7 ᠰᠠᠷ᠎ᠠ᠎ᠶ᠋ᠢᠨ 31᠎ᠦ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠢ᠍ᠢᠷ᠎ᠠ᠎ᠶ᠋ᠢᠨ ᠬᠤᠭᠤᠴᠠᠭᠠᠨ᠎ᠤ ᠬᠣᠯᠪᠣᠭ᠍ᠳᠠᠯ ᠪᠦᠬᠦᠢ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶᠢ ᠤᠯᠠᠮᠵᠢᠯᠠᠨ ᠰᠤᠷᠤᠯᠴᠠᠵᠦ᠍᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠰᠦᠨ ᠱᠤᠤ ᠴᠧᠩ ᠬᠤᠷᠠᠯ᠎ᠢ ᠡᠷᠬᠢᠯᠡᠵᠠᠢ᠃
ᠬᠤᠷᠠᠯ᠎ᠡᠴᠡ 7 ᠰᠠᠷ᠎ᠠ᠎ᠶ᠋ᠢᠨ 30᠎ᠦ ᠡᠳᠦᠷ᠎ᠦᠨ ᠲᠥᠪ ᠬᠣᠷᠢᠶ᠎ᠠ᠎ᠶᠢᠨ ᠤᠯᠤᠰ ᠲᠥᠷᠥ᠎ᠶ᠋ᠢᠨ ᠲᠣᠪᠴᠢᠶᠠᠨ᠎ᠤ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ 《ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠠᠵᠤ ᠠᠬᠤᠶ ᠨᠡᠢᠭᠡᠮ᠎ᠦᠨ ᠬᠥᠭ᠌ᠵᠢᠯᠲᠡ᠎ᠶᠢᠨ ᠲᠤᠬᠠᠶ ᠨᠠᠮ᠎ᠤᠨ ᠲᠥᠪ ᠬᠣᠷᠢᠶ᠎ᠠ᠎ᠶᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠭᠦᠨᠵᠡᠭᠡᠶ ᠤᠢᠯᠠᠭᠠᠨ ᠡᠵᠡᠮᠱᠢᠵᠦ᠍᠂ ᠨᠠᠮ᠎ᠤᠨ ᠲᠥᠪ ᠬᠣᠷᠢᠶ᠎ᠠ᠎ᠶᠢᠨ ᠣᠳᠣᠬᠠᠨ᠎ᠤ ᠠᠵᠤ ᠠᠬᠤᠶ᠎ᠶ᠋ᠢᠨ ᠪᠠᠢᠳᠠᠯ᠎ᠤᠨ ᠲᠤᠬᠠᠶ ᠵᠠᠳᠠᠯᠤᠯᠲᠠ ᠮᠠᠭᠠᠳᠯᠠᠯᠲᠠ ᠪᠠ ᠳᠤᠤᠷ᠎ᠠ ᠬᠠᠭᠠᠰ ᠵᠢᠯ᠎ᠦᠨ ᠠᠵᠤ ᠠᠬᠤᠶ᠎ᠶ᠋ᠢᠨ ᠠᠵᠢᠯ᠎ᠢ ᠰᠠᠢᠲᠤᠷ ᠬᠢᠬᠦ᠌ ᠲᠤᠬᠠᠶ ᠲᠣᠬᠢᠷᠠᠭᠤᠯᠤᠯᠲᠠ ᠪᠠᠢᠷᠢᠯᠠᠭᠤᠯᠤᠯᠲᠠ᠎ᠶ᠋ᠢ ᠭᠦᠨᠵᠡᠭᠡᠶ ᠤᠢᠯᠠᠭᠠᠨ ᠡᠵᠡᠮᠱᠢᠵᠦ᠍᠂ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠬᠤ ᠬᠡᠷᠡᠭ᠌ᠲᠡᠶ᠃ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠵᠦ᠍᠂ 《ᠲᠠᠪᠤᠨ ᠶᠡᠬᠡ ᠡᠭᠦᠷᠭᠡ 》᠎ᠶᠢ ᠨᠠᠢᠳᠠᠪᠤᠷᠢᠵᠢᠭᠤᠯᠬᠤ᠂ ᠤᠯᠤᠰ᠎ᠤᠨ 《ᠲᠠᠪᠤᠨ ᠶᠡᠬᠡ ᠠᠮᠤᠷ ᠲᠦᠪᠱᠢᠨ 》᠎ᠢ ᠬᠠᠮᠠᠭᠠᠯᠠᠬᠤᠯᠤᠭᠠ ᠤᠶᠠᠯᠳᠤᠭᠤᠯᠤᠨ᠂ ᠨᠢᠭᠡ ᠪᠦᠯᠦᠭ ᠳᠠᠪᠠᠭᠤᠯᠢᠭ ᠵᠢᠡᠨ ᠪᠠᠳᠠᠷᠠᠭᠤᠯᠬᠤ᠂ ᠳᠤᠲᠠᠭᠤᠳᠠᠯ᠎ᠵᠢᠡᠨ ᠨᠥᠬᠥᠪᠥᠷᠢᠯᠡᠬᠦ᠌᠂ ᠲᠦᠭ᠌ᠵᠢᠷᠡᠯ᠎ᠢ ᠰᠢᠯᠦᠭᠤᠳᠬᠠᠬᠤ ᠵᠠᠩᠭᠢᠯᠠᠭ᠎ᠠ᠎ᠶ᠋ᠢᠨ ᠠᠷᠭ᠎ᠠ ᠬᠡᠮᠵᠢᠶ᠎ᠡ ᠪᠣᠯᠤᠨ ᠴᠢᠬᠤᠯᠠ ᠶᠡᠬᠡ ᠲᠥᠷᠥᠯ ᠵᠦᠶ᠋ᠯ᠎ᠢ ᠭᠦᠨᠵᠡᠭᠡᠶ ᠤᠬᠠᠭᠠᠯᠠᠨ ᠲᠦᠯᠦᠪᠯᠡᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠨᠠᠩ ᠰᠠᠢᠲᠤᠷ ᠲᠤᠯᠭᠠᠭᠤᠷᠢᠯᠠᠬᠤ ᠬᠡᠷᠡᠭ᠌ᠲᠡᠶ᠃ ᠨᠠᠮ᠎ᠤᠨ ᠲᠥᠪ ᠬᠣᠷᠢᠶ᠎ᠠ᠎ᠶᠢᠨ ᠠᠵᠤ ᠠᠬᠤᠢ᠎ᠶ᠋ᠢᠨ ᠠᠵᠢᠯ᠎ᠤᠨ ᠲᠤᠬᠠᠢ ᠱᠢᠨ᠎ᠡ ᠪᠠᠢᠷᠢᠯᠠᠭᠤᠯᠤᠯᠲᠠ ᠱᠢᠨ᠎ᠡ ᠱᠠᠭᠠᠷᠳᠠᠯᠭ᠎ᠠ᠎ᠶ᠋ᠢ ᠴᠠᠭ ᠲᠤᠬᠠᠢᠳᠤᠨᠢ ᠮᠥᠷᠳᠡᠨ ᠰᠤᠳᠤᠯᠤᠨ ᠨᠠᠢᠳᠠᠪᠤᠷᠢᠵᠢᠭᠤᠯᠵᠤ᠂ ᠰᠠᠨᠠᠭᠠᠴᠢᠯᠠᠭ᠎ᠠ᠎ᠡᠴᠡ᠎ᠪᠠᠨ ᠳᠤᠮᠳᠠ᠎ᠡᠴᠡ ᠨᠢ ᠠᠵᠠ ᠲᠣᠬᠢᠶᠠᠯ ᠡᠷᠢᠵᠦ᠍᠂ ᠳᠡᠮᠵᠢᠯᠭᠡ ᠡᠷᠢᠵᠦ᠍᠂ ᠡᠭᠦᠷᠭᠡ ᠠᠷᠭ᠎ᠠ ᠬᠡᠮᠵᠢᠶ᠎ᠡ᠎ᠪᠡᠨ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠍᠂ ᠠᠵᠤ ᠠᠬᠤᠢ᠎ᠶ᠋ᠢᠨ ᠦᠷᠭᠦᠯᠵᠢᠯᠡᠨ ᠳᠡᠭᠡᠭ᠌ᠰᠢᠯᠡᠵᠦ᠍ ᠰᠠᠢᠵᠢᠷᠠᠬᠤ᠎ᠶ᠋ᠢ ᠠᠬᠢᠭᠤᠯᠬᠤ ᠬᠡᠷᠡᠭ᠌ᠲᠡᠢ ᠭᠡᠵᠤ ᠴᠢᠬᠤᠯᠠᠴᠢᠯᠠᠪᠠ᠃
ᠬᠤᠷᠠᠯ᠎ᠡᠴᠡ᠂ ᠶᠡᠷᠦᠩᠬᠡᠶ ᠱᠦᠵᠢ ᠰᠢ ᠶᠢᠨ ᠫᠢᠩ᠎ᠦᠨ 7 ᠰᠠᠷ᠎ᠠ᠎ᠶ᠋ᠢᠨ 23᠎ᠦ ᠡᠳᠦᠷ᠎ᠦᠨ ᠨᠠᠮ᠎ᠤᠨ ᠭᠠᠳᠠᠨᠠᠬᠢ ᠬᠥᠮᠦᠰ᠎ᠦᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠭᠠᠳᠠᠨᠠᠬᠢ ᠬᠥᠮᠦᠰ᠎ᠢ ᠬᠥᠲᠥᠯᠥᠨ ᠵᠢᠯᠣᠭᠣᠳᠴᠤ᠌ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠳᠡᠭᠡᠷ᠎ᠡ ᠨᠢᠭᠡᠳᠭᠡᠵᠦ᠍᠂ ᠲᠥᠷᠥ᠎ᠶ᠋ᠢᠨ ᠪᠣᠳᠣᠯᠭ᠎ᠠ᠎ᠶᠢ ᠤᠬᠠᠭᠤᠯᠬᠤ᠂ ᠡᠷᠡᠭᠡᠯᠵᠡᠬᠡ ᠲᠥᠭᠡᠷᠢᠭ᠌ᠳᠡᠯ᠎ᠢ ᠠᠯᠳᠠᠷᠠᠭᠠᠬᠤ᠂ ᠤᠷᠮ᠎ᠠ ᠰᠡᠳᠭᠢᠯᠭᠡ᠎ᠶᠢ ᠱᠢᠯᠤᠭᠤᠳᠭᠠᠬᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠠᠵᠢᠯ᠎ᠢ ᠤᠯᠠᠮ ᠨᠢᠭᠡ ᠠᠯᠬᠤᠮ ᠪᠣᠳᠠᠲᠠᠶ ᠨᠠᠷᠢᠯᠢᠭ ᠬᠢᠵᠦ᠍᠂ ᠥᠪᠡᠷᠲᠡᠭᠡᠨ ᠵᠠᠰᠠᠬᠤ ᠣᠷᠣᠨ᠎ᠤ ᠥᠭᠡᠷᠡᠴᠢᠯᠡᠯᠲᠡ᠎ᠶ᠋ᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠪᠠ ᠠᠵᠤ ᠠᠬᠤᠶ ᠶ᠋ᠢᠨ ᠬᠥᠭ᠌ᠵᠢᠯᠲᠡ᠎ᠶ᠋ᠢᠨ ᠳᠤᠮᠳᠠᠬᠢ ᠱᠢᠨ᠎ᠡ ᠪᠠᠢᠳᠠᠯ ᠱᠢᠨ᠎ᠡ ᠠᠰᠠᠭᠤᠳᠠᠯ᠎ᠳᠤ ᠠᠩᠬᠠᠷᠤᠯ ᠢᠶᠠᠨ ᠲᠥᠪᠯᠡᠷᠡᠭᠦᠯᠦᠨ ᠪᠠᠢᠴᠠᠭᠠᠨ ᠰᠤᠳᠤᠯᠤᠯᠲᠠ ᠬᠢᠵᠦ᠍᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠎ᠶ᠋ᠢ ᠭᠦᠨᠵᠡᠭᠡᠢᠷᠡᠭᠦᠯᠵᠦ᠍᠂ ᠰᠡᠳᠭᠢᠯ᠎ᠢᠶᠡᠨ ᠨᠢᠭᠡᠳᠭᠡᠨ ᠬᠦᠴᠦ᠍᠎ᠪᠡᠨ ᠬᠠᠮᠲᠤᠳᠭᠠᠬᠤ᠂ ᠬᠥᠭ᠌ᠵᠢᠯᠲᠡ᠎ᠶ᠋ᠢ ᠠᠬᠢᠭᠤᠯᠬᠤ ᠲᠠᠯ᠎ᠠ᠎ᠪᠠᠷ ᠣᠯᠠᠨ ᠪᠣᠳᠠᠲᠠᠶ ᠠᠷᠭ᠎ᠠ ᠬᠡᠮᠵᠢᠶ᠎ᠡ ᠠᠪᠴᠤ᠌᠂ ᠨᠡᠩ ᠣᠯᠠᠨ ᠬᠤᠪᠢ ᠨᠡᠮᠡᠷᠢ ᠦᠵᠡᠭᠦᠯᠬᠦ᠌᠎ᠪᠡᠷ ᠴᠢᠷᠮᠠᠢᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃
ᠬᠤᠷᠠᠯ᠎ᠡᠴᠡ᠂ ᠣᠳᠣᠬᠠᠨ᠎ᠳᠤ ᠶᠠᠭ《ᠲᠤᠯᠤᠭᠠᠨ ᠰᠠᠷ᠎ᠠ᠎ᠶ᠋ᠢᠨ ᠰᠡᠭᠦᠯᠴᠢ ᠨᠠᠶ᠋ᠮᠠᠨ ᠰᠠᠷ᠎ᠠ᠎ᠶ᠋ᠢᠨ ᠡᠬᠢᠨ》᠎ᠦ ᠦᠶᠡᠷ᠎ᠢ ᠰᠡᠷᠭᠡᠢᠯᠡᠬᠦ᠌ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠣᠷᠣᠱᠢᠵᠤ ᠪᠠᠢᠨ᠎ᠠ᠂ ᠡᠯ᠎ᠡ ᠱᠠᠲᠤᠨ᠎ᠤ᠎ᠬᠢᠨ ᠶᠡᠷᠦᠩᠬᠡᠶ ᠱᠦᠵᠢ ᠰᠢ ᠶᠢᠨ ᠫᠢᠩ᠎ᠦᠨ ᠴᠢᠬᠤᠯᠠ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠶ ᠰᠠᠢᠳ ᠯᠢ ᠴᠢᠶᠠᠩ᠎ᠤᠨ ᠴᠣᠬᠣᠯᠠᠪᠤᠷᠢ᠎ᠶ᠋ᠢᠨ ᠱᠠᠭᠠᠷᠳᠠᠯᠭ᠎ᠠ ᠶᠣᠰᠣᠭᠠᠷ᠂ ᠤᠯᠤᠰ ᠲᠥᠷᠥ᠎ᠶ᠋ᠢᠨ ᠬᠠᠷᠢᠭᠤᠴᠠᠯᠭ᠎ᠠ ᠪᠠᠨ ᠪᠥᠬᠥ᠌ ᠲᠠᠯ᠎ᠠ᠎ᠪᠠᠷ ᠡᠭᠦᠷᠭᠡᠯᠡᠵᠦ᠍᠂ 《ᠴᠠᠭ ᠢᠮᠠᠭ᠍ᠲᠠ ᠰᠠᠨᠠᠭ᠎ᠠ ᠠᠮᠤᠷ ᠦᠭᠡᠢ ᠪᠠᠢᠵᠤ》 ᠦᠶᠡᠷ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠭᠠᠮᠱᠢᠭ᠎ᠡᠴᠡ ᠠᠪᠤᠷᠬᠠᠸ᠋ ᠡᠯ᠎ᠡ ᠵᠦᠶ᠋ᠯ᠎ᠦᠨ ᠠᠵᠢᠯ᠎ᠢ ᠰᠠᠢᠲᠤᠷ ᠠᠳᠭᠤᠬᠤ ᠬᠡᠷᠡᠭ᠌ᠲᠡᠶ᠃ ᠤᠷᠢᠳᠴᠢᠯᠠᠨ ᠵᠢᠱ᠌ᠢᠵᠦ᠍ ᠤᠷᠢᠳᠴᠢᠯᠠᠨ ᠮᠡᠳᠡᠭᠡᠯᠡᠵᠦ᠍ ᠤᠷᠢᠳᠴᠢᠯᠠᠨ ᠰᠡᠷᠭᠡᠢᠯᠡᠬᠦ᠌᠎ᠶ᠋ᠢ ᠴᠢᠩᠭᠠᠳᠭᠠᠵᠤ᠂ ᠭᠣᠣᠯ ᠮᠥᠷᠡᠨ ᠨᠠᠭᠤᠷ ᠴᠥᠭᠥᠷᠥᠮ᠂ ᠬᠤᠳᠠ᠎ᠶ᠋ᠢᠨ ᠭᠠᠵᠠᠷ ᠳᠣᠣᠷᠠᠬᠢ ᠣᠷᠣᠨ ᠵᠠᠢ ᠵᠡᠷᠭᠡ ᠭᠣᠣᠯᠳᠠᠯᠭ᠎ᠠ᠎ᠲᠠᠶ ᠬᠡᠰᠡᠭ ᠪᠠ ᠱᠢᠪᠠᠷ ᠴᠢᠯᠠᠭᠤᠨ᠎ᠤ ᠤᠷᠤᠰᠭᠠᠯ᠂ ᠠᠭᠤᠯᠠ ᠶᠡᠭᠦᠷᠡᠬᠦ᠌ ᠵᠡᠷᠭᠡ ᠭᠠᠵᠠᠷ᠎ᠤᠨ ᠭᠠᠮᠱᠢᠭ ᠠᠮᠠᠷᠬᠠᠨ ᠡᠭᠦᠰᠭᠦ ᠣᠷᠣᠨ᠎ᠢ ᠴᠢᠩᠭ᠎ᠠ ᠠᠩᠬᠠᠷᠴᠤ᠌᠂ ᠠᠶᠤᠯ ᠲᠦᠭ᠌ᠰᠢᠭᠦᠷᠢ᠎ᠶ᠋ᠢ ᠴᠠᠭ ᠲᠤᠬᠠᠢᠳᠤᠨᠢ ᠠᠷᠢᠯᠭᠠᠬᠤ ᠬᠡᠷᠡᠭ᠌ᠲᠡᠢ᠃ ᠠᠷᠠᠳ ᠤᠯᠠᠨ᠎ᠤ ᠠᠮᠢ ᠨᠠᠰᠤᠨ᠎ᠤ ᠠᠮᠤᠷ ᠲᠦᠪᠱᠢᠨ᠎ᠢ ᠢᠮᠠᠭ᠍ᠲᠠ ᠲᠡᠷᠢᠭᠦᠨ ᠪᠠᠢᠷᠢᠨ᠎ᠳᠤ ᠲᠠᠯᠪᠢᠵᠤ᠂ ᠠᠶᠤᠯ ᠲᠦᠭ᠌ᠰᠢᠭᠦᠷᠢ ᠡᠭᠦᠰᠪᠡᠯ᠂ ᠠᠶᠤᠯ ᠲᠦᠭ᠌ᠰᠢᠭᠦᠷᠢ᠎ᠳᠦ ᠬᠣᠯᠪᠣᠭ᠍ᠳᠠᠭ᠍ᠰᠠᠨ ᠤᠯᠠᠨ ᠲᠦᠮᠡᠨ᠎ᠢ ᠡᠷᠡᠰ ᠱᠢᠭᠤᠷᠬᠠᠢ᠎ᠪᠠᠷ ᠱᠢᠯᠵᠢᠭᠦᠯᠵᠦ᠍᠂ ᠤᠳᠤᠷᠢᠳᠭᠤ ᠺᠠᠳ᠋ᠷᠴᠤᠳ ᠡᠮᠦᠨ᠎ᠡ ᠹᠷᠣᠨᠲ᠎ᠲᠤ ᠭᠦᠨᠵᠡᠭᠡᠢᠷᠡᠨ᠂ ᠡᠮᠦᠨ᠎ᠡ ᠹᠷᠣᠨᠲ᠎ᠲᠤ ᠵᠢᠯᠣᠭᠣᠳᠴᠤ᠌᠂ ᠪᠦᠬᠦ᠌ ᠬᠦᠴᠦᠨ᠎ᠢᠶᠡᠷ᠎ᠢᠶᠡᠨ ᠠᠶᠤᠯ᠎ᠡᠴᠡ ᠠᠪᠤᠷᠠᠨ ᠭᠠᠮᠱᠢᠭ᠎ᠡᠴᠡ ᠠᠪᠤᠷᠠᠬᠤ ᠠᠵᠢᠯ᠎ᠢ ᠵᠣᠬᠢᠶᠠᠨ ᠪᠠᠢᠭᠤᠯᠬᠤ ᠬᠡᠷᠡᠭ᠌ᠲᠡᠢ᠃ ᠭᠠᠮᠱᠢᠭ᠍ᠳᠠᠭ᠍ᠰᠠᠨ ᠤᠯᠠᠨ ᠲᠦᠮᠡᠨ᠎ᠢ ᠲᠣᠬᠢᠲᠠᠢ ᠲᠥᠪᠬᠢᠨᠡᠭᠦᠯᠵᠦ᠍᠂ ᠭᠠᠮᠱᠢᠭ᠎ᠤᠨ ᠳᠠᠷᠠᠭᠠᠬᠢ ᠲᠠᠬᠢᠨ ᠪᠦᠳᠦᠭᠡᠨ ᠪᠠᠢᠭᠤᠯᠤᠯᠲᠠ ᠪᠠ ᠦᠢᠯᠡᠳᠪᠦᠷᠢᠯᠡᠯ᠎ᠢᠶᠡᠷ ᠥᠪᠡᠷ᠎ᠢ᠎ᠪᠡᠨ ᠠᠪᠤᠷᠠᠬᠤ ᠠᠵᠢᠯ᠎ᠢ ᠴᠠᠭ ᠲᠤᠬᠠᠢᠳᠤᠨᠢ ᠵᠣᠬᠢᠶᠠᠨ ᠪᠠᠢᠭᠤᠯᠵᠤ ᠥᠷᠨᠢᠭᠦᠯᠬᠦ᠌ ᠬᠡᠷᠡᠭ᠌ᠲᠡᠢ᠃ ᠭᠠᠮᠱᠢᠭ᠎ᠢ ᠰᠡᠷᠭᠡᠢᠯᠡᠬᠦ᠌ ᠮᠡᠳᠡᠯᠭᠡ᠎ᠶ᠋ᠢ ᠶᠡᠬᠡᠪᠡᠷ ᠲᠦᠭᠡᠮᠡᠯᠵᠢᠭᠦᠯᠵᠦ᠍᠂ ᠣᠯᠠᠨ ᠨᠡᠢᠲᠡ᠎ᠶ᠋ᠢᠨ ᠠᠶᠤᠯ᠎ᠡᠴᠡ ᠵᠠᠢᠯᠠᠬᠤ ᠤᠬᠠᠮᠰᠠᠷ᠎ᠢ ᠳᠡᠭᠡᠭ᠌ᠰᠢᠯᠡᠭᠦᠯᠵᠦ᠍᠂ ᠦᠶᠡᠷ᠎ᠢ ᠰᠡᠷᠭᠡᠢᠯᠡᠵᠦ᠍ ᠭᠠᠮᠱᠢᠭ᠎ᠡᠴᠡ ᠠᠪᠤᠷᠬᠠᠸ᠋ ᠳᠤᠮᠳᠠᠬᠢ ᠲᠡᠷᠢᠭᠦᠨ᠎ᠦ ᠨᠡᠢᠲᠡᠯᠢᠭ ᠵᠢᠱ᠌ᠢᠶ᠎ᠡ᠎ᠶᠢ ᠭᠦᠨᠵᠡᠭᠡᠶ ᠠᠭᠤᠳᠠᠯᠬᠤ ᠪᠠ ᠶᠡᠬᠡᠪᠡᠷ ᠤᠬᠠᠭᠤᠯᠬᠤ ᠬᠡᠷᠡᠭ᠌ᠲᠡᠶ ᠭᠡᠵᠦ ᠴᠢᠬᠤᠯᠠᠴᠢᠯᠠᠪᠠ᠃
ᠬᠤᠷᠠᠯ᠎ᠡᠴᠡ ᠲᠥᠪ᠎ᠦᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠤᠳᠤᠷᠢᠳᠭᠤ ᠳᠤᠭᠤᠢᠯᠠᠩ᠎ᠤᠨ ᠬᠣᠯᠪᠣᠭ᠍ᠳᠠᠯ ᠪᠦᠬᠦᠢ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠵᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢᠨ ᠰᠤᠷᠤᠯᠴᠠᠯᠭ᠎ᠠ ᠬᠦᠮᠦᠵᠢᠯ᠎ᠢ ᠬᠦᠨᠵᠡᠬᠡᠢ ᠲᠤᠭᠤᠰᠢᠯᠠᠭᠤᠯᠬᠤ ᠡᠯ᠎ᠡ ᠵᠦᠢᠯ᠎ᠦᠨ ᠠᠵᠢᠯ᠎ᠢ ᠱᠠᠯᠠᠪᠳᠠᠭᠤᠯᠤᠨ ᠨᠠᠷᠢᠯᠢᠭ ᠠᠳᠭᠤᠵᠤ᠂《ᠪᠣᠭᠣᠮᠲᠠ ᠥᠩᠭᠡᠷᠡᠬᠦ᠌》 ᠦᠵᠡᠯ ᠰᠠᠨᠠᠭ᠎ᠠ᠎ᠶ᠋ᠢ ᠡᠷᠡᠰ ᠲᠠᠶᠠᠭ᠍ᠳᠠᠵᠤ᠂ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ᠎ᠶ᠋ᠢ ᠰᠤᠯᠠᠷᠠᠭᠤᠯᠤᠯ ᠦᠭᠡᠢ ᠴᠢᠩᠭ᠎ᠠ ᠠᠳᠭᠤᠨ ᠠᠬᠢᠭᠤᠯᠵᠤ᠂ ᠦᠨᠡᠯᠡᠨ ᠵᠢᠱ᠌ᠢᠬᠦ᠌ ᠠᠵᠢᠯ᠎ᠢ ᠦᠨᠡᠨ᠎ᠡᠴᠡ ᠵᠦᠪ᠎ᠢ ᠡᠷᠢᠨ ᠥᠷᠨᠢᠭᠦᠯᠵᠦ᠍᠂ ᠰᠤᠷᠲᠠᠯ᠎ᠤᠨ ᠪᠠᠢᠭᠤᠯᠤᠯᠲᠠ᠎ᠶ᠋ᠢ ᠪᠠᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ᠎ᠶ᠋ᠢ ᠨᠡᠩ ᠰᠠᠢᠲᠤᠷ ᠠᠬᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
ᠬᠤᠷᠠᠯ᠎ᠡᠴᠡ 《ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ〈ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ᠎ᠶ᠋ᠢ ᠰᠣᠨᠣᠰᠭᠤ᠂ ᠨᠠᠮ᠎ᠢᠶᠠᠨ ᠳᠠᠭᠠᠨ ᠤᠷᠤᠬᠰᠢᠯᠠᠬᠤ〉 ᠤᠯᠠᠨ ᠲᠦᠮᠡᠨᠴᠢ ᠬᠥᠮᠦᠵᠢᠯ᠎ᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠌ ᠲᠤᠬᠠᠢ ᠠᠵᠢᠯ᠎ᠤᠨ ᠲᠥᠰᠦᠯ》᠎ᠢ ᠬᠢᠨᠠᠨ ᠵᠥᠪᠯᠡᠵᠡᠢ᠃
ᠬᠤᠷᠠᠯ᠎ᠡᠴᠡ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠂ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠦᠨ ᠸᠠᠩ ᠵᠥᠩ ᠾᠧ᠎ᠳᠦ ᠥᠭ᠌ᠭᠦᠭ᠌ᠰᠡᠨ ᠬᠣᠯᠪᠣᠭ᠍ᠳᠠᠯ ᠪᠥᠬᠥᠶ ᠱᠢᠢᠳᠭᠡᠯ ᠥᠭ᠌ᠬᠦ ᠲᠣᠭ᠍ᠲᠠᠭᠠᠯ᠎ᠢ ᠵᠠᠷᠯᠠᠨ ᠮᠡᠳᠡᠭ᠌ᠳᠡᠪᠡ᠃ ᠬᠤᠷᠠᠯ᠎ᠳᠤ ᠣᠷᠣᠯᠴᠠᠭ᠍ᠰᠠᠨ ᠨᠥᠬᠥᠳ᠂ ᠨᠠᠮ᠎ᠤᠨ ᠲᠥᠪ ᠬᠣᠷᠢᠶ᠎ᠠ᠎ᠶᠢᠨ ᠲᠣᠭ᠍ᠲᠠᠭᠠᠯ᠎ᠢ ᠡᠷᠡᠰ ᠬᠦᠷᠢᠶᠡᠯᠡᠵᠦ᠍᠂ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠂ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠦᠨ ᠲᠣᠭ᠍ᠲᠠᠭᠠᠯ᠎ᠢ ᠡᠷᠡᠰ ᠬᠦᠷᠢᠶᠡᠯᠡᠨ᠎ᠡ ᠭᠡᠵᠦ᠍ ᠰᠠᠨᠠᠯ ᠨᠢᠭᠡᠲᠡᠢ ᠢᠯᠡᠳᠭᠡᠪᠡ᠃ ᠬᠤᠷᠠᠯ᠎ᠡᠴᠡ᠂ ᠪᠦᠬᠦ᠌ ᠣᠷᠣᠨ᠎ᠤ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠬᠡᠷᠡᠭ᠎ᠢᠶᠡᠷ ᠲᠤᠯᠢ ᠪᠣᠯᠭᠠᠵᠤ᠂ ᠰᠡᠷᠡᠮᠵᠢ᠎ᠶ᠋ᠢᠨ ᠬᠤᠩᠬᠤ᠎ᠶ᠋ᠢ ᠪᠠᠢᠩᠭᠤ ᠲᠠᠩᠬᠢᠨᠠᠭᠤᠯᠵᠦ᠂ ᠨᠠᠮ᠎ᠤᠨ ᠱᠢᠨ᠎ᠡ ᠡᠭᠦᠳᠦᠯᠲᠡ᠎ᠶᠢᠨ ᠤᠨᠤᠯ᠎ᠢᠶᠠᠷ ᠰᠡᠳᠭᠢᠯ᠎ᠢᠶᠡᠨ ᠨᠢᠭ᠍ᠲᠠᠷᠠᠭᠤᠯᠤᠨ ᠰᠦᠭ ᠰᠦᠨᠡᠰᠦ᠎ᠪᠡᠨ ᠱᠤᠭᠤᠬᠤ᠎ᠶ᠋ᠢ ᠴᠥᠬᠥᠷᠡᠰᠢ ᠦᠭᠡᠢ ᠪᠠᠷᠢᠮᠲᠠᠯᠠᠵᠤ᠂ ᠤᠯᠤᠰ ᠲᠦᠷᠦ᠍᠎ᠶ᠋ᠢᠨ ᠲᠠᠯ᠎ᠠ᠎ᠪᠠᠷ ᠢᠮᠠᠭ᠍ᠲᠠ ᠰᠡᠷᠭᠡᠭ ᠪᠥᠭᠡᠳ ᠡᠷᠡᠰ ᠪᠠᠲᠤ ᠪᠠᠢᠬᠤ᠎ᠶ᠋ᠢ ᠪᠠᠲᠤᠯᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ《ᠬᠣᠶᠠᠷ᠎ᠢ ᠲᠣᠭ᠍ᠲᠠᠭᠠᠭᠰᠠᠨ》᠎ᠢ᠋ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》᠎ᠶᠢ ᠦᠢᠯᠡᠳᠦᠯᠭᠡᠵᠢᠭᠦᠯᠬᠦ᠌ ᠬᠡᠷᠡᠭ᠌ᠲᠡᠢ᠃ ᠵᠥᠪ ᠡᠷᠬᠡ᠎ᠶ᠋ᠢᠨ ᠦᠵᠡᠯᠲᠡ᠂ ᠠᠵᠢᠯ᠎ᠤᠨ ᠠᠮᠵᠢᠯᠲᠠ ᠪᠦᠲᠦᠮᠵᠢ᠎ᠶ᠋ᠢᠨ ᠦᠵᠡᠯᠲᠡ᠂ ᠠᠵᠢᠯ ᠦᠢᠯᠡᠰ᠎ᠦᠨ ᠦᠵᠡᠯᠲᠡ᠎ᠶ᠋ᠢ ᠤᠬᠠᠮᠰᠠᠷ᠎ᠡᠴᠡ᠎ᠪᠠᠨ ᠪᠤᠢ ᠪᠣᠯᠭᠠᠨ ᠦᠢᠯᠡᠳᠦᠯᠭᠡᠵᠢᠭᠦᠯᠵᠦ᠍᠂ ᠨᠠᠮ᠎ᠤᠨ ᠰᠠᠬᠢᠯᠭ᠎ᠠ ᠪᠠᠲᠤ ᠪᠠ ᠶᠣᠰᠣ ᠲᠦᠷᠢᠮ᠎ᠢ ᠴᠠᠭ ᠢᠮᠠᠭ᠍ᠲᠠ ᠰᠡᠳᠭᠢᠯ᠎ᠳᠡᠭᠡᠨ ᠪᠠᠲᠤ ᠴᠡᠭᠡᠵᠢᠯᠡᠵᠦ᠍᠂ ᠶᠠᠮᠠᠷᠪᠠ ᠦᠶ᠎ᠡ᠎ᠳᠦ ᠭᠡᠳ ᠳᠤᠷ᠎ᠠ᠎ᠪᠠᠷ ᠨᠢ ᠲᠠᠯᠪᠢᠬᠤ ᠦᠭᠡᠢ᠂ ᠳᠦᠷᠢᠮ᠎ᠡᠴᠡ ᠵᠦᠷᠢᠴᠡᠬᠦ ᠦᠭᠡᠢ᠂ ᠶᠣᠰᠣ᠎ᠡᠴᠡ ᠲᠡᠷᠰᠯᠡᠬᠦ ᠦᠭᠡᠢ ᠪᠠᠢᠬᠤ ᠬᠡᠷᠡᠭ᠌ᠲᠡᠢ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠎ᠪᠠᠨ ᠪᠠᠲᠤ ᠡᠭᠦᠷᠭᠡᠯᠡᠵᠦ᠍᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠬᠢᠨᠠᠯᠲᠠ ᠲᠠᠯᠪᠢᠬᠤ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠭᠡᠵᠦ᠍᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠢᠷᠡᠯ᠎ᠢ ᠡᠰᠡᠷᠭᠦᠴᠡᠬᠦ᠌ ᠲᠡᠮᠡᠴᠡᠯ᠎ᠦᠨ ᠲᠠᠰᠤᠷᠠᠯᠳᠠ ᠦᠭᠡᠢ ᠱᠢᠨ᠎ᠡ ᠦᠷ᠎ᠡ ᠪᠦᠲᠦᠮᠵᠢ ᠤᠯᠬᠤ᠎ᠶ᠋ᠢ ᠠᠬᠢᠭᠤᠯᠬᠤ ᠬᠡᠷᠡᠭ᠌ᠲᠡᠢ ᠭᠡᠵᠦ᠍ ᠱᠠᠭᠠᠷᠳᠠᠪᠠ᠃