1571   -   ᠳᠣᠯᠣᠭᠠᠨ ᠵᠦᠢᠯ᠎ᠦᠨ ᠭᠣᠣᠯᠳᠠᠯᠭ᠎ᠠ ᠪᠣᠯᠬᠤ ᠠᠵᠢᠯ
《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠥᠪᠵᠢᠭᠦᠯᠭᠡ᠎ᠶᠢᠨ ᠬᠤᠭᠤᠴᠠᠭᠠᠨ᠎ᠳᠤ ᠥᠪᠥᠷ ᠮᠣᠩᠭᠣᠯ᠎ᠤᠨ ᠬᠥᠭᠵᠢᠯᠲᠡ᠎ᠶᠢᠨ ᠰᠢᠨ᠎ᠡ ᠪᠠᠢᠳᠠᠯ᠎ᠢ ᠵᠢᠷᠤᠭᠯᠠᠨ᠎ᠠ ( ᠬᠣᠶᠠᠷ )
ᠨᠡᠶ᠋ᠢᠲᠡᠯᠡᠭᠰᠡᠨ ᠴᠠᠭ᠄ 2026-04-24

《 ᠠᠷᠪᠠᠨ ᠲᠠᠪᠤᠳᠤᠭᠠᠷ ᠲᠠᠪᠤᠨ ᠵᠢᠯ 》᠎ᠤᠨ ᠬᠤᠭᠤᠴᠠᠭᠠᠨ᠎ᠳᠠᠬᠢ ᠶᠡᠷᠦᠩᠬᠡᠢ ᠱᠠᠭᠠᠷᠳᠠᠯᠭ᠎ᠠ

《 ᠠᠷᠪᠠᠨ ᠲᠠᠪᠤᠳᠤᠭᠠᠷ ᠲᠠᠪᠤᠨ ᠵᠢᠯ 》᠎ᠤᠨ ᠲᠦᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠤᠨ ᠬᠥᠭᠵᠢᠯᠲᠡ᠎ᠨᠢ ᠡᠷᠬᠡᠪᠰᠢ ᠳᠠᠷᠠᠭᠠᠬᠢ ᠵᠢᠯᠣᠭᠣᠳᠬᠤ ᠦᠵᠡᠯ ᠰᠠᠨᠠᠭ᠎ᠠ ᠪᠠ ᠵᠠᠷᠴᠢᠮ᠎ᠤᠨ ᠱᠠᠭᠠᠷᠳᠠᠯᠭ᠎ᠠ᠎ᠶᠢ ᠪᠠᠲᠤ ᠡᠵᠡᠮᠳᠡᠨ᠎ᠡ ᠃

1 ᠵᠢᠯᠣᠭᠣᠳᠬᠤ ᠦᠵᠡᠯ ᠰᠠᠨᠠᠭ᠎ᠠ

ᠮᠠᠷᠺᠰ ᠯᠧᠨᠢᠨ᠎ᠤ ᠦᠵᠡᠯ ᠂ ᠮᠠᠤ ᠽᠧ ᠳ᠋ᠦᠩ᠎ᠤᠨ ᠦᠵᠡᠯ ᠰᠠᠨᠠᠭ᠎ᠠ ᠂ ᠳ᠋ᠧᠩ ᠰᠢᠶᠤᠤ ᠫᠢᠩ᠎ᠤᠨ ᠣᠨᠤᠯ ᠂ 《 ᠭᠤᠷᠪᠠ᠎ᠶᠢ ᠲᠥᠯᠦᠭᠡᠯᠡᠬᠦ 》 ᠴᠢᠬᠤᠯᠠ ᠦᠵᠡᠯ ᠰᠠᠨᠠᠭ᠎ᠠ ᠂ ᠰᠢᠨᠵᠢᠯᠡᠬᠦ ᠤᠬᠠᠭᠠᠨᠴᠢ ᠬᠥᠭᠵᠢᠯᠲᠡ᠎ᠶᠢᠨ ᠦᠵᠡᠯᠲᠡ᠎ᠶᠢ ᠪᠠᠷᠢᠮᠲᠠᠯᠠᠵᠤ ᠂ ᠰᠢ᠎ᠵᠢᠨ᠎ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠂ ᠨᠠᠮ᠎ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶᠢᠨ ᠪᠦᠭᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ ᠂ ᠶᠡᠷᠦᠩᠬᠡᠢ ᠱᠦᠵᠢ ᠰᠢ᠎ᠵᠢᠨ᠎ᠫᠢᠩ᠎ᠤᠨ ᠥᠪᠦᠷ ᠮᠣᠩᠭᠤᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠤᠯ ᠰᠢᠵᠢᠮ ᠪᠣᠯᠭᠠᠵᠤ ᠂ 《 ᠲᠠᠪᠤ᠎ᠶᠢ ᠨᠢᠭᠡ ᠴᠤᠭᠴᠠᠵᠢᠭᠤᠯᠬᠤ 》 ᠶᠡᠷᠦᠩᠬᠡᠢ ᠪᠠᠢᠷᠢᠯᠠᠭᠤᠯᠤᠯᠲᠠ᠎ᠶᠢ ᠨᠢᠭᠡᠳᠦᠯᠲᠡᠢ ᠲᠥᠯᠦᠪᠯᠡᠨ ᠠᠬᠢᠭᠤᠯᠵᠤ ᠂ 《 ᠳᠥᠷᠪᠡᠨ ᠪᠦᠬᠦ ᠲᠠᠯ᠎ᠠ 》᠎ᠶᠢᠨ ᠪᠠᠶ᠋ᠢᠯᠳᠤᠬᠤ ᠪᠣᠳᠤᠯᠭ᠎ᠠ᠎ᠶᠢᠨ ᠪᠠᠢᠷᠢᠯᠠᠭᠤᠯᠤᠯᠲᠠ᠎ᠶᠢ ᠵᠣᠬᠢᠴᠠᠭᠤᠯᠤᠨ ᠠᠬᠢᠭᠤᠯᠵᠤ ᠂ ᠰᠢᠨ᠎ᠡ ᠬᠥᠭᠵᠢᠯᠲᠡ᠎ᠶᠢᠨ ᠣᠨᠣᠯᠵᠢᠬᠤᠨ᠎ᠢ ᠪᠦᠷᠢᠨ ᠪᠦᠲᠦᠨ ᠵᠥᠪ ᠣᠨᠤᠪᠴᠢᠲᠠᠢ ᠪᠦᠬᠦ ᠲᠠᠯ᠎ᠠ᠎ᠪᠠᠷ ᠲᠤᠭᠤᠰᠢᠯᠠᠭᠤᠯᠵᠤ ᠂ ᠰᠢᠨ᠎ᠡ ᠬᠥᠭᠵᠢᠯᠲᠡ᠎ᠶᠢᠨ ᠲᠥᠯᠥᠪ ᠪᠠᠢᠳᠠᠯ᠎ᠢ ᠪᠠᠢᠭᠤᠯᠬᠤ᠎ᠳᠤ ᠢᠳᠡᠪᠬᠢᠲᠡᠢ ᠠᠭᠤᠰᠤᠯᠴᠠᠬᠤ ᠪᠠ ᠲᠡᠭᠦᠨ᠎ᠳᠦ ᠦᠢᠯᠡᠴᠢᠯᠡᠵᠦ ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠬᠥᠭ ᠠᠶᠠᠰ᠎ᠢ ᠪᠠᠷᠢᠮᠲᠠᠯᠠᠨ ᠂ ᠠᠵᠤ ᠠᠬᠤᠢ᠎ᠶᠢᠨ ᠪᠦᠲᠦᠭᠡᠨ ᠪᠠᠶ᠋ᠢᠭᠤᠯᠤᠯᠲᠠ᠎ᠪᠠᠷ ᠭᠣᠣᠯᠳᠠᠯᠭ᠎ᠠ ᠪᠣᠯᠭᠠᠬᠤ᠎ᠶᠢ ᠪᠠᠷᠢᠮᠲᠠᠯᠠᠵᠤ ᠂ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠬᠤ᠎ᠪᠠᠷ ᠭᠤᠤᠯ ᠰᠡᠳᠦᠪ ᠪᠣᠯᠭᠠᠨ ᠂ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ᠎ᠪᠠᠷ ᠦᠨᠳᠦᠰᠦᠨ ᠬᠥᠳᠡᠯᠭᠡᠭᠴᠢ ᠬᠦᠴᠦᠨ ᠪᠣᠯᠭᠠᠵᠤ ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠶ᠋ᠢᠭ᠎ᠠ ᠰᠠᠶ᠋ᠢᠨ ᠰᠠᠶ᠋ᠢᠬᠠᠨ ᠠᠮᠢᠳᠤᠷᠠᠯ᠎ᠤᠨ ᠬᠡᠷᠡᠭᠴᠡᠭᠡ᠎ᠶᠢ ᠬᠠᠩᠭᠠᠬᠤ᠎ᠪᠠᠷ ᠦᠨᠳᠦᠰᠦᠨ ᠵᠣᠷᠢᠯᠭ᠎ᠠ ᠪᠣᠯᠭᠠᠵᠤ ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠪᠠᠷ ᠦᠨᠳᠦᠰᠦᠨ ᠪᠠᠲᠤᠯᠠᠭ᠎ᠠ ᠪᠣᠯᠭᠠᠨ ᠂ ᠠᠵᠤ ᠠᠬᠤᠢ ᠵᠢᠨ ᠴᠢᠨᠠᠷ ᠴᠢᠨᠰᠠᠭ᠎ᠠ᠎ᠶᠢᠨ ᠪᠥᠲᠥᠮᠵᠢᠲᠡᠢ ᠳᠡᠭᠡᠭᠰᠢᠯᠡᠯᠲᠡ ᠪᠠ ᠲᠣᠭ᠎ᠠ ᠬᠡᠮᠵᠢᠶᠡᠨ᠎ᠦ ᠵᠣᠬᠢᠰᠲᠠᠢ ᠨᠡᠮᠡᠭᠳᠡᠯ᠎ᠢ ᠠᠬᠢᠭᠤᠯᠵᠤ ᠂ ᠬᠥᠮᠥᠨ᠎ᠦ ᠪᠦᠬᠦ ᠲᠠᠯ᠎ᠠ᠎ᠪᠠᠷ ᠬᠥᠭᠵᠢᠬᠦ ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠳᠦ᠎ᠪᠡᠨ ᠪᠠᠶᠠᠵᠢᠬᠤ᠎ᠪᠠᠷ ᠯᠠᠪᠳᠠᠭᠤᠨ ᠪᠠᠲᠤᠲᠠᠢ ᠤᠷᠤᠭᠰᠢᠯᠠᠬᠤ᠎ᠶᠢ ᠠᠬᠢᠭᠤᠯᠵᠤ ᠂ 《 ᠬᠣᠶᠠᠷ ᠬᠠᠯᠬᠠᠪᠴᠢ 》 ᠂ 《 ᠬᠣᠶᠠᠷ ᠰᠠᠭᠤᠷᠢᠨ 》 ᠂ 《 ᠨᠢᠭᠡ ᠪᠡᠬᠢᠯᠡᠯᠲᠡ 》᠎ᠶᠢ ᠪᠥᠲᠦᠭᠡᠨ ᠪᠠᠢᠭᠤᠯᠬᠤ᠎ᠳᠤ ᠰᠢᠨ᠎ᠡ ᠵᠢᠳᠬᠦᠯ ᠴᠢᠷᠮᠠᠢᠯᠭ᠎ᠠ ᠭᠠᠷᠭᠠᠵᠤ ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠵᠤ ᠂ ᠪᠦᠬᠦ ᠤᠯᠤᠰ ᠯᠤᠭ᠎ᠠ ᠬᠠᠮᠲᠤ᠎ᠪᠠᠷ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠦ᠎ᠪᠡᠨ ᠪᠡᠶᠡᠯᠡᠭᠦᠯᠬᠦ᠎ᠳᠤ ᠰᠢᠢᠳᠪᠦᠷᠢᠯᠡᠭᠴᠢ ᠴᠢᠨᠠᠷᠲᠠᠢ ᠠᠬᠢᠴᠠ ᠲᠠᠢ ᠪᠣᠯᠬᠤ᠎ᠶᠢ ᠦᠨᠡᠨ ᠬᠦ᠌ ᠪᠠᠲᠤᠯᠠᠨ᠎ᠠ ᠃

ᠡᠷᠬᠡᠪᠰᠢ ᠵᠢᠷᠤᠮᠯᠠᠬᠤ ᠵᠠᠷᠴᠢᠮ ᠪᠠ ᠱᠠᠭᠠᠷᠳᠠᠯᠭ᠎ᠠ
《 ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠡᠷᠬᠡᠪᠰᠢ 《 ᠬᠤᠶᠠᠷ᠎ᠢ ᠲᠣᠭᠲᠠᠭᠠᠭᠰᠠᠨ 》᠎ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠤᠭᠳᠠᠯ᠎ᠢ ᠭᠦᠨᠵᠡᠭᠡᠢ ᠣᠶ᠋ᠢᠯᠠᠭᠠᠵᠤ ᠂ 《 ᠳᠥᠷᠪᠡᠨ ᠤᠬᠠᠮᠰᠠᠷ 》᠎ᠢᠶᠠᠨ ᠴᠢᠩᠭᠠᠳᠬᠠᠨ ᠂ 《 ᠳᠥᠷᠪᠡᠨ ᠢᠲᠡᠭᠡᠯ 》᠎ᠢᠶᠠᠨ ᠪᠠᠲᠤᠳᠬᠠᠵᠤ ᠂ 《 ᠬᠤᠶᠠᠷ᠎ᠢ ᠬᠠᠮᠠᠭᠠᠯᠠᠬᠤ 》᠎ᠶᠢ ᠪᠡᠶᠡᠯᠡᠭᠦᠯᠦᠨ᠎ᠡ ᠃

ᠵᠢᠷᠭᠤᠭᠠᠨ ᠶᠡᠭᠡ ᠵᠠᠷᠴᠢᠮ᠎ᠢ ᠪᠠᠷᠢᠮᠲᠠᠯᠠᠨ᠎ᠠ  《 ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ᠎ᠠ ᠂ ᠠᠷᠠᠳ ᠲᠦᠮᠡᠨ᠎ᠢ ᠳᠡᠭᠡᠳᠦᠯᠡᠬᠦ᠎ᠶᠢ ᠪᠠᠷᠢᠮᠲᠠᠯᠠᠨ᠎ᠠ ᠂ ᠴᠢᠨᠠᠷ ᠰᠠᠶ᠋ᠢᠲᠠᠢ ᠬᠥᠭᠵᠢᠯᠲᠡ᠎ᠶᠢ ᠪᠠᠷᠢᠮᠲᠠᠯᠠᠨ᠎ᠠ᠂ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ᠎ᠶᠢ ᠪᠠᠷᠢᠮᠲᠠᠯᠠᠨ᠎ᠠ ᠂ ᠪᠦᠲᠦᠮᠵᠢᠲᠡᠢ ᠵᠠᠬ᠎ᠠ ᠳᠡᠯᠭᠡᠭᠦᠷ ᠪᠠ ᠵᠢᠳᠬᠦᠯ ᠲᠠᠢ ᠵᠠᠰᠠᠭ᠎ᠤᠨ ᠣᠷᠳᠤᠨ᠎ᠢ ᠤᠶᠠᠯᠳᠤᠭᠤᠯᠬᠤ᠎ᠶᠢ ᠪᠠᠷᠢᠮᠲᠠᠯᠠᠨ᠎ᠠ ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠯᠡᠬᠦ᠎ᠶᠢ ᠪᠠᠷᠢᠮᠲᠠᠯᠠᠨ᠎ᠠ 》 ᠃

ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶ᠎ᠠ᠎ᠶᠢᠨ 《 1571 》 ᠠᠵᠢᠯ᠎ᠤᠨ ᠪᠠᠶ᠋ᠢᠷᠢᠯᠠᠭᠤᠯᠤᠯᠲᠠ᠎ᠶᠢ ᠭᠦᠨᠵᠡᠭᠡᠢ ᠨᠠᠢᠳᠠᠪᠤᠷᠢᠵᠢᠭᠤᠯᠤᠨ᠎ᠠ 

ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠤᠯ ᠰᠢᠵᠢᠮ ᠪᠣᠯᠭᠠᠵᠤ ᠂ ᠵᠢᠱ᠌ᠢᠶᠡᠴᠢ ᠥᠪᠡᠷᠲᠡᠭᠡᠨ ᠵᠠᠰᠠᠬᠤ ᠣᠷᠤᠨ᠎ᠢ ᠦᠷᠭᠦᠯᠵᠢᠯᠡᠨ ᠰᠠᠶ᠋ᠢᠲᠤᠷ ᠪᠦᠳᠦᠭᠡᠨ ᠪᠠᠶ᠋ᠢᠭᠤᠯᠤᠨ᠎ᠠ ᠃

ᠶᠡᠷᠦᠩᠬᠡᠢ ᠱᠦᠵᠢ ᠰᠢ᠎ᠵᠢᠨ᠎ᠫᠢᠩ ᠪᠠ ᠨᠠᠮ᠎ᠤᠨ ᠲᠥᠪ ᠬᠤᠷᠢᠶ᠎ᠠ᠎ᠠᠴᠠ ᠥᠪᠦᠷ ᠮᠣᠩᠭᠤᠯ᠎ᠳᠤ ᠳᠠᠭᠠᠭᠠᠯᠭᠠᠭᠰᠠᠨ 《 ᠬᠤᠶᠠᠷ ᠬᠠᠯᠬᠠᠪᠴᠢ 》 ᠂ 《 ᠬᠤᠶᠠᠷ ᠰᠠᠭᠤᠷᠢᠨ 》 ᠂ 《 ᠨᠢᠭᠡ ᠪᠠᠬᠢᠯᠡᠯᠲᠡ 》᠎ᠶᠢ ᠪᠦᠲᠦᠭᠡᠨ ᠪᠠᠢᠭᠤᠯᠬᠤ ᠲᠠᠪᠤᠨ ᠶᠡᠭᠡ ᠪᠠᠶ᠋ᠢᠯᠳᠤᠬᠤ ᠪᠣᠳᠤᠯᠭ᠎ᠠ᠎ᠶᠢᠨ ᠪᠠᠶ᠋ᠢᠷᠢ ᠲᠣᠭᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶᠢ ᠭᠦᠨᠵᠡᠭᠡᠶ᠋ᠢᠷᠡᠭᠦᠯᠦᠨ ᠨᠠᠶ᠋ᠢᠳᠠᠪᠤᠷᠢᠵᠢᠭᠤᠯᠤᠨ᠎ᠠ ᠃

ᠥᠪᠦᠷ ᠮᠣᠩᠭᠤᠯ᠎ᠤᠨ ᠣᠨᠴᠠᠯᠢᠭ᠍ᠲᠤ ᠳᠠᠪᠠᠭᠤᠯᠢᠭ᠋᠎ᠢ ᠢᠯᠡᠷᠡᠭᠦᠯᠦᠭᠰᠡᠨ ᠣᠳᠤᠬᠢᠴᠢᠯᠠᠭᠰᠠᠨ ᠠᠵᠤ ᠦᠢᠯᠡᠰ᠎ᠤᠨ ᠲᠣᠭᠲᠠᠯᠴᠠᠭ᠎ᠠ᠎ᠶᠢ ᠪᠦᠲᠦᠭᠡᠨ ᠪᠠᠢᠭᠤᠯᠬᠤ ᠂ ᠭᠠᠵᠠᠷ ᠣᠷᠤᠨ᠎ᠤ ᠪᠠᠶ᠋ᠢᠳᠠᠯ᠎ᠳᠤ᠎ᠪᠠᠨ ᠲᠣᠬᠢᠷᠠᠭᠤᠯᠤᠨ ᠥᠨᠳᠦᠷ ᠬᠢᠷᠢ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭᠠᠭᠠᠵᠤ ᠬᠦᠴᠦᠷᠬᠡᠭᠵᠢᠬᠦ᠎ᠶᠢ ᠲᠦᠷᠭᠡᠳᠬᠡᠬᠦ ᠂ ᠪᠦᠬᠦ ᠤᠯᠤᠰ᠎ᠤᠨ ᠨᠢᠭᠡᠳᠦᠯᠲᠡᠢ ᠲᠣᠮᠤ ᠵᠠᠬ᠎ᠠ ᠳᠡᠯᠭᠡᠭᠦᠷ ᠯᠤᠭᠡ ᠭᠦᠨᠵᠡᠭᠡᠢ ᠵᠣᠯᠭᠠᠭᠤᠯᠬᠤ ᠂ ᠥᠨᠳᠦᠷ ᠲᠦᠪᠰᠢᠨ ᠪᠦᠬᠦᠢ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ᠎ᠶᠢᠨ ᠪᠠᠶ᠋ᠢᠭᠤᠯᠤᠯ᠎ᠢ ᠪᠠᠶ᠋ᠢᠭᠤᠯᠬᠤ ᠂ ᠣᠷᠤᠨ ᠪᠦᠰᠡ᠎ᠶᠢᠨ ᠠᠵᠤ ᠠᠬᠤᠢ᠎ᠶᠢᠨ ᠪᠠᠢᠷᠢᠯᠠᠭᠤᠯᠤᠯᠲᠠ᠎ᠶᠢ ᠰᠢᠯᠢᠳᠡᠭᠵᠢᠭᠦᠯᠬᠦ ᠂ ᠨᠡᠶ᠋ᠢᠭᠡᠮ ᠵᠢᠷᠤᠮ᠎ᠤᠨ ᠰᠣᠶᠤᠯ᠎ᠢ ᠴᠡᠴᠡᠭᠯᠡᠭᠦᠯᠦᠨ ᠬᠥᠭᠵᠢᠭᠦᠯᠬᠦ ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ ᠡᠷᠴᠢᠮ᠎ᠢᠶᠠᠨ ᠴᠢᠩᠭᠠᠷᠠᠭᠤᠯᠬᠤ ᠳᠣᠯᠤᠭᠠᠨ ᠵᠦᠢᠯ᠎ᠤᠨ ᠭᠤᠤᠯᠳᠠᠯᠭ᠎ᠠ ᠪᠣᠯᠬᠤ ᠠᠵᠢᠯ᠎ᠢ ᠰᠠᠶ᠋ᠢᠲᠤᠷ ᠠᠳᠬᠤᠨ᠎ᠠ ᠃

ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ ᠪᠠ ᠨᠠᠮ᠎ᠤᠨ ᠪᠠᠢᠭᠤᠯᠤᠯᠲᠠ᠎ᠶᠢ ᠴᠢᠩᠭᠠᠳᠬᠠᠨ᠎ᠠ ᠃

ᠪᠦᠬᠦ ᠤᠯᠤᠰ᠎ᠤᠨ ᠬᠥᠭᠵᠢᠯᠲᠡ᠎ᠶᠢᠨ ᠶᠡᠬᠡ ᠲᠠᠯ᠎ᠠ᠎ᠳᠤ ᠨᠡᠩ ᠰᠠᠢᠲᠤᠷ ᠦᠢᠯᠡᠴᠢᠯᠡᠵᠦ ᠪᠠᠲᠤᠯᠠᠬᠤ ᠳᠤᠮᠳᠠ᠎ᠪᠠᠨ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠦᠨ᠎ᠡ

《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠥᠪᠵᠢᠭᠦᠯᠭᠡ᠎ᠶᠢᠨ ᠬᠤᠭᠤᠴᠠᠭᠠᠨ᠎ᠳᠠᠬᠢ ᠭᠣᠣᠯ ᠬᠠᠷᠠᠯᠲᠠ

1 ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠳᠤ ᠰᠢᠨ᠎ᠡ ᠦᠷ᠎ᠡ ᠪᠦᠲᠦᠮᠵᠢ ᠣᠯᠬᠤ᠎ᠶᠢ ᠠᠬᠢᠭᠤᠯᠤᠨ᠎ᠠ

ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠤᠨ ᠳᠦᠷᠢᠮ ᠲᠣᠭᠲᠠᠴᠠ᠎ᠶᠢ ᠤᠯᠠᠮ᠎ᠢᠶᠠᠷ ᠲᠡᠭᠦᠯᠳᠡᠷᠵᠢᠭᠦᠯᠵᠦ ᠂ ᠤᠨᠤᠯ᠎ᠤᠨ ᠰᠤᠳᠤᠯᠭᠠᠨ ᠲᠠᠶ᠋ᠢᠯᠪᠤᠷᠢᠯᠠᠯᠲᠠ᠎ᠳᠤ ᠨᠢᠭᠡ ᠪᠦᠯᠦᠭ ᠨᠥᠯᠥᠭᠡᠯᠡᠬᠦ ᠬᠦᠴᠦᠨ᠎ᠲᠠᠢ ᠴᠢᠬᠤᠯᠠ ᠦᠷ᠎ᠡ ᠪᠦᠲᠦᠭᠡᠯ ᠣᠯᠵᠤ ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ᠎ᠶᠢ ᠡᠭᠦᠳᠦᠨ ᠪᠠᠶ᠋ᠢᠭᠤᠯᠬᠤ ᠠᠵᠢᠯ᠎ᠢ ᠭᠦᠨᠵᠡᠭᠡᠢ ᠠᠬᠢᠭᠤᠯᠵᠤ ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠬᠥᠮᠦᠰ᠎ᠤᠨ ᠰᠡᠳᠬᠢᠯ᠎ᠳᠤ ᠨᠡᠩ ᠭᠦᠨ᠎ᠡ ᠬᠠᠳᠠᠩᠰᠢᠭᠤᠯᠵᠤ ᠂ ᠵᠢᠱ᠌ᠢᠶᠡᠴᠢ ᠥᠪᠡᠷᠲᠡᠭᠡᠨ ᠵᠠᠰᠠᠬᠤ ᠣᠷᠤᠨ᠎ᠢ ᠪᠦᠬᠦ ᠲᠠᠯ᠎ᠠ᠎ᠪᠠᠷ ᠪᠦᠲᠦᠭᠡᠨ ᠪᠠᠢᠭᠤᠯᠵᠤ ᠨᠡᠩ ᠤᠯᠠᠨ ᠦᠷ᠎ᠡ ᠪᠦᠲᠦᠭᠡᠯ ᠣᠯᠣᠨ᠎ᠠ ᠃

2 ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠦᠰᠦᠷᠦᠯᠲᠡ᠎ᠶᠢ ᠪᠡᠶᠡᠯᠡᠭᠦᠯᠦᠨ᠎ᠡ

ᠠᠵᠤ ᠠᠬᠤᠢ᠎ᠶᠢᠨ ᠨᠡᠮᠡᠭᠳᠡᠯ᠎ᠢᠶᠠᠨ ᠵᠣᠬᠢᠰᠲᠠᠢ ᠣᠷᠤᠨ ᠵᠠᠢ᠎ᠳᠤ ᠪᠠᠢᠯᠭᠠᠬᠤ᠎ᠶᠢ ᠪᠠᠲᠤᠯᠠᠵᠤ ᠂ ᠪᠦᠬᠦ ᠬᠦᠴᠦᠨ ᠵᠦᠢᠯ᠎ᠤᠨ ᠦᠢᠯᠡᠳᠪᠦᠷᠢᠯᠡᠯ᠎ᠤᠨ ᠨᠤᠷᠮ᠎ᠠ᠎ᠶᠢ ᠲᠣᠭᠲᠠᠭᠤᠨ᠎ᠢᠶᠡᠷ ᠳᠡᠭᠡᠭᠰᠢᠯᠡᠭᠦᠯᠵᠦ ᠂ ᠰᠠᠭᠤᠭᠠᠯᠢ ᠠᠷᠠᠳ᠎ᠤᠨ ᠬᠡᠷᠡᠭᠯᠡᠭᠡ᠎ᠶᠢᠨ ᠨᠤᠷᠮ᠎ᠠ᠎ᠶᠢ ᠢᠯᠡᠳᠲᠡ ᠳᠡᠭᠡᠭᠰᠢᠯᠡᠭᠦᠯᠦᠨ ᠂ ᠰᠢᠨ᠎ᠡ ᠬᠡᠯᠪᠡᠷᠢ᠎ᠶᠢᠨ ᠠᠵᠤ ᠦᠢᠯᠡᠳᠪᠦᠷᠢᠵᠢᠯᠲᠡ ᠂ ᠮᠡᠳᠡᠭᠡ ᠵᠠᠩᠬᠢᠴᠢᠯᠠᠯᠲᠠ ᠂ ᠬᠤᠳᠠ ᠪᠠᠯᠭᠠᠰᠤᠵᠢᠯᠲᠠ ᠂ ᠲᠠᠷᠢᠶᠠᠯᠠᠩ ᠮᠠᠯ ᠠᠵᠤ ᠠᠬᠤᠢ᠎ᠶᠢᠨ ᠣᠳᠤᠬᠢᠴᠢᠯᠠᠯᠲᠠ᠎ᠶᠢᠨ ᠲᠠᠯ᠎ᠠ᠎ᠪᠠᠷ ᠴᠢᠬᠤᠯᠠ ᠶᠡᠭᠡ ᠠᠬᠢᠴᠠ᠎ᠲᠠᠢ ᠪᠤᠯᠵᠤ ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠂ ᠥᠪᠦᠷ ᠮᠣᠩᠭᠤᠯ᠎ᠤᠨ ᠣᠨᠴᠠᠯᠢᠭ᠍ᠲᠤ ᠳᠠᠪᠠᠭᠤᠯᠢᠭ᠋᠎ᠢ ᠢᠯᠡᠷᠡᠭᠦᠯᠦᠭᠰᠡᠨ ᠣᠳᠤᠬᠢᠴᠢᠯᠠᠭᠰᠠᠨ ᠠᠵᠤ ᠦᠢᠯᠡᠰ᠎ᠤᠨ ᠲᠣᠭᠲᠠᠯᠴᠠᠭ᠎ᠠ᠎ᠶᠢ ᠪᠦᠲᠦᠭᠡᠨ ᠪᠠᠶ᠋ᠢᠭᠤᠯᠬᠤ ᠠᠵᠢᠯ᠎ᠳᠦ ᠴᠢᠬᠤᠯᠠ ᠶᠡᠭᠡ ᠰᠢᠪᠲᠤᠯᠤᠯᠲᠠ᠎ᠲᠠᠢ ᠪᠤᠯᠵᠤ ᠂ ᠡᠨᠧᠷᠭᠢ ᠂ ᠪᠠᠶ᠋ᠢᠯᠳᠤᠬᠤ ᠪᠤᠳᠤᠯᠭ᠎ᠠ᠎ᠶᠢᠨ ᠡᠬᠢ ᠪᠠᠶᠠᠯᠢᠭ᠋ ᠪᠠ ᠭᠤᠤᠯ ᠪᠣᠯᠬᠤ ᠮᠠᠯ ᠲᠠᠷᠢᠶᠠᠯᠠᠩ᠎ᠤᠨ ᠭᠠᠷᠤᠯᠲᠠ᠎ᠶᠢᠨ ᠬᠠᠩᠭᠠᠯᠭ᠎ᠠ᠎ᠶᠢ ᠪᠠᠲᠤᠯᠠᠬᠤ ᠴᠢᠳᠠᠪᠤᠷᠢ᠎ᠪᠠᠨ ᠦᠷᠭᠦᠯᠵᠢᠯᠡᠨ ᠳᠡᠭᠡᠭᠰᠢᠯᠡᠭᠦᠯᠵᠦ ᠂ ᠬᠥᠮᠦᠨ ᠳᠤᠮᠳᠠᠴᠢ᠎ᠶᠢᠨ ᠭᠠᠵᠠᠷ ᠣᠷᠤᠨ᠎ᠤ ᠦᠢᠯᠡᠳᠪᠦᠷᠢᠯᠡᠯ᠎ᠤᠨ ᠶᠡᠷᠦᠩᠬᠡᠢ ᠦᠷᠳᠡᠭ᠎ᠢᠶᠠᠨ ᠪᠦᠬᠦ ᠤᠯᠤᠰ᠎ᠤᠨ ᠳᠡᠭᠡᠳᠦ ᠬᠡᠮᠵᠢᠶᠡᠨ᠎ᠳᠤ ᠲᠣᠭᠲᠠᠭᠤᠨ᠎ᠢᠶᠡᠷ ᠣᠷᠤᠭᠤᠯᠤᠨ᠎ᠠ ᠃

3 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠡᠭᠦᠳᠦᠯᠲᠡ᠎ᠶᠢ ᠰᠢᠨ᠎ᠡ ᠳᠡᠭᠲᠡᠷ᠎ᠲᠦ ᠭᠠᠷᠭᠠᠨ᠎ᠠ

ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠴᠢᠳᠠᠪᠤᠷᠢᠲᠠᠨ ᠭᠤᠷᠪᠠ᠎ᠶᠢ ᠨᠢᠭᠡ ᠴᠣᠭᠴᠠᠵᠢᠭᠤᠯᠤᠨ ᠬᠥᠭᠵᠢᠭᠦᠯᠬᠦ ᠪᠠᠶ᠋ᠢᠷᠢᠰᠢᠯ᠎ᠢ ᠦᠨᠳᠦᠰᠦᠨ᠎ᠳᠤ᠎ᠪᠠᠨ ᠪᠦᠷᠢᠯᠳᠦᠭᠦᠯᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠰᠢᠨ᠎ᠡ᠎ᠶᠢ ᠡᠭᠦᠳᠬᠦ ᠭᠤᠤᠯ ᠴᠣᠭᠴᠠ᠎ᠶᠢ ᠲᠠᠰᠤᠷᠠᠯᠲᠠ ᠥᠬᠡᠢ ᠪᠤᠵᠠᠭᠠᠶ᠋ᠢᠷᠠᠭᠤᠯᠤᠨ ᠂ ᠬᠦᠴᠦᠨ ᠵᠦᠢᠯ᠎ᠢ ᠲᠥᠪᠯᠡᠷᠡᠭᠦᠯᠬᠦ ᠴᠢᠳᠠᠪᠤᠷᠢ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠰᠢᠨ᠎ᠡ᠎ᠶᠢ ᠡᠭᠦᠳᠬᠦ ᠴᠢᠳᠠᠪᠤᠷᠢ ᠂ ᠦᠷ᠎ᠡ ᠪᠦᠲᠦᠭᠡᠯ᠎ᠢ ᠤᠯᠠᠷᠢᠭᠤᠯᠬᠤ ᠴᠢᠳᠠᠪᠤᠷᠢ᠎ᠶᠢ ᠶᠡᠭᠡ᠎ᠪᠠᠷ ᠳᠡᠭᠡᠭᠰᠢᠯᠡᠭᠦᠯᠵᠦ ᠂ ᠪᠥᠬᠦ ᠶᠠᠪᠤᠴᠠ᠎ᠶᠢᠨ ᠰᠢᠨ᠎ᠡ᠎ᠶᠢ ᠡᠭᠦᠳᠬᠦ ᠬᠡᠯᠬᠢᠶ᠎ᠡ᠎ᠶᠢ ᠲᠦᠷᠭᠡᠪᠴᠢᠯᠡᠨ ᠪᠦᠷᠢᠯᠳᠦᠭᠦᠯᠵᠦ ᠂ ᠳᠠᠪᠠᠭᠤᠯᠢᠭ᠋ ᠬᠦᠷᠢᠶᠡᠨ᠎ᠳᠤ ᠤᠯᠤᠰ᠎ᠤᠨ ᠳᠣᠲᠤᠭᠠᠳᠤ ᠭᠠᠳᠠᠭᠠᠳᠤ᠎ᠳᠤ ᠲᠦᠷᠦᠭᠦᠯᠡᠬᠦ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠡᠭᠦᠳᠴᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠪᠠ ᠠᠵᠤ ᠦᠢᠯᠡᠰ᠎ᠤᠨ ᠰᠢᠨ᠎ᠡ ᠡᠭᠦᠳᠦᠯᠲᠡ᠎ᠶᠢ ᠭᠦᠨᠵᠡᠭᠡᠢ ᠠᠭᠤᠰᠤᠯᠴᠠᠭᠤᠯᠵᠤ ᠂ ᠰᠢᠨ᠎ᠡ ᠡᠭᠦᠳᠦᠯᠲᠡ᠎ᠪᠠᠷ ᠬᠥᠳᠡᠯᠭᠡᠭᠦᠷ ᠪᠣᠯᠭᠠᠬᠤ ᠦᠢᠯᠡᠳᠦᠯ᠎ᠢ ᠢᠯᠡᠳᠲᠡ ᠴᠢᠩᠭᠠᠷᠠᠭᠤᠯᠤᠨ᠎ᠠ ᠃

4 ᠥᠭᠡᠷᠡᠴᠢᠯᠡᠯᠲᠡ ᠨᠡᠭᠡᠭᠡᠯᠲᠡ᠎ᠶᠢ ᠭᠦᠨᠵᠡᠭᠡᠢᠷᠡᠭᠦᠯᠵᠦ ᠰᠢᠨ᠎ᠡ ᠰᠢᠪᠲᠤᠯᠤᠯᠲᠠ ᠭᠠᠷᠭᠠᠨ᠎ᠠ

ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠭᠤᠷᠪᠠᠳᠤᠭᠠᠷ ᠪᠥᠬᠦᠳᠡ ᠬᠤᠷᠠᠯ᠎ᠤᠨ ᠵᠣᠷᠢᠭ᠋ ᠰᠠᠨᠠᠭ᠎ᠠ᠎ᠪᠠᠷ ᠤᠬᠠᠭᠠᠯᠠᠨ ᠲᠥᠯᠥᠪᠯᠡᠵᠦ ᠪᠠᠶ᠋ᠢᠷᠢᠯᠠᠭᠤᠯᠤᠭᠰᠠᠨ ᠥᠭᠡᠷᠡᠴᠢᠯᠡᠯᠲᠡ᠎ᠶᠢᠨ ᠡᠭᠦᠷᠭᠡ᠎ᠶᠢ ᠲᠣᠭᠲᠠᠭᠰᠠᠨ ᠬᠤᠭᠤᠴᠠᠭᠠᠨ᠎ᠳᠤ ᠪᠡᠶᠡᠯᠡᠭᠦᠯᠵᠦ ᠂ ᠥᠨᠳᠦᠷ ᠪᠠᠷᠢᠮᠵᠢᠶᠠᠲᠤ ᠵᠠᠬ᠎ᠠ ᠳᠡᠯᠭᠡᠭᠦᠷ᠎ᠤᠨ ᠲᠣᠭᠲᠠᠯᠴᠠᠭ᠎ᠠ᠎ᠶᠢ ᠦᠨᠳᠦᠰᠦᠨ᠎ᠳᠦ᠎ᠪᠡᠨ ᠪᠦᠷᠢᠯᠳᠦᠭᠦᠯᠦᠨ ᠂ ᠪᠥᠬᠦ ᠶᠠᠪᠤᠴᠠ᠎ᠶᠢᠨ ᠠᠷᠠᠳ᠎ᠤᠨ ᠠᠷᠠᠳᠴᠢᠯᠠᠯ᠎ᠢ ᠭᠦᠨᠵᠡᠭᠡᠢ ᠬᠥᠭᠵᠢᠭᠦᠯᠵᠦ ᠂ ᠬᠠᠤᠯᠢ᠎ᠪᠠᠷ ᠵᠠᠰᠠᠬᠤ ᠪᠠᠶ᠋ᠢᠭᠤᠯᠤᠯᠲᠠ᠎ᠶᠢ ᠨᠠᠩ ᠥᠨᠳᠦᠷ ᠲᠦᠪᠰᠢᠨ᠎ᠳᠤ ᠬᠦᠷᠦᠭᠦᠯᠦᠨ᠎ᠡ᠃ ᠪᠦᠬᠦ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ ᠯᠤᠭᠡ ᠠᠭᠤᠰᠤᠯᠴᠠᠬᠤ᠎ᠪᠠᠨ ᠨᠡᠩ ᠨᠢᠭ᠍ᠲᠠ ᠪᠣᠯᠭᠠᠵᠤ ᠂ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ᠎ᠶᠢᠨ ᠪᠦᠳᠦᠭᠡᠨ ᠪᠠᠶ᠋ᠢᠭᠤᠯᠤᠯᠲᠠ᠎ᠳᠤ ᠰᠢᠪᠲᠤᠯᠤᠯᠲᠠ᠎ᠶᠢᠨ ᠴᠢᠨᠠᠷᠲᠠᠢ ᠠᠬᠢᠴᠠ᠎ᠲᠠᠢ ᠪᠣᠯᠭᠠᠨ᠎ᠠ᠃

5 ᠨᠡᠢᠭᠡᠮ᠎ᠦᠨ ᠪᠣᠯᠪᠠᠰᠤᠨ᠎ᠤ ᠲᠥᠪᠰᠢᠨ᠎ᠢ ᠰᠢᠨ᠎ᠡ ᠳᠡᠭᠡᠭᠰᠢᠯᠡᠯᠲᠡ ᠲᠠᠢ ᠪᠣᠯᠭᠠᠨ᠎ᠠ

ᠨᠡᠢᠭᠡᠮ ᠵᠢᠷᠤᠮ᠎ᠤᠨ ᠭᠣᠣᠯᠯᠠᠭ᠍ᠴᠢ ᠥᠷᠲᠡᠭ᠎ᠤᠨ ᠦᠵᠡᠯᠲᠡ᠎ᠶᠢ ᠥᠷᠭᠡᠨ ᠳᠡᠯᠭᠡᠷ ᠦᠢᠯᠡᠳᠦᠯᠭᠡᠵᠢᠭᠦᠯᠵᠦ ᠂ ᠤᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡᠨ᠎ᠤ ᠲᠣᠭᠲᠠᠯᠴᠠᠭ᠎ᠠ ᠂ ᠣᠳᠤ ᠦᠶ᠎ᠡ᠎ᠶᠢᠨ ᠰᠣᠶᠤᠯ᠎ᠤᠨ ᠠᠵᠤ ᠦᠢᠯᠡᠰ᠎ᠤᠨ ᠲᠣᠭᠲᠠᠯᠴᠠᠭ᠎ᠠ ᠪᠠ ᠵᠠᠬ᠎ᠠ ᠳᠡᠯᠭᠡᠭᠦᠷ᠎ᠤᠨ ᠲᠣᠭᠲᠠᠯᠴᠠᠭ᠎ᠠ᠎ᠶᠢ ᠨᠡᠩ ᠪᠦᠷᠢᠨ ᠲᠡᠭᠦᠯᠳᠡᠷ ᠪᠣᠯᠭᠠᠨ ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠤ ᠣᠶᠤᠨ᠎ᠤ ᠰᠣᠶᠤᠯ᠎ᠤᠨ ᠠᠮᠢᠳᠤᠷᠠᠯ᠎ᠢ ᠨᠡᠩ ᠪᠠᠶᠠᠯᠢᠭ᠍ᠵᠢᠭᠤᠯᠵᠤ ᠂ ᠤᠯᠠᠨ ᠲᠦᠮᠡᠨ᠎ᠤ ᠶᠣᠰᠤ ᠰᠤᠷᠲᠠᠬᠤᠨ᠎ᠤ ᠬᠡᠪ ᠴᠢᠨᠠᠷ ᠂ ᠰᠢᠨᠵᠢᠯᠡᠬᠦ ᠤᠬᠠᠭᠠᠨ ᠰᠣᠶᠤᠯ᠎ᠤᠨ ᠬᠡᠪ ᠴᠢᠨᠠᠷ ᠂ ᠡᠷᠡᠭᠦᠯ ᠮᠡᠨᠳᠦ᠎ᠶᠢᠨ ᠬᠡᠪ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠦᠨ ᠂ ᠳᠤᠮᠳᠠᠳᠤ ᠵᠢᠨ ᠦᠨᠳᠦᠰᠦᠲᠡᠨ᠎ᠤ ᠬᠠᠮᠲᠤ᠎ᠶᠢᠨ ᠣᠶᠤᠨ ᠰᠠᠨᠠᠭᠠᠨ᠎ᠤ ᠭᠡᠷ ᠣᠷᠤᠨ᠎ᠢ ᠨᠡᠩ ᠪᠡᠬᠢᠵᠢᠭᠦᠯᠦᠨ᠎ᠡ ᠃

6 ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶᠢ ᠰᠢᠨ᠎ᠡ ᠳᠡᠭᠡᠭᠰᠢᠯᠡᠯᠲᠡ ᠲᠠᠢ ᠪᠣᠯᠭᠠᠨ᠎ᠠ

ᠴᠢᠨᠠᠷ ᠰᠠᠶ᠋ᠢᠲᠠᠢ᠎ᠪᠠᠷ ᠭᠦᠢᠴᠡᠳ ᠠᠵᠢᠯ ᠣᠯᠭᠣᠬᠤ᠎ᠶᠢ ᠲᠣᠭᠲᠠᠭᠤᠨ᠎ᠢᠶᠠᠷ ᠠᠬᠢᠭᠤᠯᠵᠤ ᠂ ᠰᠠᠭᠤᠭᠠᠯᠢ ᠠᠷᠠᠳ᠎ᠤᠨ ᠣᠷᠤᠯᠭ᠎ᠠ᠎ᠶᠢ ᠪᠦᠬᠦ ᠤᠯᠤᠰ᠎ᠤᠨ ᠳᠡᠭᠡᠳᠦ ᠬᠡᠮᠵᠢᠶᠡᠨ᠎ᠳᠤ ᠲᠣᠭᠲᠠᠪᠤᠷᠢᠵᠢᠭᠤᠯᠵᠤ ᠂ ᠨᠡᠶ᠋ᠢᠭᠡᠮ᠎ᠤᠨ ᠪᠠᠲᠤᠯᠠᠭ᠎ᠠ᠎ᠶᠢᠨ ᠲᠣᠭᠲᠠᠯᠴᠠᠭ᠎ᠠ᠎ᠶᠢ ᠨᠡᠩ ᠪᠦᠷᠢᠨ ᠲᠡᠭᠦᠯᠳᠡᠷ ᠪᠣᠯᠭᠠᠵᠤ ᠂ ᠦᠨᠳᠦᠰᠦᠨ ᠤᠯᠠᠨ ᠨᠡᠶ᠋ᠢᠲᠡ᠎ᠶᠢᠨ ᠦᠢᠯᠡᠴᠢᠯᠡᠭᠡᠨ᠎ᠢ ᠲᠡᠩᠴᠡᠭᠦᠷᠢᠰᠢᠭᠦᠯᠬᠦ ᠲᠦᠪᠰᠢᠨ᠎ᠢᠶᠠᠨ ᠢᠯᠡᠳᠲᠡ ᠳᠡᠭᠡᠭᠰᠢᠯᠡᠭᠦᠯᠵᠦ ᠂ ᠤᠯᠠᠨ ᠲᠦᠮᠡᠨ᠎ᠤ ᠬᠦᠷᠲᠡᠮᠵᠢ᠎ᠶᠢᠨ ᠲᠦᠷᠦᠭᠳᠡᠯ ᠂ ᠵᠣᠯ ᠵᠢᠷᠭᠠᠯᠲᠤ ᠲᠦᠷᠦᠭᠳᠡᠯ ᠂ ᠠᠮᠤᠷ ᠲᠦᠪᠰᠢᠨ᠎ᠤ ᠲᠦᠷᠦᠭᠳᠡᠯ᠎ᠢ ᠨᠡᠩ ᠲᠡᠭᠦᠯᠳᠡᠷ ᠂ ᠨᠡᠩ ᠪᠠᠲᠤᠯᠠᠭ᠎ᠠ᠎ᠲᠠᠢ ᠂ ᠨᠡᠩ ᠦᠷᠭᠦᠯᠵᠢᠯᠡᠬᠦᠢᠴᠡ ᠪᠣᠯᠭᠠᠵᠤ ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ᠎ᠪᠠᠷ ᠴᠢᠨᠡᠭᠡᠯᠢᠭᠵᠢᠬᠦ᠎ᠶᠢ ᠯᠠᠪᠳᠠᠭᠤᠨ ᠪᠠᠲᠤᠲᠠᠢ ᠠᠬᠢᠭᠤᠯᠤᠨ᠎ᠠ ᠃

7 ᠠᠮᠢ ᠠᠬᠤᠢ᠎ᠶᠢᠨ ᠪᠣᠯᠪᠠᠰᠤᠨ᠎ᠤ ᠪᠦᠲᠦᠭᠡᠨ ᠪᠠᠢᠭᠤᠯᠤᠯᠲᠠ᠎ᠶᠢ ᠰᠢᠨ᠎ᠡ ᠳᠥᠪᠰᠢᠨ᠎ᠳᠦ ᠬᠦᠷᠭᠡᠨ᠎ᠡ

《 ᠤᠮᠠᠷᠠᠲᠤ᠎ᠶᠢᠨ ᠭᠤᠷᠪᠠᠨ ᠣᠷᠣᠨ 》᠎ᠤ ᠢᠨᠵᠧᠨᠧᠷᠢᠩ᠎ᠤᠨ ᠵᠢᠷᠭᠤᠳᠤᠭᠠᠷ ᠬᠤᠭᠤᠴᠠᠭᠠᠨ᠎ᠤ ᠲᠥᠯᠦᠪᠵᠢᠭᠦᠯᠭᠡ᠎ᠶᠢᠨ ᠡᠭᠦᠷᠭᠡ᠎ᠶᠢ ᠪᠥᠬᠦ ᠲᠠᠯ᠎ᠠ᠎ᠪᠠᠷ ᠪᠡᠶᠡᠯᠡᠭᠦᠯᠵᠦ ᠂ ᠭᠤᠤᠯ ᠪᠣᠯᠬᠤ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ᠎ᠶᠢᠨ ᠶᠡᠷᠦᠩᠬᠡᠢ ᠬᠡᠮᠵᠢᠶ᠎ᠡ᠎ᠶᠢ ᠦᠷᠭᠦᠯᠵᠢᠯᠡᠨ ᠪᠠᠭᠠᠰᠬᠠᠵᠤ ᠂ ᠬᠤᠲᠠ ᠬᠥᠳᠡᠭᠡ᠎ᠶᠢᠨ ᠣᠷᠤᠰᠢᠨ ᠰᠠᠭᠤᠬᠤ ᠣᠷᠴᠢᠨ ᠨᠥᠬᠥᠴᠡᠯ᠎ᠢ ᠢᠯᠡᠳᠲᠡ ᠰᠠᠢᠵᠢᠷᠠᠭᠤᠯᠤᠨ ᠂ ᠪᠣᠬᠢᠷᠲᠤᠯ ᠥᠬᠡᠢ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ᠋᠎ᠢ ᠦᠨᠳᠦᠰᠦᠨ᠎ᠳᠤ᠎ᠪᠠᠨ ᠪᠤᠢ ᠪᠣᠯᠭᠠᠨ ᠂ ᠨᠡᠭᠦᠷᠡᠰᠦᠲᠦᠷᠦᠭᠴᠢ᠎ᠶᠢᠨ ᠭᠠᠳᠠᠭᠰᠢᠯᠠᠭᠤᠯᠤᠯᠲᠠ᠎ᠶᠢ ᠣᠷᠭᠢᠯ ᠬᠡᠮᠵᠢᠭᠳᠡᠯ᠎ᠳᠤ ᠬᠦᠷᠭᠡᠬᠦ ᠬᠠᠷᠠᠯᠲᠠ᠎ᠶᠢ ᠲᠣᠭᠲᠠᠭᠰᠠᠨ ᠬᠤᠭᠤᠴᠠᠭᠠᠨ᠎ᠳᠤ ᠪᠡᠶᠡᠯᠡᠭᠦᠯᠵᠦ ᠂ ᠦᠵᠡᠰᠬᠦᠯᠡᠩᠲᠦ ᠰᠠᠶ᠋ᠢᠬᠠᠨ ᠥᠪᠦᠷ ᠮᠣᠩᠭᠤᠯ᠎ᠤᠨ ᠪᠥᠲᠦᠭᠡᠨ ᠪᠠᠶ᠋ᠢᠭᠤᠯᠤᠯᠲᠠ᠎ᠶᠢ ᠰᠢᠨ᠎ᠡ ᠴᠢᠬᠤᠯᠠ ᠶᠡᠭᠡ ᠠᠬᠢᠯᠲᠠ᠎ᠲᠠᠢ ᠪᠣᠯᠭᠠᠨ ᠂ ᠴᠢᠳᠠᠮᠵᠢ᠎ᠨᠢ ᠪᠦᠷᠢᠨ ᠲᠡᠭᠦᠯᠳᠡᠷ ᠪᠥᠭᠡᠳ ᠪᠠᠲᠤ ᠪᠠᠬᠢ ᠤᠮᠠᠷᠠᠲᠤ ᠬᠢᠵᠠᠭᠠᠷ᠎ᠤᠨ ᠪᠣᠬᠢᠷᠲᠤᠯ ᠥᠬᠡᠢ ᠣᠷᠳᠤ ᠴᠠᠭᠠᠨ ᠬᠡᠷᠡᠮ ᠂ ᠠᠮᠢ ᠠᠬᠤᠢ᠎ᠶᠢᠨ ᠠᠮᠤᠷ ᠲᠦᠪᠰᠢᠨ᠎ᠤ ᠬᠠᠯᠬᠠᠪᠴᠢ᠎ᠶᠢ ᠴᠣᠭᠴᠠᠯᠠᠨ ᠪᠠᠶ᠋ᠢᠭᠤᠯᠤᠨ᠎ᠠ ᠃

8 ᠠᠮᠤᠭᠤᠯᠠᠩᠲᠤ ᠥᠪᠥᠷ ᠮᠣᠩᠭᠣᠯ᠎ᠦᠨ ᠪᠦᠲᠦᠭᠡᠨ ᠪᠠᠢᠭᠤᠯᠤᠯᠲᠠ᠎ᠶᠢᠨ ᠰᠢᠨ᠎ᠡ ᠪᠠᠢᠳᠠᠯ᠎ᠢ ᠡᠭᠦᠳᠦᠨ᠎ᠡ

ᠤᠯᠤᠰ᠎ᠤᠨ ᠠᠮᠤᠷ ᠲᠦᠪᠰᠢᠨ᠎ᠢ ᠬᠠᠮᠠᠭᠠᠯᠠᠬᠤ ᠴᠢᠳᠠᠪᠤᠷᠢ᠎ᠪᠠᠨ ᠤᠯᠠᠮ ᠨᠢᠭᠡ ᠠᠯᠬᠤᠮ ᠴᠢᠩᠭᠠᠷᠠᠭᠤᠯᠵᠤ ᠂ ᠭᠤᠤᠯᠳᠠᠯᠭ᠎ᠠ ᠪᠣᠯᠬᠤ ᠬᠦᠷᠢᠶᠡᠨ᠎ᠤ ᠠᠶᠤᠯ ᠲᠦᠭᠰᠢᠭᠦᠷᠢ᠎ᠶᠢ ᠪᠦᠲᠦᠮᠵᠢᠲᠡᠢ ᠰᠡᠷᠭᠡᠶ᠋ᠢᠯᠡᠨ ᠠᠷᠢᠯᠭᠠᠵᠤ ᠂ ᠨᠡᠶ᠋ᠢᠭᠡᠮ᠎ᠤᠨ ᠵᠠᠰᠠᠯᠲᠠ ᠪᠠ ᠤᠯᠠᠨ ᠨᠡᠶ᠋ᠢᠲᠡ᠎ᠶᠢᠨ ᠠᠮᠤᠷ ᠲᠦᠪᠰᠢᠨ᠎ᠤ ᠵᠠᠰᠠᠯᠲᠠ᠎ᠶᠢᠨ ᠲᠦᠪᠰᠢᠨ᠎ᠢ ᠢᠯᠡᠳᠲᠡ ᠳᠡᠭᠡᠭᠰᠢᠯᠡᠭᠦᠯᠵᠦ ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ᠎ᠪᠠᠨ ᠬᠠᠮᠲᠤᠳᠬᠠᠨ ᠬᠢᠯᠢ ᠬᠢᠵᠠᠭᠠᠷ ᠣᠷᠣᠨ᠎ᠢ ᠬᠦᠴᠦᠷᠬᠡᠭᠵᠢᠭᠦᠯᠵᠦ ᠰᠡᠷᠭᠡᠶ᠋ᠢᠯᠡᠯᠲᠡ᠎ᠶᠢ ᠪᠠᠲᠤᠳᠬᠠᠬᠤ ᠪᠠᠶ᠋ᠢᠷᠢᠰᠢᠯ᠎ᠢᠶᠠᠨ ᠤᠯᠠᠮ ᠨᠢᠭᠡ ᠠᠯᠬᠤᠮ ᠪᠡᠬᠢᠵᠢᠭᠦᠯᠵᠦ ᠂ ᠡᠬᠡ ᠤᠯᠤᠰ᠎ᠤᠨ ᠤᠮᠠᠷᠠᠲᠤ ᠬᠢᠵᠠᠭᠠᠷ᠎ᠤᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠨᠡᠩ ᠪᠠᠲᠤ ᠪᠠᠬᠢ ᠪᠣᠯᠭᠠᠨ᠎ᠠ ᠃

ᠡᠨᠡ ᠬᠦ᠌ ᠰᠠᠭᠤᠷᠢᠨ ᠳᠡᠭᠡᠷ᠎ᠡ ᠳᠠᠬᠢᠭᠠᠳ ᠲᠠᠪᠤᠨ ᠵᠢᠯ ᠴᠢᠷᠮᠠᠢᠨ ᠲᠡᠮᠡᠴᠡᠵᠦ ᠂ 2035 ᠣᠨ ᠪᠣᠯᠬᠤ᠎ᠳᠤ ᠪᠦᠬᠦ ᠣᠷᠤᠨ᠎ᠤ ᠶᠡᠷᠦᠩᠬᠡᠢᠯᠡᠭᠰᠡᠨ ᠠᠵᠤ ᠠᠬᠤᠢ᠎ᠶᠢᠨ ᠪᠣᠳᠠᠲᠤ ᠬᠦᠴᠦᠨ᠎ᠢ ᠶᠡᠭᠡ᠎ᠪᠠᠷ ᠳᠡᠭᠡᠭᠰᠢᠯᠡᠭᠦᠯᠵᠦ ᠂ ᠬᠥᠮᠦᠨ ᠳᠤᠮᠳᠠᠴᠢ᠎ᠶᠢᠨ ᠭᠠᠵᠠᠷ ᠣᠷᠤᠨ᠎ᠦ ᠦᠢᠯᠡᠳᠪᠦᠷᠢᠯᠡᠯ᠎ᠤᠨ ᠶᠡᠷᠦᠩᠬᠡᠢ ᠥᠷᠲᠡᠭ ᠪᠠ ᠰᠠᠭᠤᠭᠠᠯᠢ ᠠᠷᠠᠳ᠎ᠤᠨ ᠣᠷᠤᠯᠭ᠎ᠠ᠎ᠶᠢ ᠨᠡᠩ ᠥᠨᠳᠦᠷ ᠳᠡᠭᠲᠡᠷ᠎ᠲᠤ ᠭᠠᠷᠭᠠᠵᠤ ᠂ 《 ᠬᠣᠶᠠᠷ ᠬᠠᠯᠬᠠᠪᠴᠢ 》 ᠂ 《 ᠬᠤᠶᠠᠷ ᠰᠠᠭᠤᠷᠢᠨ 》 ᠂ 《 ᠨᠢᠭᠡ ᠪᠠᠬᠢᠯᠡᠯᠲᠡ 》᠎ᠶᠢᠨ ᠦᠢᠯᠡᠳᠦᠯ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠪᠠᠶ᠋ᠢᠭᠤᠯᠤᠯᠲᠠ ᠂ ᠬᠢᠯᠢ ᠬᠢᠵᠠᠭᠠᠷ᠎ᠤᠨ ᠦᠨᠳᠦᠰᠦᠲᠡᠨ᠎ᠤ ᠭᠠᠵᠠᠷ ᠣᠷᠤᠨ᠎ᠤ ᠬᠠᠮᠲᠤ᠎ᠪᠠᠷ ᠪᠠᠶᠠᠵᠢᠬᠤ᠎ᠶᠢ ᠠᠬᠢᠭᠤᠯᠬᠤ ᠲᠠᠯ᠎ᠠ᠎ᠪᠠᠷ ᠦᠷᠭᠦᠯᠵᠢᠯᠡᠨ ᠡᠮᠦᠨ᠎ᠡ ᠡᠩᠨᠡᠭᠡᠨ᠎ᠳᠤ ᠶᠠᠪᠤᠵᠤ ᠂ ᠤᠯᠤᠰ᠎ᠤᠨ ᠠᠮᠢ ᠠᠬᠤᠢ᠎ᠶᠢᠨ ᠠᠮᠤᠷ ᠲᠦᠪᠰᠢᠨ᠎ᠤ ᠬᠠᠯᠬᠠᠪᠴᠢ ᠂ ᠠᠮᠤᠷ ᠲᠦᠪᠰᠢᠨ ᠲᠣᠭᠲᠠᠭᠤᠨ᠎ᠦ ᠬᠠᠯᠬᠠᠪᠴᠢ᠎ᠶᠢ ᠪᠦᠳᠦᠭᠡᠨ ᠪᠠᠶ᠋ᠢᠭᠤᠯᠬᠤ ᠲᠠᠯ᠎ᠠ᠎ᠪᠠᠷ ᠦᠷᠭᠦᠯᠵᠢᠯᠡᠨ ᠡᠮᠦᠨ᠎ᠡ ᠡᠩᠨᠡᠭᠡᠨ᠎ᠳᠤ ᠶᠠᠪᠤᠵᠤ ᠂ ᠪᠦᠬᠦ ᠤᠯᠤᠰ ᠯᠤᠭ᠎ᠠ ᠬᠠᠮᠲᠤ᠎ᠪᠠᠷ ᠨᠡᠶ᠋ᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠦ᠎ᠪᠡᠨ ᠪᠡᠶᠡᠯᠡᠭᠦᠯᠦᠨ᠎ᠡ ᠃

《 ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠦᠪᠵᠢᠭᠦᠯᠭᠡ᠎ᠶᠢᠨ ᠬᠤᠭᠤᠴᠠᠭ᠎ᠠ ᠪᠣᠯ ᠥᠪᠦᠷ ᠮᠣᠩᠭᠤᠯ᠎ᠤᠨ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠬᠤ ᠵᠠᠩᠭᠢᠯᠠᠭ᠎ᠠ᠎ᠶᠢᠨ ᠲᠠᠪᠤᠨ ᠵᠢᠯ᠎ᠤᠨ ᠰᠢᠨ᠎ᠡ ᠭᠠᠷᠤᠭ᠎ᠠ᠎ᠳᠤ ᠰᠠᠭᠤᠷᠢᠯᠠᠨ ᠂ ᠰᠢᠨ᠎ᠡ ᠡᠭᠦᠷᠭᠡ ᠬᠠᠷᠢᠭᠤᠴᠠᠯᠭ᠎ᠠ᠎ᠶᠢ ᠡᠭᠦᠷᠭᠡᠯᠡᠵᠦ ᠪᠥᠬᠦ ᠣᠷᠤᠨ᠎ᠤ ᠳᠡᠭᠡᠳᠦ ᠳᠣᠣᠷᠠᠳᠤ ᠱᠠᠲᠤ᠎ᠪᠠᠷ᠎ᠢᠶᠠᠨ ᠪᠠᠶ᠋ᠢᠯᠳᠤᠬᠤ ᠪᠣᠳᠤᠯᠭ᠎ᠠ᠎ᠶᠢᠨ ᠪᠠᠶ᠋ᠢᠷᠢ ᠲᠣᠭᠲᠠᠭᠠᠯᠲᠠ ᠬᠠᠷᠠᠯᠲᠠ᠎ᠪᠠᠨ ᠲᠣᠭᠲᠠᠭᠠᠵᠤ ᠭᠤᠤᠯᠳᠠᠯᠭ᠎ᠠ ᠪᠣᠯᠬᠤ ᠡᠭᠦᠷᠭᠡ᠎ᠳᠤ ᠠᠩᠬᠠᠷᠤᠯ᠎ᠢᠶᠠᠨ ᠲᠥᠪᠯᠡᠷᠡᠭᠦᠯᠦᠨ ᠳᠤᠮᠳᠠᠳᠤ ᠤᠯᠤᠰ᠎ᠤᠨ ᠮᠠᠶᠢᠭ᠋᠎ᠤᠨ ᠣᠳᠤᠬᠢᠴᠢᠯᠠᠯᠲᠠ᠎ᠶᠢᠨ ᠪᠥᠲᠦᠭᠡᠨ ᠪᠠᠶ᠋ᠢᠭᠤᠯᠤᠯᠲᠠ᠎ᠳᠤ ᠥᠪᠦᠷ ᠮᠣᠩᠭᠤᠯ ᠵᠢᠳᠬᠦᠨ ᠠᠵᠢᠯᠯᠠᠵᠤ ᠬᠦᠴᠦᠯᠡᠨ ᠴᠢᠷᠮᠠᠶ᠋ᠢᠨ᠎ᠠ ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ
Baidu
map