ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ ᠪᠠᠢᠭᠤᠯᠤᠭᠳᠠᠭᠰᠠᠨ 98 ᠵᠢᠯ᠎ᠦᠨ ᠣᠶ᠎ᠶᠢᠨ ᠳᠠᠰᠢᠷᠠᠮ᠎ᠢᠶᠡᠷ᠂ ᠣᠢᠷ᠎ᠠ᠎ᠶᠢᠨ ᠡᠳᠦᠷ᠎ᠦᠳ᠎ᠲᠦ᠂ ᠥᠪᠥᠷ ᠮᠣᠩᠭᠣᠯ᠎ᠤᠨ ᠡᠯ᠎ᠡ ᠭᠠᠵᠠᠷ᠎ᠤᠨ ᠬᠢᠨ ᠬᠣᠶᠠᠷ᠎ᠢ ᠬᠦᠷᠢᠶᠡᠯᠡᠬᠦ ᠣᠯᠠᠨ ᠶᠠᠩᠵᠤ᠎ᠶᠢᠨ ᠠᠵᠢᠯᠯᠠᠭ᠎ᠠ᠎ᠶᠢ ᠢᠳᠡᠪᠬᠢᠲᠡᠢ ᠥᠷᠨᠢᠭᠦᠯᠵᠦ᠂ ᠭᠦᠨ ᠵᠤᠵᠠᠭᠠᠨ ᠴᠡᠷᠢᠭ᠎ᠢᠶᠡᠨ ᠬᠦᠷᠢᠶᠡᠯᠡᠬᠦ ᠠᠭᠤᠷ ᠠᠮᠢᠰᠬᠤᠯ᠎ᠢ ᠪᠣᠶ ᠪᠣᠯᠭᠠᠪᠠ᠃
ᠲᠦᠩᠯᠢᠶᠣᠣ ᠬᠤᠳᠠ 《ᠦᠶ᠎ᠡ᠎ᠶᠢᠨ ᠦᠶ᠎ᠡ᠎ᠳᠦ᠎ᠪᠠᠨ ᠦᠨᠡᠨᠴᠢ ᠰᠢᠳᠤᠷᠭᠤ᠎ᠪᠡᠷ ᠵᠢᠳᠬᠦᠵᠦ ᠴᠡᠷᠢᠭ ᠠᠷᠠᠳ ᠰᠡᠳᠬᠢᠯ᠎ᠢᠶᠡᠨ ᠨᠢᠭᠡᠳᠬᠡᠨ ᠢᠷᠡᠭᠡᠳᠦᠢ᠎ᠪᠠᠨ ᠪᠠᠷᠠᠯᠠᠰᠤᠭᠠᠢ》ᠭᠡᠬᠦ ᠬᠣᠶᠠᠷ᠎ᠢ ᠬᠦᠷᠢᠶᠡᠯᠡᠬᠦ ᠤᠷᠠᠨ ᠰᠠᠢᠬᠠᠨ᠎ᠤ ᠲᠣᠭᠯᠠᠯᠲᠠ᠎ᠶᠢ ᠡᠷᠬᠢᠯᠡᠭᠰᠡᠡ ᠪᠥᠭᠡᠳ ᠪᠦᠬᠦ ᠬᠤᠳᠠ᠎ᠶᠢᠨ ᠦᠨᠳᠦᠰᠦᠨ ᠱᠠᠲᠤᠨ᠎ᠤ ᠵᠡᠪᠰᠡᠭᠲᠦ ᠴᠠᠭᠳᠠᠭ᠎ᠠ᠎ᠶᠢᠨ ᠳᠠᠷᠤᠭ᠎ᠠ ᠪᠠᠢᠯᠳᠤᠭ᠍ᠴᠢᠳ᠎ᠲᠤ ᠵᠡᠷᠭᠡ᠎ᠪᠡᠷ ᠰᠢᠭᠤᠳ ᠨᠡᠪᠲᠡᠷᠡᠭᠦᠯᠪᠡ᠃ ᠴᠡᠷᠢᠭ ᠠᠷᠠᠳ ᠪᠦᠯᠬᠦᠮᠳᠡᠨ ᠨᠢᠭᠡ ᠭᠡᠷ᠎ᠦᠨ ᠬᠥᠮᠥᠨ ᠮᠡᠲᠦ ᠳᠣᠲᠣᠨᠣ᠌ ᠪᠠᠢᠬᠤ ᠭᠦᠨ ᠵᠤᠵᠠᠭᠠᠨ ᠨᠥᠬᠥᠷᠯᠡᠯ᠎ᠢ ᠢᠯᠡᠷᠡᠭᠦᠯᠵᠦ᠂ ᠰᠢᠨ᠎ᠡ ᠴᠠᠭ ᠦᠶ᠎ᠡ᠎ᠳᠡᠬᠢ ᠴᠡᠷᠢᠭ᠎ᠢᠶᠡᠨ ᠬᠦᠴᠦᠷᠬᠡᠭᠵᠢᠭᠦᠯᠵᠦ ᠬᠤᠳᠠ᠎ᠪᠠᠨ ᠮᠠᠨᠳᠤᠭᠤᠯᠬᠤ᠎ᠳᠤ ᠨᠢ ᠤᠶᠤᠨ ᠰᠠᠨᠠᠭᠠᠨ᠎ᠤ ᠬᠥᠳᠡᠯᠭᠡᠭᠴᠢ ᠬᠦᠴᠦᠨ᠎ᠢ ᠨᠡᠮᠡᠷᠢᠯᠡᠪᠡ᠃
ᠠᠯᠠᠱᠠ ᠠᠢᠮᠠᠭ ᠬᠣᠶᠠᠳᠤᠭᠠᠷ ᠬᠤᠭᠤᠴᠠᠭᠠᠨ᠎ᠤ 《ᠴᠡᠷᠢᠭ᠎ᠦᠨ ᠭᠢᠯᠪᠠᠭ᠎ᠠ ᠬᠤᠨᠳᠠᠭᠠᠲᠤ》 ᠴᠡᠷᠢᠭ ᠠᠩᠭᠢ ᠪᠠ ᠣᠷᠣᠨ ᠨᠤᠲᠤᠭ᠎ᠤᠨ ᠬᠠᠮᠲᠤᠷᠠᠭᠰᠠᠨ ᠪᠡᠶ᠎ᠡ᠎ᠶᠢᠨ ᠲᠠᠮᠢᠷ᠎ᠤᠨ ᠴᠤᠭᠯᠠᠭᠠᠨ᠎ᠢ ᠡᠷᠭᠢᠯᠡᠵᠦ᠂ ᠠᠢᠮᠠᠭ᠎ᠲᠤ ᠰᠠᠭᠤᠭ᠎ᠠ ᠡᠯ᠎ᠡ ᠴᠡᠷᠢᠭ (ᠴᠠᠭᠳᠠᠭ᠎ᠠ)ᠠᠩᠭᠢ᠎ᠶᠢᠨ ᠳᠠᠷᠤᠭ᠎ᠠ ᠪᠠᠢᠯᠳᠤᠭᠴᠢᠳ᠂ ᠴᠡᠷᠢᠭ᠎ᠡᠴᠡ ᠬᠠᠯᠠᠭᠳᠠᠭᠰᠠᠳ᠂ ᠡᠷᠦᠬᠡ᠎ᠶᠢᠨ ᠴᠡᠷᠢᠭ ᠵᠡᠷᠭᠡ 430 ᠬᠥᠮᠥᠨ᠎ᠤ ᠪᠠᠬᠠᠷᠬᠠᠯ᠎ᠢ ᠲᠡᠳᠡᠨ ᠲᠣᠰ ᠴᠤᠭᠯᠠᠭᠠᠨ᠎ᠳᠤ ᠣᠷᠣᠯᠴᠠᠭᠤᠯᠵᠠᠢ᠃ ᠤᠷᠤᠯᠳᠤᠭᠠᠨ ᠨᠢ ᠰᠠᠭᠰᠤᠨ ᠪᠥᠮᠪᠥᠭᠡ᠂ ᠬᠥᠯ ᠪᠥᠮᠪᠥᠭᠡ᠂ ᠫᠢᠩᠫᠠᠩ ᠪᠥᠮᠪᠥᠭᠡ ᠵᠡᠷᠭᠡ ᠤᠯᠠᠨ ᠲᠦᠷᠦᠯ᠎ᠢ ᠬᠠᠮᠤᠷᠴᠤ᠂ ᠴᠡᠷᠢᠭ ᠠᠩᠭᠢ ᠪᠠ ᠣᠷᠣᠨ ᠨᠤᠲᠤᠭ᠎ᠤᠨ ᠬᠥᠮᠥᠰ᠎ᠦᠨ ᠪᠦᠯᠬᠦᠮᠳᠡᠨ ᠲᠡᠮᠡᠴᠡᠬᠦ ᠤᠶᠤᠨ ᠰᠠᠨᠠᠭᠠᠨ᠎ᠤ ᠳᠦᠷᠰᠦ ᠪᠠᠢᠳᠠᠯ᠎ᠢ ᠭᠦᠢᠴᠡᠳ ᠬᠠᠷᠠᠭᠤᠯᠵᠠᠢ᠃
ᠮᠠᠨᠵᠤᠤᠷ ᠬᠤᠳᠠ᠎ᠶᠢᠨ ᠬᠠᠮᠢᠶ᠎ᠠ ᠪᠦᠬᠦᠢ ᠰᠠᠯᠠᠭ᠎ᠠ ᠮᠥᠴᠢᠷ᠎ᠦᠨ ᠬᠢᠨ ᠤᠯᠤᠰ᠎ᠢᠶᠠᠨ ᠬᠠᠢᠷᠠᠯᠠᠵᠤ ᠴᠡᠷᠢᠭ᠎ᠢᠶᠡᠨ ᠬᠦᠷᠢᠶᠡᠯᠡᠬᠦ ᠨᠡᠢᠭᠡᠮᠯᠢᠭ᠎ᠲᠠᠢ ᠬᠠᠮᠲᠤᠷᠠᠵᠤ᠂ ᠰᠠᠭᠤᠭ᠎ᠠ ᠭᠠᠵᠠᠷ᠎ᠤᠨ ᠵᠡᠪᠰᠡᠭᠲᠦ ᠴᠠᠭᠳᠠᠭ᠎ᠠ᠎ᠶᠢᠨ ᠨᠢᠭᠡᠨ ᠬᠡᠯᠲᠡᠰ ᠪᠣᠯᠣᠨ ᠷᠠᠳᠠᠷ᠎ᠤᠨ ᠦᠷᠳᠡᠬᠡ᠎ᠳᠦ ᠬᠦᠷᠴᠦ ᠰᠤᠷᠪᠤᠯᠵᠢᠯᠠᠨ ᠲᠣᠬᠣᠨᠢᠭᠤᠯᠪᠠ᠃ ᠡᠭᠦᠨ᠎ᠡᠴᠡ ᠭᠠᠳᠠᠨ᠎ᠠ᠂ ᠵᠠᠷᠤᠳ ᠬᠣᠰᠢᠭᠤᠨ᠎ᠤ ᠬᠣᠶᠠᠷ᠎ᠢ ᠬᠦᠷᠢᠶᠡᠯᠡᠬᠦ ᠤᠷᠠᠨ ᠰᠠᠢᠬᠠᠨ᠎ᠤ ᠦᠳᠡᠰᠢᠯᠡᠭᠡ᠂ ᠮᠣᠷᠢᠨᠳᠠᠪᠠᠭ᠎ᠠ ᠳᠠᠭᠤᠷ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠰᠢᠭᠤᠨ᠎ᠤ ᠬᠣᠶᠠᠷ᠎ᠢ ᠬᠦᠷᠢᠶᠡᠯᠡᠬᠦ ᠤᠷᠠᠨ ᠰᠠᠢᠬᠠᠨ᠎ᠤ ᠬᠠᠮᠲᠤᠷᠠᠭᠰᠠᠨ ᠲᠣᠭᠯᠠᠯᠲᠠ ᠵᠡᠷᠭᠡ ᠠᠵᠢᠯᠯᠠᠭ᠎ᠠ᠎ᠶᠢ ᠴᠤ᠌ ᠵᠠᠯᠭᠠᠭ᠎ᠠ᠎ᠪᠠᠷ ᠥᠷᠨᠢᠭᠦᠯᠵᠦ᠂ ᠴᠡᠷᠢᠭ ᠠᠷᠠᠳ᠎ᠤᠨ ᠣᠶᠤᠨ᠎ᠤ ᠪᠠ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠵᠠᠢ᠃
ᠵᠡᠭᠦᠨ ᠣᠷᠣᠨ᠎ᠤ ᠤᠢ ᠰᠢᠭᠤᠢ᠎ᠠᠴᠠ ᠪᠠᠷᠠᠭᠤᠨ ᠣᠷᠣᠨ᠎ᠤ ᠭᠣᠪᠢ ᠨᠤᠲᠤᠭ ᠬᠦᠷᠲᠡᠯ᠎ᠡ᠂ ᠮᠢᠩᠭᠠᠨ ᠭᠠᠵᠠᠷ᠎ᠢ ᠠᠯᠤᠰᠯᠠᠭᠰᠠᠨ ᠴᠡᠷᠢᠭ᠎ᠢᠶᠡᠨ ᠬᠦᠷᠢᠶᠡᠯᠡᠬᠦ ᠡᠳᠡᠭᠡᠷ ᠠᠵᠢᠯᠯᠠᠭ᠎ᠠ᠎ᠨᠤᠭᠤᠳ ᠨᠢ ᠤᠯᠠᠨ ᠶᠠᠩᠵᠤ᠎ᠶᠢᠨ ᠬᠡᠯᠪᠡᠷᠢ᠎ᠪᠡᠷ ᠬᠣᠶᠠᠷ᠎ᠢ ᠬᠦᠷᠢᠶᠡᠯᠡᠬᠦ ᠤᠯᠠᠮᠵᠢᠯᠠᠯ᠎ᠢ ᠦᠢᠯᠡᠳᠦᠯᠭᠡᠵᠢᠭᠦᠯᠵᠦ᠂ ᠴᠡᠷᠢᠭ ᠠᠩᠭᠢ ᠪᠠ ᠣᠷᠣᠨ ᠨᠤᠲᠤᠭ᠎ᠤᠨ ᠬᠣᠭᠣᠷᠣᠨᠳᠣᠬᠢ ᠭᠦᠨ ᠵᠤᠵᠠᠭᠠᠨ ᠨᠥᠬᠥᠷᠯᠡᠯ᠎ᠢ ᠪᠠᠶᠠᠷ᠎ᠤᠨ ᠡᠳᠦᠷ᠎ᠦᠨ ᠠᠭᠤᠷ ᠠᠮᠢᠰᠬᠤᠯ᠎ᠢᠶᠠᠷ ᠤᠯᠠᠮ ᠵᠤᠵᠠᠭᠠᠳᠬᠠᠵᠤ᠂ ᠡᠬᠡ ᠤᠯᠤᠰ᠎ᠤᠨ ᠤᠮᠠᠷᠠᠲᠤ ᠬᠢᠵᠠᠭᠠᠷ᠎ᠤᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠪᠡᠬᠢᠵᠢᠭᠦᠯᠬᠦ᠎ᠳᠦ ᠬᠠᠯᠠᠭᠤᠨ ᠳᠤᠯᠠᠭᠠᠨ ᠪᠥᠭᠡᠳ ᠪᠠᠲᠤ ᠪᠡᠬᠢ ᠬᠦᠴᠦᠨ ᠴᠢᠳᠠᠯ᠎ᠢ ᠨᠡᠮᠡᠷᠢᠯᠡᠭᠰᠡᠨ ᠪᠠᠢᠨ᠎ᠠ᠃