ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠥᠪᠥᠷ ᠮᠣᠩᠭᠣᠯ᠎ᠤᠨ ᠨᠢᠭᠡ ᠭᠠᠷᠠᠭ᠎ᠤᠨ ᠵᠠᠰᠠᠭ᠎ᠤᠨ ᠶᠠᠪᠤᠳᠠᠯ ( 2025.8.3-2025.8.9 )
ᠨᠡᠶ᠋ᠢᠲᠡᠯᠡᠭᠰᠡᠨ ᠴᠠᠭ᠄ 2025-08-11

 

《 ᠥᠪᠥᠷ ᠮᠣᠩᠭᠣᠯ᠎ᠤᠨ ᠨᠢᠭᠡ ᠭᠠᠷᠠᠭ᠎ᠤᠨ ᠵᠠᠰᠠᠭ᠎ᠤᠨ ᠶᠠᠪᠤᠳᠠᠯ 》 ᠭᠡᠬᠦ ᠪᠤᠯᠤᠩ ᠨᠢ ᠲᠠᠨ᠎ᠳᠤ ᠭᠠᠷᠠᠭ ᠪᠦᠷᠢ᠎ᠶᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠤᠳᠤᠷᠢᠳᠤᠯᠭ᠎ᠠ᠎ᠶᠢᠨ ᠵᠠᠰᠠᠭ᠎ᠤᠨ ᠶᠠᠪᠤᠳᠠᠯ᠎ᠤᠨ ᠠᠵᠢᠯᠯᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠡᠢᠲᠡᠯᠡᠭᠰᠡᠨ ᠲᠥᠷᠥ᠎ᠶᠢᠨ ᠪᠣᠳᠣᠯᠭ᠎ᠠ ᠬᠢᠭᠡᠳ ᠲᠡᠭᠦᠨ᠎ᠦ ᠲᠠᠢᠯᠤᠮᠵᠢ᠎ᠶᠢ ᠡᠮᠬᠢᠯᠡᠨ ᠲᠢᠭᠯᠡᠵᠦ᠂ ᠭᠠᠷᠠᠭ ᠪᠦᠷᠢ᠎ᠶᠢᠨ ᠵᠠᠰᠠᠭ᠎ᠤᠨ ᠰᠢᠨ᠎ᠡ  ᠶᠠᠪᠤᠳᠠᠯ᠎ᠢ ᠲᠦᠷᠭᠡᠨ ᠣᠢᠯᠠᠭᠠᠭᠤᠯᠬᠤ ᠪᠣᠯᠣᠨ᠎ᠠ᠃ 

ᠤᠳᠤᠷᠢᠳᠤᠯᠭ᠎ᠠ᠎ᠶᠢᠨ ᠠᠵᠢᠯᠯᠠᠭ᠎ᠠ

1

ᠰᠦᠨ ᠱᠣᠸ᠋ ᠴᠧᠩ

ᠬᠥᠯᠥᠨ ᠪᠤᠢ᠍ᠢ᠍ᠷ ᠬᠤᠳᠠ᠎ᠳᠤ ᠪᠠᠶ᠋ᠢᠴᠠᠭ᠋ᠠᠨ ᠰᠤᠳᠤᠯᠤᠯᠲᠠ ᠬᠢᠪᠡ 

8 ᠳ᠋ᠤᠭ᠋ᠠᠷ ᠰᠠᠷ᠎ᠠ᠎ᠶᠢᠨ 2᠎ᠤᠨ ᠡᠳᠦᠷ᠎ᠠᠴᠠ 5᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠰᠦᠨ ᠱᠣᠤ ᠴᠧᠩ ᠬᠥᠯᠥᠨ ᠪᠣᠶ᠋ᠢᠷ ᠬᠣᠲᠠ᠎ᠶᠢᠨ ᠬᠡᠰᠡᠭ ᠬᠣᠰᠢᠭᠤ ᠬᠣᠲᠠ᠎ᠳᠤ ᠭᠦᠨᠵᠡᠭᠡᠶ᠋ᠢᠷᠡᠨ᠂ ᠠᠮᠢ ᠠᠬᠤᠶ᠎ᠶᠢᠨ ᠬᠠᠮᠠᠭ᠋ᠠᠯᠠᠯᠲᠠ᠂ ᠬᠡᠯᠪᠡᠷᠢᠴᠢ ᠦᠵᠡᠯ᠎ᠢ ᠴᠡᠭᠴᠡᠯᠡᠨ ᠵᠠᠰᠠᠬᠤ᠎ᠶᠢᠨ ᠲᠣᠭᠣᠷᠢᠨ᠎ᠳᠤ ᠦᠨᠳᠦᠰᠦᠨ ᠱᠠᠲᠤᠨ᠎ᠤ ᠳᠠᠷᠤᠭ᠋ᠠᠰᠤ᠎ᠶᠢ ᠬᠥᠩᠭᠡᠷᠡᠭᠦᠯᠬᠦ᠂ ᠬᠢᠯᠢ᠎ᠶᠢᠨ ᠪᠣᠭᠣᠮᠲᠠ᠎ᠶᠢᠨ ᠬᠣᠲᠠ᠎ᠶᠢᠨ ᠪᠥᠲᠥᠭᠡᠨ ᠪᠠᠶ᠋ᠢᠭᠤᠯᠤᠯᠲᠠ ᠬᠢᠭᠡᠳ ᠭᠠᠳᠠᠭ᠋ᠠᠳᠤ ᠨᠡᠭᠡᠭᠡᠯᠲᠡ ᠵᠡᠷᠭᠡ ᠠᠵᠢᠯ᠎ᠤᠨ ᠲᠠᠯ᠎ᠠ᠎ᠪᠠᠷ ᠪᠠᠶ᠋ᠢᠴᠠᠭ᠋ᠠᠨ ᠰᠤᠳᠤᠯᠤᠯᠲᠠ ᠬᠢᠪᠠ᠃ ᠢᠦᠢ ᠯᠢ ᠰᠢᠨ ᠲᠣᠰ ᠠᠵᠢᠯᠯᠠᠭ᠎ᠠ᠎ᠳᠤ ᠣᠷᠣᠯᠴᠠᠪᠠ᠃

ᠹᠦ᠋ ᠰᠢᠩ ᠤᠯᠠᠨ ᠤᠯᠤᠰ᠎ᠤᠨ ᠬᠢᠵᠠᠭ᠋ᠠᠷᠲᠤ ᠺᠣᠮᠫᠠᠨᠢ᠎ᠶᠢᠨ ᠬᠡᠷᠡᠭ ᠮᠡᠳᠡᠭᠴᠢᠳ᠎ᠤᠨ ᠳᠠᠷᠤᠭ᠎ᠠ ᠭᠦᠸᠧ ᠭᠤᠸᠠᠩ ᠴᠠᠩ᠎ᠲᠠᠢ ᠠᠭᠤᠯᠵᠠᠯᠲᠠ ᠬᠢᠪᠡ 

8 ᠳ᠋ᠤᠭ᠋ᠠᠷ ᠰᠠᠷ᠎ᠠ᠎ᠶᠢᠨ 7᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠰᠦᠨ ᠱᠣᠤ ᠴᠧᠩ ᠬᠥᠬᠡᠬᠣᠲᠠ᠎ᠳᠤ ᠹᠦ᠋ ᠰᠢᠩ ᠣᠯᠠᠨ ᠤᠯᠤᠰ᠎ᠤᠨ ᠬᠢᠵᠠᠭ᠋ᠠᠷᠲᠤ ᠺᠣᠮᠫᠠᠨᠢ᠎ᠶᠢᠨ ᠬᠡᠷᠡᠭ ᠮᠡᠳᠡᠭᠴᠢᠳ᠎ᠤᠨ ᠳᠠᠷᠤᠭ᠎ᠠ ᠭᠦᠸᠧ ᠭᠤᠸᠠᠩ ᠴᠠᠩ᠎ᠲᠠᠢ ᠠᠭᠤᠯᠵᠠᠯᠲᠠ ᠬᠢᠪᠡ᠃ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠢ ᠯᠢ ᠰᠢᠨ ᠲᠣᠰ ᠠᠭᠤᠯᠵᠠᠯᠲᠠ᠎ᠳᠤ ᠣᠷᠣᠯᠴᠠᠪᠠ᠃ 

2

ᠬᠤᠸᠠᠩ ᡁᠢ ᠴᠢᠶᠠᠩ ᠬᠥᠬᠡᠬᠣᠲᠠ᠂ ᠪᠤᠭᠤᠲᠤ ᠬᠤᠳᠠ᠎ᠳᠤ ᠦᠶᠡᠷ᠎ᠢ ᠰᠡᠷᠭᠡᠶ᠋ᠢᠯᠡᠵᠦ ᠭᠠᠮᠰᠢᠭ᠎ᠠᠴᠠ ᠠᠪᠤᠷᠠᠬᠤ ᠠᠵᠢᠯ᠎ᠢ ᠪᠠᠶ᠋ᠢᠴᠠᠭ᠋ᠠᠨ ᠰᠤᠳᠤᠯᠪᠠ 

8 ᠳ᠋ᠤᠭ᠋ᠠᠷ ᠰᠠᠷ᠎ᠠ᠎ᠶᠢᠨ 3᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠶ᠋ᠢᠩᠭᠤ᠎ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠥᠬᠡᠬᠣᠲᠠ᠂ ᠪᠤᠭᠤᠲᠤ ᠬᠣᠲᠠ᠎ᠳᠤ ᠦᠶᠡᠷ᠎ᠢ ᠰᠡᠷᠭᠡᠶ᠋ᠢᠯᠡᠵᠦ ᠭᠠᠮᠰᠢᠭ᠎ᠠᠴᠠ ᠠᠪᠤᠷᠬᠠᠤ ᠠᠵᠢᠯ᠎ᠢ ᠪᠠᠶ᠋ᠢᠴᠠᠭ᠋ᠠᠨ ᠰᠤᠳᠤᠯᠪᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ
Baidu
map