ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠲᠠᠪᠤᠳᠤᠭᠠᠷ ᠬᠤᠭᠤᠴᠠᠭᠠᠨ᠎ᠤ ᠳᠤᠮᠳᠠᠳᠤ ᠮᠣᠩᠭᠣᠯ᠎ᠤᠨ ᠦᠵᠡᠰᠭᠦᠯᠡᠩ᠎ᠦᠨ ᠴᠤᠭ᠍ᠯᠠᠭᠠᠨ 8 ᠰᠠᠷ᠎ᠠ᠎ᠶ᠋ᠢᠨ 25᠎ᠤ ᠡᠳᠦᠷ ᠬᠥᠬᠡᠬᠣᠲᠠ᠎ᠳᠤ ᠡᠬᠢᠯᠡᠨ᠎ᠠ
ᠨᠡᠶ᠋ᠢᠲᠡᠯᠡᠭᠰᠡᠨ ᠴᠠᠭ᠄ 2025-07-31

7 ᠰᠠᠷ᠎ᠠ᠎ᠶ᠋ᠢᠨ 30᠎ᠤ ᠡᠳᠦᠷ᠂ ᠲᠠᠪᠤᠳᠤᠭᠠᠷ ᠬᠤᠭᠤᠴᠠᠭᠠᠨ᠎ᠤ ᠳᠤᠮᠳᠠᠳᠤ ᠤᠯᠤᠰ — ᠮᠣᠩᠭᠣᠯ ᠤᠯᠤᠰ᠎ᠤᠨ ᠦᠵᠡᠰᠭᠦᠯᠡᠩ᠎ᠦᠨ ᠴᠤᠭ᠍ᠯᠠᠭᠠᠨ (ᠳᠤᠷᠤᠭᠰᠢ ᠲᠠᠪᠤᠳᠤᠭᠠᠷ ᠬᠤᠭᠤᠴᠠᠭᠠᠨ᠎ᠤ ᠳᠤᠮᠳᠠᠳᠤ ᠮᠤᠩᠭᠤᠯ᠎ᠤᠨ ᠦᠵᠡᠰᠭᠦᠯᠡᠩ᠎ᠤᠨ ᠴᠤᠭᠯᠠᠭᠠᠨ ᠭᠡᠵᠤ ᠳᠦᠭᠦᠮᠴᠢᠯᠡᠨ᠎ᠠ)᠎ᠤ ᠲᠤᠰᠭᠠᠢ ᠰᠡᠳᠦᠪᠲᠦ ᠰᠣᠨᠢᠨ ᠮᠡᠳᠡᠭᠡ ᠨᠡᠢᠲᠡᠯᠡᠬᠦ᠌ ᠬᠤᠷᠠᠯ ᠪᠡᠭᠡᠵᠢᠩ᠎ᠳᠦ ᠶᠠᠪᠤᠭ᠍ᠳᠠᠪᠠ᠃

ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠳᠡᠳ᠋ ᠰᠠᠢᠳ ᠶᠠᠨ ᠳ᠋ᠦᠩ᠂ ᠮᠣᠩᠭᠣᠯ ᠤᠯᠤᠰ᠎ᠤᠨ ᠬᠦᠨᠡᠰᠤ ᠬᠦᠳᠡᠬᠡ ᠠᠵᠦ ᠠᠬᠤᠢ ᠬᠥᠩᠭᠡᠨ ᠦᠶ᠋ᠯᠡᠳᠪᠦᠷᠢ᠎ᠶ᠋ᠢᠨ ᠶᠠᠮᠤᠨ᠎ᠤ ᠲᠥᠷᠥ᠎ᠶ᠋ᠢᠨ ᠶᠠᠪᠤᠳᠠᠯ᠎ᠤᠨ ᠨᠠᠷᠢᠨ ᠪᠢᠴᠢᠭᠡᠴᠢ ᠵᠠᠮᠪᠠᠯᠰᠡᠷᠡᠩ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ ᠶᠠᠩ ᠵᠢᠨ ᠲᠠᠪᠤᠳᠤᠭᠠᠷ ᠬᠤᠭᠤᠴᠠᠭᠠᠨ᠎ᠤ ᠳᠤᠮᠳᠠᠳᠤ ᠮᠣᠩᠭᠣᠯ᠎ᠤᠨ ᠦᠵᠡᠰᠭᠦᠯᠡᠩ᠎ᠦᠨ ᠴᠤᠭ᠍ᠯᠠᠭᠠᠨ᠎ᠤ ᠬᠣᠯᠪᠣᠭ᠍ᠳᠠᠯ ᠪᠥᠬᠥᠶ ᠪᠠᠢᠳᠠᠯ᠎ᠢ ᠲᠠᠨᠢᠯᠴᠠᠭᠤᠯᠤᠭ᠍ᠰᠠᠨ ᠪᠥᠭᠡᠳ ᠰᠤᠷᠪᠤᠯᠵᠢᠯᠠᠭ᠍ᠴᠢ᠎ᠶ᠋ᠢᠨ ᠠᠰᠠᠭᠤᠯᠲᠠ᠎ᠶ᠋ᠢ ᠬᠠᠷᠢᠭᠤᠯᠪᠠ᠃

ᠲᠠᠪᠤᠳᠤᠭᠠᠷ ᠬᠤᠭᠤᠴᠠᠭᠠᠨ᠎ᠤ ᠳᠤᠮᠳᠠᠳᠤ ᠮᠣᠩᠭᠣᠯ᠎ᠤᠨ ᠦᠵᠡᠰᠭᠦᠯᠡᠩ᠎ᠦᠨ ᠴᠤᠭ᠍ᠯᠠᠭᠠᠨ 8 ᠰᠠᠷ᠎ᠠ᠎ᠶ᠋ᠢᠨ 25 ᠡᠴᠡ 29᠎ᠤ ᠡᠳᠦᠷ ᠪᠣᠯᠲᠠᠯ᠎ᠠ ᠥᠪᠥᠷ ᠮᠣᠩᠭᠣᠯ᠎ᠤᠨ ᠬᠥᠬᠡᠬᠣᠲᠠ᠎ᠳᠤ ᠶᠠᠪᠤᠭ᠍ᠳᠠᠨ᠎ᠠ᠂ 《ᠬᠠᠷᠢᠯᠴᠠᠨ ᠠᠱᠢᠭ᠍ᠲᠠᠶ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠤᠨ ᠬᠠᠮᠲᠤᠷᠠᠯᠴᠠᠵᠤ ᠬᠠᠮᠲᠤ᠎ᠪᠠᠷ ᠠᠱᠢᠭ ᠭᠥᠷᠳᠡᠬᠦ᠌᠎ᠶ᠋ᠢ ᠠᠬᠢᠭᠤᠯᠤᠶ᠎ᠠ》ᠪᠡᠷ ᠭᠤᠤᠯ ᠰᠡᠳᠦᠪ ᠪᠤᠯᠭᠠᠪᠠ᠃ ᠲᠣᠰ ᠬᠤᠭᠤᠴᠠᠭᠠᠨ᠎ᠤ ᠦᠵᠡᠰᠭᠦᠯᠡᠩ᠎ᠦᠨ ᠴᠤᠭ᠍ᠯᠠᠭᠠᠨ᠎ᠤ ᠲᠠᠲᠠᠬᠤ ᠬᠦᠴᠦᠨ ᠴᠢᠩᠭ᠎ᠠ ᠪᠠᠢᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠵᠣᠴᠢᠳ ᠪᠠ ᠦᠵᠡᠰᠭᠦᠯᠡᠩ᠎ᠳᠦ ᠣᠷᠣᠯᠴᠠᠬᠤ ᠬᠤᠳᠠᠯᠳᠤᠭᠠᠴᠢᠳ᠎ᠢ 6000 ᠱᠢᠬᠠᠮ ᠤᠷᠢᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ 1500 ᠭᠠᠷᠤᠶ ᠠᠵᠤ ᠠᠬᠤᠢᠯᠠᠯ᠎ᠤᠨ ᠬᠢᠨ᠎ᠢ ᠴᠤᠭ᠍ᠯᠠᠷᠠᠭᠤᠯᠬᠤ ᠪᠤᠯᠤᠨ᠎ᠠ᠃ ᠦᠵᠡᠰᠭᠦᠯᠡᠩ᠎ᠤᠨ ᠴᠤᠭᠯᠠᠭᠠᠨ᠎ᠳᠤ ᠣᠯᠠᠨ ᠠᠵᠢᠯ ᠲᠥᠷᠥᠯ᠎ᠦᠨ ᠲᠤᠰᠭᠠᠶ ᠣᠷᠳᠣᠨ ᠲᠤᠬᠢᠷᠠᠭᠤᠯᠵᠤ᠂《ᠳᠤᠮᠳᠠᠳᠤ ᠮᠣᠩᠭᠣᠯ᠎ᠤᠨ ᠠᠭᠤᠷᠬᠠᠶ᠎ᠶ᠋ᠢᠨ ᠦᠶ᠋ᠯᠡᠰ᠎ᠦᠨ ᠬᠠᠮᠲᠤᠷᠠᠯᠴᠠᠭ᠎ᠠ᠎ᠶ᠋ᠢ ᠵᠣᠯᠭᠠᠭᠤᠯᠬᠤ ᠬᠤᠷᠠᠯ》᠂ 《ᠴᠡᠪᠡᠷ ᠡᠨᠧᠷᠭᠢ᠎ᠶ᠋ᠢᠨ ᠠᠵᠤ ᠦᠶ᠋ᠯᠡᠰ᠎ᠦᠨ ᠱᠢᠨᠵᠢᠯᠡᠨ ᠪᠠᠢᠴᠠᠭᠠᠯᠲᠠ》 ᠵᠡᠷᠭᠡ ᠣᠯᠠᠨ ᠲᠠᠯᠠᠪᠠᠢ ᠵᠣᠯᠭᠠᠭᠤᠯᠬᠤ ᠠᠵᠢᠯᠯᠠᠭ᠎ᠠ᠎ᠶ᠋ᠢ ᠨᠠᠷᠢᠨ ᠨᠢᠮᠪᠠᠶ ᠲᠥᠰᠦᠪᠯᠡᠵᠦ᠍᠂ ᠦᠵᠡᠰᠭᠦᠯᠡᠩ᠎ᠳᠡᠭᠡᠷ᠎ᠠ 《ᠳᠡᠯᠡᠬᠡᠢᠵᠢᠭᠦᠯᠬᠦ᠂ ᠲᠤᠰᠭᠠᠢᠵᠢᠭᠤᠯᠬᠤ᠂ ᠲᠣᠭᠠᠴᠢᠯᠠᠬᠤ᠂ ᠴᠢᠨᠠᠷᠵᠢᠭᠤᠯᠬᠤ》 ᠳᠥᠷᠪᠡᠨ ᠶᠡᠬᠡ ᠱᠢᠪᠲᠤᠯᠤᠯᠲᠠ᠎ᠶ᠋ᠢ ᠪᠡᠶᠡᠯᠡᠭᠦᠯᠵᠦ᠍᠂ ᠨᠠᠩ ᠪᠣᠳᠠᠲᠤ ᠦᠷ᠎ᠡ ᠪᠦᠲᠦᠮᠵᠢᠲᠡᠶ ᠪᠥᠬᠥ᠌ ᠲᠠᠯ᠎ᠠ᠎ᠶ᠋ᠢᠨ ᠣᠯᠠᠨ ᠤᠯᠤᠰ᠎ᠤᠨ ᠬᠠᠮᠲᠤᠷᠠᠯᠴᠠᠭᠠᠨ᠎ᠤ ᠲᠠᠪᠴᠠᠩ᠎ᠢ ᠪᠥᠬᠥ᠌ ᠬᠦᠴᠦᠨ᠎ᠢᠶᠡᠷ᠎ᠢᠶᠡᠨ ᠴᠣᠭ᠍ᠴᠠᠯᠠᠨ᠎ᠠ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
Baidu
map