7 ᠳ᠋ᠤᠭᠠᠷ ᠰᠠᠷ᠎ᠠ᠎ᠶ᠋ᠢᠨ 29᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ 《ᠱᠢᠨ᠎ᠡ ᠴᠠᠭ ᠦᠶ᠎ᠡ᠎ᠶ᠋ᠢᠨ 〈ᠹᠸᠩᠴᠢᠶᠣᠤ᠎ᠶ᠋ᠢᠨ ᠲᠤᠷᠱᠢᠯᠭ᠎ᠠ〉ᠵᠢ ᠦᠢᠯᠡᠳᠦᠯᠭᠡᠵᠢᠭᠦᠯᠵᠦ᠍᠂ 〈ᠤᠯᠤᠰ ᠲᠦᠷᠦ᠍᠎ᠶ᠋ᠢᠨ ᠵᠥᠪᠯᠡᠯᠭᠡᠨ + ᠱᠢᠭᠦᠬᠦ᠌ ᠬᠣᠷᠢᠶ᠎ᠠ〉ᠵᠢᠨ ᠢᠷᠭᠡᠨ᠎ᠦ ᠬᠡᠷᠡᠭ ᠪᠠ ᠬᠤᠳᠠᠯᠳᠤᠭᠠᠨ᠎ᠤ ᠬᠡᠷᠡᠭ᠎ᠤᠨ ᠵᠠᠭᠤᠷᠠᠯᠳᠤᠭᠠᠨ᠎ᠢ ᠤᠯᠠᠨ ᠡᠱᠢᠴᠢᠯᠡᠨ ᠱᠢᠢᠳᠪᠦᠷᠢᠯᠡᠬᠦ᠌ ᠲᠣᠭ᠍ᠲᠠᠴᠠ᠎ᠶ᠋ᠢ ᠭᠦᠨᠵᠡᠭᠡᠢᠷᠡᠬᠦᠯᠤᠨ ᠪᠣᠳᠠᠲᠠᠢᠵᠢᠭᠤᠯᠬᠤ᠎ᠶ᠋ᠢ ᠠᠬᠢᠭᠤᠯᠬᠤ》 ᠠᠵᠢᠯ ᠲᠦᠷᠦᠯ᠎ᠢᠶᠡᠷ᠎ᠨᠢ ᠵᠥᠪᠯᠡᠬᠦ᠌ ᠬᠤᠷᠠᠯ ᠬᠤᠷᠠᠯᠳᠤᠭᠤᠯᠪᠠ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠯᠦᠸᠧ ᡁᠢ ᠬᠤ᠌ ᠬᠤᠷᠠᠯ᠎ᠢ ᠡᠷᠭᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶ᠎ᠠ᠎ᠶᠢᠨ ᠳᠠᠷᠤᠭ᠎ᠠ ᠶᠠᠩ ᠽᠦᠩ ᠷᠧᠨ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠦ ᠤᠯᠤᠰ ᠲᠥᠷᠥ᠎ᠶ᠋ᠢᠨ ᠵᠥᠪᠯᠡᠯᠭᠡᠨ᠎ᠦ ᠨᠠᠷᠢᠨ ᠪᠢᠴᠢᠭ᠎ᠦᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠵᠠᠶ᠃
ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠤᠰᠭᠠᠶ ᠵᠥᠪᠯᠡᠯ᠎ᠤᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ ᠨᠥᠬᠥᠳ ᠪᠠᠢᠴᠠᠭᠠᠨ ᠰᠤᠳᠤᠯᠤᠯᠲᠠ᠎ᠶ᠋ᠢᠨ ᠪᠠᠢᠳᠠᠯ᠎ᠢ ᠲᠠᠨᠢᠯᠴᠠᠭᠤᠯᠵᠤ᠂ ᠦᠨᠳᠦᠰᠦᠨ ᠱᠠᠲᠤᠨ᠎ᠤ ᠤᠯᠤᠰ ᠲᠥᠷᠥ᠎ᠶ᠋ᠢᠨ ᠵᠥᠪᠯᠡᠯᠭᠡᠨ ᠪᠣᠯᠤᠨ ᠱᠢᠭᠦᠬᠦ᠌ ᠬᠣᠷᠢᠶ᠎ᠠ᠎ᠶᠢᠨ ᠬᠠᠷᠢᠭᠤᠴᠠᠯᠭᠠᠲᠠᠨ ᠨᠥᠬᠥᠳ᠂ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ᠂ ᠦᠨᠳᠦᠰᠦᠨ ᠱᠠᠲᠤᠨ᠎ᠤ ᠱᠢᠭᠦᠭ᠌ᠴᠢ᠂ ᠬᠡᠷᠡᠭ᠎ᠦᠨ ᠲᠤᠬᠠᠶ᠎ᠶ᠋ᠢᠨ ᠬᠥᠮᠦᠨ᠎ᠦ ᠲᠥᠯᠥᠭᠡᠯᠡᠭ᠌ᠴᠢ ᠦᠭᠡ ᠬᠡᠯᠡᠪᠡ᠃
ᠬᠤᠷᠠᠯ᠎ᠡᠴᠡ᠂ 《ᠤᠯᠤᠰ ᠲᠥᠷᠥ᠎ᠶ᠋ᠢᠨ ᠵᠥᠪᠯᠡᠯᠭᠡᠨ + ᠱᠢᠭᠦᠬᠦ᠌ ᠬᠣᠷᠢᠶ᠎ᠠ》᠎ᠶᠢᠨ ᠢᠷᠭᠡᠨ᠎ᠦ ᠬᠡᠷᠡᠭ ᠪᠠ ᠬᠤᠳᠠᠯᠳᠤᠭᠠᠨ᠎ᠤ ᠬᠡᠷᠡᠭ᠎ᠤᠨ ᠵᠠᠭᠤᠷᠠᠯᠳᠤᠭᠠᠨ᠎ᠢ ᠣᠯᠠᠨ ᠡᠱᠢᠴᠢᠯᠡᠨ ᠱᠢᠢᠳᠪᠦᠷᠢᠯᠡᠬᠦ᠌ ᠲᠣᠭ᠍ᠲᠠᠴᠠ᠎ᠶ᠋ᠢ ᠬᠡᠷᠡᠭ᠌ᠵᠢᠭᠦᠯᠦᠭ᠌ᠰᠡᠨ᠎ᠡᠴᠡ ᠨᠠᠭᠠᠰᠢ᠂ ᠨᠢᠭᠡ ᠪᠦᠯᠦᠭ ᠢᠷᠭᠡᠨ᠎ᠦ ᠬᠡᠷᠡᠭ ᠪᠠ ᠬᠤᠳᠠᠯᠳᠤᠭᠠᠨ᠎ᠤ ᠬᠡᠷᠡᠭ᠎ᠤᠨ ᠵᠠᠭᠤᠷᠠᠯᠳᠤᠭᠠᠨ᠎ᠢ ᠪᠦᠲᠦᠮᠵᠢᠲᠡᠢ ᠱᠢᠢᠳᠪᠦᠷᠢᠯᠡᠵᠦ᠍᠂ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ᠎ᠦᠨ ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ᠎ᠳᠤ ᠣᠷᠣᠯᠴᠠᠬᠤ᠎ᠳᠤ ᠲᠠᠪᠴᠠᠩ ᠪᠠᠢᠭᠤᠯᠤᠨ ᠥᠭ᠌ᠴᠦ᠂ ᠠᠷᠭ᠎ᠠ ᠵᠠᠮ᠎ᠢ ᠥᠷᠭᠡᠳᠭᠡᠨ᠂ ᠭᠡᠱᠢᠭᠦᠳ ᠪᠣᠯᠤᠨ ᠡᠲᠡᠭᠡᠳ ᠢᠯᠭᠠᠯ᠎ᠤᠨ ᠣᠯᠠᠨ ᠲᠦᠮᠡᠨ᠎ᠦ ᠬᠠᠷᠢᠯᠴᠠᠭ᠎ᠠ᠎ᠶ᠋ᠢ ᠴᠢᠩᠭᠠᠳᠭᠠᠪᠠ᠃ ᠲᠤᠷᠱᠢᠯᠭ᠎ᠠ᠎ᠪᠠᠨ ᠤᠯᠠᠮ ᠨᠢᠭᠡ ᠠᠯᠬᠤᠮ ᠳ᠋ᠦᠩᠨᠡᠵᠦ᠍᠂ ᠲᠦᠷᠢᠮ ᠲᠣᠭ᠍ᠲᠠᠴᠠ᠎ᠶ᠋ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠭᠡᠱᠢᠭᠦᠳ᠎ᠦᠨ ᠡᠶᠡᠳᠡᠭᠦᠯᠬᠦ᠌ ᠴᠢᠳᠠᠪᠤᠷᠢ᠎ᠶᠢ ᠳᠡᠭᠡᠭ᠌ᠰᠢᠯᠡᠭᠦᠯᠵᠦ᠍᠂ ᠡᠶᠡᠳᠡᠭᠦᠯᠬᠦ᠌ ᠠᠵᠢᠯ᠎ᠤᠨ ᠴᠢᠨᠠᠷ ᠴᠢᠨᠰᠠᠭ᠎ᠠ ᠦᠷ᠎ᠡ ᠪᠦᠲᠦᠮᠵᠢ᠎ᠶᠢᠨ ᠳᠡᠭᠡᠭ᠌ᠰᠢᠯᠡᠯᠲᠡ᠎ᠶ᠋ᠢ ᠠᠬᠢᠭᠤᠯᠬᠤ ᠬᠡᠷᠡᠭ᠌ᠲᠡᠢ ᠭᠡᠵᠤ ᠦᠵᠡᠪᠡ᠃