ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ᠎ᠶᠢᠨ ᠤᠬᠠᠭᠠᠨ᠎ᠤ ᠨᠡᠢᠭᠡᠮᠯᠢᠭ᠎ᠦᠨ ᠳᠣᠯᠣᠳᠤᠭᠠᠷ ᠤᠳᠠᠭ᠎ᠠ᠎ᠶᠢᠨ ᠭᠡᠰᠢᠭᠦᠳ ᠲᠥᠯᠥᠭᠡᠯᠡᠭᠴᠢᠳ᠎ᠦᠨ ᠶᠡᠬᠡ ᠬᠤᠷᠠᠯ ᠭᠦᠭᠡᠬᠣᠲᠠ᠎ᠳᠤ ᠬᠤᠷᠠᠯᠳᠤᠪᠠ   ᠰᠦᠨ ᠱᠤᠤ ᠴᠧᠩ ᠴᠣᠬᠣᠯᠠᠪᠤᠷᠢ ᠥᠭᠴᠡᠢ
ᠨᠡᠶ᠋ᠢᠲᠡᠯᠡᠭᠰᠡᠨ ᠴᠠᠭ᠄ 2025-07-31

 

ᠥᠪᠡᠷᠲᠡᠭᠡᠨ ᠵᠠᠰᠠᠬᠤ ᠣᠷᠣᠨ᠎ᠤ ᠬᠠᠤᠯᠢ᠎ᠶᠢᠨ ᠤᠬᠠᠭᠠᠨ᠎ᠤ ᠨᠡᠢᠭᠡᠮᠯᠢᠭ᠎ᠦᠨ ᠳᠣᠯᠣᠳᠤᠭᠠᠷ ᠤᠳᠠᠭ᠎ᠠ᠎ᠶᠢᠨ ᠭᠡᠰᠢᠭᠦᠳ ᠲᠥᠯᠥᠭᠡᠯᠡᠭᠴᠢᠳ᠎ᠦᠨ ᠶᠡᠬᠡ ᠬᠤᠷᠠᠯ ᠬᠤᠷᠠᠯᠳᠤᠬᠤ ᠲᠠᠰᠢᠷᠠᠮ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠰᠦᠨ ᠱᠤᠤ ᠴᠧᠩ ᠴᠣᠬᠣᠯᠠᠪᠤᠷᠢ ᠥᠭᠴᠡᠢ᠃ ᠲᠡᠷᠡ᠂ ᠥᠪᠡᠷᠲᠡᠭᠡᠨ ᠵᠠᠰᠠᠬᠤ ᠣᠷᠣᠨ᠎ᠤ ᠬᠠᠤᠯᠢ᠎ᠶᠢᠨ ᠤᠬᠠᠭᠠᠨ᠎ᠤ ᠨᠡᠢᠭᠡᠮᠯᠢᠭ᠎ᠦᠨ ᠳᠣᠯᠣᠳᠤᠭᠠᠷ ᠤᠳᠠᠭ᠎ᠠ᠎ᠶᠢᠨ ᠭᠡᠰᠢᠭᠦᠳ ᠲᠥᠯᠥᠭᠡᠯᠡᠭᠴᠢᠳ᠎ᠦᠨ ᠶᠡᠬᠡ ᠬᠤᠷᠠᠯ ᠬᠤᠷᠠᠯᠳᠤᠭᠰᠠᠨ᠎ᠳᠤ ᠪᠠᠶᠠᠷ ᠬᠦᠷᠭᠡᠵᠦ ᠪᠠᠢᠨ᠎ᠠ᠃ ᠰᠢᠨ᠎ᠡ ᠠᠶᠠᠨ᠎ᠳᠤ᠂ ᠪᠦᠭᠦ ᠣᠷᠣᠨ᠎ᠤ ᠡᠯ᠎ᠡ ᠱᠠᠲᠤᠨ᠎ᠤ ᠬᠠᠤᠯᠢ᠎ᠶᠢᠨ ᠤᠬᠠᠭᠠᠨ᠎ᠤ ᠨᠡᠢᠭᠡᠮᠯᠢᠭ᠎ᠦᠨ ᠭᠢᠨ ᠰᠢ ᠵᠢᠨ ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ᠎ᠶᠢᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠪᠦᠭᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠪᠦᠭᠦ ᠲᠠᠯ᠎ᠠ᠎ᠪᠠᠷ ᠬᠠᠤᠯᠢ᠎ᠪᠠᠷ ᠣᠷᠣᠨ᠎ᠢᠶᠠᠨ ᠵᠠᠰᠠᠬᠤ ᠭᠠᠯ ᠬᠠᠯᠠᠭᠤᠨ ᠦᠢᠯᠡᠳᠦᠯᠭᠡ᠎ᠳᠦ ᠦᠷᠭᠦᠯᠵᠢᠯᠡᠨ ᠣᠷᠣᠯᠴᠠᠵᠤ᠂ ᠥᠷᠭᠡᠨ ᠣᠯᠠᠨ ᠬᠠᠤᠯᠢ᠎ᠶᠢᠨ ᠤᠬᠠᠭᠠᠨ ᠬᠠᠤᠯᠢ ᠴᠠᠭᠠᠵᠠ᠎ᠶᠢᠨ ᠠᠵᠢᠯᠲᠠᠳ᠎ᠢ ᠪᠦᠯᠬᠦᠮᠳᠡᠭᠦᠯᠦᠨ ᠳᠠᠭᠠᠭᠤᠯᠵᠤ ᠬᠠᠤᠯᠢ᠎ᠶᠢᠨ ᠤᠬᠠᠭᠠᠨ᠎ᠤ ᠰᠤᠳᠤᠯᠭᠠᠨ᠎ᠢ ᠴᠡᠴᠡᠭᠯᠡᠭᠦᠯᠦᠨ ᠬᠥᠭᠵᠢᠭᠦᠯᠬᠦ᠂ ᠬᠠᠤᠯᠢ᠎ᠪᠠᠷ ᠵᠠᠰᠠᠬᠤ ᠦᠢᠯᠡᠳᠦᠯᠭᠡ᠎ᠳᠦ ᠦᠢᠯᠡᠴᠢᠯᠡᠬᠦ᠂ ᠬᠠᠤᠯᠢ᠎ᠪᠠᠷ ᠵᠠᠰᠠᠬᠤ ᠤᠬᠠᠭᠤᠯᠭ᠎ᠠ᠎ᠶᠢ ᠴᠢᠩᠭᠠᠳᠬᠠᠬᠤ᠂ ᠬᠠᠤᠯᠢ᠎ᠪᠠᠷ ᠵᠠᠰᠠᠬᠤ ᠴᠢᠳᠠᠪᠤᠷᠢᠲᠠᠨ᠎ᠢ ᠬᠥᠮᠥᠵᠢᠭᠦᠯᠬᠦ ᠵᠡᠷᠭᠡ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠂ ᠬᠠᠤᠯᠢ᠎ᠪᠠᠷ ᠵᠠᠰᠠᠬᠤ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠳᠤ ᠬᠦᠴᠦᠨ ᠴᠢᠳᠠᠯ᠎ᠢᠶᠠᠨ ᠡᠷᠭᠦᠬᠦ᠎ᠶᠢ ᠬᠦᠰᠡᠵᠦ ᠪᠠᠢᠨ᠎ᠠ ᠭᠡᠪᠡ᠃

7 ᠰᠠᠷ᠎ᠠ᠎ᠶᠢᠨ 30᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠠᠤᠯᠢ᠎ᠶᠢᠨ ᠤᠬᠠᠭᠠᠨ᠎ᠤ ᠨᠡᠢᠭᠡᠮᠯᠢᠭ᠎ᠦᠨ ᠳᠣᠯᠣᠳᠤᠭᠠᠷ ᠤᠳᠠᠭ᠎ᠠ᠎ᠶᠢᠨ ᠭᠡᠰᠢᠭᠦᠳ ᠲᠥᠯᠥᠭᠡᠯᠡᠭᠴᠢᠳ᠎ᠦᠨ ᠶᠡᠬᠡ ᠬᠤᠷᠠᠯ ᠭᠦᠭᠡᠬᠣᠲᠠ᠎ᠳᠤ ᠬᠤᠷᠠᠯᠳᠤᠵᠤ᠂ ᠬᠤᠷᠠᠯ ᠳᠡᠭᠡᠷ᠎ᠡ ᠰᠦᠨ ᠱᠤᠤ ᠴᠧᠩ᠎ᠦᠨ ᠴᠣᠬᠣᠯᠠᠪᠤᠷᠢ᠎ᠶᠢ ᠤᠯᠠᠮᠵᠢᠯᠠᠪᠠ᠃ ᠳᠤᠮᠳᠠᠳᠤ ᠤᠯᠤᠰ᠎ᠤᠨ ᠬᠠᠤᠯᠢ᠎ᠶᠢᠨ ᠤᠬᠠᠭᠠᠨ᠎ᠤ ᠨᠡᠢᠭᠡᠮᠯᠢᠭ᠎ᠠᠴᠠ ᠶᠡᠬᠡ ᠬᠤᠷᠠᠯ᠎ᠤᠨ ᠬᠤᠷᠠᠯᠳᠤᠭᠰᠠᠨ᠎ᠳᠤ ᠬᠠᠯᠠᠭᠤᠨ ᠪᠠᠶᠠᠷ ᠬᠦᠷᠭᠡᠵᠦ᠂ ᠥᠪᠡᠷᠲᠡᠭᠡᠨ ᠵᠠᠰᠠᠬᠤ ᠣᠷᠣᠨ᠎ᠤ ᠬᠠᠤᠯᠢ᠎ᠶᠢᠨ ᠤᠬᠠᠭᠠᠨ᠎ᠤ ᠨᠡᠢᠭᠡᠮᠯᠢᠭ᠎ᠦᠨ ᠠᠵᠢᠯ᠎ᠢ ᠭᠦᠢᠴᠡᠳ ᠨᠤᠲᠠᠯᠠᠬᠤ᠎ᠶᠢᠨ ᠬᠠᠮᠲᠤ ᠰᠢᠨ᠎ᠡ ᠠᠶᠠᠨ᠎ᠳᠤ ᠬᠠᠤᠯᠢ᠎ᠶᠢᠨ ᠤᠬᠠᠭᠠᠨ᠎ᠤ ᠨᠡᠢᠭᠡᠮᠯᠢᠭ᠎ᠦᠨ ᠠᠵᠢᠯ᠎ᠢ ᠰᠠᠢᠲᠤᠷ ᠬᠢᠬᠦ ᠲᠤᠬᠠᠢ ᠬᠦᠰᠡᠯ ᠱᠠᠭᠠᠷᠳᠠᠯᠭ᠎ᠠ ᠳᠤᠷᠠᠳᠴᠠᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ᠎ᠶᠢᠨ ᠬᠣᠷᠢᠶ᠎ᠠ᠎ᠶᠢᠨ ᠱᠦᠵᠢ ᠱᠢ ᠭᠤᠸᠠᠩ ᠬᠣᠶ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃

ᠬᠤᠷᠠᠯ᠎ᠠᠴᠠ᠂ ᠪᠦᠭᠦ ᠣᠷᠣᠨ᠎ᠤ ᠡᠯ᠎ᠡ ᠱᠠᠲᠤᠨ᠎ᠤ ᠬᠠᠤᠯᠢ᠎ᠶᠢᠨ ᠤᠬᠠᠭᠠᠨ᠎ᠤ ᠨᠡᠢᠭᠡᠮᠯᠢᠭ᠎ᠦᠨ ᠭᠢᠨ ᠨᠠᠮ᠎ᠤᠨ ᠪᠦᠭᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠵᠤ᠂ ᠢᠮᠠᠭᠲᠠ ᠭᠣᠣᠯᠳᠠᠯᠭ᠎ᠠ᠎ᠶᠢᠨ ᠲᠣᠭᠣᠷᠢᠨ᠎ᠳᠤ ᠶᠡᠬᠡ ᠲᠠᠯ᠎ᠠ᠎ᠳᠤ ᠦᠢᠯᠡᠴᠢᠯᠡᠵᠦ᠂ ᠨᠢᠭᠡ ᠭᠣᠣᠯ ᠰᠢᠵᠢᠮ᠎ᠢ ᠲᠤᠭᠤᠰᠢᠯᠠᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠵᠦ᠂ ᠮᠣᠩᠭᠣᠯ ᠮᠣᠷᠢᠨ᠎ᠤ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠵᠤ᠂ ᠭᠠᠷᠳᠠᠬᠤ ᠴᠡᠭ ᠪᠣᠯᠣᠨ ᠤᠶᠠᠯᠳᠤᠯ᠎ᠤᠨ ᠴᠡᠭ᠎ᠢ ᠣᠨᠣᠪᠴᠢᠲᠠᠢ ᠣᠯᠵᠤ᠂ ᠥᠨᠳᠥᠷ ᠲᠦᠪᠰᠢᠨ ᠪᠦᠬᠦᠢ ᠬᠠᠤᠯᠢ᠎ᠪᠠᠷ ᠵᠠᠰᠠᠬᠤ᠎ᠪᠠᠷ ᠴᠢᠨᠠᠷ ᠰᠠᠢᠲᠠᠢ ᠬᠥᠭᠵᠢᠯᠲᠡ᠎ᠳᠦ ᠦᠢᠯᠡᠴᠢᠯᠡᠬᠦ᠎ᠪᠡᠷ ᠴᠢᠷᠮᠠᠢᠬᠤ ᠬᠡᠷᠡᠭᠲᠡᠢ᠃ ᠠᠷᠠᠳ ᠲᠦᠮᠡᠨ᠎ᠢᠶᠡᠷ ᠭᠣᠣᠯ ᠪᠤᠯᠭᠠᠬᠤ᠎ᠶᠢ ᠪᠠᠷᠢᠮᠲᠠᠯᠠᠵᠤ᠂ ᠬᠠᠤᠯᠢ᠎ᠶᠢᠨ ᠤᠬᠠᠭᠠᠨ᠎ᠤ ᠰᠤᠳᠤᠯᠭᠠᠨ᠎ᠳᠤ ᠢᠳᠡᠪᠬᠢᠲᠡᠢ ᠣᠷᠣᠯᠴᠠᠵᠤ᠂ ᠬᠠᠤᠯᠢ᠎ᠪᠠᠷ ᠵᠠᠰᠠᠬᠤ ᠦᠢᠯᠡᠳᠦᠯᠭᠡ᠎ᠳᠦ ᠦᠢᠯᠡᠴᠢᠯᠡᠵᠦ᠂ ᠨᠡᠩ ᠪᠠᠲᠤ ᠴᠢᠩᠭ᠎ᠠ ᠬᠦᠴᠦᠨ᠎ᠲᠠᠢ ᠬᠠᠤᠯᠢ᠎ᠶᠢᠨ ᠤᠬᠠᠭᠠᠨ᠎ᠤ ᠨᠡᠢᠭᠡᠮᠯᠢᠭ᠎ᠦᠨ ᠵᠣᠬᠢᠶᠠᠨ ᠪᠠᠢᠭᠤᠯᠤᠯᠲᠠ᠎ᠶᠢ ᠴᠣᠭᠴᠠᠯᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠎ᠳᠦ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭᠠᠵᠤ᠂ ᠬᠠᠤᠯᠢ᠎ᠪᠠᠷ ᠵᠠᠰᠠᠬᠤ ᠬᠦᠴᠦᠨ ᠴᠢᠳᠠᠯ᠎ᠢ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃

ᠶᠡᠬᠡ ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠬᠠᠤᠯᠢ᠎ᠶᠢᠨ ᠤᠬᠠᠭᠠᠨ᠎ᠤ ᠨᠡᠢᠭᠡᠮᠯᠢᠭ᠎ᠦᠨ ᠵᠢᠷᠭᠤᠳᠤᠭᠠᠷ ᠬᠤᠭᠤᠴᠠᠭᠠᠨ᠎ᠤ ᠬᠡᠷᠡᠭ ᠡᠷᠭᠢᠯᠡᠭᠴᠢᠳ᠎ᠦᠨ ᠬᠤᠷᠠᠯ᠎ᠤᠨ ᠠᠵᠢᠯ᠎ᠤᠨ ᠮᠡᠳᠡᠭᠦᠯᠦᠯᠲᠡ᠎ᠶᠢᠨ ᠰᠢᠢᠳᠪᠦᠷᠢ᠎ᠶᠢ ᠬᠢᠨᠠᠨ ᠵᠥᠪᠯᠡᠵᠦ ᠪᠠᠲᠤᠯᠠᠨ᠂ ᠥᠪᠡᠷᠲᠡᠭᠡᠨ ᠵᠠᠰᠠᠬᠤ ᠣᠷᠣᠨ᠎ᠤ ᠬᠠᠤᠯᠢ᠎ᠶᠢᠨ ᠤᠬᠠᠭᠠᠨ᠎ᠤ ᠨᠡᠢᠭᠡᠮᠯᠢᠭ᠎ᠦᠨ ᠳᠣᠯᠣᠳᠤᠭᠠᠷ ᠬᠤᠭᠤᠴᠠᠭᠠᠨ᠎ᠤ ᠬᠡᠷᠡᠭ ᠡᠷᠭᠢᠯᠡᠭᠴᠢᠳ᠎ᠦᠨ ᠬᠤᠷᠠᠯ ᠪᠣᠯᠣᠨ ᠤᠳᠤᠷᠢᠳᠬᠤ ᠪᠠᠢᠭᠤᠯᠤᠮᠵᠢ᠎ᠶᠢ ᠰᠣᠩᠭᠣᠨ ᠭᠠᠷᠭᠠᠵᠤ᠂ ᠱᠢ ᠭᠤᠸᠠᠩ ᠬᠤᠢ ᠥᠪᠡᠷᠲᠡᠭᠡᠨ ᠵᠠᠰᠠᠬᠤ ᠣᠷᠣᠨ᠎ᠤ ᠬᠠᠤᠯᠢ᠎ᠶᠢᠨ ᠤᠬᠠᠭᠠᠨ᠎ᠤ ᠨᠡᠢᠭᠡᠮᠯᠢᠭ᠎ᠦᠨ ᠳᠠᠷᠤᠭ᠎ᠠ᠎ᠪᠠᠷ ᠰᠣᠩᠭᠣᠭᠳᠠᠪᠠ᠃

ᠵᠧᠩ ᠭᠤᠸᠠᠩ ᠵᠤᠤ᠂ ᠶᠠᠩ ᠽᠥᠩ ᠷᠧᠨ᠂ ᠯᠢ ᠶᠦᠩ ᠵᠢᠶᠦ᠋ᠨ ᠡᠭᠢᠯᠡᠯᠲᠡ᠎ᠶᠢᠨ ᠶᠣᠰᠣᠯᠠᠯ᠎ᠳᠤ ᠣᠷᠣᠯᠴᠠᠪᠠ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
Baidu
map