ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠳᠤᠮᠳᠠᠳᠤ ᠤᠯᠤᠰ᠎ᠤᠨ ᠪᠡᠶ᠎ᠡ᠎ᠶᠢᠨ ᠲᠠᠮᠢᠷ᠎ᠤᠨ ᠰᠣᠨᠢᠨ | ᠥᠪᠥᠷ ᠮᠣᠩᠭᠣᠯ ᠵᠠᠯᠠᠭᠤᠴᠤᠳ ᠪᠠᠭᠠᠴᠤᠳ᠎ᠲᠤ ᠲᠠᠮᠢᠷ᠎ᠤᠨ ᠬᠥᠳᠡᠯᠭᠡᠭᠡᠨ᠎ᠦ 《 ᠭᠤᠷᠪᠠᠨ ᠪᠥᠮᠪᠥᠭᠡ 》᠎ᠶᠢᠨ ᠬᠥᠭᠵᠢᠯᠲᠡ᠎ᠶᠢᠨ ᠰᠠᠭᠤᠷᠢ᠎ᠶᠢ ᠪᠡᠬᠢᠵᠢᠭᠦᠯᠵᠦ ᠪᠠᠢᠨ᠎ᠠ
ᠨᠡᠶ᠋ᠢᠲᠡᠯᠡᠭᠰᠡᠨ ᠴᠠᠭ᠄ 2025-08-11

 

《 ᠭᠤᠷᠪᠠᠨ ᠪᠥᠮᠪᠥᠭᠡᠨ 》᠎ᠤ ᠲᠠᠮᠢᠷ᠎ᠤᠨ ᠬᠥᠳᠡᠯᠭᠡᠭᠡᠨ᠎ᠢ ᠲᠦᠭᠡᠮᠡᠯᠵᠢᠭᠦᠯᠦᠨ ᠂ ᠴᠢᠳᠠᠪᠤᠷᠢᠲᠠᠳ᠎ᠢ ᠪᠡᠯᠡᠳᠬᠡᠨ ᠬᠥᠮᠥᠵᠢᠭᠦᠯᠵᠦ ᠂ ᠥᠪᠥᠷ ᠮᠣᠩᠭᠣᠯ᠎ᠤᠨ ᠵᠠᠯᠠᠭᠤᠴᠤᠳ ᠪᠠᠭᠠᠴᠤᠳ᠎ᠤᠨ 《 ᠭᠤᠷᠪᠠᠨ ᠪᠥᠮᠪᠥᠭᠡᠨ 》᠎ᠤ ᠲᠠᠮᠢᠷ᠎ᠤᠨ ᠬᠥᠳᠡᠯᠭᠡᠭᠡᠨ᠎ᠦ ᠬᠥᠭᠵᠢᠯᠲᠡ᠎ᠶᠢᠨ ᠦᠷ᠎ᠡ ᠪᠦᠲᠦᠭᠡᠯ᠎ᠢ ᠲᠥᠪᠯᠡᠷᠡᠭᠦᠯᠦᠨ ᠰᠢᠯᠭᠠᠨ ᠦᠵᠡᠵᠦ ᠂ ᠥᠪᠥᠷ ᠮᠣᠩᠭᠣᠯ᠎ᠤᠨ ᠵᠠᠯᠠᠭᠤᠴᠤᠳ ᠪᠠᠭᠠᠴᠤᠳ᠎ᠤᠨ ᠮᠡᠷᠭᠡᠵᠢᠯ ᠰᠣᠯᠢᠯᠴᠠᠬᠤ ᠲᠠᠪᠴᠠᠩ᠎ᠢ ᠪᠠᠶ᠋ᠢᠭᠤᠯᠬᠤ᠎ᠶᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠶᠠᠳᠤᠭᠠᠷ ᠬᠤᠭᠤᠴᠠᠭᠠᠨ᠎ᠤ ᠵᠠᠯᠠᠭᠤᠴᠤᠳ ᠪᠠᠭᠠᠴᠤᠳ᠎ᠤᠨ 《 ᠭᠤᠷᠪᠠᠨ ᠪᠥᠮᠪᠥᠭᠡᠨ 》᠎ᠤ ᠲᠠᠮᠢᠷ᠎ᠤᠨ ᠴᠤᠭᠯᠠᠭᠠᠨ ᠵᠢᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ ᠪᠠᠭᠠᠴᠤᠳ᠎ᠤᠨ ᠬᠥᠯ ᠪᠥᠮᠪᠥᠭᠡ ᠂ ᠰᠠᠭᠰᠤᠨ ᠪᠥᠮᠪᠥᠭᠡ ᠂ ᠠᠯᠠᠭᠠᠳᠠᠬᠤ ᠪᠥᠮᠪᠥᠭᠡ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠲᠦᠷᠦᠭᠦᠬᠡᠨ ᠬᠥᠬᠡᠬᠣᠲᠠ᠎ᠳᠤ ᠡᠬᠢᠯᠡᠪᠡ ᠃ ᠪᠦᠬᠦ ᠣᠷᠣᠨ᠎ᠤ 12 ᠠᠢᠮᠠᠭ ᠬᠤᠳᠠ᠎ᠠᠴᠠ ᠢᠷᠡᠭᠰᠡᠨ 200 ᠭᠠᠷᠤᠢ ᠲᠥᠯᠥᠭᠡᠯᠡᠭᠴᠢ᠎ᠶᠢᠨ ᠠᠩᠭᠢ᠎ᠶᠢᠨ 4000 ᠰᠢᠬᠠᠮ ᠲᠠᠮᠢᠷᠴᠢᠨ ᠵᠠᠯᠠᠭᠤ ᠪᠠᠭᠠᠴᠤᠳ ᠤᠷᠤᠯᠳᠤᠭᠠᠨ᠎ᠳᠤ ᠣᠷᠣᠯᠴᠠᠵᠠᠢ᠃ 

ᠬᠥᠯ ᠪᠥᠮᠪᠥᠭᠡᠨ ᠤᠷᠤᠯᠳᠤᠭᠠᠨ᠎ᠤ ᠲᠥᠷᠥᠯ ᠵᠦᠢᠯ ᠨᠢ 7 ᠳ᠋ᠤᠭᠠᠷ ᠰᠠᠷ᠎ᠠ᠎ᠶᠢᠨ 28᠎ᠤ ᠡᠳᠦᠷ ᠥᠪᠥᠷ ᠮᠣᠩᠭᠣᠯ᠎ᠤᠨ ᠳᠤᠮᠳᠠ ᠬᠡᠰᠡᠭ᠎ᠦᠨ ᠵᠠᠯᠠᠭᠤᠴᠤᠳ ᠪᠠᠭᠠᠴᠤᠳ᠎ᠤᠨ ᠬᠥᠯ ᠪᠥᠮᠪᠥᠭᠡ᠎ᠶᠢᠨ ᠪᠣᠯᠪᠠᠰᠤᠷᠠᠯ᠎ᠤᠨ ᠲᠥᠪ᠎ᠲᠦ ᠡᠬᠢᠯᠡᠪᠡ ᠃ ᠠᠯᠠᠭᠠᠳᠠᠬᠤ ᠪᠥᠮᠪᠥᠭᠡ᠎ᠶᠢᠨ ᠲᠦᠷᠦᠯ ᠵᠦᠢᠯ᠎ᠢ 7 ᠳ᠋ᠤᠭᠠᠷ ᠰᠠᠷ᠎ᠠ᠎ᠶᠢᠨ 31᠎ᠤ ᠡᠳᠦᠷ ᠬᠥᠬᠡᠬᠣᠲᠠ ᠪᠡᠶ᠎ᠡ᠎ᠶᠢᠨ ᠲᠠᠮᠢᠷ᠎ᠤᠨ ᠲᠥᠪ᠎ᠦᠨ ᠶᠡᠷᠦᠩᠬᠡᠢᠯᠡᠭᠰᠡᠨ ᠪᠡᠶ᠎ᠡ᠎ᠶᠢᠨ ᠲᠠᠮᠢᠷ᠎ᠤᠨ ᠣᠷᠳᠣᠨ ᠪᠠ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ᠎ᠶᠢᠨ ᠪᠡᠶ᠎ᠡ᠎ᠶᠢᠨ ᠲᠠᠮᠢᠷ᠎ᠤᠨ ᠣᠷᠳᠣᠨ᠎ᠳᠤ ᠵᠡᠷᠭᠡ᠎ᠪᠡᠷ ᠡᠬᠢᠯᠡᠭᠦᠯᠵᠦ᠂ ᠤᠷᠤᠯᠳᠤᠭᠠᠨ᠎ᠤ ᠵᠦᠢᠯ᠎ᠢ ᠬᠥᠬᠡ ᠂ ᠬᠥᠬᠡᠭᠴᠢᠨ ᠂ ᠤᠯᠠᠭᠠᠨ ᠭᠡᠵᠦ ᠭᠤᠷᠪᠠᠨ ᠳᠤᠭᠤᠢᠯᠠᠩ ᠬᠤᠪᠢᠶᠠᠨ᠂ ᠡᠷᠡᠭᠲᠡᠢ᠎ᠶᠢᠨ ᠠᠯᠠᠭᠠᠳᠠᠬᠤ ᠪᠥᠮᠪᠥᠭᠡ᠎ᠶᠢᠨ 13 ᠠᠩᠭᠢ ᠪᠣᠯᠣᠨ ᠡᠮᠡᠭᠲᠡᠢ᠎ᠶᠢᠨ ᠠᠯᠠᠭᠠᠳᠠᠬᠤ ᠪᠥᠮᠪᠥᠭᠡ᠎ᠶᠢᠨ 17 ᠠᠩᠭᠢ ᠤᠷᠤᠯᠳᠤᠭᠠᠨ᠎ᠳᠤ ᠣᠷᠣᠯᠴᠠᠵᠠᠢ᠃ ᠰᠠᠭᠰᠤᠨ ᠪᠥᠮᠪᠥᠭᠡ᠎ᠶᠢᠨ ᠲᠥᠷᠥᠯ ᠵᠦᠢᠯ᠎ᠤᠨ ᠲᠥᠯᠥᠭᠡᠯᠡᠭᠴᠢ᠎ᠶᠢᠨ 62 ᠠᠩᠭᠢ ᠨᠢ 8 ᠳ᠋ᠤᠭᠠᠷ ᠰᠠᠷ᠎ᠠ᠎ᠶᠢᠨ 9᠎ᠦ ᠡᠳᠦᠷ ᠬᠥᠬᠡᠬᠣᠲᠠ ᠪᠡᠶ᠎ᠡ᠎ᠶᠢᠨ ᠲᠠᠮᠢᠷ᠎ᠤᠨ ᠲᠥᠪ᠎ᠦᠨ ᠶᠡᠷᠦᠩᠬᠡᠢᠯᠡᠭᠰᠡᠨ ᠪᠡᠶ᠎ᠡ᠎ᠶᠢᠨ ᠲᠠᠮᠢᠷ᠎ᠤᠨ ᠣᠷᠳᠣᠨ ᠪᠠ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ᠎ᠶᠢᠨ ᠪᠡᠶ᠎ᠡ᠎ᠶᠢᠨ ᠲᠠᠮᠢᠷ᠎ᠤᠨ ᠣᠷᠳᠣᠨ᠎ᠳᠤ 7 ᠡᠳᠦᠷ᠎ᠦᠨ ᠬᠤᠭᠤᠴᠠᠭ᠎ᠠ᠎ᠲᠠᠢ ᠰᠢᠷᠦᠭᠦᠨ ᠥᠷᠢᠰᠦᠯᠳᠦᠭᠡᠨ ᠶᠠᠪᠤᠭᠤᠯᠬᠤ ᠪᠣᠯᠣᠨ᠎ᠠ ᠃ 

ᠡᠨᠡ ᠵᠢᠯ᠎ᠦᠨ 5 ᠳ᠋ᠤᠭᠠᠷ ᠰᠠᠷ᠎ᠠ᠎ᠳᠤ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ ᠪᠠᠭᠠᠴᠤᠳ᠎ᠤᠨ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠤ ᠴᠢᠳᠠᠪᠤᠷᠢ᠎ᠶᠢ ᠳᠡᠭᠡᠭᠰᠢᠯᠡᠭᠦᠯᠬᠦ᠎ᠶᠢ ᠠᠬᠢᠭᠤᠯᠬᠤ ᠠᠷᠭ᠎ᠠ ᠎ᠨᠤᠭᠤᠳ》᠎ᠢ ᠳᠠᠷᠤᠮᠠᠯᠯᠠᠨ ᠶᠠᠪᠤᠭᠤᠯᠤᠭᠠᠳ ᠪᠡᠶ᠎ᠡ᠎ᠶᠢᠨ ᠲᠠᠮᠢᠷ᠎ᠤᠨ ᠲᠥᠷᠥᠯ ᠵᠦᠢᠯ᠎ᠢᠶᠡᠨ ᠬᠦᠴᠦᠷᠬᠡᠭᠵᠢᠭᠦᠯᠬᠦ᠎ᠶᠢ ᠳᠤᠷᠠᠳᠤᠨ ᠭᠠᠷᠭᠠᠭᠰᠠᠨ ᠪᠠᠢᠨ᠎ᠠ᠃ ᠥᠪᠥᠷ ᠮᠣᠩᠭᠣᠯ ᠲᠠᠮᠢᠷ᠎ᠤᠨ ᠬᠥᠳᠡᠯᠭᠡᠭᠡᠨ᠎ᠦ 《 ᠭᠤᠷᠪᠠᠨ᠌ ᠪᠥᠮᠪᠥᠭᠡ》᠎ᠶᠢ ᠰᠤᠷᠭᠠᠭᠤᠯᠢ ᠂ ᠲᠠᠮᠢᠷ᠎ᠤᠨ ᠰᠤᠷᠭᠠᠭᠤᠯᠢ ᠪᠠ ᠵᠠᠯᠠᠭᠤᠴᠤᠳ ᠪᠠᠭᠠᠴᠤᠳ᠎ᠤᠨ ᠲᠠᠮᠢᠷ᠎ᠤᠨ ᠺᠯᠦ᠋ᠪ᠎ᠲᠦ ᠭᠦᠨᠵᠡᠭᠡᠢᠷᠡᠭᠦᠯᠬᠦ᠎ᠶᠢ ᠢᠳᠡᠪᠬᠢᠲᠡᠢ ᠠᠬᠢᠭᠤᠯᠵᠤ ᠂ 《 ᠭᠤᠷᠪᠠᠨ ᠪᠥᠮᠪᠥᠭᠡ 》᠂ ᠳᠤᠮᠳᠠᠳᠤ᠎ᠶᠢᠨ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠲᠥᠷᠥᠯ ᠪᠠ ᠰᠢᠨ᠎ᠡ᠎ᠪᠡᠷ ᠬᠥᠭᠵᠢᠵᠦ ᠪᠠᠢᠭ᠎ᠠ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠲᠥᠷᠥᠯ ᠵᠦᠢᠯ᠎ᠢ ᠥᠷᠭᠡᠨ᠎ᠢᠶᠡᠷ ᠲᠦᠭᠡᠮᠡᠯᠵᠢᠭᠦᠯᠬᠦ᠎ᠶᠢ ᠠᠬᠢᠭᠤᠯᠵᠤ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠠᠩᠭᠢ᠎ᠡᠴᠡ ᠬᠠᠯᠠᠭᠳᠠᠭᠰᠠᠨ ᠰᠢᠯᠢᠳᠡᠭ ᠲᠠᠮᠢᠷᠴᠢᠳ ᠪᠠ ᠶᠡᠬᠡ ᠳᠡᠭᠡᠳᠦ ᠰᠤᠷᠭᠠᠭᠤᠯᠢ᠎ᠶᠢᠨ ᠪᠡᠶ᠎ᠡ᠎ᠶᠢᠨ ᠲᠠᠮᠢᠷ᠎ᠤᠨ ᠲᠤᠰᠬᠠᠢ ᠮᠡᠷᠭᠡᠵᠢᠯ᠎ᠦᠨ ᠰᠢᠯᠢᠳᠡᠭ ᠰᠤᠷᠤᠭ᠍ᠴᠢᠳ᠎ᠢ ᠰᠣᠩᠭᠣᠨ ᠪᠡᠶ᠎ᠡ᠎ᠶᠢᠨ ᠲᠠᠮᠢᠷ᠎ᠤᠨ ᠪᠠᠭ᠍ᠰᠢ᠎ᠶᠢᠨ ᠬᠦᠴᠦᠨ᠎ᠢᠶᠠᠷ ᠪᠠᠭᠤᠷᠠᠢ ᠪᠠᠢᠭ᠎ᠠ ᠰᠤᠷᠭᠠᠭᠤᠯᠢ᠎ᠳᠤ ᠲᠣᠭᠲᠠᠮᠠᠯ ᠬᠤᠭᠤᠴᠠᠭ᠎ᠠ᠎ᠲᠠᠢ ᠲᠣᠮᠢᠯᠠᠨ ᠣᠴᠢᠭᠤᠯᠤᠭᠠᠳ ᠪᠡᠶ᠎ᠡ᠎ᠶᠢᠨ ᠲᠠᠮᠢᠷ᠎ᠤᠨ ᠰᠤᠷᠭᠠᠨ ᠬᠥᠮᠦᠵᠢᠯ᠎ᠢ ᠳᠡᠮᠵᠢᠬᠦ ᠰᠠᠢᠨ ᠳᠤᠷ᠎ᠠ᠎ᠶᠢᠨ ᠦᠢᠯᠡᠴᠢᠯᠡᠭᠡ ᠥᠷᠨᠢᠭᠦᠯᠵᠦ ᠪᠣᠢ᠃ 

ᠰᠤᠷᠭᠠᠭᠤᠯᠢ᠎ᠶᠢᠨ ᠬᠦᠷᠢᠶᠡᠨ᠎ᠦ ᠪᠥᠮᠪᠥᠭᠡᠨ᠎ᠤ ᠲᠠᠯᠠᠪᠠᠢ᠎ᠠᠴᠠ ᠲᠠᠮᠢᠷ᠎ᠤᠨ ᠤᠷᠤᠯᠳᠤᠭᠠᠨ᠎ᠤ ᠲᠠᠯᠠᠪᠠᠢ ᠬᠦᠷᠲᠡᠯ᠎ᠡ᠂ 《 ᠭᠤᠷᠪᠠᠨ ᠪᠥᠮᠪᠥᠭᠡ 》 ᠨᠢ ᠨᠡᠩ ᠤᠯᠠᠨ ᠥᠪᠥᠷ ᠮᠣᠩᠭᠣᠯ᠎ᠤᠨ ᠵᠠᠯᠠᠭᠤᠴᠤᠳ ᠪᠠᠭᠠᠴᠤᠳ᠎ᠤᠨ ᠲᠠᠭᠠᠰᠢᠶᠠᠯ᠎ᠢ ᠣᠯᠵᠤ᠂ ᠲᠡᠳᠡᠨ᠎ᠦ ᠠᠮᠢᠵᠢᠷᠠᠯ᠎ᠤᠨ ᠬᠦᠴᠦᠨ᠎ᠢᠶᠡᠨ ᠢᠯᠡᠷᠡᠭᠦᠯᠬᠦ᠂ ᠬᠦᠰᠡᠯ ᠮᠥᠷᠥᠭᠡᠳᠦᠯ᠎ᠢᠶᠡᠨ ᠬᠥᠭᠡᠭᠡᠴᠡᠯᠳᠦᠬᠦ ᠴᠢᠬᠤᠯᠠ ᠲᠠᠪᠴᠠᠩ ᠪᠣᠯᠤᠭᠰᠠᠨ ᠪᠠᠢᠨ᠎ᠠ᠃ 

 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ
Baidu
map