠯᠠᠨ ᠵᠢᠱ᠌ᠢᠬᠦ ᠪᠠ ᠴᠠᠬᠢᠯᠭ᠋ᠠᠨ ᠬᠦᠴᠦᠨ᠎ᠤ ᠠᠷᠠᠯᠵᠢᠶ᠎ᠠ ᠬᠢᠬᠦ ᠵᠡᠷᠭᠡ ᠭᠤᠤᠯ ᠴᠢᠳᠠᠮᠵᠢ᠎ᠶᠢ ᠪᠡᠶᠡᠯᠡᠭᠦᠯᠵᠦ᠂ ᠰᠠᠯᠬᠢᠨ ᠬᠦᠴᠦᠨ᠎ᠤ ᠲᠠᠯᠠᠪᠠᠶ᠎ᠶᠢᠨ ᠡᠵᠡᠩᠨᠡᠯᠲᠡ᠂ ᠲᠥᠬᠦᠭᠡᠷᠦᠮᠵᠢ᠎ᠶᠢᠨ ᠠᠵᠢᠯᠯᠠᠭ᠋ᠠᠨ᠂ ᠬᠠᠮᠠᠭ᠋ᠠᠯᠠᠯᠲᠠ ᠪᠠ ᠪᠠᠢ᠌ᠴᠠᠭ᠋ᠠᠨ ᠬᠡᠮᠵᠢᠬᠦ ᠬᠠᠮᠢᠶᠠᠷᠤᠯᠲᠠ᠂ ᠴᠠᠬᠢᠯᠭ᠋ᠠᠨ ᠬᠦᠴᠦᠨ᠎ᠤ ᠠᠷᠠᠯᠵᠢᠶ᠎ᠠ ᠬᠢᠬᠦ ᠵᠡᠷᠭᠡ ᠲᠤᠬᠠᠶ᠋ᠢᠯᠠᠭᠰᠠᠨ ᠠᠵᠢᠯ᠎ᠤᠨ ᠪᠢᠳᠡᠬᠦᠦ ᠴᠠᠭ᠋ᠠᠷᠢᠭ ᠪᠠ ᠬᠤᠯᠪᠣᠭ᠋ᠠᠯᠠᠨ ᠬᠥᠳᠡᠯᠦᠯᠴᠡᠬᠦ᠎ᠶᠢ ᠪᠡᠶᠡᠯᠡᠭᠦᠯᠵᠦ᠂ ᠠᠵᠢᠯ ᠲᠥᠷᠥᠯ᠎ᠤᠨ ᠲᠡᠷᠢᠭᠦᠨ᠎ᠤ ᠣᠶᠤᠨᠴᠢ ᠰᠠᠯᠬᠢᠨ ᠬᠦᠴᠦᠨ᠎ᠤ ᠴᠠᠬᠢᠯᠭ᠋ᠠᠨ᠎ᠤ ᠬᠡᠪ ᠳᠠᠭᠤᠷᠢᠶᠠᠯ᠎ᠢ ᠪᠥᠬᠦ ᠬᠦᠴᠦᠨ᠎ᠢᠶᠠᠷ ᠵᠶ᠋ᠠᠨ ᠪᠣᠶ ᠪᠣᠯᠭ᠋ᠠᠨ᠎ᠠ ᠭᠡᠵᠤ ᠲᠠᠨᠢᠯᠴᠠᠭᠤᠯᠪᠠ᠃
ᠣᠶ᠋ᠢᠯᠠᠭ᠋ᠠᠭᠰᠠᠨ ᠵᠶ᠋ᠠᠷ᠂ ᠬᠤᠶᠠᠳᠤᠭ᠋ᠠᠷ ᠪᠦᠯᠦᠭ᠎ᠤᠨ 120 ᠲᠦᠮᠡᠨ ᠺᠢᠯᠣᠸᠠᠲ᠎ᠤᠨ ᠲᠥᠷᠥᠯ ᠵᠦᠢ᠍ᠯ ᠪᠠᠶ᠋ᠢᠭᠤᠯᠤᠭᠳᠠᠭᠰᠠᠨ᠎ᠤ ᠳᠠᠷᠠᠭ᠎ᠠ᠂ ᠵᠢᠱ᠌ᠢᠯᠲᠡ᠎ᠪᠠᠷ ᠵᠢᠯ ᠪᠦᠷᠢ 30 ᠳ᠋ᠦᠩᠰᠢᠭᠤᠷ ᠺᠢᠯᠣᠸᠠᠲ ᠴᠠᠭ᠎ᠤᠨ ᠴᠡᠪᠡᠷ ᠪᠣᠬᠢᠷᠲᠤᠯ ᠥᠬᠡᠶ ᠴᠠᠬᠢᠯᠭ᠋ᠠᠨ ᠡᠨᠧᠷᠭᠢ᠎ᠶᠢ ᠬᠠᠩᠭ᠋ᠠᠵᠤ᠂ 90 ᠲᠦᠮᠡᠨ ᠲᠣᠨ ᠪᠠᠷᠢᠮᠵᠢᠶᠠᠲᠤ ᠨᠡᠭᠦᠷᠡᠰᠦᠨ᠎ᠤ ᠬᠤᠷᠣᠭᠳᠠᠯ᠎ᠢ ᠣᠷᠣᠯᠠᠭᠤᠯᠤᠨ᠂ ᠪᠠᠷᠤᠭ 246 ᠲᠦᠮᠡᠨ ᠲᠣᠨ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠳᠠ᠎ᠶᠢ ᠪᠠᠭ᠋ᠠᠰᠬᠠᠬᠤ᠎ᠶᠢᠨ ᠬᠠᠮᠲᠤ ᠬᠦᠬᠦᠷ᠎ᠤᠨ ᠳᠠᠪᠬᠤᠷ ᠢᠰᠦᠯ᠂ ᠠᠽᠣᠲ᠎ᠤᠨ ᠢᠰᠦᠯ ᠵᠢᠴᠢ ᠨᠠᠷᠢᠨ ᠲᠣᠭᠤᠰᠣᠨᠤ ᠮᠥᠬᠦᠯᠢᠭᠲᠦ ᠪᠣᠳᠠᠰ᠎ᠤᠨ ᠭᠠᠳᠠᠭᠰᠢᠯᠠᠭᠤᠯᠤᠯᠲᠠ᠎ᠶᠢ ᠶᠡᠭᠡ᠎ᠪᠠᠷ ᠪᠠᠭ᠋ᠠᠰᠬᠠᠵᠤ᠂ ᠣᠷᠣᠨ ᠪᠦᠰᠡ᠎ᠶᠢᠨ ᠡᠨᠧᠷᠭᠢ᠎ᠶᠢᠨ ᠴᠡᠪᠡᠷᠵᠢᠬᠦᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠳᠤ ᠨᠠᠶ᠋ᠢᠳᠠᠪᠤᠷᠢᠲᠠᠶ ᠲᠤᠯᠭ᠋ᠠᠭᠤᠷᠢᠯᠠᠯ ᠬᠠᠩᠭ᠋ᠠᠬᠤ ᠪᠣᠯᠤᠨ᠎ᠠ᠃
《ᠵᠢᠯ᠎ᠤᠨ ᠡᠴᠦᠰ᠎ᠲᠤ ᠲᠥᠷᠥᠯ ᠵᠦᠢ᠍ᠯ᠎ᠤᠨ ᠪᠥᠬᠦ ᠪᠠᠭᠲᠠᠭ᠋ᠠᠮᠵᠢ᠎ᠶᠢ ᠲᠣᠤᠷ᠎ᠲᠤ ᠨᠡᠶ᠋ᠢᠯᠡᠭᠦᠯᠦᠭᠰᠡᠨ᠎ᠤ ᠳᠠᠷᠠᠭ᠎ᠠ᠂ ᠴᠠᠬᠢᠯᠭ᠋ᠠᠨ ᠥᠷᠲᠡᠭᠡᠨ᠎ᠤ ᠬᠦᠷᠭᠡᠵᠦ ᠭᠠᠷᠭ᠋ᠠᠭᠰᠠᠨ ᠪᠤᠬᠢᠷᠳᠤᠯ ᠦᠭᠡᠢ ᠴᠠᠬᠢᠯᠭ᠋ᠠᠨ᠎ᠢ ᠪᠦᠬᠦᠨ᠎ᠢ ᠥᠪᠥᠷ ᠮᠣᠩᠭᠤᠯ᠎ᠤᠨ ᠴᠠᠬᠢᠯᠭ᠋ᠠᠨ ᠬᠦᠴᠦᠨ (ᠪᠦᠯᠦᠭᠯᠡᠯ)᠎ᠤ ᠬᠢᠵᠠᠭ᠋ᠠᠷᠳᠤ ᠺᠤᠮᠫᠠᠨᠢ᠎ᠶᠢᠨ ᠴᠠᠬᠢᠯᠭ᠋ᠠᠨ ᠲᠣᠤᠷ᠎ᠲᠤ ᠨᠡᠢ᠌ᠯᠡᠬᠦᠯᠵᠤ᠂ ᠳᠥᠷᠪᠡᠨ ᠵᠦᠭ ᠨᠠᠢ᠍ᠮᠠᠨ ᠵᠣᠪᠬᠢᠰ᠎ᠲᠤ ᠬᠦᠢ᠍ᠯᠭᠡᠭᠡᠨᠡ᠃ ᠶᠡᠷᠦ᠎ᠨᠢ ᠨᠢᠭᠡ ᠪᠦᠯᠦᠭ᠎ᠨᠢ ᠤᠯᠠᠭ᠋ᠠᠨᠴᠠᠪ᠎ᠤᠨ ᠪᠣᠳᠣᠯᠭ᠎ᠠ᠎ᠶᠢᠨ ᠬᠦᠴᠦᠨ᠎ᠤ ᠠᠵᠤ ᠠᠬᠤᠶ᠋ᠢᠯᠠᠯ᠎ᠳᠤ ᠰᠠᠭᠤᠷᠢᠰᠢᠵᠤ᠂ ᠡᠯᠪᠡᠭ ᠳᠡᠯᠪᠡᠭ ᠴᠠᠬᠢᠯᠭ᠋ᠠᠨ ᠬᠦᠴᠦᠨ᠎ᠢ ᠶᠡᠭᠡ ᠬᠡᠮᠵᠢᠶᠡᠨ᠎ᠤ ᠲᠤᠭ᠎ᠠ ᠪᠠᠷᠢᠮᠲᠠ ᠪᠣᠯᠭ᠋ᠠᠵᠤ᠂ ᠲᠣᠰ ᠭᠠᠵᠠᠷ᠎ᠤᠨ ᠪᠣᠬᠢᠷᠲᠤᠯ ᠥᠬᠡᠶ ᠰᠠᠯᠬᠢᠨ ᠬᠦᠴᠦᠨ᠎ᠤ ᠴᠠᠬᠢᠯᠭ᠋ᠠᠨ᠎ᠤ ᠡᠬᠢ ᠪᠠᠶᠠᠯᠢᠭ᠎ᠢ ᠦᠨᠡᠨᠬᠦ ᠪᠣᠳᠣᠯᠭ᠎ᠠ᠎ᠶᠢᠨ ᠬᠦᠴᠦᠨ᠎ᠤ ᠠᠵᠤ ᠦᠢ᠍ᠯᠡᠰ᠎ᠤᠨ ᠬᠥᠭᠵᠢᠯᠲᠡ᠎ᠶᠢᠨ ᠭᠤᠤᠯᠯᠠᠬᠤ ᠳᠠᠪᠠᠭᠤᠯᠢᠭ ᠪᠣᠯᠭ᠋ᠠᠨ ᠬᠤᠪᠢᠷᠠᠭᠤᠯᠬᠤ ᠪᠣᠯᠤᠨ᠎ᠠ》ᠭᠡᠵᠤ ᠶᠠᠩ ᠬᠤᠢ ᠸᠸᠨ ᠬᠡᠯᠡᠪᠡ᠃