ᠲᠡᠷᠢᠭᠦᠨ ᠬᠠᠭᠤᠳᠠᠰᠤ   -   ᠲᠡᠷᠢᠭᠦᠨ ᠮᠡᠳᠡᠭᠡ
ᠰᠢ᠎ᠵᠢᠨ᠎ᠫᠢᠩ ᠰᠠᠭᠤᠷᠢ ᠰᠤᠳᠤᠯᠭᠠᠨ᠎ᠢ ᠴᠢᠩᠭᠠᠳᠬᠠᠬᠤ ᠶᠠᠷᠢᠯᠴᠠᠬᠤ ᠬᠤᠷᠠᠯ ᠳᠡᠭᠡᠷ᠎ᠡ ᠴᠢᠬᠤᠯᠠᠴᠢᠯᠠᠭ᠍ᠰᠠᠨ᠎ᠨᠢ ᠨᠠᠩ ᠶᠡᠬᠡ ᠡᠷᠴᠢᠮ ᠨᠠᠩ ᠪᠣᠳᠠᠲᠠᠶ ᠠᠷᠭ᠎ᠠ ᠬᠡᠮᠵᠢᠶ᠎ᠡ᠎ᠪᠡᠷ ᠰᠠᠭᠤᠷᠢ ᠰᠤᠳᠤᠯᠭᠠᠨ᠎ᠢ ᠴᠢᠩᠭᠠᠳᠭᠠᠵᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢᠨ ᠦᠨᠳᠦᠰᠦ ᠰᠠᠭᠤᠷᠢ᠎ᠶ᠋ᠢ ᠤᠯᠠᠮ ᠨᠢᠭᠡ ᠠᠯᠬᠤᠮ ᠪᠡᠬᠢᠵᠢᠭᠦᠯᠬᠦ᠌ ᠬᠡᠷᠡᠭ᠌ᠲᠡᠶ  ᠼᠠᠢ ᠴᠢ ᠬᠤᠷᠠᠯ᠎ᠳᠤ ᠣᠷᠣᠯᠴᠠᠵᠤ   ᠳ᠋ᠢᠩ ᠱᠢᠤᠸᠠᠢ ᠱᠢᠶᠠᠩ ᠬᠤᠷᠠᠯ ᠎ᠢ ᠡᠷᠭᠢᠯᠡᠪᠡ
ᠨᠡᠶ᠋ᠢᠲᠡᠯᠡᠭᠰᠡᠨ ᠴᠠᠭ᠄ 2026-05-01

ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠲᠡᠷᠢᠭᠦᠯᠡᠭ᠌ᠴᠢ ᠰᠢ᠎ᠵᠢᠨ᠎ᠫᠢᠩ 30 ᠎ᠤ᠋ ᠦᠳᠡ᠎ᠶ᠋ᠢᠨ ᠡᠮᠦᠨ᠎ᠡ ᠱᠠᠩᠬᠠᠶ᠎ᠳᠤ ᠰᠠᠭᠤᠷᠢ ᠰᠤᠳᠤᠯᠭᠠᠨ᠎ᠢ ᠴᠢᠩᠭᠠᠳᠭᠠᠬᠤ ᠶᠠᠷᠢᠯᠴᠠᠬᠤ ᠬᠤᠷᠠᠯ᠎ᠳᠤ ᠣᠷᠣᠯᠴᠠᠭ᠍ᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠠᠭᠤᠷᠢ ᠰᠤᠳᠤᠯᠭᠠᠨ ᠪᠣᠯ ᠪᠦᠬᠦᠢᠯᠡ ᠱᠢᠨᠵᠢᠯᠡᠬᠦ᠌ ᠤᠬᠠᠭᠠᠨ᠎ᠤ ᠱᠢᠰᠲ᠋ᠧᠮ᠎ᠦᠨ ᠡᠬᠢ ᠰᠤᠷᠪᠤᠯᠵᠢ᠂ ᠪᠤᠢ ᠪᠦᠬᠦᠢ ᠮᠡᠷᠭᠡᠵᠢᠯ᠎ᠦᠨ ᠠᠰᠠᠭᠤᠳᠠᠯ᠎ᠤᠨ ᠶᠡᠷᠦᠩᠬᠡᠢ ᠤᠨᠢᠰᠤ ᠮᠥᠨ᠃ ᠨᠠᠩ ᠶᠡᠬᠡ ᠡᠷᠴᠢᠮ᠂ ᠨᠠᠩ ᠪᠣᠳᠠᠲᠠᠶ ᠠᠷᠭ᠎ᠠ ᠬᠡᠮᠵᠢᠶ᠎ᠡ᠎ᠪᠡᠷ ᠰᠠᠭᠤᠷᠢ ᠰᠤᠳᠤᠯᠭᠠᠨ᠎ᠢ ᠴᠢᠩᠭᠠᠳᠭᠠᠵᠤ᠂ ᠮᠠᠨ᠎ᠤ ᠤᠯᠤᠰ᠎ᠤᠨ ᠤᠤᠭᠠᠯ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠦᠴᠦᠷᠬᠡᠭ᠌ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢᠨ ᠦᠨᠳᠦᠰᠦ ᠰᠠᠭᠤᠷᠢ᠎ᠶ᠋ᠢ ᠤᠯᠠᠮ ᠨᠢᠭᠡ ᠠᠯᠬᠤᠮ ᠪᠡᠬᠢᠵᠢᠭᠦᠯᠬᠦ᠌ ᠬᠡᠷᠡᠭ᠌ᠲᠡᠶ ᠭᠡᠵᠦ ᠴᠢᠬᠤᠯᠠᠴᠢᠯᠠᠪᠠ᠃

ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠲᠥᠪ᠎ᠦᠨ ᠠᠯᠪᠠᠨ ᠲᠢᠩᠬᠢᠮ᠎ᠦᠨ ᠡᠷᠬᠢᠯᠡᠭ᠌ᠴᠢ ᠼᠠᠢ ᠴᠢ ᠶᠠᠷᠢᠯᠴᠠᠬᠤ ᠬᠤᠷᠠᠯ᠎ᠳᠤ ᠣᠷᠣᠯᠴᠠᠵᠤ᠂ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠶᠢᠨ ᠳᠡᠳ᠋ ᠶᠡᠷᠦᠩᠬᠡᠢ ᠰᠠᠢᠳ ᠳ᠋ᠢᠩ ᠱᠢᠤᠸᠠᠢ ᠱᠢᠶᠠᠩ ᠶᠠᠷᠢᠯᠴᠠᠬᠤ ᠬᠤᠷᠠᠯ᠎ᠢ ᠡᠷᠬᠢᠯᠡᠪᠡ᠃

ᠶᠠᠷᠢᠯᠴᠠᠬᠤ ᠬᠤᠷᠠᠯ ᠳᠡᠭᠡᠷ᠎ᠡ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠶᠠᠮᠤᠨ᠎ᠤ ᠰᠠᠢᠳ ᠎ᠶ᠌ᠢᠨ ᠾᠧ ᠵᠢᠶᠦ᠋ᠨ᠂ ᠰᠤᠷᠭᠠᠨ ᠬᠥᠮᠦᠵᠢᠯ᠎ᠦᠨ ᠶᠠᠮᠤᠨ᠎ᠤ ᠰᠠᠢᠳ ᠬᠤᠸᠠᠢ ᠵᠢᠨ ᠫᠸᠩ᠂ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠳᠠᠷᠤᠭ᠎ᠠ ᠾᠧᠦ ᠵᠢᠶᠠᠨ ᠭᠦᠸᠧ᠂ ᠱᠠᠩᠬᠠᠶ ᠬᠣᠲᠠ᠎ᠶ᠋ᠢᠨ ᠨᠠᠮ᠎ᠤᠨ ᠬᠤᠷᠢᠶ᠎ᠠ᠎ᠶᠢᠨ ᠱᠦᠵᠢ ᠴᠧᠨ ᠵᠢᠶ ᠨᠢᠩ᠂ ᠪᠡᠭᠡᠵᠢᠩ ᠶᠡᠬᠡ ᠰᠤᠷᠭᠠᠭᠤᠯᠢ᠎ᠶ᠋ᠢᠨ ᠲᠣᠭᠠᠨ᠎ᠤ ᠤᠬᠠᠭᠠᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠳᠠᠷᠤᠭ᠎ᠠ ᠯᠢᠦ ᠷᠦᠸᠸ ᠴᠤᠸᠠᠨ᠂ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠱᠧᠨᠵᠧᠨ᠎ᠦ ᠲᠡᠷᠢᠭᠦᠨ᠎ᠦ ᠮᠡᠷᠭᠡᠵᠢᠯ᠎ᠦᠨ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ ᠯᠢᠦ ᠴᠧᠨ ᠯᠢ᠂ ᠫᠦᠵᠢᠶᠠᠩ ᠲᠤᠷᠱᠢᠯᠲᠠ᠎ᠶ᠋ᠢᠨ ᠲᠠᠰᠤᠭ᠎ᠤᠨ ᠫᠷᠤᠹᠸᠰᠰᠤᠷ ᠴᠢᠶᠣᠤ ᠢᠦᠶ᠂ ᠪᠠᠷᠠᠭᠤᠨ ᠣᠷᠣᠨ᠎ᠤ ᠬᠡᠲᠦ ᠳᠠᠮᠵᠢᠭᠤᠯᠤᠭ᠍ᠴᠢ᠎ᠶ᠋ᠢᠨ ᠮᠠᠲ᠋ᠧᠷᠢᠶᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠤᠪᠢᠴᠠᠭᠠᠳᠤ ᠬᠢᠵᠠᠭᠠᠷᠲᠤ ᠺᠣᠮᠫᠠᠨᠢ᠎ᠶ᠋ᠢᠨ ᠲᠡᠷᠢᠬᠦᠨ ᠱᠢᠨᠵᠢᠯᠡᠬᠦ᠌ ᠤᠬᠠᠭᠠᠨᠲᠠᠨ ᠵᠠᠩ ᠫᠢᠩ ᠱᠢᠶᠠᠩ ᠤᠷᠢᠳ ᠬᠣᠵᠢᠳ ᠦᠭᠡ ᠬᠡᠯᠡᠵᠦ᠍᠂ ᠰᠠᠭᠤᠷᠢ ᠰᠤᠳᠤᠯᠭᠠᠨ᠎ᠢ ᠴᠢᠩᠭᠠᠳᠭᠠᠬᠤ ᠲᠤᠬᠠᠶ ᠠᠵᠢᠯ᠎ᠤᠨ ᠪᠠᠢᠳᠠᠯ᠎ᠢᠶᠠᠨ ᠲᠠᠨᠢᠯᠴᠠᠭᠤᠯᠵᠤ᠂ ᠰᠠᠨᠠᠯ ᠰᠠᠨᠠᠭᠤᠯᠭ᠎ᠠ ᠳᠤᠷᠠᠳᠪᠠ᠃

ᠣᠯᠠᠨ᠎ᠤ ᠬᠡᠯᠡᠬᠦ᠌᠎ᠶ᠋ᠢ ᠰᠣᠨᠣᠰᠤᠭ᠍ᠰᠠᠨ᠎ᠤ ᠳᠠᠷᠠᠭ᠎ᠠ ᠰᠢ᠎ᠵᠢᠨ᠎ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠨᠠᠮ᠎ᠤᠨ ᠲᠥᠪ ᠬᠤᠷᠢᠶ᠎ᠠ ᠰᠠᠭᠤᠷᠢ ᠰᠤᠳᠤᠯᠭᠠᠨ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠬᠦ᠌᠂ ᠣᠷᠣᠭᠤᠯᠤᠯᠲᠠ᠎ᠶ᠋ᠢᠨ ᠪᠠᠲᠤᠯᠠᠭ᠎ᠠ᠎ᠶ᠋ᠢ ᠨᠡᠮᠡᠭ᠌ᠳᠡᠭᠦᠯᠬᠦ᠌᠂ ᠪᠠᠢᠭᠤᠯᠤᠯ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠌ ᠵᠡᠷᠭᠡ᠎ᠪᠡᠷ ᠳᠠᠮᠵᠢᠨ᠂ ᠮᠠᠨ᠎ᠤ ᠤᠯᠤᠰ᠎ᠤᠨ ᠰᠠᠭᠤᠷᠢ ᠰᠤᠳᠤᠯᠭᠠᠨ᠎ᠤ ᠲᠦᠪᠱᠢᠨ ᠢᠯᠡᠳᠲᠡ ᠳᠡᠭᠡᠭ᠌ᠰᠢᠯᠡᠭᠦ ᠵᠢ ᠠᠬᠢᠭᠤᠯᠪᠠ᠃ ᠣᠳᠣᠬᠠᠨ᠎ᠳᠤ᠂ ᠱᠢᠨ᠎ᠡ ᠨᠢᠭᠡ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠭᠠᠯ ᠪᠠ ᠠᠵᠤ ᠦᠢᠯᠡᠰ᠎ᠦᠨ ᠬᠤᠪᠢᠰᠤᠯᠲᠠ ᠲᠦᠷᠭᠡᠨ ᠱᠢᠪᠲᠤᠯᠤᠯᠲᠠ᠎ᠲᠠᠶ ᠪᠤᠯᠵᠤ᠂ ᠪᠦᠬᠦ᠌ ᠪᠥᠮᠪᠥᠷᠴᠡᠭ᠎ᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠥᠷᠢᠰᠥᠯᠳᠦᠭᠡᠨ ᠰᠠᠭᠤᠷᠢ ᠬᠣᠱᠢᠭᠤᠷᠠᠯ ᠬᠦᠷᠢᠶᠡᠨ᠎ᠳᠦ ᠨᠡᠩ ᠢᠯᠡᠭᠦᠦ ᠲᠥᠪᠯᠡᠷᠡᠵᠦ᠍᠂ ᠤᠤᠭᠠᠯ ᠡᠭᠦᠳᠦᠯᠲᠡ᠎ᠶ᠋ᠢᠨ ᠴᠢᠨᠠᠷᠲᠠᠢ ᠨᠤᠷᠠᠭᠠᠯᠲᠠ᠎ᠶ᠋ᠢᠨ ᠴᠢᠨᠠᠷᠲᠠᠢ ᠱᠢᠨ᠎ᠡ᠎ᠶ᠋ᠢ ᠡᠭᠦᠳᠬᠦ᠌᠎ᠶ᠋ᠢᠨ ᠴᠢᠬᠤᠯᠠ ᠴᠢᠨᠠᠷ ᠡᠳᠦᠷ ᠢᠷᠡᠬᠦᠶ᠎ᠡ ᠲᠤᠪᠤᠢ᠌ᠮ᠎ᠠ ᠪᠤᠯᠵᠤ ᠪᠠᠢᠨ᠎ᠠ᠃ ᠪᠢᠳᠡ ᠠᠵᠠ ᠲᠣᠬᠢᠶᠠᠯ᠎ᠢ ᠠᠮᠵᠢᠵᠤ᠂ ᠥᠷᠢᠰᠥᠯᠳᠦᠭᠡᠨ᠎ᠢ ᠠᠷᠭᠠᠴᠠᠭᠠᠵᠤ᠂ ᠰᠠᠭᠤᠷᠢ ᠰᠤᠳᠤᠯᠭᠠᠨ᠎ᠤ ᠠᠵᠢᠯ᠎ᠢ ᠦᠨᠡᠨ ᠬᠦ᠌ ᠴᠢᠬᠤᠯᠠ ᠵᠥᠪᠯᠡᠬᠦ᠌ ᠵᠦᠶ᠋ᠯ᠎ᠳᠡᠭᠡᠨ ᠣᠷᠣᠭᠤᠯᠵᠤ᠂ ᠦᠷᠭᠦᠯᠵᠢᠯᠡᠨ ᠠᠳᠭᠤᠵᠤ᠂ ᠲᠠᠰᠤᠷᠠᠯᠲᠠ ᠥᠬᠡᠶ ᠱᠢᠨ᠎ᠡ ᠦᠷ᠎ᠡ ᠪᠦᠲᠦᠮᠵᠢ ᠭᠠᠷᠭᠠᠬᠤ ᠬᠡᠷᠡᠭ᠌ᠲᠡᠶ ᠭᠡᠵᠦ ᠵᠢᠭᠠᠵᠤ ᠭᠠᠷᠭᠠᠪᠠ᠃

ᠰᠢ᠎ᠵᠢᠨ᠎ᠫᠢᠩ᠂ ᠨᠢᠭᠡᠳᠦᠯᠲᠡᠢ ᠲᠥᠯᠥᠪᠵᠢᠭᠦᠯᠦᠨ ᠲᠥᠰᠦᠪᠯᠡᠬᠦ ᠪᠠ ᠦᠵᠦ᠍ ᠲᠥᠯᠥᠪᠯᠡᠭᠡ ᠬᠢᠬᠦ᠌᠎ᠶ᠋ᠢ ᠴᠢᠩᠭᠠᠳᠭᠠᠵᠤ᠂ ᠰᠠᠭᠤᠷᠢ ᠰᠤᠳᠤᠯᠭᠠᠨ᠎ᠤ ᠱᠢᠰᠲ᠋ᠧᠮ᠎ᠦᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠬᠦ᠌ ᠬᠡᠷᠡᠭ᠌ᠲᠡᠢ᠃ 《ᠳᠥᠷᠪᠡ᠎ᠳᠦ ᠬᠠᠨᠳᠤᠭᠤᠯᠬᠤ》 ᠪᠠᠢᠯᠳᠤᠬᠤ ᠪᠣᠳᠣᠯᠭ᠎ᠠ᠎ᠶ᠋ᠢᠨ ᠤᠳᠤᠷᠢᠳᠤᠮᠵᠢ᠎ᠶ᠋ᠢ ᠪᠠᠷᠢᠮᠲᠠᠯᠠᠨ᠂ ᠰᠠᠭᠤᠷᠢ ᠰᠤᠳᠤᠯᠭᠠᠨ ᠤ᠋ ᠭᠤᠤᠯ ᠰᠢᠪᠳᠤᠯᠬᠤ ᠴᠢᠭ᠌ᠯᠡᠯ ᠪᠣᠯᠤᠨ ᠭᠣᠣᠯᠳᠠᠯᠭ᠎ᠠ᠎ᠲᠠᠶ ᠬᠦᠷᠢᠶ᠎ᠡ ᠴᠠᠷᠠᠭ᠎ᠠ᠎ᠶ᠋ᠢ ᠤᠯᠠᠮ ᠨᠢᠭᠡ ᠠᠯᠬᠤᠮ ᠲᠣᠳᠣᠷᠬᠠᠢᠯᠠᠬᠤ ᠬᠡᠷᠡᠭ᠌ᠲᠡᠶ᠃ ᠤᠯᠤᠰ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠂ ᠥᠨᠳᠥᠷ ᠲᠦᠪᠱᠢᠨ ᠪᠦᠬᠦᠢ ᠰᠤᠳᠤᠯᠭᠠᠨ᠎ᠤ ᠬᠡᠯᠪᠡᠷᠢ᠎ᠶ᠋ᠢᠨ ᠶᠡᠬᠡ ᠰᠤᠷᠭᠠᠭᠤᠯᠢ ᠵᠡᠷᠭᠡ᠎ᠶ᠋ᠢᠨ ᠬᠥᠲᠥᠯᠥᠨ ᠳᠠᠭᠠᠭᠤᠯᠬᠤ ᠦᠶ᠋ᠯᠡᠳᠦᠯ᠎ᠢ ᠴᠢᠩᠭᠠᠳᠭᠠᠵᠤ᠂ ᠱᠢᠨ᠎ᠡ ᠬᠡᠯᠪᠡᠷᠢ᠎ᠶ᠋ᠢᠨ ᠰᠤᠳᠤᠯᠤᠨ ᠨᠡᠭᠡᠭᠡᠬᠦ᠌ ᠪᠠᠢᠭᠤᠯᠤᠮᠵᠢ᠎ᠶ᠋ᠢ ᠵᠣᠷᠢᠭ᠍ᠵᠢᠭᠤᠯᠤᠨ ᠵᠢᠷᠤᠮᠵᠢᠭᠤᠯᠤᠨ ᠬᠦᠭᠵᠢᠬᠦᠯᠵᠥ᠂ ᠠᠵᠤ ᠠᠬᠤᠢᠯᠠᠯ᠎ᠢᠶᠠᠷ ᠭᠤᠤᠯᠴᠢᠯᠠᠬᠰᠠᠨ ᠦᠶ᠋ᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭ᠌ᠯᠡᠯᠲᠡ᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠰᠠᠭᠤᠷᠢ ᠰᠤᠳᠤᠯᠭᠠᠨ᠂ ᠬᠡᠷᠡᠭ᠌ᠯᠡᠭᠡᠨ᠎ᠦ ᠨᠡᠭᠡᠭᠡᠯᠲᠡ᠂ ᠦᠷ᠎ᠡ ᠪᠦᠲᠦᠭᠡᠯ᠎ᠢ ᠤᠨᠳᠤᠤᠱᠢᠭᠤᠯᠬᠤ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢ ᠨᠡᠪᠲᠡᠷᠡᠭᠦᠯᠬᠦ ᠬᠡᠷᠡᠭᠳᠡᠢ᠃ ᠰᠠᠭᠤᠷᠢ ᠱᠢᠨᠵᠢᠯᠡᠭᠡᠨ᠎ᠦ ᠪᠠᠢᠭᠤᠯᠤᠯᠲᠠ᠎ᠶ᠋ᠢ ᠴᠢᠩᠭᠠᠳᠭᠠᠵᠤ᠂ ᠬᠡᠷᠡᠭ᠌ᠯᠡᠭᠡᠨ᠎ᠦ ᠱᠢᠨᠵᠢᠯᠡᠭᠡᠨ ᠬᠢᠭᠡᠳ ᠰᠠᠭᠤᠷᠢ ᠱᠢᠨᠵᠢᠯᠡᠭᠡᠨ᠎ᠦ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃

ᠰᠢ᠎ᠵᠢᠨ᠎ᠫᠢᠩ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠴᠢᠳᠠᠪᠤᠷᠢᠲᠠᠨ᠎ᠤ ᠬᠥᠭ᠌ᠵᠢᠯᠲᠡ᠎ᠶ᠋ᠢ ᠨᠢᠭᠡ ᠴᠤᠬ᠍ᠴᠠᠵᠢᠭᠤᠯᠤᠨ ᠠᠬᠢᠭᠤᠯᠵᠤ᠂ ᠬᠥᠮᠦᠵᠢᠭᠦᠯᠬᠦ᠌᠂ ᠣᠷᠣᠭᠤᠯᠤᠨ ᠠᠪᠴᠢᠷᠠᠬᠤ᠂ ᠬᠡᠷᠡᠭ᠌ᠯᠡᠬᠦ᠌ ᠠᠵᠢᠯ᠎ᠢ ᠪᠦᠬᠦ᠌ ᠲᠠᠯ᠎ᠠ᠎ᠪᠠᠷ ᠰᠠᠢᠲᠤᠷ ᠬᠢᠵᠦ᠍᠂ ᠰᠠᠭᠤᠷᠢ ᠰᠤᠳᠤᠯᠭᠠᠨ᠎ᠤ ᠴᠢᠳᠠᠪᠤᠷᠢᠲᠠᠨ᠎ᠤ ᠡᠩᠨᠡᠭᠡ᠎ᠶ᠋ᠢ ᠪᠤᠵᠠᠭᠠᠢᠷᠠᠭᠤᠯᠬᠤ ᠬᠡᠷᠡᠭ᠌ᠲᠡᠢ᠃ ᠴᠢᠳᠠᠪᠤᠷᠢᠲᠠᠨ᠎ᠤ ᠦᠰᠦᠨ ᠪᠣᠢᠵᠢᠬᠤ ᠵᠢᠮ᠎ᠡ ᠶᠣᠰᠣ᠎ᠶ᠋ᠢ ᠵᠢᠷᠤᠮᠯᠠᠨ᠂ ᠰᠤᠷᠭᠠᠨ ᠬᠥᠮᠦᠵᠢᠯ᠎ᠦᠨ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠰᠠᠭᠤᠷᠢ ᠰᠤᠳᠤᠯᠭᠠᠨ᠎ᠤ ᠪᠡᠯᠡᠳᠭᠡᠯ ᠬᠦᠴᠦᠨ᠎ᠢ ᠲᠠᠰᠤᠷᠠᠯᠲᠠ ᠥᠬᠡᠶ ᠬᠥᠮᠦᠵᠢᠭᠦᠯᠬᠦ ᠬᠡᠷᠡᠭᠳᠡᠢ᠃ ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ᠎ᠦᠨ ᠬᠠᠮᠵᠢᠯᠴᠠᠨ ᠬᠥᠮᠦᠨ ᠬᠥᠮᠦᠵᠢᠭᠦᠯᠬᠦ᠌ ᠲᠣᠭ᠍ᠲᠠᠴᠠ᠎ᠶ᠋ᠢ ᠱᠢᠯᠢᠳᠡᠭ᠌ᠵᠢᠭᠦᠯᠵᠦ᠍᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠨᠢᠭᠡᠳᠦᠭᠡᠷ ᠹᠷᠣᠨᠲ᠎ᠲᠤ ᠴᠢᠳᠠᠪᠤᠷᠢᠲᠠᠨ᠎ᠢ ᠢᠯᠡᠷᠡᠭᠦᠯᠬᠦ᠌ ᠪᠠ ᠬᠥᠮᠦᠵᠢᠭᠦᠯᠬᠦ᠌᠎ᠶ᠋ᠢ ᠴᠢᠬᠤᠯᠠᠴᠢᠯᠠᠬᠤ ᠬᠡᠷᠡᠭᠳᠡᠢ᠃ ᠡᠭᠦᠷᠭᠡ᠎ᠪᠡᠷ ᠬᠥᠲᠥᠯᠥᠨ ᠳᠠᠭᠠᠭᠤᠯᠬᠤ᠂ ᠬᠠᠰᠢᠷ ᠨᠢ ᠱᠢᠨ᠎ᠡ ᠪᠠᠨ ᠳᠠᠭᠠᠭᠤᠯᠬᠤ᠎ᠶ᠋ᠢ ᠪᠠᠷᠢᠮᠲᠠᠯᠠᠵᠤ᠂ ᠵᠠᠯᠠᠭᠤ ᠴᠢᠳᠠᠪᠤᠷᠢᠲᠠᠨ᠎ᠢ ᠶᠡᠬᠡᠪᠡᠷ ᠲᠡᠳᠬᠦᠨ ᠳᠡᠮᠵᠢᠬᠦ ᠬᠡᠷᠡᠭᠳᠡᠢ᠃ ᠱᠢᠨᠵᠢᠯᠡᠬᠦ᠌ ᠤᠬᠠᠭᠠᠨᠲᠠᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢ ᠴᠢᠩᠭᠠᠳᠭᠠᠵᠤ᠂ ᠵᠠᠯᠠᠭᠤᠴᠤᠳ ᠪᠠᠭᠠᠴᠤᠳ᠎ᠤᠨ ᠲᠥᠰᠦᠭᠡᠯᠡᠬᠦ᠌ ᠴᠢᠳᠠᠪᠤᠷᠢ ᠪᠠ ᠡᠷᠢᠯᠬᠢᠯᠡᠬᠦ᠌ ᠬᠦᠰᠡᠯ᠎ᠢ ᠬᠥᠭ᠌ᠵᠢᠭᠡᠵᠦ᠍᠂ ᠰᠠᠭᠤᠷᠢ ᠰᠤᠳᠤᠯᠭᠠᠨ᠎ᠳᠤ ᠣᠷᠣᠯᠴᠠᠬᠤ᠎ᠶ᠋ᠢ ᠨᠡᠩ ᠤᠯᠠᠨ ᠵᠠᠯᠠᠭᠤᠴᠤᠳ ᠪᠠᠭᠠᠴᠤᠳ᠎ᠤᠨ ᠠᠮᠢᠳᠤᠷᠠᠬᠤᠢ᠎ᠶ᠋ᠢᠨ ᠬᠥᠭᠡᠭᠡᠴᠡᠯᠳᠦᠯ ᠪᠣᠯᠭᠠᠬᠤ ᠬᠡᠷᠡᠭᠳᠡᠢ ᠭᠡᠵᠦ ᠵᠢᠭᠠᠵᠤ ᠭᠠᠷᠭᠠᠪᠠ᠃

ᠰᠢ᠎ᠵᠢᠨ᠎ᠫᠢᠩ᠂ ᠰᠠᠭᠤᠷᠢ ᠰᠤᠳᠤᠯᠭᠠᠨ᠎ᠤ ᠳᠡᠮᠵᠢᠯᠭᠡ᠎ᠵᠢᠨ ᠪᠠᠲᠤᠯᠠᠭ᠎ᠠ᠎ᠶ᠋ᠢ ᠴᠢᠩᠭᠠᠳᠭᠠᠬᠤ ᠬᠡᠷᠡᠭ᠌ᠲᠡᠢ᠃ ᠰᠠᠭᠤᠷᠢ ᠰᠤᠳᠤᠯᠭᠠᠨ᠎ᠤ᠋ ᠵᠠᠷᠤᠳᠠᠯ᠎ᠤᠨ ᠡᠵᠡᠯᠡᠬᠦ᠌ ᠬᠠᠷᠢᠴᠠᠯ᠎ᠢ ᠠᠯᠬᠤᠮ ᠠᠯᠬᠤᠮ᠎ᠢᠶᠠᠷ ᠳᠡᠭᠡᠭ᠌ᠰᠢᠯᠡᠭᠦᠯᠵᠦ᠍᠂ ᠣᠯᠠᠨ ᠡᠱᠢᠵᠢᠭ᠌ᠰᠡᠨ ᠣᠷᠣᠭᠤᠯᠤᠯᠲᠠ᠎ᠶ᠋ᠢᠨ ᠪᠠᠢᠷᠢᠱᠢᠯ᠎ᠢ ᠪᠦᠷᠢᠯᠳᠦᠬᠦᠯᠬᠦ ᠬᠡᠷᠡᠭᠳᠡᠢ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠬᠤᠯᠠ ᠶᠡᠬᠡ ᠰᠠᠭᠤᠷᠢ ᠲᠥᠬᠥᠭᠡᠷᠦᠮᠵᠢ᠎ᠶ᠋ᠢ ᠱᠢᠰᠲ᠋ᠧᠮᠵᠢᠭᠦᠯᠦᠨ ᠪᠠᠢᠷᠢᠱᠢᠭᠤᠯᠵᠤ᠂ ᠤᠶᠤᠨᠴᠢᠯᠠᠭ᠍ᠰᠠᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠠᠪᠴᠠᠩ᠎ᠤᠨ ᠱᠢᠰᠲ᠋ᠧᠮ᠎ᠢ ᠪᠠᠢᠭᠤᠯᠬᠤ ᠬᠡᠷᠡᠭᠳᠡᠢ᠃ ᠰᠠᠭᠤᠷᠢ ᠰᠤᠳᠤᠯᠭᠠᠨ᠎ᠤ ᠣᠨᠴᠠᠯᠢᠭ᠎ᠲᠤ ᠨᠡᠢᠴᠡᠭ᠌ᠰᠡᠨ ᠲᠦᠷᠦᠯ ᠬᠤᠪᠢᠶᠠᠨ ᠦᠨᠡᠯᠡᠬᠦ᠌ ᠱᠢᠰᠲ᠋ᠧᠮ᠎ᠢ ᠪᠦᠷᠢᠨᠱᠢᠬᠦᠯᠵᠤ᠂ ᠰᠠᠭᠤᠷᠢ ᠰᠤᠳᠤᠯᠭᠠᠨ᠎ᠤ ᠠᠵᠢᠯᠳᠠᠨ᠎ᠤ ᠠᠵᠢᠯ ᠪᠠ ᠠᠮᠢᠳᠤᠷᠠᠯ᠎ᠤᠨ ᠨᠥᠬᠥᠴᠡᠯ᠎ᠢ ᠰᠠᠢᠵᠢᠷᠠᠭᠤᠯᠵᠤ᠂ ᠨᠡᠭᠡᠭᠡᠯᠲᠡᠲᠡᠢ ᠪᠠᠭ᠍ᠲᠠᠭᠠᠮᠵᠢᠲᠠᠢ᠂ ᠢᠯᠠᠭ᠍ᠳᠠᠯ᠎ᠢ ᠠᠭᠤᠴᠢᠯᠠᠬᠤ ᠱᠢᠨ᠎ᠡ᠎ᠶ᠋ᠢ ᠡᠭᠦᠳᠬᠦ᠌ ᠣᠷᠴᠢᠨ ᠨᠥᠬᠥᠴᠡᠯ᠎ᠢ ᠪᠤᠢ ᠪᠤᠯᠭᠠᠬᠤ ᠬᠡᠷᠡᠭᠳᠡᠢ᠃ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ ᠬᠡᠷᠡᠭᠳᠡᠢ ᠭᠡᠵᠦ ᠴᠢᠬᠤᠯᠠᠴᠢᠯᠠᠪᠠ᠃

ᠰᠢ᠎ᠵᠢᠨ᠎ᠫᠢᠩ᠂ ᠪᠦᠬᠦ᠌ ᠪᠥᠮᠪᠥᠷᠴᠡᠭ᠎ᠦᠨ ᠱᠢᠨ᠎ᠡ᠎ᠶ᠋ᠢ ᠡᠭᠦᠳᠬᠦ᠌ ᠲᠣᠣᠷ᠎ᠲᠤ ᠰᠠᠨᠠᠭᠠᠴᠢᠯᠠᠭ᠎ᠠ᠎ᠡᠴᠡ᠎ᠪᠠᠨ ᠠᠭᠤᠰᠤᠯᠴᠠᠵᠤ᠂ ᠰᠠᠭᠤᠷᠢ ᠰᠤᠳᠤᠯᠭᠠᠨ᠎ᠤ ᠤᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠠᠭᠤᠷ ᠠᠮᠢᠰᠭᠤᠯ᠎ᠤᠨ ᠬᠤᠪᠢᠷᠠᠯᠲᠠ᠂ ᠡᠨᠧᠷᠭᠢ ᠣᠷᠴᠢᠨ ᠲᠣᠭᠣᠷᠢᠨ᠂ ᠠᠮᠢ ᠨᠠᠰᠤ ᠡᠷᠡᠭᠦᠯ ᠮᠡᠨᠳᠦ ᠵᠡᠷᠭᠡ ᠴᠢᠬᠤᠯᠠ ᠶᠡᠬᠡ ᠱᠢᠨᠵᠢᠯᠡᠬᠦ᠌ ᠤᠬᠠᠭᠠᠨ᠎ᠤ ᠠᠰᠠᠭᠤᠳᠠᠯ᠎ᠤᠨ ᠪᠣᠭᠣᠮᠲᠠ ᠱᠢᠪᠲᠤᠯᠬᠤ ᠠᠵᠢᠯ᠎ᠢ ᠬᠠᠮᠲᠤᠷᠠᠨ ᠥᠷᠨᠢᠭᠦᠯᠵᠦ᠍᠂ ᠪᠦᠬᠦ᠌ ᠪᠥᠮᠪᠥᠷᠴᠡᠭ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠵᠠᠰᠠᠯᠲᠠ᠎ᠳᠤ ᠢᠳᠡᠪᠬᠢᠲᠡᠢ ᠣᠷᠣᠯᠴᠠᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃

ᠳ᠋ᠢᠩ ᠱᠢᠤᠸᠠᠢ ᠱᠢᠶᠠᠩ ᠬᠤᠷᠠᠯ᠎ᠢ ᠡᠷᠬᠢᠯᠡᠬᠦ᠌᠎ᠳᠡᠭᠡᠨ᠂ ᠶᠡᠷᠦᠩᠬᠡᠢ ᠱᠦᠵᠢ ᠰᠢ᠎ᠵᠢᠨ᠎ᠫᠢᠩ᠎ᠦᠨ ᠴᠢᠬᠤᠯᠠ ᠶᠠᠷᠢᠶ᠎ᠠ ᠮᠠᠨ᠎ᠤ ᠤᠯᠤᠰ᠎ᠤᠨ ᠰᠠᠭᠤᠷᠢ ᠰᠤᠳᠤᠯᠭᠠᠨ᠎ᠤ ᠣᠯᠤᠭ᠍ᠰᠠᠨ ᠠᠮᠵᠢᠯᠲᠠ ᠪᠦᠲᠦᠮᠵᠢ᠎ᠶ᠋ᠢ ᠭᠦᠢᠴᠡᠳ ᠨᠤᠲᠠᠯᠠᠵᠤ᠂ ᠲᠤᠯᠭᠠᠷᠠᠵᠤ ᠪᠠᠢᠭ᠎ᠠ ᠱᠢᠨ᠎ᠡ ᠪᠠᠢᠳᠠᠯ ᠱᠢᠨ᠎ᠡ ᠥᠷᠢᠰᠥᠯᠳᠦᠭᠡᠨ᠎ᠢ ᠪᠦᠬᠦ᠌ ᠲᠠᠯ᠎ᠠ᠎ᠪᠠᠷ ᠵᠠᠳᠠᠯᠵᠤ᠂ ᠰᠠᠭᠤᠷᠢ ᠰᠤᠳᠤᠯᠭᠠᠨ᠎ᠢ ᠴᠢᠩᠭᠠᠳᠭᠠᠬᠤ ᠲᠤᠬᠠᠢ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ ᠬᠢᠵᠦ᠍᠂ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠶᠠᠷᠢᠶ᠎ᠠ ᠨᠢ ᠦᠨᠳᠦᠷ᠎ᠲᠦ᠍ ᠵᠤᠬᠰᠤᠨ ᠠᠯᠤᠰ᠎ᠢ ᠪᠠᠷᠠᠯᠠᠵᠦ᠂ ᠠᠭᠤᠯᠤᠭ᠍ᠳᠠᠬᠤᠨ ᠨᠢ ᠡᠯᠪᠡᠭ ᠪᠠᠶᠠᠯᠢᠭ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠣᠭᠣᠳᠭᠤ ᠴᠢᠨᠠᠷ᠎ᠲᠠᠶ ᠪᠠᠢᠵᠤ᠂ ᠰᠠᠭᠤᠷᠢ ᠰᠤᠳᠤᠯᠭᠠᠨ᠎ᠢ ᠴᠢᠩᠭᠠᠳᠭᠠᠬᠤ᠎ᠳᠤ ᠤᠷᠤᠭ᠍ᠰᠢᠯᠠᠬᠤ ᠴᠢᠭ᠌ᠯᠡᠯ᠎ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠪᠢᠳᠡ ᠶᠡᠷᠦᠩᠬᠡᠶ ᠱᠦᠵᠢ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠨᠠᠷᠢᠨ ᠣᠢᠯᠠᠭᠠᠵᠤ᠂ ᠨᠠᠮ᠎ᠤᠨ ᠲᠥᠪ ᠬᠤᠷᠢᠶ᠎ᠠ᠎ᠶᠢᠨ ᠪᠠᠢᠯᠳᠤᠬᠤ ᠪᠣᠳᠣᠯᠭ᠎ᠠ᠎ᠶ᠋ᠢᠨ ᠵᠣᠷᠢᠯᠲᠠ᠎ᠶ᠋ᠢ ᠣᠨᠣᠪᠴᠢᠲᠠᠶ ᠡᠵᠡᠮᠳᠡᠵᠦ᠍᠂ ᠲᠤᠯᠭᠠᠮ ᠰᠡᠳᠭᠢᠯᠭᠡ᠂ ᠬᠠᠷᠢᠭᠤᠴᠠᠯᠭᠠᠲᠤ ᠰᠡᠳᠭᠢᠯᠭᠡ᠂ ᠡᠭᠦᠷᠭᠡᠲᠦ ᠪᠤᠳᠤᠯ᠎ᠵᠢᠡᠨ ᠴᠢᠩᠭᠠᠳᠭᠠᠵᠤ᠂ ᠨᠠᠩ ᠡᠷᠡᠰ ᠪᠠᠲᠤ ᠢᠲᠡᠭᠡᠯ ᠵᠣᠷᠢᠭ᠂ ᠨᠠᠩ ᠪᠣᠳᠠᠲᠠᠶ᠎ᠶ᠋ᠢ ᠡᠷᠬᠢᠮᠯᠡᠭ᠌ᠰᠡᠨ ᠠᠷᠭ᠎ᠠ ᠬᠡᠮᠵᠢᠶ᠎ᠡ ᠪᠠ ᠦᠶ᠋ᠯᠡ ᠠᠵᠢᠯᠯᠠᠭ᠎ᠠ᠎ᠪᠠᠷ᠎ᠢᠶᠠᠨ ᠰᠠᠭᠤᠷᠢ ᠰᠤᠳᠤᠯᠭᠠᠨ᠎ᠢ ᠪᠥᠬᠥ᠌ ᠲᠠᠯ᠎ᠠ᠎ᠪᠠᠷ ᠴᠢᠩᠭᠠᠳᠭᠠᠵᠤ᠂ ᠤᠤᠭᠠᠯ ᠱᠢᠨ᠎ᠡ᠎ᠶ᠋ᠢ ᠡᠭᠦᠳᠬᠦ᠌ ᠴᠢᠳᠠᠪᠤᠷᠢ᠎ᠪᠠᠨ ᠬᠦᠴᠦᠯᠡᠨ ᠳᠡᠭᠡᠭ᠌ᠰᠢᠯᠡᠭᠦᠯᠵᠦ᠍᠂ ᠥᠨᠳᠥᠷ ᠲᠦᠪᠱᠢᠨ ᠪᠥᠬᠥᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠪᠡᠶᠡᠯᠡᠭᠦᠯᠬᠦ᠌᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠦᠴᠦᠷᠬᠡᠭ ᠤᠯᠤᠰ᠎ᠢ ᠪᠥᠲᠥᠭᠡᠨ ᠪᠠᠢᠭᠤᠯᠬᠤ᠎ᠶ᠋ᠢᠨ ᠲᠥᠯᠥᠭᠡ ᠴᠢᠷᠮᠠᠢᠨ ᠲᠡᠮᠡᠴᠡᠬᠦ᠌ ᠬᠡᠷᠡᠭ᠌ᠲᠡᠶ ᠭᠡᠵᠦ ᠢᠯᠡᠳᠬᠡᠪᠡ᠃

ᠶᠢᠨ ᠯᠢ᠂ ᠱ᠌ᠢ ᠲᠡᠶ ᠹᠸᠩ᠂ ᠯᠢᠦ ᠭᠦᠸᠧ ᠵᠦᠩ᠂ ᠵᠠᠩ ᠭᠦᠸᠧ ᠴᠢᠩ᠂ ᠬᠤᠸᠠᠩ ᠺᠦᠨ ᠮᠢᠩ ᠶᠠᠷᠢᠯᠴᠠᠬᠤ ᠬᠤᠷᠠᠯ᠎ᠳᠤ ᠣᠷᠣᠯᠴᠠᠵᠠᠢ᠃

ᠲᠥᠪ᠎ᠦᠨ ᠪᠠ ᠲᠦᠷᠦ᠍᠎ᠶ᠋ᠢᠨ ᠪᠠᠢᠭᠤᠯᠭ᠎ᠠ᠎ᠶ᠋ᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠂ ᠴᠡᠷᠢᠭ ᠠᠩᠬᠢ᠎ᠶ᠋ᠢᠨ ᠬᠣᠯᠪᠣᠭ᠍ᠳᠠᠯ ᠪᠦᠬᠦᠢ ᠨᠢᠭᠡᠴᠢ᠂ ᠬᠡᠰᠡᠭ ᠮᠤᠵᠢ ᠬᠤᠳᠠ᠎ᠶ᠋ᠢᠨ ᠭᠣᠣᠯ ᠬᠠᠷᠢᠭᠤᠴᠠᠯᠭᠠᠲᠠᠨ ᠨᠥᠬᠥᠳ᠂ ᠬᠣᠯᠪᠣᠭ᠍ᠳᠠᠯ ᠪᠦᠬᠦᠢ ᠶᠡᠬᠡ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠂ ᠤᠯᠤᠰ᠎ᠤᠨ ᠲᠤᠷᠱᠢᠯᠲᠠ᠎ᠶ᠋ᠢᠨ ᠲᠠᠰᠤᠭ᠂ ᠠᠵᠤ ᠠᠬᠤᠢᠯᠠᠯ᠎ᠤᠨ ᠬᠠᠷᠢᠭᠤᠴᠠᠯᠭᠠᠲᠠᠨ ᠪᠣᠯᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠳ᠎ᠤᠨ ᠲᠥᠯᠥᠭᠡᠯᠡᠭ᠌ᠴᠢ ᠨᠠᠷ ᠶᠠᠷᠢᠯᠴᠠᠬᠤ ᠬᠤᠷᠠᠯ᠎ᠳᠤ ᠣᠷᠣᠯᠴᠠᠪᠠ᠃

(ᠱᠢᠨᠬᠤᠸᠠ ᠬᠤᠷᠢᠶ᠎ᠠ᠎ᠶᠢᠨ ᠱᠠᠩᠬᠠᠶ᠎ᠶ᠋ᠢᠨ 4 ᠰᠠᠷ᠎ᠠ᠎ᠶ᠋ᠢᠨ 30 ᠎ᠤ᠋ ᠴᠠᠬᠢᠯᠭᠠᠨ ᠮᠡᠳᠡᠭᠡ)

 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
Baidu
map