ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠵᠣᠬᠢᠶᠠᠨ ᠪᠠᠢᠭᠤᠯᠬᠤ ᠬᠡᠯᠲᠡᠰ ᠮᠡᠳᠡᠭ᠌ᠳᠡᠯ ᠳᠠᠷᠤᠮᠠᠯᠯᠠᠨ ᠲᠠᠷᠬᠠᠭᠠᠵᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠣᠯᠠᠨ ᠨᠠᠮ᠎ᠤᠨ ᠭᠡᠱᠢᠭᠦᠨ ᠲᠦᠷᠦᠬᠦᠯᠠᠨ ᠦᠶᠡᠷ᠎ᠢ ᠰᠡᠷᠭᠡᠢᠯᠡᠵᠦ᠍ ᠭᠠᠮᠱᠢᠭ᠎ᠡᠴᠡ ᠠᠪᠤᠷᠬᠠᠤ᠎ᠳᠤ ᠣᠷᠣᠯᠴᠠᠬᠤ᠎ᠶᠢ ᠬᠦᠳᠦᠯᠦᠨ ᠵᠢᠯᠤᠭᠤᠳᠪᠠ
ᠨᠡᠶ᠋ᠢᠲᠡᠯᠡᠭᠰᠡᠨ ᠴᠠᠭ᠄ 2025-07-31

 

ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠵᠣᠬᠢᠶᠠᠨ ᠪᠠᠢᠭᠤᠯᠬᠤ ᠬᠡᠯᠲᠡᠰ ᠮᠡᠳᠡᠭ᠌ᠳᠡᠯ ᠳᠠᠷᠤᠮᠠᠯᠯᠠᠨ ᠲᠠᠷᠬᠠᠭᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠬᠣᠯᠪᠣᠭ᠍ᠳᠠᠯ ᠪᠦᠬᠦᠢ ᠪᠠᠢᠷᠢᠯᠠᠭᠤᠯᠤᠯᠲᠠ ᠱᠠᠭᠠᠷᠳᠠᠯᠭ᠎ᠠ᠎ᠶᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠦᠶᠡᠷ᠎ᠢ ᠰᠡᠷᠭᠡᠢᠯᠡᠵᠦ᠍ ᠭᠠᠮᠱᠢᠭ᠎ᠡᠴᠡ ᠠᠪᠤᠷᠠᠬᠤ ᠠᠶᠤᠯ᠎ᠡᠴᠡ ᠠᠪᠤᠷᠠᠬᠤ ᠳᠤᠮᠳᠠ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠲᠠᠢ᠌ᠴᠢᠨ ᠪᠡᠬᠢᠯᠡᠯᠲᠡ᠎ᠶᠢᠨ ᠦᠢᠯᠡᠳᠦᠯ ᠪᠣᠯᠤᠨ ᠥᠷᠭᠡᠨ ᠤᠯᠠᠨ ᠨᠠᠮ᠎ᠤᠨ ᠭᠡᠱᠢᠭᠦᠨ᠎ᠤ ᠬᠣᠱᠢᠭᠤᠴᠢ ᠵᠢᠱ᠌ᠢᠶᠡᠴᠢ ᠦᠢᠯᠡᠳᠦᠯ᠎ᠢ ᠭᠦᠢᠴᠡᠳ ᠪᠠᠳᠠᠷᠠᠭᠤᠯᠬᠤ ᠲᠤᠬᠠᠢ ᠱᠠᠭᠠᠷᠳᠠᠯᠭ᠎ᠠ ᠳᠤᠷᠠᠳᠪᠠ᠃

ᠮᠡᠳᠡᠭ᠌ᠳᠡᠯ᠎ᠳᠦ᠂ ᠪᠥᠬᠥ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ ᠦᠶᠡᠷ᠎ᠢ ᠰᠡᠷᠭᠡᠢᠯᠡᠵᠦ᠍ ᠭᠠᠮᠱᠢᠭ᠎ᠡᠴᠡ ᠠᠪᠤᠷᠬᠠᠸ᠋ ᠠᠵᠢᠯ᠎ᠢ ᠰᠠᠢᠲᠤᠷ ᠬᠢᠬᠦ᠌᠎ᠶ᠋ᠢ ᠤᠯᠤᠰ ᠲᠥᠷᠥ᠎ᠶᠢᠨ ᠦᠨᠡᠨᠴᠢ ᠱᠢᠳᠤᠷᠭᠤ᠎ᠪᠡᠨ ᠱᠢᠯᠭᠠᠬᠤ᠂ ᠤᠯᠤᠰ ᠲᠥᠷᠥ᠎ᠶ᠋ᠢᠨ ᠬᠠᠷᠢᠭᠤᠴᠠᠯᠭ᠎ᠠ ᠡᠭᠦᠷᠭᠡᠯᠡᠯ᠎ᠢᠶᠠᠨ ᠴᠢᠩᠭᠠᠳᠭᠠᠬᠤ ᠪᠣᠳᠠᠲᠠᠶ ᠠᠵᠢᠯᠯᠠᠭ᠎ᠠ ᠪᠣᠯᠭᠠᠵᠤ᠂《ᠨᠢᠭᠡ ᠭᠠᠵᠠᠷ ᠤᠷᠤᠨ᠎ᠳᠤ ᠨᠢᠭᠡ ᠠᠷᠭ᠎ᠠ ᠪᠤᠳᠤᠯᠭ᠎ᠠ》ᠪᠡᠷ ᠡᠯ᠎ᠡ ᠭᠠᠵᠠᠷ ᠣᠷᠣᠨ᠎ᠢ ᠵᠢᠯᠣᠭᠣᠳᠤᠨ ᠦᠶᠡᠷ᠎ᠢ ᠰᠡᠷᠭᠡᠢᠯᠡᠵᠦ᠍ ᠭᠠᠮᠱᠢᠭ᠎ᠡᠴᠡ ᠠᠪᠤᠷᠬᠠᠸ᠋ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠲᠥᠰᠦᠯ ᠲᠣᠭ᠍ᠲᠠᠭᠠᠵᠤ᠂ ᠴᠠᠭ ᠠᠭᠤᠷ᠎ᠤᠨ ᠬᠤᠪᠢᠷᠠᠯᠲᠠ᠎ᠶ᠋ᠢ ᠬᠢᠨᠠᠨ ᠬᠡᠮᠵᠢᠬᠦ᠌᠂ ᠭᠤᠤᠯᠳᠠᠯᠭ᠎ᠠ᠎ᠲᠠᠶ ᠣᠷᠣᠨ ᠪᠦᠰᠡ᠎ᠶ᠋ᠢ ᠴᠢᠩᠭ᠎ᠠ ᠰᠠᠬᠢᠬᠤ᠂ ᠦᠶᠡᠷ᠎ᠤᠨ ᠬᠤᠭᠤᠴᠠᠭᠠᠨ᠎ᠳᠤ ᠬᠥᠮᠦᠰ᠎ᠢ ᠠᠪᠤᠷᠠᠨ ᠲᠤᠰᠠᠯᠠᠬᠤ ᠵᠡᠷᠭᠡ ᠲᠠᠯ᠎ᠠ᠎ᠪᠠᠷ ᠨᠢᠭ᠍ᠲᠠ ᠪᠠᠢᠷᠢᠯᠠᠭᠤᠯᠵᠤ᠂ ᠨᠠᠷᠢᠨ ᠨᠢᠮᠪᠠᠢ ᠲᠣᠬᠢᠷᠠᠭᠤᠯᠬᠤ ᠬᠡᠷᠡᠭ᠌ᠲᠡᠶ᠃ ᠦᠶᠡᠷ᠎ᠢ ᠰᠡᠷᠭᠡᠢᠯᠡᠵᠦ᠍ ᠭᠠᠮᠱᠢᠭ᠎ᠡᠴᠡ ᠠᠪᠤᠷᠬᠠᠸ᠋ ᠠᠵᠢᠯ ᠬᠤᠷᠠᠮᠳᠤᠯ᠎ᠤᠨ ᠴᠢᠨᠠᠷᠳᠠᠢ ᠡᠬᠦᠰᠬᠦ ᠣᠯᠠᠨᠲᠠ ᠡᠭᠦᠰᠬᠦ ᠲᠠᠬᠢᠨ ᠲᠠᠪᠳᠠᠨ ᠡᠬᠦᠰᠬᠦ ᠭᠠᠵᠠᠷ ᠣᠷᠣᠨ᠎ᠳᠤ ᠤᠳᠤᠷᠢᠳᠭᠤ ᠺᠠᠳ᠋ᠷᠴᠤᠳ ᠲᠦᠷᠦᠭᠦᠯᠡᠨ ᠭᠦᠨᠵᠡᠭᠡᠢᠷᠡᠵᠦ᠍᠂ ᠠᠵᠢᠯ᠎ᠤᠨ ᠠᠶᠤᠯ ᠲᠦᠭ᠌ᠰᠢᠭᠦᠷᠢ᠎ᠶᠢᠨ ᠴᠡᠭ᠎ᠢ ᠬᠠᠪᠰᠤᠷᠤᠨ ᠵᠢᠭ᠍ᠰᠠᠭᠠᠨ ᠪᠠᠢᠴᠠᠭᠠᠵᠤ᠂ ᠦᠶᠡᠷ᠎ᠢ ᠰᠡᠷᠭᠡᠢᠯᠡᠬᠦ᠌ ᠡᠳ᠋ ᠪᠣᠳᠠᠰ᠎ᠢ ᠵᠣᠬᠢᠴᠠᠭᠤᠯᠤᠨ ᠨᠠᠢᠳᠠᠪᠤᠷᠢᠵᠢᠭᠤᠯᠬᠤ ᠬᠡᠷᠡᠭ᠌ᠲᠡᠶ᠃ ᠨᠠᠮ᠎ᠤᠨ ᠭᠡᠱᠢᠭᠦᠨ ᠺᠠᠳ᠋ᠷᠴᠤᠳ᠎ᠢ ᠵᠣᠬᠢᠶᠠᠨ ᠪᠠᠢᠭᠤᠯᠵᠤ ᠣᠯᠠᠨ ᠲᠦᠮᠡᠨ᠎ᠢ ᠲᠤᠭᠤᠷᠢᠨ ᠦᠵᠡᠬᠦ ᠶᠠᠪᠤᠴᠠ᠎ᠳᠤ ᠦᠶᠡᠷ᠎ᠢ ᠰᠡᠷᠭᠡᠢᠯᠡᠵᠦ᠍ ᠭᠠᠮᠱᠢᠭ᠎ᠡᠴᠡ ᠠᠪᠤᠷᠬᠠᠸ᠋ ᠲᠥᠷᠥ᠎ᠶᠢᠨ ᠪᠣᠳᠣᠯᠭ᠎ᠠ᠂ ᠪᠠᠴᠢᠮ ᠪᠠᠢᠳᠠᠯ᠎ᠢ ᠠᠷᠭᠠᠴᠠᠭᠠᠵᠤ ᠥᠪᠡᠷ᠎ᠢ ᠎ᠪᠡᠨ ᠠᠪᠤᠷᠬᠠᠸ᠋ ᠠᠷᠭ᠎ᠠ᠎ᠶ᠋ᠢ ᠤᠬᠠᠭᠤᠯᠵᠤ᠂ ᠣᠯᠠᠨ ᠲᠦᠮᠡᠨ᠎ᠦ ᠭᠠᠮᠱᠢᠭ᠎ᠢ ᠰᠡᠷᠭᠡᠢᠯᠡᠵᠦ᠍ ᠥᠪᠡᠷ᠎ᠢ ᠎ᠪᠡᠨ ᠠᠪᠤᠷᠬᠠᠸ᠋ ᠪᠠ ᠪᠠᠴᠢᠮ ᠪᠠᠢᠳᠠᠯ᠎ᠢ ᠠᠷᠭᠠᠴᠠᠭᠠᠵᠤ ᠳᠠᠢᠴᠢᠯᠠᠬᠤ ᠴᠢᠳᠠᠪᠤᠷᠢ᠎ᠶ᠋ᠢ ᠲᠡᠭᠡᠭᠰᠢᠯᠡᠬᠦᠯᠬᠦ ᠬᠡᠷᠡᠭ᠌ᠲᠡᠶ ᠭᠡᠵᠤ ᠵᠢᠭᠠᠵᠤ ᠭᠠᠷᠭᠠᠪᠠ᠃

ᠮᠡᠳᠡᠭ᠌ᠳᠡᠯ᠎ᠳᠦ᠂ ᠦᠶᠡᠷ᠎ᠢ ᠰᠡᠷᠭᠡᠢᠯᠡᠬᠦ᠌ ᠵᠢᠯᠤᠭᠤᠳᠤᠯᠭ᠎ᠠ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠂ ᠤᠰᠤᠨ ᠠᠱᠢᠭ᠍ᠯᠠᠯᠲᠠ᠂ ᠳᠣᠲᠣᠭᠠᠳᠤ᠎ᠶᠢ ᠬᠠᠮᠠᠭᠠᠯᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠬᠣᠯᠪᠣᠭ᠍ᠳᠠᠯ ᠪᠦᠬᠦᠢ ᠨᠢᠭᠡᠴᠢ᠎ᠶᠢᠨ ᠨᠠᠮ᠎ᠤᠨ ᠵᠣᠬᠢᠶᠠᠨ ᠪᠠᠢᠭᠤᠯᠤᠯᠲᠠ ᠵᠣᠬᠢᠴᠠᠭᠤᠯᠤᠨ ᠬᠠᠮᠵᠢᠯᠴᠠᠬᠤ᠂ ᠵᠥᠪᠳᠡᠯᠴᠡᠨ ᠰᠤᠳᠤᠯᠤᠨ ᠮᠠᠭᠠᠳᠯᠠᠬᠤ᠂ ᠡᠬᠢ ᠪᠠᠶᠠᠯᠢᠭ᠎ᠢ ᠲᠤᠬᠢᠷᠠᠭᠤᠯᠬᠤ ᠠᠵᠢᠯ᠎ᠤᠨ ᠲᠣᠭ᠍ᠲᠠᠴᠠ᠎ᠪᠡᠨ ᠱᠢᠯᠢᠳᠡᠭ᠌ᠵᠢᠭᠦᠯᠦᠨ ᠲᠡᠭᠦᠯᠳᠡᠷᠵᠢᠭᠦᠯᠵᠦ᠍᠂ ᠦᠶᠡᠷ᠎ᠢ ᠰᠡᠷᠭᠡᠢᠯᠡᠵᠦ᠍ ᠭᠠᠮᠱᠢᠭ᠎ᠡᠴᠡ ᠠᠪᠤᠷᠠᠬᠤ ᠠᠶᠤᠯ᠎ᠡᠴᠡ ᠠᠪᠤᠷᠠᠬᠤ ᠠᠵᠢᠯ᠎ᠢ ᠨᠢᠭᠡᠲᠦᠯᠲᠡᠢ ᠲᠥᠯᠥᠪᠵᠢᠭᠦᠯᠦᠨ ᠥᠷᠨᠢᠭᠦᠯᠬᠦ᠌ ᠬᠡᠷᠡᠭ᠌ᠲᠡᠢ᠃ ᠨᠠᠮ᠎ᠤᠨ ᠪᠠᠢᠭᠤᠯᠤᠯᠲᠠ᠎ᠶᠢᠨ ᠬᠣᠯᠪᠣᠭᠠᠯᠠᠨ ᠪᠠᠢᠭᠤᠯᠵᠤ ᠬᠠᠮᠲᠤ᠎ᠪᠠᠷ ᠪᠠᠢᠭᠤᠯᠬᠤ ᠲᠣᠭ᠍ᠲᠠᠴᠠ᠎ᠶ᠋ᠢᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠨᠠᠮ᠎ᠤᠨ ᠭᠡᠱᠢᠭᠦᠨ᠎ᠦ ᠪᠠᠴᠢᠮ ᠪᠠᠢᠳᠠᠯ᠎ᠢ ᠠᠷᠭᠠᠴᠠᠭᠠᠬᠤ ᠳᠠᠢᠴᠢᠯᠠᠯᠲᠠ᠎ᠶ᠋ᠢᠨ ᠦᠶ᠋ᠯᠡᠳᠦᠯ᠎ᠢ ᠪᠠᠳᠠᠷᠠᠭᠤᠯᠬᠤ ᠲᠣᠭ᠍ᠲᠠᠴᠠ᠎ᠶ᠋ᠢ ᠪᠦᠷᠢᠨᠱᠢᠭᠦᠯᠦᠨ ᠨᠠᠢᠳᠠᠪᠤᠷᠢᠵᠢᠭᠤᠯᠵᠤ᠂ ᠭᠠᠴᠠᠭ᠎ᠠ ᠲᠣᠰᠭᠣᠨ ᠨᠡᠢᠭᠡᠮ ᠲᠣᠭᠣᠷᠢᠭ᠎ᠤᠨ ᠨᠠᠮ᠎ᠤᠨ ᠭᠡᠱᠢᠭᠦᠨ᠎ᠢ ᠵᠣᠬᠢᠶᠠᠨ ᠪᠠᠢᠭᠤᠯᠵᠤ ᠣᠯᠠᠨ ᠲᠦᠮᠡᠨ᠎ᠢ ᠳᠠᠭᠠᠭᠤᠯᠤᠨ ᠬᠦᠴᠦ᠎ᠪᠠᠨ ᠬᠠᠮᠳᠤᠳᠭᠠᠨ ᠭᠠᠮᠱᠢᠭ᠎ᠡᠴᠡ ᠠᠪᠤᠷᠠᠵᠤ ᠠᠶᠤᠯ᠎ᠡᠴᠡ ᠠᠪᠤᠷᠬᠠᠸ᠋ ᠬᠡᠷᠡᠭ᠌ᠲᠡᠶ ᠭᠡᠵᠦ ᠴᠢᠬᠤᠯᠠᠴᠢᠯᠠᠪᠠ᠃

ᠮᠡᠳᠡᠭ᠌ᠳᠡᠯ᠎ᠳᠦ᠂ ᠭᠠᠮᠱᠢᠭ᠍ᠳᠠᠭ᠍ᠰᠠᠨ ᠭᠠᠵᠠᠷ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠤᠷᠤᠨ᠂ ᠡᠳ᠋᠎ᠦᠨ ᠵᠠᠰᠠᠭ᠂ ᠠᠷᠠᠳ᠎ᠤᠨ ᠶᠠᠪᠤᠳᠠᠯ ᠵᠡᠷᠭᠡ ᠰᠠᠯᠠᠭ᠎ᠠ ᠮᠥᠴᠢᠷ᠎ᠦᠨ ᠨᠠᠮ᠎ᠤᠨ ᠵᠣᠬᠢᠶᠠᠨ ᠪᠠᠢᠭᠤᠯᠤᠯᠲᠠ ᠭᠠᠮᠱᠢᠭ᠍ᠳᠠᠭ᠍ᠰᠠᠨ ᠭᠠᠵᠠᠷ ᠣᠷᠣᠨ᠎ᠤ ᠭᠠᠴᠠᠭ᠎ᠠ ᠲᠣᠰᠭᠣᠨ᠎ᠤ ᠡᠯ᠎ᠡ ᠵᠦᠢᠯ᠎ᠦᠨ ᠪᠠᠢᠳᠠᠯ᠎ᠢ ᠴᠠᠭ ᠲᠤᠬᠠᠢ᠎ᠳᠤᠨᠢ ᠣᠢᠯᠠᠭᠠᠵᠤ᠂ ᠵᠣᠭᠣᠰ ᠮᠥᠩᠭᠥ᠌ ᠡᠳ᠋ ᠪᠣᠳᠠᠰ᠎ᠤᠨ ᠬᠣᠬᠢᠷᠠᠯ ᠨᠡᠯᠢᠶᠡᠳ ᠶᠡᠬᠡ᠂ ᠥᠪᠡᠷ᠎ᠢ᠎ᠪᠡᠨ ᠰᠡᠷᠭᠦᠭᠡᠬᠦ᠌᠎ᠳᠦ ᠬᠦᠴᠢᠷᠲᠡᠢ ᠪᠠᠢᠪᠠᠯ ᠴᠠᠭ᠎ᠲᠤᠨᠢ ᠲᠤᠬᠢᠷᠠᠭᠤᠯᠤᠨ ᠳᠡᠮᠵᠢᠯᠭᠡ ᠦᠵᠡᠭᠦᠯᠬᠦ᠌ ᠬᠡᠷᠡᠭ᠌ᠲᠡᠢ᠃ ᠡᠯ᠎ᠡ ᠱᠠᠲᠤᠨ᠎ᠤ ᠨᠠᠮ᠎ᠤᠨ ᠬᠣᠷᠢᠶ᠎ᠠ᠎ᠶᠢᠨ ᠬᠠᠮᠢᠶᠠᠷᠴᠤ ᠪᠠᠢᠭ᠎ᠠ ᠨᠠᠮ᠎ᠤᠨ ᠰᠦᠢᠳᠭᠡᠯ᠎ᠢ ᠰᠠᠢᠲᠤᠷ ᠬᠡᠷᠡᠭ᠌ᠯᠡᠵᠦ᠍᠂ ᠦᠶᠡᠷ᠎ᠢ ᠰᠡᠷᠭᠡᠢᠯᠡᠵᠦ᠍ ᠭᠠᠮᠱᠢᠭ᠎ᠡᠴᠡ ᠠᠪᠤᠷᠠᠬᠤ ᠪᠣᠳᠠᠳᠤ ᠪᠠᠢᠳᠠᠯ᠎ᠲᠠᠶ ᠤᠶᠠᠯᠳᠤᠭᠤᠯᠤᠨ ᠦᠨᠳᠦᠰᠦᠨ ᠱᠠᠲᠤᠨ᠎ᠳᠤ ᠴᠠᠭ ᠲᠤᠬᠠᠢ ᠎ᠳᠤᠨᠢ ᠪᠠᠭᠤᠯᠭᠠᠵᠤ᠂ ᠦᠨᠳᠦᠰᠦᠨ ᠱᠠᠳᠤ᠎ᠶ᠋ᠢ ᠬᠠᠪᠰᠤᠷᠤᠨ ᠲᠠᠬᠢᠨ ᠪᠠᠢᠭᠤᠯᠬᠤ ᠠᠵᠢᠯ᠎ᠢ ᠰᠠᠢᠲᠤᠷ ᠬᠢᠬᠦ᠌ ᠬᠡᠷᠡᠭ᠌ᠲᠡᠢ᠃ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠦᠨ᠎ᠬᠢᠨ ᠦᠶᠡᠷ᠎ᠢ ᠰᠡᠷᠭᠡᠢᠯᠡᠵᠦ᠍ ᠭᠠᠮᠱᠢᠭ᠎ᠡᠴᠡ ᠠᠪᠤᠷᠬᠠᠸ᠋ ᠠᠶᠤᠯ᠎ᠡᠴᠡ ᠠᠪᠤᠷᠬᠠᠸ᠋ ᠠᠵᠢᠯ ᠳᠤᠮᠳᠠᠬᠢ ᠪᠣᠳᠠᠲᠠᠶ ᠢᠯᠡᠷᠡᠯ᠎ᠢᠶᠡᠷ ᠺᠠᠳ᠋ᠷ᠎ᠢ ᠦᠨᠡᠯᠡᠬᠦ᠌᠂ ᠨᠠᠮ᠎ᠳᠤ ᠡᠯᠰᠡᠬᠦ᠌ ᠪᠣᠳᠠᠲᠠᠶ ᠦᠨᠳᠦᠰᠦᠯᠡᠯ ᠪᠣᠯᠭᠠᠵᠤ᠂ ᠦᠶᠡᠷ᠎ᠢ ᠰᠡᠷᠭᠡᠢᠯᠡᠵᠦ᠍ ᠭᠠᠮᠱᠢᠭ᠎ᠡᠴᠡ ᠠᠪᠤᠷᠬᠠᠸ᠋ ᠠᠶᠤᠯ᠎ᠡᠴᠡ ᠠᠪᠤᠷᠬᠠᠸ᠋ ᠠᠵᠢᠯ᠎ᠤᠨ ᠳᠤᠮᠳᠠ ᠡᠮᠢᠶᠡᠨ ᠲᠠᠲᠠᠭᠠᠯᠵᠠᠵᠦ᠂ ᠳᠤᠳᠠᠭᠤ ᠣᠷᠣᠯᠴᠠᠭ᠍ᠰᠠᠨ᠂ ᠬᠠᠷᠢᠭᠤᠴᠠᠯᠭ᠎ᠠ ᠠᠯᠳᠠᠵᠦ ᠲᠤᠰᠢᠶᠠᠯ᠎ᠢᠶᠠᠨ ᠭᠦᠢᠴᠡᠳᠭᠡᠭᠰᠡᠨ ᠦᠭᠡᠢ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠭᠡᠱᠢᠭᠦᠨ ᠺᠠᠳ᠋ᠷ᠎ ᠡᠴᠡ ᠲᠦᠷᠢᠮ ᠲᠣᠭ᠍ᠲᠠᠭᠠᠯ ᠰᠠᠬᠢᠯᠭ᠎ᠠ ᠪᠠᠲᠤ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠲᠤᠯᠭᠠᠬᠤ ᠬᠡᠷᠡᠭ᠌ᠲᠡᠶ ᠭᠡᠵᠦ ᠱᠠᠭᠠᠷᠳᠠᠪᠠ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
Baidu
map