ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠠᠭᠤᠯᠠᠨ ᠦᠶᠡᠷ᠎ᠦᠨ ᠭᠠᠮᠰᠢᠭ᠋ ᠭᠠᠵᠠᠷ ᠰᠢᠨᠵᠢᠯᠡᠭᠡᠨ᠎ᠦ ᠭᠠᠮᠰᠢᠭ᠋ ᠡᠭᠦᠰᠴᠦ ᠮᠡᠳᠡᠬᠦ ᠴᠠᠭ ᠠᠭᠤᠷ᠎ᠤᠨ ᠠᠶᠤᠯ ᠲᠦᠭᠰᠢᠭᠦᠷᠢ᠎ᠶᠢᠨ ᠰᠡᠷᠡᠮᠵᠢᠯᠡᠭᠦᠯᠦᠯ᠎ᠢ ᠨᠡᠢᠲᠠᠯᠡᠪᠡ
ᠨᠡᠶ᠋ᠢᠲᠡᠯᠡᠭᠰᠡᠨ ᠴᠠᠭ᠄ 2025-08-08

 

ᠠᠭᠤᠯᠠᠨ ᠦᠶᠡᠷ᠎ᠦᠨ ᠭᠠᠮᠰᠢᠭ᠋ ᠡᠭᠦᠰᠴᠦ ᠮᠡᠳᠡᠬᠦ ᠴᠠᠭ ᠠᠭᠤᠷ᠎ᠤᠨ ᠲᠦᠭᠰᠢᠭᠦᠷᠢ᠎ᠶᠢᠨ ᠰᠡᠷᠡᠮᠵᠢᠯᠡᠭᠦᠯᠦᠯ

2025 ᠣᠨ᠎ᠤ 8 ᠳ᠋ᠤᠭᠠᠷ ᠰᠠᠷ᠎ᠠ᠎ᠶᠢᠨ 7᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠠᠭ ᠠᠭᠤᠷ᠎ᠤᠨ ᠬᠣᠷᠢᠶ᠎ᠠ ᠯᠤᠭ᠎ᠠ ᠬᠠᠮᠲᠤᠷᠠᠨ ᠠᠭᠤᠯᠠᠨ ᠦᠶᠡᠷ ᠡᠭᠦᠰᠴᠦ ᠮᠡᠳᠡᠬᠦ ᠰᠢᠷ᠎ᠠ ᠥᠩᠭᠡ᠎ᠶᠢᠨ ᠤᠷᠢᠳᠴᠢᠯᠠᠨᠰᠡᠷᠡᠮᠵᠢᠯᠡᠭᠦᠯᠦᠯ᠎ᠢ ᠨᠡᠢᠲᠡᠯᠡᠪᠡ᠄ 

8 ᠳ᠋ᠤᠭᠠᠷ ᠰᠠᠷ᠎ᠠ᠎ᠶᠢᠨ 7᠎ᠤ ᠡᠳᠦᠷ᠎ᠦᠨ 20 ᠴᠠᠭ᠎ᠠᠴᠠ 8 ᠳ᠋ᠤᠭᠠᠷ ᠰᠠᠷ᠎ᠠ᠎ᠶᠢᠨ 8᠎ᠤ ᠡᠳᠦᠷ᠎ᠦᠨ 20 ᠴᠠᠭ ᠪᠣᠯᠲᠠᠯ᠎ᠠ᠂ ᠬᠥᠬᠡᠬᠣᠲᠠ᠎ᠶᠢᠨ ᠴᠢᠩ ᠱᠦᠢ ᠾᠧ ᠰᠢᠶᠠᠨ᠂ ᠣᠷᠳᠣᠰ ᠬᠣᠲᠠ᠎ᠶᠢᠨ ᠵᠡᠭᠦᠨᠭᠠᠷ ᠬᠣᠰᠢᠭᠤᠨ᠎ᠳᠤ ᠠᠭᠤᠯᠠᠨ ᠦᠶᠡᠷ᠎ᠦᠨ ᠭᠠᠮᠰᠢᠭ᠋ ᠡᠭᠦᠰᠬᠦ ᠪᠣᠯᠣᠮᠵᠢ ᠨᠡᠯᠢᠶᠡᠳ ᠶᠡᠬᠡ (ᠰᠢᠷ᠎ᠠ ᠥᠩᠭᠡ᠎ᠶᠢᠨ ᠰᠡᠷᠡᠮᠵᠢᠯᠡᠭᠦᠯᠦᠯ)᠂ ᠬᠥᠬᠡᠬᠣᠲᠠ᠎ᠶᠢᠨ ᠲᠣᠭᠲᠠᠬᠤ ᠰᠢᠶᠠᠨ᠂ ᠬᠣᠷᠢᠨᠭᠡᠷ ᠰᠢᠶᠠᠨ᠂ ᠦᠬᠠᠢ ᠬᠣᠲᠠ᠎ᠶᠢᠨ ᠬᠠᠢᠨᠠᠨ ᠲᠣᠭᠣᠷᠢᠭ᠂ ᠣᠷᠳᠣᠰ ᠬᠣᠲᠠ᠎ᠶᠢᠨ ᠳ᠋ᠦᠩᠱᠧᠩ ᠲᠣᠭᠣᠷᠢᠭ᠋᠂ ᠳᠠᠯᠠᠳ ᠬᠣᠰᠢᠭᠤ᠂ ᠡᠵᠡᠨ ᠬᠣᠷᠣᠭ᠎ᠠ ᠬᠣᠰᠢᠭᠤ᠂ ᠤᠯᠠᠭᠠᠨᠴᠠᠪ ᠬᠣᠲᠠ᠎ᠶᠢᠨ ᠯᠢᠶᠡᠩᠴᠧᠩ ᠰᠢᠶᠠᠨ᠎ᠳᠤ ᠠᠭᠤᠯᠠᠨ ᠦᠶᠡᠷ᠎ᠦᠨ ᠭᠠᠮᠰᠢᠭ᠋ (ᠬᠥᠬᠡ ᠥᠩᠭᠡ᠎ᠶᠢᠨ ᠰᠡᠷᠡᠮᠵᠢᠯᠡᠭᠦᠯᠦᠯ) ᠡᠭᠦᠰᠴᠦ ᠮᠡᠳᠡᠨ᠎ᠡ᠂ ᠬᠠᠮᠢᠶ᠎ᠠ ᠪᠦᠬᠦᠢ ᠰᠠᠯᠠᠭ᠎ᠠ ᠮᠥᠴᠢᠷ᠎ᠦᠳ ᠡᠭᠦᠷᠭᠡ ᠬᠠᠷᠢᠭᠤᠴᠠᠯᠭ᠎ᠠ᠎ᠶᠢᠨ᠎ᠢᠶᠡᠨ ᠶᠣᠰᠣᠭᠠᠷ ᠰᠡᠷᠭᠡᠢᠯᠡᠬᠦ ᠠᠷᠭ᠎ᠠ ᠬᠡᠮᠵᠢᠶ᠎ᠡ᠎ᠪᠡᠨ ᠨᠠᠢᠳᠠᠪᠤᠷᠢᠵᠢᠭᠤᠯᠵᠤ᠂ ᠨᠡᠢᠭᠡᠮ ᠨᠡᠶ᠋ᠢᠲᠡ᠎ᠪᠡᠷ᠎ᠢᠶᠡᠨ ᠭᠠᠮᠰᠢᠭ᠋᠎ᠢ ᠰᠡᠷᠭᠡᠢᠯᠡᠵᠦ ᠠᠶᠤᠯ᠎ᠠᠴᠠ ᠵᠠᠢᠯᠠᠬᠤ᠎ᠶᠢ ᠠᠩᠬᠠᠷᠬᠤ ᠬᠡᠷᠡᠭᠲᠡᠢ᠃ 

 

ᠭᠠᠵᠠᠷ ᠰᠢᠨᠵᠢᠯᠡᠭᠡᠨ᠎ᠦ ᠭᠠᠮᠰᠢᠭ᠋ ᠡᠭᠦᠰᠴᠦ ᠮᠡᠳᠡᠬᠦ ᠴᠠᠭ ᠠᠭᠤᠷ᠎ᠤᠨ ᠠᠶᠤᠯ ᠲᠦᠭᠰᠢᠭᠦᠷᠢ᠎ᠶᠢᠨ ᠰᠡᠷᠡᠮᠵᠢᠯᠡᠭᠦᠯᠦᠯ 

ᠣᠷᠳᠣᠰ ᠬᠣᠲᠠ᠎ᠶᠢᠨ ᠬᠣᠢᠲᠤ ᠬᠡᠰᠡᠭ᠂ ᠬᠥᠬᠡᠬᠣᠲᠠ᠎ᠶᠢᠨ ᠡᠮᠦᠨ᠎ᠡ ᠬᠡᠰᠡᠭ᠂ ᠤᠯᠠᠭᠠᠨᠴᠠᠪ ᠬᠣᠲᠠ᠎ᠶᠢᠨ ᠡᠮᠦᠨ᠎ᠡ ᠬᠡᠰᠡᠭ᠎ᠦᠳ᠎ᠲᠦ ᠭᠠᠵᠠᠷ ᠰᠢᠨᠵᠢᠯᠡᠭᠡᠨ᠎ᠦ ᠭᠠᠮᠰᠢᠭ᠋ ᠡᠭᠦᠰᠴᠦ ᠮᠡᠳᠡᠬᠦ ᠴᠠᠭ ᠠᠭᠤᠷ᠎ᠤᠨ ᠠᠶᠤᠯ ᠲᠦᠭᠰᠢᠭᠦᠷᠢ᠎ᠪᠡᠷ ᠨᠡᠯᠢᠶᠡᠳ ᠥᠨᠳᠥᠷ ᠪᠠᠢᠨ᠎ᠠ 

ᠵᠢᠱ᠌ᠢᠯᠲᠡ᠎ᠪᠡᠷ᠂ ᠡᠨᠡ ᠰᠥᠨᠢ᠎ᠡᠴᠡ ᠮᠠᠷᠭᠠᠰᠢ ᠪᠣᠯᠲᠠᠯ᠎ᠠ᠂ ᠣᠷᠳᠣᠰ ᠬᠣᠲᠠ᠎ᠶᠢᠨ ᠳ᠋ᠦᠩᠱᠧᠩ ᠲᠣᠭᠣᠷᠢᠭ᠋᠎ᠤᠨ ᠪᠤᠷᠵᠠᠩ ᠨᠠᠭᠤᠷ ᠪᠠᠯᠭᠠᠰᠤ᠂ ᠬᠠᠩᠭᠢᠨ ᠬᠣᠰᠢᠭᠤᠨ᠎ᠤ ᠳᠤᠭᠤᠢ ᠲᠠᠯ᠎ᠠ ᠪᠠᠯᠭᠠᠰᠤ᠂ ᠰᠢᠨ᠎ᠡ ᠪᠠᠯᠭᠠᠰᠤ᠂ ᠳᠡᠯᠠᠳ ᠬᠣᠰᠢᠭᠤᠨ᠎ᠤ ᠵᠥᠩ ᠾᠧ ᠰᠢ ᠪᠠᠯᠭᠠᠰᠤ᠂ ᠡᠩᠬᠡᠪᠡᠢ ᠪᠠᠯᠭᠠᠰᠤ᠂ ᠵᠡᠭᠦᠨᠭᠠᠷ ᠬᠣᠰᠢᠭᠤᠨ᠎ᠤ ᠸᠧᠢ ᠵᠢᠶᠠ ᠮᠣᠣ ᠪᠠᠯᠭᠠᠰᠤ᠂ ᠰᠢᠤᠸᠠᠢ ᠵᠢᠶᠠ ᠸᠠᠨ ᠪᠠᠯᠭᠠᠰᠤ᠂ ᠨᠥᠬᠥᠷᠯᠡᠯ ᠵᠡᠭᠡᠯᠢ ᠭᠤᠳᠤᠮᠵᠢ᠂ ᠯᠠᠨ ᠲᠢᠶᠠᠨ ᠵᠡᠭᠡᠯᠢ ᠭᠤᠳᠤᠮᠵᠢ᠂ ᠶᠢᠩ ᠽᠧ ᠵᠡᠭᠡᠯᠢ ᠭᠤᠳᠤᠮᠵᠢ᠂ ᠰᠢᠩ ᠯᠦᠩ ᠵᠡᠭᠡᠯᠢ ᠭᠤᠳᠤᠮᠵᠢ᠂ ᠳᠠ ᠯᠦ᠍ ᠪᠠᠯᠭᠠᠰᠤ ᠵᠡᠷᠭᠡ ᠪᠣᠢ᠃ ᠬᠥᠬᠡᠬᠣᠲᠠ᠎ᠶᠢᠨ ᠴᠢᠩ ᠱᠦᠢ ᠾᠧ ᠰᠢᠶᠠᠨ᠎ᠤ ᠴᠧᠩ ᠭᠤᠸᠠᠨ ᠪᠠᠯᠭᠠᠰᠤ᠂ ᠤᠯᠢᠶᠠᠰᠤᠲᠠᠢ ᠰᠢᠶᠠᠩ᠂ ᠯᠣᠣ ᠨᠢᠦ ᠸᠠᠨ ᠪᠠᠯᠭᠠᠰᠤ᠂ ᠶᠣᠣ ᠭᠧᠦ ᠰᠢᠶᠠᠩ᠂ ᠯᠠᠮᠠ᠎ᠶᠢᠨ ᠲᠣᠬᠣᠢ ᠪᠠᠯᠭᠠᠰᠤ᠂ ᠬᠣᠩ ᠾᠧ ᠪᠠᠯᠭᠠᠰᠤ᠂ ᠬᠣᠷᠢᠨᠭᠡᠷ ᠰᠢᠶᠠᠨ᠎ᠤ ᠶᠠᠩ ᠴᠢᠶᠦ᠋ᠨ ᠭᠧᠦ ᠰᠢᠶᠠᠩ᠂ ᠳᠠ ᠬᠣᠩ ᠴᠧᠩ ᠰᠢᠶᠠᠩ᠂ ᠲᠣᠭᠲᠠᠬᠤ ᠰᠢᠶᠠᠨ᠎ᠤ ᠰᠢᠨ᠎ᠡ ᠶᠢᠩᠽᠢ ᠪᠠᠯᠭᠠᠰᠤ ᠵᠡᠷᠭᠡ ᠪᠣᠢ᠃ ᠤᠯᠠᠭᠠᠨᠴᠠᠪ ᠬᠣᠲᠠ᠎ᠶᠢᠨ ᠯᠢᠶᠡᠩᠴᠧᠩ ᠰᠢᠶᠠᠨ᠎ᠤ ᠲᠢᠶᠠᠨ ᠴᠧᠩ ᠰᠢᠶᠠᠩ᠂ ᠬᠣᠩ ᠮᠣᠣ ᠪᠠᠯᠭᠠᠰᠤ᠂ ᠶᠦᠩ ᠰᠢᠩ ᠪᠠᠯᠭᠠᠰᠤ᠂ ᠵᠢᠷᠭᠤᠳᠤᠭᠠᠷ ᠰᠤᠮᠤ ᠪᠠᠯᠭᠠᠰᠤ᠂ ᠼᠤᠤ ᠨᠢᠶᠠᠨ᠎ᠤ ᠮᠠᠨᠵᠤ ᠦᠨᠳᠦᠰᠦᠲᠡᠨ᠎ᠦ ᠰᠢᠶᠠᠩ᠂ ᠰᠢᠩ ᠾᠧ ᠰᠢᠶᠠᠨ᠎ᠤ ᠳ᠋ᠢᠶᠠᠨ ᠽᠢ ᠪᠠᠯᠭᠠᠰᠤ᠂ ᠹᠸᠩᠵᠸᠨ ᠬᠣᠲᠠ᠎ᠶᠢᠨ ᠭᠤᠸᠠᠨ ᠲᠦᠨ ᠪᠦᠦ ᠰᠢᠶᠠᠩ᠂ ᠬᠤᠨ ᠶᠤᠸᠠᠨ ᠶᠣᠣ ᠰᠢᠶᠠᠩ᠂ ᠶᠤᠸᠠᠨ ᠱᠠᠨ ᠽᠢ ᠰᠢᠶᠠᠩ ᠵᠡᠷᠭᠡ ᠭᠠᠵᠠᠷ᠎ᠤᠳ᠎ᠲᠤ ᠨᠤᠷᠠᠵᠤ ᠶᠡᠭᠦᠷᠡᠬᠦ᠂ ᠶᠡᠭᠦᠷᠡᠬᠦ᠂ ᠰᠢᠪᠠᠷ ᠴᠢᠯᠠᠭᠤᠨ᠎ᠤ ᠤᠷᠤᠰᠬᠠᠯ ᠵᠡᠷᠭᠡ ᠭᠠᠵᠠᠷ ᠰᠢᠨᠵᠢᠯᠡᠭᠡᠨ᠎ᠦ ᠭᠠᠢ ᠭᠠᠮᠰᠢᠭ᠋ ᠡᠭᠦᠰᠴᠦ ᠮᠡᠳᠡᠬᠦ ᠲᠦᠭᠰᠢᠭᠦᠷᠢᠲᠦ ᠴᠢᠨᠠᠷ᠎ᠢᠶᠠᠷ ᠨᠡᠯᠢᠶᠡᠳ ᠥᠨᠳᠥᠷ (3 ᠳ᠋ᠤᠭᠠᠷ ᠲᠠᠰ᠎ᠤᠨ ᠰᠢᠷ᠎ᠠ ᠥᠩᠭᠡ᠎ᠶᠢᠨ ᠰᠡᠷᠡᠮᠵᠢᠯᠡᠭᠦᠯᠦᠯ)᠃ 

ᠳᠡᠭᠡᠷ᠎ᠡ ᠳᠤᠷᠠᠳᠤᠭᠰᠠᠨ ᠣᠷᠣᠨ ᠪᠦᠰᠡ᠎ᠶᠢᠨ ᠳᠤᠮᠳᠠ ᠲᠦᠷᠭᠡᠨ ᠵᠠᠮ᠎ᠤᠨ G18᠂ S31᠂ S24᠂ G7᠂ G512᠂ G109᠂ G209᠂ G241 ᠵᠡᠷᠭᠡ ᠵᠠᠮ ᠳᠠᠭᠠᠤ ᠵᠢᠴᠢ ᠴᠢᠩ ᠱᠦᠢ ᠾᠧ ᠰᠢᠶᠠᠨ᠎ᠤ ᠯᠣᠸ᠋ ᠨᠢᠦ ᠸᠠᠨ᠎ᠤ ᠬᠠᠲᠤᠨ ᠭᠣᠣᠯ᠎ᠤᠨ ᠶᠡᠬᠡ ᠬᠠᠪᠴᠢᠯ᠎ᠤᠨ ᠵᠢᠭᠤᠯᠴᠢᠯᠠᠯ᠎ᠤᠨ ᠣᠷᠣᠨ᠂ ᠵᠡᠭᠦᠨᠭᠠᠷ ᠬᠠᠲᠤᠨ ᠭᠣᠣᠯ᠎ᠤᠨ ᠶᠡᠬᠡ ᠬᠠᠪᠴᠢᠯ᠎ᠤᠨ ᠵᠢᠭᠤᠯᠴᠢᠯᠠᠯ᠎ᠤᠨ ᠣᠷᠣᠨ᠂ ᠳᠠᠯᠠᠳ ᠬᠣᠰᠢᠭᠤᠨ᠎ᠤ ᠡᠩᠬᠡᠪᠡᠢ᠎ᠶᠢᠨ ᠵᠢᠭᠤᠯᠴᠢᠯᠠᠯ᠎ᠤᠨ ᠣᠷᠣᠨ᠂ ᠰᠢᠩ ᠾᠧ ᠰᠢᠶᠠᠨ᠎ᠤ ᠰᠤᠮᠤ ᠠᠭᠤᠯᠠ᠎ᠶᠢᠨ ᠵᠢᠭᠤᠯᠴᠢᠯᠠᠯ᠎ᠤᠨ ᠦᠵᠡᠮᠵᠢ᠎ᠶᠢᠨ ᠣᠷᠣᠨ ᠵᠡᠷᠭᠡ ᠭᠠᠵᠠᠷ᠎ᠤᠳ᠎ᠲᠤ ᠭᠠᠵᠠᠷ ᠰᠢᠨᠵᠢᠯᠡᠭᠡᠨ᠎ᠦ ᠭᠠᠮᠰᠢᠭ᠋ ᠡᠭᠦᠰᠴᠦ ᠮᠡᠳᠡᠬᠦ ᠲᠦᠭᠰᠢᠭᠦᠷᠢ ᠣᠷᠣᠰᠢᠵᠤ ᠪᠠᠢᠨ᠎ᠠ᠃ 

ᠡᠯ᠎ᠡ ᠱᠠᠲᠤᠨ᠎ᠤ ᠵᠠᠰᠠᠭ᠎ᠤᠨ ᠣᠷᠳᠣᠨ ᠬᠢᠭᠡᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠳ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠬᠡᠯ ᠲᠥᠰᠥᠯ᠎ᠦᠨ ᠶᠣᠰᠣᠭᠠᠷ ᠭᠠᠵᠠᠷ ᠰᠢᠨᠵᠢᠯᠡᠭᠡᠨ᠎ᠦ ᠭᠠᠮᠰᠢᠭ᠋᠎ᠢ ᠰᠡᠷᠭᠡᠢᠯᠡᠨ ᠬᠣᠷᠢᠭ᠍ᠯᠠᠬᠤ ᠠᠵᠢᠯ᠎ᠢᠶᠠᠨ ᠰᠠᠢᠲᠤᠷ ᠬᠢᠬᠦ ᠬᠡᠷᠡᠭᠲᠡᠢ᠃ ᠨᠡᠢᠭᠡᠮ ᠨᠡᠶ᠋ᠢᠲᠡ᠎ᠪᠡᠷ᠎ᠢᠶᠡᠨ ᠭᠠᠵᠠᠷ ᠰᠢᠨᠵᠢᠯᠡᠭᠡᠨ᠎ᠦ ᠭᠠᠮᠰᠢᠭ᠋ ᠡᠭᠦᠰᠴᠦ ᠮᠡᠳᠡᠬᠦ ᠴᠠᠭ ᠠᠭᠤᠷ᠎ᠤᠨ ᠠᠶᠤᠯ ᠲᠦᠭᠰᠢᠭᠦᠷᠢ᠎ᠶᠢᠨ ᠰᠡᠷᠡᠮᠵᠢᠯᠡᠭᠦᠯᠦᠯ᠎ᠤᠨ ᠮᠡᠳᠡᠭᠡ ᠵᠠᠩᠭᠢ᠎ᠶᠢ ᠴᠠᠭ ᠲᠤᠬᠠᠢ᠎ᠳᠤ ᠨᠢ ᠠᠩᠬᠠᠷᠴᠤ᠂ ᠭᠠᠵᠠᠷ ᠰᠢᠨᠵᠢᠯᠡᠭᠡᠨ᠎ᠦ ᠭᠠᠮᠰᠢᠭ᠋ ᠡᠭᠦᠰᠴᠦ ᠮᠡᠳᠡᠬᠦ ᠰᠡᠷᠡᠮᠵᠢᠯᠡᠭᠦᠯᠦᠯ ᠲᠠᠢ ᠣᠷᠣᠨ ᠪᠦᠰᠡ᠎ᠳᠦ ᠣᠴᠢᠬᠤ᠎ᠠᠴᠠ ᠭᠡᠷᠰᠡᠦᠯᠡᠬᠦ ᠬᠡᠷᠡᠭᠲᠡᠢ᠃ 

ᠰᠢᠷ᠎ᠠ ᠥᠩᠬᠡ᠎ᠶᠢᠨ ᠰᠡᠷᠡᠮᠵᠢᠯᠡᠭᠦᠯᠦᠯ᠎ᠤᠨ ᠣᠷᠣᠨ᠎ᠳᠦ ᠪᠠᠢᠭ᠎ᠠ ᠬᠥᠮᠥᠰᠰᠡᠷᠡᠮᠵᠢᠯᠡᠭᠦᠯᠦᠯ᠎ᠤᠨ ᠮᠡᠳᠡᠭᠡ ᠵᠠᠩᠭᠢ᠎ᠶᠢᠨ ᠬᠤᠪᠢᠷᠠᠯᠲᠠ᠎ᠶᠢ ᠴᠠᠭ ᠲᠤᠬᠠᠢ᠎ᠳᠤ ᠨᠢ ᠠᠩᠬᠠᠷᠴᠤ᠂ ᠣᠢᠷ᠎ᠠ ᠬᠠᠪᠢ᠎ᠳᠠᠬᠢ ᠰᠡᠷᠡᠮᠵᠢᠯᠡᠭᠦᠯᠦᠯ᠎ᠦᠨ ᠲᠡᠮᠳᠡᠭ᠎ᠢ ᠠᠩᠬᠠᠷᠤᠨ ᠭᠣᠸ᠋ ᠵᠢᠯᠠᠭ᠎ᠠ᠂ ᠲᠠᠰᠢᠭᠤ ᠬᠥᠲᠥᠯ᠂ ᠡᠭᠴᠡ ᠠᠰᠬ᠎ᠠ (ᠳᠠᠪᠠᠭ᠎ᠠ) ᠵᠡᠷᠭᠡ ᠠᠶᠤᠯ ᠲᠦᠭᠰᠢᠭᠦᠷᠢ ᠶᠡᠬᠡᠲᠡᠢ ᠭᠠᠵᠠᠷ᠎ᠲᠤ ᠦᠯᠡᠳᠡᠵᠦ ᠬᠣᠴᠣᠷᠬᠤ ᠠ᠋ᠴᠠ ᠵᠠᠢᠯᠠᠰᠬᠢᠬᠦ ᠬᠡᠷᠡᠭᠲᠡᠢ᠃ 

 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
Baidu
map