ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠠᠬᠤᠢ ᠲᠠᠯᠠᠪᠠᠢ᠎ᠳᠤ 967 ᠲᠥᠷᠥᠯ᠎ᠦᠨ ᠵᠥᠪᠯᠡᠯᠴᠡᠭᠡᠷ ᠲᠣᠬᠢᠷᠠᠯᠴᠠᠵᠤ ᠠᠷᠠᠯᠵᠢᠶ᠎ᠠ ᠪᠦᠲᠦᠭᠰᠡᠨ ᠵᠣᠭᠣᠰ᠎ᠤᠨ ᠲᠣᠭ᠎ᠠ 6.9 ᠳ᠋ᠦᠩᠰᠢᠭᠤᠷ ᠲᠥᠭᠥᠷᠢᠭ᠎ᠲᠦ ᠬᠥᠷᠴᠠᠢ  37 ᠳ᠋ᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠲᠠᠷᠢᠶᠠᠯᠠᠩ᠎ᠤᠨ ᠦᠵᠡᠰᠬᠦᠯᠡᠩ᠎ᠦᠨ ᠴᠤᠭᠯᠠᠭᠠᠨ ᠥᠨᠳᠥᠷᠯᠡᠪᠡ
ᠨᠡᠶ᠋ᠢᠲᠡᠯᠡᠭᠰᠡᠨ ᠴᠠᠭ᠄ 2025-08-01

7 ᠳ᠋ᠤᠭᠠᠷ ᠰᠠᠷ᠎ᠠ᠎ᠶᠢᠨ 28᠎ᠤ ᠡᠳᠦᠷ᠂ 3 ᠡᠳᠦᠷ᠎ᠦᠨ ᠬᠤᠭᠤᠴᠠᠭ᠎ᠠ᠎ᠲᠠᠢ ᠶᠠᠪᠤᠭᠳᠠᠭᠰᠠᠨ 37 ᠳ᠋ᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠲᠠᠷᠢᠶᠠᠯᠠᠩ᠎ᠤᠨ ᠦᠵᠡᠰᠬᠦᠯᠡᠩ᠎ᠦᠨ ᠴᠤᠭᠯᠠᠭᠠᠨ ᠪᠠ 13 ᠳ᠋ᠤᠭᠠᠷ ᠬᠤᠭᠤᠴᠠᠭᠠᠨ᠎ᠤ ᠥᠪᠥᠷ ᠮᠣᠩᠭᠣᠯ(ᠥᠪᠥᠷ ᠮᠣᠩᠭᠣᠯ᠎ᠤᠨ ᠵᠡᠭᠦᠨ ᠬᠡᠰᠡᠭ)᠎ᠤᠨ ᠲᠠᠷᠢᠶᠠᠯᠠᠩ᠎ᠤᠨ ᠮᠧᠬᠠᠨᠢᠭ᠋᠎ᠤᠨ ᠦᠵᠡᠰᠬᠦᠯᠡᠩ᠎ᠦᠨ ᠴᠤᠭᠯᠠᠭᠠᠨ ᠨᠢ ᠤᠯᠠᠭᠠᠨᠬᠠᠳᠠ ᠣᠯᠠᠨ ᠤᠯᠤᠰ᠎ᠤᠨ ᠦᠵᠡᠰᠬᠦᠯᠡᠩ᠎ᠦᠨ ᠲᠥᠪ᠎ᠲᠦ ᠲᠡᠭᠦᠰ ᠠᠮᠵᠢᠯᠲᠠ᠎ᠲᠠᠢ ᠥᠨᠳᠥᠷᠯᠡᠪᠡ᠃ ᠪᠦᠷᠢᠳᠬᠡᠯ᠎ᠢ ᠦᠨᠳᠦᠰᠦᠯᠡᠪᠡᠯ᠂ ᠦᠵᠡᠭᠦᠯᠭᠡ᠎ᠶᠢᠨ ᠴᠤᠭᠯᠠᠭᠠᠨ ᠨᠢ ᠨᠡᠢᠲᠡ 4.6 ᠲᠦᠮᠡᠨ ᠦᠵᠡᠭᠴᠢᠳ᠎ᠢ ᠭᠥᠯᠢᠶᠡᠨ ᠠᠪᠴᠤ᠂ ᠰᠠᠨᠠᠮᠵᠢ ᠲᠠᠢ᠎ᠪᠠᠷ ᠠᠷᠠᠯᠵᠢᠶ᠎ᠠ ᠪᠦᠲᠦᠭᠰᠡᠨ ᠵᠣᠭᠣᠰ᠎ᠤᠨ ᠲᠣᠭ᠎ᠠ ᠨᠢ 23 ᠳ᠋ᠦᠩᠰᠢᠭᠤᠷ ᠲᠥᠭᠥᠷᠢᠭ᠎ᠢ ᠳᠠᠪᠠᠵᠤ᠂ ᠠᠬᠤᠢ ᠲᠠᠯᠠᠪᠠᠢ᠎ᠳᠦ 6.9 ᠳ᠋ᠦᠩᠰᠢᠭᠤᠷ ᠲᠥᠭᠥᠷᠢᠭ᠎ᠤᠨ ᠠᠷᠠᠯᠵᠢᠶ᠎ᠠ ᠪᠦᠲᠦᠵᠦ᠂ 967 ᠲᠦᠷᠦᠯ᠎ᠤᠨ ᠵᠥᠪᠯᠡᠯᠴᠡᠭᠡᠷ ᠳᠤᠬᠢᠷᠠᠯᠴᠠᠵᠠᠢ᠃ 

ᠲᠤᠰ ᠬᠤᠭᠤᠴᠠᠭᠠᠨ᠎ᠤ ᠦᠵᠡᠰᠬᠦᠯᠡᠩ᠎ᠦᠨ ᠴᠤᠭᠯᠠᠭᠠᠨ᠎ᠤ ᠶᠡᠷᠦᠩᠬᠡᠢ ᠲᠠᠯᠠᠪᠠᠢ ᠨᠢ 3.5 ᠲᠦᠮᠡᠨ ᠺᠦᠸᠡᠳ᠋ ᠮᠸᠲ᠋ᠷ᠎ᠲᠦ ᠬᠦᠷᠴᠦ᠂ 1200 ᠭᠠᠷᠤᠢ ᠦᠵᠡᠭᠦᠯᠭᠡ᠎ᠶᠢᠨ ᠪᠠᠢᠷᠢ ᠲᠣᠬᠢᠷᠠᠭᠤᠯᠪᠠ᠃ ᠪᠥᠬᠥ ᠤᠯᠤᠰ᠎ᠤᠨ ᠮᠤᠵᠢ᠂ ᠣᠷᠣᠨ᠂ ᠬᠣᠲᠠ᠎ᠶᠢ ᠪᠠᠭᠲᠠᠭᠠᠭᠰᠠᠨ 23 ᠭᠠᠵᠠᠷ ᠣᠷᠣᠨ᠎ᠤ 700 ᠭᠠᠷᠤᠢ ᠲᠠᠷᠢᠶᠠᠯᠠᠩ ᠮᠠᠯ ᠠᠵᠤ ᠠᠬᠤᠢ᠎ᠶᠢᠨ ᠦᠢᠯᠡᠳᠪᠦᠷᠢᠯᠡᠯ ᠪᠣᠷᠤᠯᠠᠭᠤᠯᠭ᠎ᠠ᠎ᠶᠢᠨ ᠠᠵᠤ ᠠᠬᠤᠢᠯᠠᠯ ᠲᠣᠰ ᠤᠳᠠᠭᠠᠨ᠎ᠤ ᠦᠵᠡᠰᠬᠦᠯᠡᠩ᠎ᠳᠦ ᠣᠷᠣᠯᠴᠠᠵᠠᠢ᠃ ᠦᠵᠡᠭᠦᠯᠭᠡ᠎ᠶᠢᠨ ᠵᠤᠢᠯᠡᠰ᠎ᠲᠤ ᠲᠠᠷᠢᠶᠠᠯᠠᠩ᠎ᠤᠨ ᠦᠢᠯᠡᠳᠪᠦᠷᠢᠯᠡᠯ᠎ᠦᠨ ᠬᠡᠷᠡᠭᠰᠡᠯ᠂ ᠤᠰᠤ ᠠᠷᠪᠢᠯᠠᠬᠤ ᠤᠰᠤᠯᠠᠯᠲᠠ᠂ ᠬᠦᠯᠡᠮᠵᠢ ᠵᠢᠴᠢ ᠣᠶᠤᠨᠲᠤ ᠲᠠᠷᠢᠶᠠᠯᠠᠩ᠂ ᠲᠠᠷᠢᠶᠠᠯᠠᠩ ᠮᠠᠯ ᠠᠵᠤ ᠠᠬᠤᠢ᠎ᠶᠢᠨ ᠮᠸᠬᠠᠨᠢᠭ᠋᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢᠨ ᠡᠳ᠋ ᠪᠠᠷᠠᠭ᠎ᠠ ᠵᠡᠷᠭᠡ ᠤᠯᠠᠨ ᠬᠦᠷᠢᠶ᠎ᠡ ᠴᠠᠷᠠᠭ᠎ᠠ᠎ᠶᠢ ᠬᠠᠮᠤᠷᠴᠠᠢ᠃ ᠲᠠᠷᠢᠶᠠᠯᠠᠩ᠎ᠤᠨ ᠮᠠᠰᠢᠨ᠎ᠤ ᠭᠡᠷ᠎ᠦᠨ ᠭᠠᠳᠠᠨᠠᠬᠢ ᠦᠵᠡᠭᠦᠯᠭᠡ᠎ᠳᠦ ᠭᠣᠣᠯᠳᠠᠭᠤ ᠲᠠᠷᠢᠶᠠᠯᠠᠩ᠎ᠤᠨ ᠮᠸᠬᠠᠨᠢᠭ᠋᠂ ᠮᠠᠯ ᠠᠵᠤ ᠠᠬᠤᠢ᠎ᠶᠢᠨ ᠮᠸᠬᠠᠨᠢᠭ᠋ ᠵᠡᠷᠭᠡ 10 ᠶᠡᠬᠡ ᠲᠦᠷᠦᠯ᠂ 30 ᠭᠠᠷᠤᠢ ᠪᠠᠭ᠎ᠠ ᠲᠦᠷᠦᠯ᠎ᠦᠨ ᠲᠠᠷᠢᠶᠠᠯᠠᠩ ᠮᠠᠯ ᠠᠵᠤ ᠠᠬᠤᠢ᠎ᠶᠢᠨ ᠮᠠᠰᠢᠨ ᠵᠢᠴᠢ ᠰᠡᠯᠪᠢᠭ ᠲᠤᠨᠤᠭ᠎ᠢ ᠳᠡᠯᠭᠡᠨ ᠦᠵᠡᠭᠦᠯᠵᠦ᠂ 3000 ᠭᠠᠷᠤᠢ ᠲᠦᠷᠦᠯ᠎ᠦᠨ ᠲᠠᠷᠢᠶᠠᠯᠠᠩ᠎ᠤᠨ ᠮᠠᠰᠢᠨ ᠪᠠᠭᠠᠵᠢ᠎ᠶᠢ ᠲᠥᠪᠯᠡᠷᠡᠭᠦᠯᠦᠨ ᠳᠡᠯᠭᠡᠨ ᠦᠵᠡᠭᠦᠯᠵᠡᠢ᠃ ᠡᠭᠦᠨ᠎ᠦ ᠳᠣᠲᠣᠷ᠎ᠠ᠂ ᠳᠡᠭᠡᠳᠦ ᠰᠢᠨ᠎ᠡ ᠮᠡᠷᠭᠡᠵᠢᠯ᠎ᠦᠨ ᠲᠥᠷᠥᠯ ᠵᠤᠢᠯ᠎ᠳᠤ ᠪᠠᠭᠲᠠᠬᠤ 63 ᠲᠥᠷᠥᠯ᠂ ᠲᠤᠰᠬᠠᠢ ᠠᠰᠢᠭ᠋᠎ᠤᠨ ᠮᠡᠷᠭᠡᠵᠢᠯ᠎ᠦᠨ ᠦᠢᠯᠡᠳᠬᠦᠨ 508 ᠪᠠᠢᠵᠤ᠂ ᠲᠠᠷᠢᠶᠠᠯᠠᠩ᠎ᠤᠨ ᠬᠦᠷᠢᠶᠡᠨ᠎ᠳᠡᠬᠢ ᠰᠢᠨ᠎ᠡ᠎ᠶᠢ ᠡᠭᠦᠳᠦᠭᠰᠡᠨ ᠦᠷ᠎ᠡ ᠪᠦᠲᠦᠭᠡᠯ ᠪᠠ ᠬᠥᠭᠵᠢᠯᠲᠡ᠎ᠶᠢᠨ ᠬᠠᠨᠳᠤᠰᠢ᠎ᠶᠢ ᠭᠦᠢᠴᠡᠳ ᠬᠠᠷᠠᠭᠤᠯᠤᠭᠰᠠᠨ ᠪᠠᠢᠨ᠎ᠠ᠃ 

ᠲᠣᠰ ᠬᠤᠭᠤᠴᠠᠭᠠᠨ᠎ᠤ ᠦᠵᠡᠭᠦᠯᠭᠡ᠎ᠶᠢᠨ ᠴᠤᠭᠯᠠᠭᠠᠨ ᠨᠢ ᠲᠠᠷᠢᠶᠠᠯᠠᠩ ᠮᠠᠯ ᠠᠵᠤ ᠠᠬᠤᠢ᠎ᠶᠢᠨ ᠬᠥᠭᠵᠢᠯᠲᠡ᠎ᠳᠦ ᠴᠢᠬᠤᠯᠠ ᠲᠠᠪᠴᠠᠩ ᠪᠠᠢᠭᠤᠯᠵᠤ ᠥᠭᠭᠦᠭᠰᠡᠨ᠎ᠢᠶᠡᠷ ᠪᠠᠷᠠᠬᠤ ᠦᠭᠡᠢ ᠪᠠᠰᠠ ᠤᠯᠠᠭᠠᠨᠬᠠᠳᠠ ᠬᠣᠲᠠ᠎ᠶᠢᠨ ᠵᠠᠮ ᠬᠠᠷᠢᠯᠴᠠᠭ᠎ᠠ᠂ ᠪᠠᠷᠠᠭᠠᠨ᠎ᠤ ᠭᠦᠢᠯᠭᠡᠭᠡ᠂ ᠢᠳᠡᠭᠡᠨ ᠤᠮᠳᠠᠭᠠᠨ᠂ ᠵᠢᠭᠤᠯᠴᠢᠯᠠᠯ ᠵᠡᠷᠭᠡ ᠠᠵᠢᠯ ᠲᠥᠷᠥᠯ᠎ᠳᠦ ᠢᠯᠡᠳᠲᠡ ᠠᠵᠤ ᠠᠬᠤᠢ᠎ᠶᠢᠨ ᠳᠠᠢᠴᠢᠯᠠᠬᠤ ᠦᠷ᠎ᠡ ᠠᠰᠢᠭ᠋᠎ᠢ ᠠᠪᠴᠢᠷᠠᠵᠤ ᠥᠭᠴᠡᠢ᠂ ᠠᠩᠬ᠎ᠠ ᠠᠯᠬᠤᠮ᠎ᠤᠨ ᠵᠢᠱ᠌ᠢᠯᠲᠡ᠎ᠪᠡᠷ᠂ ᠲᠠᠢᠴᠢᠯᠠᠭᠰᠠᠨ ᠦᠷ᠎ᠡ ᠠᠰᠢᠭ᠋ ᠨᠢ 1.8 ᠳ᠋ᠦᠩᠰᠢᠭᠤᠷ ᠲᠥᠭᠥᠷᠢᠭ᠎ᠢ ᠳᠠᠪᠠᠭᠰᠠᠨ ᠪᠠᠢᠨ᠎ᠠ᠃ 

 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ
Baidu
map