ᠴᠢᠨᠠᠷ ᠰᠠᠶ᠋ᠢᠲᠠᠢ ᠬᠥᠭᠵᠢᠯᠲᠡ᠎ᠨᠢ ᠲᠡᠷᠢᠭᠦᠨ᠎ᠤ ᠬᠠᠤᠯᠢᠵᠢᠭ᠍ᠰᠠᠨ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ᠎ᠡᠴᠡ ᠰᠠᠯᠵᠤ ᠴᠢᠳᠠᠬᠤ ᠦᠭᠡᠢ ᠶᠤᠮ ᠃ ᠣᠶ᠋ᠢᠷ᠎ᠠ᠎ᠶᠢᠨ ᠡᠳᠦᠷ᠎ᠤᠳ᠎ᠲᠤ ᠂ ᠰᠤᠷᠪᠤᠯᠵᠢᠯᠠᠭ᠍ᠴᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠬᠠᠤᠯᠢ ᠴᠠᠭᠠᠵᠠ᠎ᠶᠢᠨ ᠪᠠᠶ᠋ᠢᠭᠤᠯᠭ᠎ᠠ ᠂ ᠠᠵᠤ ᠠᠬᠤᠶ᠋ᠢᠯᠠᠯ᠎ᠤᠨ ᠨᠢᠭᠡᠳᠦᠭᠡᠷ ᠹᠷᠣᠨᠲ᠎ᠲᠤ ᠭᠦᠨᠵᠡᠭᠡᠶ᠋ᠢᠷᠡᠨ ᠰᠣᠷᠪᠣᠯᠵᠢᠯᠠᠭᠠᠳ 《ᠬᠠᠤᠯᠢᠵᠢᠯ᠎ᠢᠶᠠᠷ ᠡᠵᠡᠩᠨᠡᠨ ᠬᠤᠳᠠᠯᠳᠤᠭᠠᠯᠠᠬᠤ᠎ᠶᠢ ᠬᠠᠮᠠᠭᠠᠯᠠᠭ᠍ᠰᠠᠨ》 ᠭᠡᠬᠦ ᠡᠨᠡ ᠬᠦ᠌ ᠣᠯᠠᠨ ᠶᠠᠷᠢᠭ᠍ᠳᠠᠳᠠᠭ ᠦᠭᠡ᠎ᠶᠢ ᠣᠯᠠᠨᠲᠠ ᠣᠯᠵᠤ ᠰᠣᠨᠣᠰᠪᠠ ᠃ ᠬᠠᠤᠯᠢ ᠴᠠᠭᠠᠵᠠ᠎ᠶᠢᠨ ᠲᠤᠯᠭᠠᠭᠤᠷᠢᠯᠠᠯ ᠪᠠ ᠦᠢᠯᠡᠴᠢᠯᠡᠭᠡᠨ᠎ᠤ ᠤᠶᠠᠯᠳᠤᠯ᠎ᠤᠨ ᠴᠡᠭ᠎ᠢ ᠬᠡᠷᠬᠢᠨ ᠣᠨᠣᠪᠴᠢᠲᠠᠢ ᠡᠷᠢᠨ ᠣᠯᠵᠤ ᠂ ᠬᠠᠤᠯᠢ ᠴᠠᠭᠠᠵᠠ᠎ᠶᠢᠨ ᠴᠢᠨᠠᠷ ᠰᠠᠶ᠋ᠢᠲᠠᠢ ᠦᠢᠯᠡᠴᠢᠯᠡᠭᠡ᠎ᠪᠠᠷ ᠠᠵᠤ ᠠᠬᠤᠶ᠋ᠢᠯᠠᠯ᠎ᠤᠨ ᠴᠢᠨᠠᠷ ᠰᠠᠶ᠋ᠢᠲᠠᠢ ᠬᠥᠭᠵᠢᠯᠲᠡ᠎ᠶᠢ ᠪᠠᠲᠤᠯᠠᠬᠤ ᠪᠣᠢ ᠭᠡᠬᠦ᠌ ᠠᠰᠠᠭᠤᠯᠲᠠ ᠳᠤ ᠲᠤᠬᠠᠢ ᠶ᠋ᠢᠨ ᠭᠠᠵᠠᠷ ᠲᠤ ᠨᠢ ᠬᠦᠷᠴᠦ᠍ ᠬᠠᠢᠨ ᠰᠦᠪᠡᠭ᠌ᠴᠢᠯᠡᠯ ᠬᠢᠬᠦ᠌ ᠲᠤᠰᠤᠮ ᠢᠶᠠᠨ ᠬᠠᠷᠢᠭᠤᠯᠲᠠ ᠨᠢ ᠬᠠᠷᠢᠨ ᠤᠯᠠᠮ ᠲᠤᠳᠤᠷᠬᠠᠢ ᠪᠥᠭᠡᠳ ᠭᠦᠨ ᠭᠦᠨᠵᠡᠭᠡᠢ ᠪᠣᠯᠵᠤ ᠢᠷᠡᠪᠡ ᠃
ᠠᠵᠤ ᠠᠬᠤᠶ᠋ᠢᠯᠠᠯ᠎ᠤᠨ ᠬᠡᠷᠡᠭᠴᠡᠭᠡ᠎ᠶᠢ ᠠᠰᠠᠭᠤᠵᠤ ᠂ ᠦᠢᠯᠡᠴᠢᠯᠡᠭᠡᠨ᠎ᠤ 《ᠣᠨᠣᠪᠴᠢ᠎ᠶᠢᠨ ᠬᠡᠮᠵᠢᠶ᠎ᠡ》᠎ᠶᠢ ᠨᠡᠮᠡᠭᠳᠡᠭᠦᠯᠪᠡ
《ᠰᠠᠶ᠋ᠢᠨ ᠤᠤ ᠂ ᠵᠠᠷᠭᠤ᠎ᠶᠢᠨ ᠦᠢᠯᠡᠴᠢᠯᠡᠭᠡᠨ᠎ᠤ ᠬᠠᠯᠠᠮᠰᠢᠯ ᠤᠲᠠᠰᠤ 12368 ᠶ᠋ᠢᠨ 〈ᠠᠵᠤ ᠠᠬᠤᠶ᠋ᠢᠯᠠᠯ᠎ᠳᠤ ᠬᠤᠯᠪᠣᠭᠳᠠᠬᠤ ᠲᠤᠰᠬᠠᠢ ᠤᠲᠠᠰᠤ〉᠎ᠶᠢᠨ ᠬᠦᠯᠢᠶᠡᠨ ᠠᠪᠤᠭ᠍ᠴᠢ ᠪᠠᠢᠨ᠎ᠠ ᠂ ᠲᠠ ᠶᠠᠮᠠᠷ ᠵᠥᠪᠯᠡᠯᠭᠡ ᠠᠪᠬᠤ ᠴᠢᠬᠤᠯᠠᠲᠠᠢ ᠪᠣᠶ ?》 《ᠲᠠᠨ᠎ᠤ ᠬᠡᠷᠡᠭ ᠪᠣᠯᠭᠠᠨ ᠳᠠᠩᠰᠠᠯᠠᠭᠤᠯᠬᠤ ᠬᠦᠰᠡᠯ ᠱᠠᠭᠠᠷᠳᠠᠯᠭ᠎ᠠ᠎ᠶᠢ ᠪᠢᠳᠡ ᠨᠢᠭᠡᠨᠲᠡ ᠲᠡᠮᠳᠡᠭᠯᠡᠪᠡ᠂ ᠲᠠᠨ᠎ᠳᠤ ᠴᠠᠭ ᠲᠤᠬᠠᠶ᠎ᠳᠦ ᠨᠢ ᠬᠠᠷᠭᠤᠭᠤᠯᠤᠨ ᠪᠠᠢᠴᠠᠭᠠᠭᠠᠳ ᠬᠠᠷᠢᠭᠤ ᠥᠭᠬᠦ ᠪᠣᠯᠣᠨ᠎ᠠ》 ᠁ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶᠠᠨ᠎ᠤ ᠵᠠᠷᠭᠤᠯᠳᠤᠭᠠᠨᠤ ᠦᠢᠯᠡᠴᠢᠯᠡᠭᠡᠨ᠎ᠤ ᠲᠥᠪ᠎ᠲᠤ ᠬᠦᠷᠦᠭᠡᠳ ᠣᠴᠢᠪᠠᠯ᠂ ᠮᠠᠰᠢ ᠲᠤᠳᠤᠷᠠᠭᠤᠨ ᠳᠠᠭᠤᠨ ᠢᠶᠠᠷ ᠤᠲᠠᠰᠤ ᠢᠷᠡᠵᠦ᠍ ᠪᠠᠢᠭ᠎ᠠ ᠳᠠᠭᠤᠨ ᠨᠢ ᠰᠣᠷᠪᠣᠯᠵᠢᠯᠠᠭ᠍ᠴᠢ᠎ᠶᠢᠨ ᠠᠩᠬᠠᠷᠤᠯ᠎ᠢ ᠲᠠᠲᠠᠪᠠ ᠂ ᠬᠦᠯᠢᠶᠡᠨ ᠠᠪᠤᠭ᠍ᠴᠢ᠎ᠶᠢᠨ ᠵᠠᠷᠢᠮ᠎ᠨᠢ ᠠᠵᠤ ᠠᠬᠤᠶ᠋ᠢᠯᠠᠯ᠎ᠳᠤ ᠬᠡᠷᠡᠭ᠎ᠤᠨ ᠵᠥᠪᠯᠡᠯᠭᠡ ᠬᠠᠩᠭᠠᠵᠤ ᠂ ᠵᠠᠷᠢᠮ᠎ᠨᠢ ᠵᠠᠷᠭᠤ᠎ᠶᠢᠨ ᠵᠢᠯᠣᠭᠣᠳᠤᠯᠭ᠎ᠠ᠎ᠶᠢᠨ ᠦᠢᠯᠡᠴᠢᠯᠡᠭᠡ ᠬᠠᠩᠭᠠᠵᠤ ᠪᠣᠢ ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠤᠷᠢᠶ᠎ᠠ 7 ᠳ᠋ᠤᠭᠠᠷ ᠰᠠᠷ᠎ᠠ᠎ᠶᠢᠨ 21᠎ᠤ ᠡᠳᠦᠷ ᠵᠠᠷᠭᠤ᠎ᠶᠢᠨ ᠦᠢᠯᠡᠴᠢᠯᠡᠭᠡᠨ᠎ᠤ ᠬᠠᠯᠠᠮᠰᠢᠯ ᠤᠲᠠᠰᠤ12368 ᠶ᠋ᠢᠨ 《ᠠᠵᠤ ᠠᠬᠤᠶ᠋ᠢᠯᠠᠯ᠎ᠳᠤ ᠬᠤᠯᠪᠣᠭᠳᠠᠬᠤ ᠲᠤᠰᠬᠠᠶ ᠱᠤᠭᠤᠮ》᠎ᠢ ᠵᠢᠩᠬᠢᠨᠢ᠎ᠪᠠᠷ ᠨᠡᠪᠲᠡᠷᠡᠭᠦᠯᠪᠡ ᠂ ᠡᠨᠡ ᠨᠢ ᠨᠠᠩ ᠴᠢᠨᠠᠷ ᠰᠠᠶ᠋ᠢᠲᠠᠶ ᠂ ᠥᠨᠳᠥᠷ ᠪᠦᠲᠦᠮᠵᠢᠲᠡᠶ ᠂ ᠣᠨᠣᠴᠠᠲᠠᠶ ᠬᠠᠤᠯᠢ ᠴᠠᠭᠠᠵᠠ᠎ᠶᠢᠨ ᠦᠢᠯᠡᠴᠢᠯᠡᠭᠡ᠎ᠪᠠᠷ ᠳᠠᠮᠵᠢᠭᠤᠯᠤᠨ ᠂ ᠵᠠᠷᠭᠤ᠎ᠳᠤ ᠬᠤᠯᠪᠣᠭᠳᠠᠭᠰᠠᠨ ᠠᠵᠤ ᠠᠬᠤᠶ᠋ᠢᠯᠠᠯ᠎ᠤᠨ ᠵᠠᠷᠭᠤ ᠬᠢᠬᠦ᠌ ᠶᠠᠪᠤᠴᠠ᠎ᠳᠤ ᠠᠰᠠᠭᠤᠳᠠᠯ᠎ᠲᠠᠢ ᠪᠣᠯ ᠤᠲᠠᠰᠤ ᠪᠠᠷ ᠨᠡᠪᠲᠡᠷᠡᠯᠴᠡᠵᠦ ᠳᠡᠶ᠋ᠢᠯᠬᠦ ᠂ ᠠᠰᠠᠭᠤᠵᠤ ᠳᠡᠶ᠋ᠢᠯᠬᠦ ᠂ ᠰᠠᠶ᠋ᠢᠲᠤᠷ ᠰᠢᠢᠳᠪᠦᠷᠢᠯᠡᠬᠦ᠎ᠶᠢ ᠦᠨᠡᠨ ᠬᠦ᠌ ᠪᠠᠲᠤᠯᠠᠬᠤ᠎ᠶᠢᠨ ᠲᠥᠯᠥᠭᠡ ᠶᠤᠮ ᠃
ᠨᠠᠷᠢᠯᠢᠭ᠋ ᠣᠨᠣᠪᠴᠢᠲᠠᠢ᠎ᠪᠡᠷ 《ᠰᠤᠳᠠᠯ ᠪᠠᠷᠢᠵᠤ》 ᠂ ᠥᠨᠳᠥᠷ ᠪᠦᠲᠦᠮᠵᠢᠲᠡᠢ᠎ᠪᠠᠷ 《ᠵᠣᠷ ᠥᠭ᠌ᠭᠦᠨ᠎ᠡ》᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ ᠨᠢ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠳᠤ᠎ᠪᠠᠨ ᠰᠠᠭᠤᠷᠢᠯᠠᠨ ᠂ ᠣᠶ᠋ᠢᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ᠋ᠢᠯᠠᠯ᠎ᠢ ᠳᠡᠮᠵᠢᠬᠦ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠲᠤᠰᠬᠠᠶ ᠠᠩᠭᠢ ᠪᠠᠶ᠋ᠢᠭᠤᠯᠵᠤ ᠂ ᠪᠥᠬᠦ ᠣᠷᠣᠨ᠎ᠤ ᠴᠢᠬᠤᠯᠠ ᠶᠡᠭᠡ ᠲᠥᠷᠥᠯ ᠵᠦᠢᠯ᠎ᠳᠦ ᠬᠠᠤᠯᠢ ᠴᠠᠭᠠᠵᠠ᠎ᠶᠢᠨ ᠰᠠᠨᠠᠯ ᠬᠠᠩᠭᠠᠵᠤ ᠂ ᠡᠯ᠎ᠡ ᠲᠥᠷᠥᠯ᠎ᠤᠨ ᠵᠠᠬ᠎ᠠ ᠳᠡᠯᠭᠡᠭᠦᠷ᠎ᠤᠨ ᠭᠤᠤᠯ ᠴᠣᠭᠴᠠ ᠣᠨᠴᠠᠭᠠᠢᠯᠠᠨ ᠭᠤᠤᠯᠳᠠᠯᠭ᠎ᠠ ᠪᠣᠯᠬᠤ ᠠᠵᠤ ᠠᠬᠤᠶ᠋ᠢᠯᠠᠯ ᠂ ᠲᠤᠰᠬᠠᠶ ᠨᠠᠷᠢᠯᠢᠭ᠋ ᠣᠨᠴᠠ ᠰᠢᠨ᠎ᠡ ᠠᠵᠤ ᠠᠬᠤᠶ᠋ᠢᠯᠠᠯ ᠂ ᠳᠤᠮᠳᠠ ᠵᠢᠵᠢᠭ ᠪᠢᠴᠢᠯ ᠠᠵᠤ ᠠᠬᠤᠢᠯᠠᠯ᠎ᠤᠳ᠎ᠲᠤ ᠬᠠᠤᠯᠢ ᠴᠠᠭᠠᠵᠠ᠎ᠶᠢᠨ ᠵᠥᠪᠯᠡᠯᠭᠡ ᠥᠭᠬᠦ ᠂ ᠵᠠᠭᠤᠷᠠᠯᠳᠤᠭᠠᠨ᠎ᠢ ᠡᠶᠡᠳᠡᠭᠦᠯᠬᠦ ᠵᠡᠷᠭᠡ ᠬᠠᠤᠯᠢ ᠴᠠᠭᠠᠵᠠ᠎ᠶᠢᠨ ᠦᠢᠯᠡᠴᠢᠯᠡᠭᠡ ᠬᠠᠩᠭᠠᠵᠤ ᠪᠣᠢ ᠃
ᠥᠪᠥᠷ ᠮᠣᠩᠭᠤᠯ᠎ᠤᠨ ᠤᠯᠤᠰ ᠲᠥᠷᠥ ᠬᠠᠤᠯᠢ ᠴᠠᠭᠠᠵᠠ᠎ᠶᠢᠨ ᠪᠠᠶ᠋ᠢᠭᠤᠯᠭ᠎ᠠ ᠨᠢ ᠦᠢᠯᠡᠴᠢᠯᠡᠭᠡᠨ᠎ᠦ ᠣᠶ᠋ᠢᠯᠠᠭᠠᠭᠳᠠᠬᠤᠨ᠎ᠤ ᠲᠠᠯ᠎ᠠ᠎ᠪᠠᠷ ᠣᠷᠣᠨ ᠪᠠᠶ᠋ᠢᠷᠢ᠎ᠪᠠᠨ ᠣᠨᠣᠪᠴᠢᠲᠠᠶ ᠲᠣᠭᠲᠠᠭᠠᠵᠤ ᠂ ᠲᠣᠭᠲᠠᠮᠠᠯ ᠬᠤᠭᠤᠴᠠᠭ᠎ᠠ᠎ᠲᠠᠢ᠎ᠪᠠᠷ ᠬᠠᠷᠢᠶ᠎ᠠ ᠣᠷᠣᠨ᠎ᠤ ᠠᠵᠤ ᠠᠬᠤᠶ᠋ᠢᠯᠠᠯ᠎ᠳᠤ ᠭᠦᠨᠵᠡᠭᠡᠶ᠋ᠢᠷᠡᠨ ᠪᠠᠶ᠋ᠢᠴᠠᠭᠠᠨ ᠰᠤᠳᠤᠯᠤᠯᠲᠠ ᠬᠢᠵᠦ ᠂ ᠶᠠᠷᠢᠯᠴᠠᠬᠤ ᠬᠤᠷᠠᠯ ᠥᠷᠨᠢᠭᠦᠯᠦᠨ ᠂ ᠠᠵᠤ ᠠᠬᠤᠶ᠋ᠢᠯᠠᠯ᠎ᠤᠨ ᠦᠢᠯᠡᠳᠪᠦᠷᠢᠯᠡᠯ ᠡᠵᠡᠩᠨᠡᠯᠲᠡ᠎ᠶᠢᠨ ᠪᠠᠶ᠋ᠢᠳᠠᠯ ᠪᠠ ᠬᠠᠤᠯᠢ ᠴᠠᠭᠠᠵᠠ᠎ᠶᠢᠨ ᠬᠡᠷᠡᠭᠴᠡᠭᠡ᠎ᠶᠢ ᠭᠦᠢᠴᠡᠳ ᠣᠶ᠋ᠢᠯᠠᠭᠠᠵᠤ ᠂ ᠠᠵᠤ ᠠᠬᠤᠶ᠋ᠢᠯᠠᠯ᠎ᠤᠨ ᠬᠠᠤᠯᠢ ᠶᠣᠰᠣᠨ᠎ᠤ ᠡᠷᠬᠡ ᠠᠰᠢᠭ᠋᠎ᠢ ᠬᠠᠮᠠᠭᠠᠯᠠᠬᠤ ᠂ ᠠᠶᠤᠯ ᠲᠦᠭᠰᠢᠭᠦᠷᠢ ᠬᠡᠮ ᠰᠣᠭᠤᠭ᠎ᠢ ᠰᠡᠷᠭᠡᠶ᠋ᠢᠯᠡᠨ ᠡᠵᠡᠮᠳᠡᠬᠦ ᠂ ᠲᠣᠭᠲᠠᠭᠤᠨ ᠪᠥᠭᠡᠳ ᠡᠷᠡᠭᠦᠯ᠎ᠢᠶᠠᠷ ᠬᠥᠭᠵᠢᠬᠦ᠎ᠳᠤ ᠨᠢ ᠬᠠᠤᠯᠢ ᠴᠠᠭᠠᠵᠠ᠎ᠶᠢᠨ ᠦᠢᠯᠡᠴᠢᠯᠡᠭᠡ ᠬᠠᠩᠭᠠᠵᠤ ᠂ ᠠᠵᠤ ᠠᠬᠤᠶ᠋ᠢᠯᠠᠯ᠎ᠢ ᠬᠥᠲᠥᠯᠥᠨ ᠵᠢᠯᠣᠭᠤᠳᠴᠤ ᠪᠠᠶ᠋ᠢᠭᠠᠳ ᠬᠠᠤᠯᠢ ᠴᠠᠭᠠᠵᠠ᠎ᠶᠢᠨ ᠠᠶᠤᠯ ᠲᠦᠭᠰᠢᠭᠦᠷᠢ᠎ᠶᠢ ᠡᠵᠡᠮᠳᠡᠬᠦ ᠬᠣᠷᠢᠭ᠎ᠠ ᠪᠣᠭᠤᠮᠲᠠ᠎ᠶᠢ ᠤᠷᠤᠭ᠍ᠰᠢ ᠰᠢᠯᠵᠢᠭᠦᠯᠵᠦ ᠂ 《ᠬᠡᠷᠡᠭ᠎ᠤᠨ ᠳᠠᠷᠠᠭ᠎ᠠ ᠰᠠᠶᠢ ᠡᠷᠬᠡ᠎ᠪᠠᠨ ᠬᠠᠮᠠᠭᠠᠯᠠᠬᠤ》 ᠭᠡᠵᠦ᠍ ᠴᠢᠷᠮᠠᠢᠵᠤ ᠪᠠᠢᠭ᠍ᠰᠠᠨ᠎ᠢ ᠨᠢ 《ᠬᠡᠷᠡᠭ᠎ᠡᠴᠡ ᠡᠮᠦᠨ᠎ᠡ ᠤᠷᠢᠳᠴᠢᠯᠠᠨ ᠰᠡᠷᠭᠡᠶ᠋ᠢᠯᠡᠬᠦ》 ᠪᠣᠯᠭᠠᠬᠤ ᠬᠤᠪᠢᠷᠠᠭᠤᠯᠤᠯᠲᠠ᠎ᠶᠢ ᠪᠡᠶᠡᠯᠡᠭᠦᠯᠪᠡ ᠃
ᠴᠤᠪᠤᠷᠠᠯ᠎ᠢ ᠰᠢᠯᠢᠳᠡᠭᠵᠢᠭᠦᠯᠵᠦ ᠂ ᠠᠵᠢᠯ ᠶᠠᠪᠤᠳᠠᠯ ᠭᠦᠢᠴᠡᠳᠭᠡᠬᠦ᠎ᠳᠤ 《ᠲᠥᠬᠦᠮ ᠦᠵᠡᠭᠦᠯᠬᠦ ᠬᠡᠮᠵᠢᠶ᠎ᠡ》᠎ᠶᠢ ᠳᠡᠭᠡᠭᠰᠢᠯᠡᠭᠦᠯᠪᠡ
ᠪᠠᠶᠠᠨᠨᠠᠭᠤᠷ ᠬᠤᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶᠠᠨ᠎ᠤ ᠳᠣᠲᠣᠭᠠᠳᠤ᠎ᠶᠢ ᠬᠠᠮᠠᠭᠠᠯᠠᠬᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠥᠪ᠎ᠲᠤ ᠬᠦᠷᠪᠡᠯ ᠂ ᠠᠵᠤ ᠠᠬᠤᠶ᠋ᠢᠯᠠᠯ᠎ᠳᠤ ᠬᠤᠯᠪᠣᠭᠳᠠᠬᠤ ᠦᠢᠯᠡᠴᠢᠯᠡᠭᠡᠨ᠎ᠤ 《ᠨᠢᠭᠡᠳᠦᠭᠡᠷ ᠨᠣᠮᠧᠷᠲᠤ ᠴᠣᠩᠬᠣᠪᠴᠢ》᠎ᠶᠢᠨ ᠡᠮᠦᠨ᠎ᠡ ᠂ ᠦᠢᠯᠡᠴᠢᠯᠡᠭᠡᠨ᠎ᠤ ᠵᠦᠢᠯᠡᠰ᠎ᠢ ᠭᠦᠢᠴᠡᠳᠭᠡᠬᠦ᠎ᠪᠠᠷ ᠢᠷᠡᠭᠰᠡᠨ ᠠᠵᠤ ᠠᠬᠤᠶ᠋ᠢᠯᠠᠯ᠎ᠤᠨ ᠠᠵᠢᠯᠲᠠᠳ ᠲᠠᠰᠤᠷᠠᠯᠲᠠ ᠥᠬᠡᠶ ᠢᠷᠡᠵᠦ ᠶᠠᠪᠤᠨ᠎ᠠ ᠃ ᠲᠣᠰ ᠴᠣᠩᠬᠣᠪᠴᠢ᠎ᠶᠢ ᠨᠢᠳᠤᠨᠤᠨ ᠠᠵᠢᠯᠯᠠᠭᠤᠯᠤᠭᠰᠠᠨ᠎ᠠᠴᠠ ᠨᠠᠭᠠᠰᠢ ᠂ ᠠᠵᠤ ᠠᠬᠤᠶ᠋ᠢᠯᠠᠯ᠎ᠳᠤ ᠨᠡᠶ᠋ᠢᠲᠡ ᠥᠨᠳᠥᠷ ᠪᠦᠲᠦᠮᠵᠢᠲᠡᠶ ᠨᠠᠷᠢᠯᠢᠭ᠋ ᠣᠨᠣᠪᠴᠢᠲᠠᠢ ᠦᠢᠯᠡᠴᠢᠯᠡᠭᠡ᠎ᠶᠢ 300 ᠭᠠᠷᠤᠶ ᠤᠳᠠᠭ᠎ᠠ ᠬᠠᠩᠭᠠᠵᠤ ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠂ ᠬᠠᠨᠤᠮᠵᠢ᠎ᠶᠢᠨ ᠨᠣᠷᠮ᠎ᠠ᠎ᠨᠢ ᠴᠥᠮ 100% ᠳᠦ ᠬᠦᠷᠴᠡᠶ ᠃ ᠣᠳᠣᠬᠠᠨ᠎ᠳᠤ ᠂ ᠠᠵᠤ ᠠᠬᠤᠶ᠋ᠢᠯᠠᠯ᠎ᠳᠤ ᠬᠤᠯᠪᠣᠭᠳᠠᠬᠤ ᠦᠢᠯᠡᠴᠢᠯᠡᠭᠡᠨ᠎ᠤ 《ᠨᠢᠭᠡᠳᠦᠭᠡᠷ ᠨᠣᠮᠧᠷᠲᠤ ᠴᠣᠩᠬᠣᠪᠴᠢ》᠎ᠨᠢ ᠨᠢᠭᠡᠨᠲᠡ ᠠᠵᠤ ᠠᠬᠤᠶ᠋ᠢᠯᠠᠯ᠎ᠤᠨ 《ᠨᠡᠷ᠎ᠡ᠎ᠶᠢᠨ ᠬᠠᠭᠤᠳᠠᠰᠤ》 ᠪᠣᠯᠤᠭᠰᠠᠨ ᠪᠠᠶ᠋ᠢᠨ᠎ᠠ ᠃
ᠮᠡᠳᠡᠯᠭᠡ᠎ᠶᠢᠨ ᠥᠮᠴᠢᠯᠡᠯ᠎ᠦᠨ ᠡᠷᠬᠡ᠎ᠶᠢ ᠬᠠᠮᠠᠭᠠᠯᠠᠬᠤ ᠪᠣᠯ ᠳᠠᠷᠤᠢ ᠰᠢᠨ᠎ᠡ ᠡᠭᠦᠳᠦᠯᠲᠡ᠎ᠶᠢ ᠬᠠᠮᠠᠭᠠᠯᠠᠵᠤ ᠪᠠᠢᠭ᠎ᠠ ᠶᠠᠪᠤᠳᠠᠯ ᠮᠥᠨ ᠃ ᠣᠶ᠋ᠢᠷ᠎ᠠ᠎ᠶᠢᠨ ᠵᠢᠯ᠎ᠤᠳ᠎ᠲᠤ ᠂ ᠥᠪᠥᠷ ᠮᠣᠩᠭᠤᠯ᠎ᠤᠨ ᠪᠠᠶ᠋ᠢᠴᠠᠭᠠᠬᠤ ᠪᠠᠶ᠋ᠢᠭᠤᠯᠭ᠎ᠠ ᠨᠤᠭᠤᠳ ᠠᠵᠤ ᠠᠬᠤᠶ᠋ᠢᠯᠠᠯ᠎ᠤᠨ ᠬᠦᠰᠡᠯ ᠱᠠᠭᠠᠷᠳᠠᠯᠭ᠎ᠠ᠎ᠶᠢᠨ ᠵᠠᠮ᠎ᠢ ᠰᠠᠭᠠᠳ ᠥᠬᠡᠶ ᠨᠡᠪᠲᠡᠷᠡᠭᠦᠯᠵᠦ ᠂ ᠬᠠᠤᠯᠢᠵᠢᠯ᠎ᠤᠨ ᠬᠠᠩᠭᠠᠯᠭ᠎ᠠ᠎ᠶᠢ ᠲᠠᠰᠤᠷᠠᠯᠲᠠ ᠥᠬᠡᠶ ᠴᠢᠩᠭᠠᠳᠬᠠᠪᠠ ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠶ᠋ᠢᠴᠠᠭᠠᠬᠤ ᠬᠤᠷᠢᠶ᠎ᠠ ᠂ ᠬᠥᠬᠡᠬᠤᠲᠠ᠎ᠶᠢᠨ ᠠᠷᠠᠳ᠎ᠤᠨ ᠪᠠᠶ᠋ᠢᠴᠠᠭᠠᠬᠤ ᠬᠤᠷᠢᠶ᠎ᠠ ᠂ ᠲᠦᠮᠡᠳ ᠵᠡᠭᠦᠨ ᠬᠤᠰᠢᠭᠤᠨ᠎ᠤ ᠠᠷᠠᠳ᠎ᠤᠨ ᠪᠠᠶ᠋ᠢᠴᠠᠭᠠᠬᠤ ᠬᠤᠷᠢᠶ᠎ᠠ᠎ᠨᠢ ᠤᠯᠤᠰ᠎ᠤᠨ ᠰᠦ ᠰᠠᠭᠠᠯᠢ ᠶ᠋ᠢᠨ ᠦᠢᠯᠡᠰ᠎ᠤᠨ ᠮᠡᠷᠭᠡᠵᠢᠯ᠎ᠤᠨ ᠰᠢᠨ᠎ᠡ᠎ᠶᠢ ᠡᠭᠦᠳᠬᠦ ᠲᠥᠪ᠎ᠲᠤ ᠪᠥᠬᠦ ᠣᠷᠣᠨ᠎ᠤ ᠠᠩᠬᠠᠳᠠᠭ᠍ᠴᠢ 《ᠮᠡᠳᠡᠯᠭᠡ᠎ᠶᠢᠨ ᠥᠮᠴᠢᠯᠡᠯ᠎ᠦᠨ ᠡᠷᠬᠡ᠎ᠶᠢᠨ ᠪᠠᠶ᠋ᠢᠴᠠᠭᠠᠬᠤ ᠠᠵᠢᠯ᠎ᠤᠨ ᠥᠷᠲᠡᠭᠡ》᠎ᠶᠢ ᠪᠠᠶ᠋ᠢᠭᠤᠯᠪᠠ ; ᠬᠥᠬᠡᠬᠤᠲᠠ᠎ᠶᠢᠨ ᠢᠦᠢ ᠴᠢᠤᠸᠠᠨ ᠲᠣᠭᠤᠷᠢᠭ᠋᠎ᠤᠨ ᠠᠷᠠᠳ᠎ᠤᠨ ᠪᠠᠶ᠋ᠢᠴᠠᠭᠠᠬᠤ ᠬᠤᠷᠢᠶ᠎ᠠ ᠪᠠ ᠲᠣᠭᠲᠠᠬᠤ ᠰᠢᠶᠠᠨ᠎ᠤ ᠠᠷᠠᠳ᠎ᠤᠨ ᠪᠠᠶ᠋ᠢᠴᠠᠭᠠᠬᠤ ᠬᠤᠷᠢᠶ᠎ᠠ ᠨᠢ ᠥᠪᠥᠷ ᠮᠣᠩᠭᠤᠯ᠎ᠤᠨ ᠹᠦ ᠹᠧᠩ ᠠᠮᠢᠳᠤ ᠪᠣᠳᠠᠰ᠎ᠤᠨ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ ᠂ ᠥᠪᠥᠷ ᠮᠣᠩᠭᠤᠯ᠎ᠤᠨ ᠵᠢᠦ ᠲᠠᠢ ᠰᠢᠨ᠎ᠡ ᠮᠠᠲᠧᠷᠢᠶᠠᠯ᠎ᠤᠨ ᠬᠢᠵᠠᠭᠠᠷᠲᠤ ᠺᠣᠮᠫᠠᠨᠢ᠎ᠳᠤ ᠲᠤᠰ ᠲᠤᠰ 《ᠮᠡᠳᠡᠯᠭᠡ᠎ᠶᠢᠨ ᠥᠮᠴᠢᠯᠡᠯ᠎ᠦᠨ ᠡᠷᠬᠡ᠎ᠶᠢᠨ ᠪᠠᠶ᠋ᠢᠴᠠᠭᠠᠨ ᠬᠠᠮᠠᠭᠠᠯᠠᠬᠤ ᠶ᠋ᠢᠨ ᠬᠠᠷᠢᠯᠴᠠᠬᠤ ᠴᠡᠭ》 ᠳᠣᠬᠢᠷᠠᠭᠤᠯᠵᠤ ᠂ ᠠᠵᠤ ᠠᠬᠤᠶ᠋ᠢᠯᠠᠯ᠎ᠳᠤ 《ᠬᠡᠷ᠎ᠤᠨ ᠡᠭᠦᠳᠡᠨ》᠎ᠳᠠᠬᠢ ᠪᠠᠶ᠋ᠢᠴᠠᠭᠠᠬᠤ ᠦᠢᠯᠡᠴᠢᠯᠡᠭᠡ᠎ᠶᠢ ᠬᠦᠷᠲᠡᠭᠡᠵᠦ ᠂ ᠠᠵᠤ ᠠᠬᠤᠶ᠋ᠢᠯᠠᠯ᠎ᠤᠨ ᠰᠢᠨ᠎ᠡ᠎ᠶᠢ ᠡᠭᠦᠳᠬᠦ ᠬᠥᠭᠵᠢᠯᠲᠡ᠎ᠳᠤ ᠨᠠᠩ ᠰᠠᠶ᠋ᠢᠨ ᠬᠦᠴᠦᠨ ᠨᠡᠮᠡᠷᠢᠯᠡᠪᠡ ᠃
ᠬᠤᠤᠯᠢᠨ ᠭᠣᠣᠯ ᠬᠤᠲᠠ᠎ᠶᠢᠨ ᠠᠷᠠᠳ᠎ᠤᠨ ᠰᠢᠭᠦᠬᠦ ᠬᠤᠷᠢᠶ᠎ᠠ ᠨᠢ ᠵᠠᠷᠭᠤ᠎ᠶᠢᠨ ᠦᠢᠯᠡᠴᠢᠯᠡᠭᠡᠨ᠎ᠤ ᠲᠥᠪ᠎ᠲᠤ ᠠᠵᠤ ᠠᠬᠤᠶ᠋ᠢᠯᠠᠯ᠎ᠳᠤ ᠬᠤᠯᠪᠣᠭᠳᠠᠬᠤ ᠦᠢᠯᠡᠴᠢᠯᠡᠭᠡᠨ᠎ᠤ ᠲᠤᠰᠬᠠᠶ ᠴᠣᠩᠬᠣᠪᠴᠢ ᠪᠠᠶ᠋ᠢᠭᠤᠯᠵᠤ ᠂ ᠠᠵᠤ ᠠᠬᠤᠶ᠋ᠢᠯᠠᠯ᠎ᠳᠤ ᠬᠤᠯᠪᠣᠭᠳᠠᠭᠰᠠᠨ ᠬᠡᠷᠡᠭ᠎ᠲᠤ ᠤᠷᠢᠳ᠎ᠢᠶᠠᠷ ᠰᠠᠯᠭᠠᠨ ᠲᠣᠬᠢᠷᠠᠭᠤᠯᠬᠤ ᠂ ᠤᠷᠢᠳ᠎ᠢᠶᠠᠷ ᠡᠶᠡᠳᠡᠭᠦᠯᠬᠦ ᠂ ᠤᠷᠢᠳ᠎ᠢᠶᠠᠷ ᠰᠢᠭᠦᠨ ᠰᠢᠢᠳᠪᠦᠷᠢᠯᠡᠬᠦ᠎ᠶᠢ ᠬᠡᠷᠡᠭᠵᠢᠭᠦᠯᠪᠡ ; ᠪᠤᠭᠤᠲᠤ ᠬᠤᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ ᠨᠢ ᠲᠥᠷᠥᠯ ᠵᠦᠢᠯ᠎ᠤᠨ ᠪᠦᠲᠦᠭᠡᠨ ᠪᠠᠶ᠋ᠢᠭᠤᠯᠤᠯᠲᠠ ᠪᠠ ᠠᠵᠤ ᠠᠬᠤᠶ᠋ᠢᠯᠠᠯ᠎ᠤᠨ ᠬᠥᠭᠵᠢᠯᠲᠡ᠎ᠶᠢᠨ ᠪᠣᠳᠠᠲᠠᠶ ᠬᠡᠷᠡᠭᠴᠡᠭᠡ᠎ᠳᠤ ᠠᠩᠬᠠᠷᠤᠯ᠎ᠢᠶᠠᠨ ᠲᠥᠪᠯᠡᠷᠡᠭᠦᠯᠵᠦ ᠂ 《ᠲᠥᠷᠥᠯ ᠵᠦᠢᠯ᠎ᠤᠨ ᠴᠠᠭᠳᠠᠭᠠᠨ ᠳᠠᠷᠤᠭ᠎ᠠ》᠎ᠶᠢᠨ ᠠᠵᠤ ᠠᠬᠤᠶ᠋ᠢᠯᠠᠯ᠎ᠢ ᠳᠠᠭᠠᠭᠠᠨ ᠬᠠᠷᠢᠯᠴᠠᠬᠤ ᠠᠵᠢᠯ᠎ᠤᠨ ᠲᠣᠭᠲᠠᠴᠠ᠎ᠶᠢ ᠲᠣᠭᠲᠠᠭᠠᠪᠠ ᠁ ᠪᠥᠬᠦ ᠣᠷᠣᠨ᠎ᠤ ᠤᠯᠤᠰ ᠲᠥᠷᠥ ᠬᠠᠤᠯᠢ ᠴᠠᠭᠠᠵᠠ᠎ᠶᠢᠨ ᠪᠠᠶ᠋ᠢᠭᠤᠯᠭ᠎ᠠ᠎ᠨᠤᠭᠤᠳ ᠠᠵᠤ ᠠᠬᠤᠶ᠋ᠢᠯᠠᠯ᠎ᠳᠤ ᠬᠤᠯᠪᠣᠭᠳᠠᠬᠤ ᠦᠢᠯᠡᠴᠢᠯᠡᠭᠡᠨ᠎ᠦ ᠲᠣᠭᠲᠠᠯᠴᠠᠭ᠎ᠠ᠎ᠶᠢ ᠲᠡᠭᠦᠯᠳᠡᠷᠵᠢᠭᠦᠯᠬᠦ ᠂ ᠦᠢᠯᠡᠴᠢᠯᠡᠭᠡᠨ᠎ᠦ ᠴᠤᠪᠤᠷᠠᠯ᠎ᠢ ᠰᠢᠯᠢᠳᠡᠭᠵᠢᠭᠦᠯᠬᠦ ᠂ ᠠᠵᠢᠯ ᠶᠠᠪᠤᠳᠠᠯ ᠭᠦᠢᠴᠡᠳᠬᠡᠬᠦ ᠳᠠᠷᠠᠭᠠᠯᠠᠯ᠎ᠢ ᠳᠥᠭᠦᠮᠴᠢᠯᠡᠬᠦ ᠂ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠤᠨ ᠠᠷᠭ᠎ᠠ ᠪᠠᠷᠢᠯ᠎ᠢ ᠠᠰᠢᠭ᠍ᠯᠠᠨ ᠦᠢᠯᠡᠴᠢᠯᠡᠭᠡᠨ᠎ᠦ ᠴᠢᠨᠠᠷ ᠴᠢᠨᠰᠠᠭ᠎ᠠ ᠪᠠ ᠦᠷ᠎ᠡ ᠪᠦᠲᠦᠮᠵᠢ᠎ᠶᠢ ᠪᠥᠬᠦ ᠲᠠᠯ᠎ᠠ᠎ᠪᠠᠷ ᠳᠡᠭᠡᠭᠰᠢᠯᠡᠭᠦᠯᠵᠦ ᠂ ᠠᠵᠤ ᠠᠬᠤᠶ᠋ᠢᠯᠠᠯ᠎ᠳᠤ ᠲᠥᠬᠦᠮ ᠦᠵᠡᠭᠦᠯᠬᠦ ᠠᠯᠢ ᠣᠯᠠᠨ ᠠᠷᠭ᠎ᠠ ᠬᠡᠮᠵᠢᠶ᠎ᠡ᠎ᠨᠦᠭᠦᠳ᠎ᠢ ᠨᠡᠶ᠋ᠢᠲᠡᠯᠡᠵᠦ ᠂ ᠠᠵᠤ ᠠᠬᠤᠶ᠋ᠢᠯᠠᠯ᠎ᠳᠤ ᠪᠣᠳᠠᠲᠠᠶ ᠠᠰᠢᠭ᠋ ᠬᠦᠷᠲᠡᠭᠡᠵᠦ ᠂ ᠦᠷ᠎ᠡ ᠪᠦᠲᠦᠭᠡᠯ᠎ᠢ ᠡᠳ᠋ᠯᠡᠭᠦᠯᠪᠡ ᠃
ᠭᠤᠣᠯ ᠠᠵᠢᠯ ᠦᠢᠯᠡᠰ᠎ᠢ ᠭᠦᠨ ᠠᠭᠤᠳᠠᠯᠵᠤ ᠂ ᠠᠵᠤ ᠠᠬᠤᠶ᠋ᠢᠯᠠᠯ᠎ᠢ ᠬᠠᠮᠠᠭᠠᠯᠠᠬᠤ ᠶ᠋ᠢᠨ 《ᠬᠤᠷᠳᠤᠴᠠ》 ᠪᠠᠨ ᠲᠦᠷᠭᠡᠳᠬᠡᠪᠡ
ᠠᠵᠤ ᠠᠬᠤᠢ ᠨᠡᠶ᠋ᠢᠭᠡᠮ᠎ᠤᠨ ᠴᠢᠨᠠᠷ ᠰᠠᠶ᠋ᠢᠲᠠᠢ ᠬᠥᠭᠵᠢᠯᠲᠡ᠎ᠨᠢ ᠴᠢᠨᠠᠷ ᠰᠠᠢᠲᠠᠢ 《ᠬᠥᠷᠥᠰᠥ ᠰᠢᠷᠣᠢ》᠎ᠠᠴᠠ ᠰᠠᠯᠵᠤ ᠴᠢᠳᠠᠬᠤ ᠦᠭᠡᠢ ᠂ ᠬᠠᠤᠯᠢᠵᠢᠯ ᠪᠣᠯ ᠶᠠᠭ ᠡᠨᠡ ᠬᠦ᠌ ᠦᠩ ᠰᠢᠮᠡᠯᠢᠭ ᠬᠥᠷᠥᠰᠥᠨ᠎ᠤ ᠦᠨᠳᠦᠰᠦᠨ ᠪᠠᠲᠤᠯᠠᠭ᠎ᠠ ᠮᠥᠨ ᠃
ᠪᠥᠬᠦ ᠣᠷᠣᠨ᠎ᠤ ᠤᠯᠤᠰ ᠲᠥᠷᠥ ᠬᠠᠤᠯᠢ ᠴᠠᠭᠠᠵᠠ᠎ᠶᠢᠨ ᠪᠠᠶ᠋ᠢᠭᠤᠯᠭ᠎ᠠ ᠨᠤᠭᠤᠳ ᠨᠢ 《ᠬᠠᠤᠯᠢᠵᠢᠯ ᠪᠣᠯ ᠬᠠᠮᠤᠭ᠎ᠤᠨ ᠰᠠᠶ᠋ᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠮᠥᠨ》 ᠭᠡᠬᠦ ᠣᠨᠣᠯᠵᠢᠬᠣᠨ ᠢ ᠪᠠᠲᠤ ᠪᠠᠬᠢ ᠪᠣᠶ ᠪᠣᠯᠭᠠᠵᠤ ᠂ ᠭᠤᠤᠯ ᠬᠠᠷᠢᠭᠤᠴᠠᠯᠭ᠎ᠠ ᠭᠤᠤᠯ ᠠᠵᠢᠯ᠎ᠳᠤ ᠰᠠᠭᠤᠷᠢᠯᠠᠨ ᠂ ᠲᠥᠪ ᠭᠤᠤᠯᠴᠢ ᠰᠢᠳᠤᠷᠭᠤ ᠶᠣᠰᠣ᠌᠎ᠪᠠᠷ ᠠᠵᠤ ᠠᠬᠤᠢᠯᠠᠯ᠎ᠢ ᠬᠠᠮᠠᠭᠠᠯᠠᠵᠤ ᠂ ᠬᠠᠯᠠᠭᠤᠮᠰᠤᠭ ᠦᠢᠯᠡᠴᠢᠯᠡᠭᠡ᠎ᠪᠡᠷ ᠬᠤᠳᠠᠯᠳᠤᠭᠠᠴᠢᠳᠢ ᠠᠮᠤᠷᠵᠢᠭᠤᠯᠤᠨ ᠂ ᠠᠵᠤ ᠠᠬᠤᠢᠯᠠᠯ᠎ᠢ ᠲᠥᠪ ᠭᠤᠤᠯᠴᠢ ᠂ ᠢᠯᠡ ᠲᠣᠳᠣ᠌ ᠂ ᠵᠢᠱ᠌ᠢᠵᠦ ᠪᠣᠯᠬᠤᠶ᠋ᠢᠴᠠ ᠣᠷᠴᠢᠨ ᠨᠦᠬᠦᠴᠡᠯ᠎ᠳᠦ ᠰᠠᠨᠠᠭ᠎ᠠ ᠠᠮᠤᠷ ᠬᠥᠭᠵᠢᠭᠦᠯᠵᠦ ᠂ ᠰᠠᠨᠠᠭ᠎ᠠ ᠠᠮᠤᠷ ᠡᠵᠡᠩᠨᠡᠭᠦᠯᠦᠨ᠎ᠡ ᠃
ᠣᠷᠳᠣᠰ ᠬᠤᠲᠠ᠎ᠶᠢᠨ ᠰᠢᠭᠦᠬᠦ ᠬᠤᠷᠢᠶᠠᠨ᠎ᠤ ᠰᠢᠰᠲᠧᠮ᠎ᠤᠨ᠎ᠬᠢᠨ 《 ᠪᠠᠢᠴᠠᠭᠠᠬᠤ ᠬᠡᠷᠡᠭ ᠪᠣᠯᠭᠠᠬᠤ ᠱᠢᠭᠦᠨ ᠲᠠᠰᠤᠯᠬᠤ ᠭᠦᠢᠴᠡᠳᠭᠡᠬᠦ》᠎ᠪᠡᠷ ᠡᠯ᠎ᠡ ᠬᠦᠷᠢᠶᠡᠨ᠎ᠤ ᠭᠤᠭᠴᠤᠭ᠎ᠠ᠎ᠳᠤ ᠬᠠᠮᠵᠢᠯᠴᠠᠨ ᠬᠦᠴᠦᠯᠡᠵᠦ ᠂ ᠬᠠᠤᠯᠢ ᠴᠠᠭᠠᠵᠠ᠎ᠶᠢᠨ ᠠᠵᠤ ᠠᠬᠤᠶ᠋ᠢᠯᠠᠯ᠎ᠢ ᠳᠡᠮᠵᠢᠬᠦ 《 ᠪᠠᠢᠪᠠᠰᠤ ᠵᠣᠬᠢᠬᠤ ᠴᠢᠳᠠᠪᠤᠷᠢ》 ᠪᠠᠨ ᠲᠠᠰᠤᠷᠠᠯᠲᠠ ᠥᠬᠡᠶ ᠳᠠᠪᠲᠠᠨ ᠪᠣᠯᠪᠠᠰᠤᠷᠠᠭᠤᠯᠵᠠᠢ ᠃
ᠡᠨᠡ ᠵᠢᠯ᠎ᠤᠨ ᠳᠡᠭᠡᠷ᠎ᠡ ᠬᠠᠭᠠᠰ ᠵᠢᠯ᠎ᠳᠤ ᠂ ᠣᠷᠳᠣᠰ ᠬᠣᠲᠠ᠎ᠶᠢᠨ ᠰᠢᠭᠦᠬᠦ ᠬᠣᠷᠢᠶᠠᠨ᠎ᠤ ᠰᠢᠰᠲᠸᠮ ᠨᠢ ᠠᠵᠤ ᠠᠬᠤᠢᠯᠠᠯ᠎ᠳᠤ ᠬᠣᠯᠪᠣᠭᠳᠠᠭᠰᠠᠨ 20506 ᠬᠡᠷᠡᠭ᠎ᠢ ᠰᠢᠭᠦᠨ ᠳᠠᠭᠤᠰᠬᠠᠵᠤ ᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ 21.09%᠎ᠪᠠᠷ ᠳᠡᠭᠡᠭᠰᠢᠯᠡᠪᠡ ᠂ ᠠᠵᠤ ᠠᠬᠤᠢᠯᠠᠯ᠎ᠳᠤ ᠬᠣᠯᠪᠣᠭᠳᠠᠭᠰᠠᠨ ᠬᠡᠷᠡᠭ᠎ᠢ ᠳᠤᠮᠳᠠᠴᠢ᠎ᠪᠠᠷ ᠰᠢᠭᠦᠨ ᠰᠢᠢᠳᠪᠦᠷᠢᠯᠡᠭᠰᠡᠨ ᠡᠳᠦᠷ᠎ᠨᠢ 35.38 ᠡᠳᠦᠷ ᠪᠠᠢᠵᠤ ᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ 12.34%᠎ᠪᠠᠷ ᠪᠤᠭᠤᠨᠢᠰᠴᠤ ᠂ ᠠᠩᠬ᠎ᠠ ᠭᠦᠢᠴᠡᠳᠬᠡᠬᠦ ᠬᠡᠷᠡᠭ᠎ᠢ ᠳᠤᠮᠳᠠᠴᠢ᠎ᠪᠠᠷ 67.13 ᠡᠳᠦᠷ᠎ᠲᠤ ᠰᠢᠢᠳᠪᠦᠷᠢᠯᠡᠵᠦ ᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ 11.81%᠎ᠪᠡᠷ ᠪᠤᠭᠤᠨᠢᠰᠴᠤ ᠂ ᠠᠵᠤ ᠠᠬᠤᠢᠯᠠᠯ᠎ᠤᠨ ᠵᠠᠷᠭᠤᠯᠳᠤᠭᠠᠳ ᠢᠯᠠᠭᠰᠠᠨ ᠡᠷᠬᠡ ᠠᠰᠢᠭ᠋᠎ᠤᠨ ᠵᠣᠭᠣᠰ᠎ᠤᠨ ᠲᠣᠭ᠎ᠠ 90.85 ᠳ᠋ᠦᠩᠰᠢᠭᠤᠷ ᠲᠥᠭᠥᠷᠢᠭ᠎ᠲᠤ ᠬᠦᠷᠪᠡ ᠃
ᠬᠢᠩᠭᠠᠨ ᠠᠢᠮᠠᠭ᠎ᠤᠨ ᠳᠣᠲᠣᠭᠠᠳᠤ᠎ᠶᠢ ᠬᠠᠮᠠᠭᠠᠯᠠᠬᠤ ᠲᠣᠪᠴᠢᠶᠠᠨ᠎ᠤ ᠯᠢᠩ ᠨᠠᠨ ᠠᠲᠠᠷ ᠬᠠᠭᠠᠯᠪᠤᠷᠢᠯᠠᠯᠲᠠ᠎ᠶᠢᠨ ᠬᠤᠪᠢᠶᠠᠷᠢ ᠲᠣᠪᠴᠢᠶᠠᠨ᠎ᠤ ᠪᠦᠳᠦᠭᠦᠨᠬᠤᠸᠠ ᠮᠠᠯᠵᠢᠯ᠎ᠤᠨ ᠲᠠᠯᠠᠪᠠᠢ᠎ᠶᠢᠨ ᠲᠣᠮᠢᠯᠠᠭᠰᠠᠨ ᠰᠠᠯᠪᠤᠷᠢ᠎ᠨᠢ 《ᠨᠢᠭᠡ ᠠᠵᠤ ᠠᠬᠤᠢᠯᠠᠯ ᠳᠤ ᠨᠢᠭᠡ ᠴᠠᠭᠳᠠᠭ᠎ᠠ ᠳᠣᠬᠢᠷᠠᠭᠤᠯᠬᠤ》ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ ᠂ ᠴᠠᠭᠳᠠᠭᠠᠨ᠎ᠤ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠎ᠶᠢᠨ ᠲᠥᠯᠥᠭᠡ 《ᠴᠠᠭᠳᠠᠭᠠᠨ᠎ᠤ ᠶᠠᠪᠤᠳᠠᠯ᠎ᠤᠨ ᠦᠢᠯᠡᠴᠢᠯᠡᠭᠡᠨ᠎ᠤ ᠠᠵᠢᠯ᠎ᠤᠨ ᠪᠠᠢᠷᠢ》᠎ᠶᠢ ᠪᠠᠢᠭᠤᠯᠪᠠ ; ᠲᠦᠩᠯᠢᠶᠣᠣ ᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶᠠᠨ᠎ᠤ ᠬᠣᠷᠴᠢᠨ ᠬᠤᠪᠢᠶᠠᠷᠢ ᠲᠣᠪᠴᠢᠶᠠᠨ᠎ᠤ ᠮᠡᠯᠡᠬᠡᠢᠲᠦ᠎ᠶᠢᠨ ᠲᠣᠮᠢᠯᠠᠭᠰᠠᠨ ᠰᠠᠯᠪᠤᠷᠢ ᠨᠢ 《ᠰᠡᠷᠭᠡᠢᠯᠡᠬᠦ᠎ᠪᠠᠷ ᠭᠣᠣᠯᠯᠠᠬᠤ》 ᠣᠨᠣᠯᠵᠢᠬᠣᠨᠢ ᠭᠦᠨᠵᠡᠭᠡᠢᠷᠡᠭᠦᠯᠵᠦ ᠂ ᠠᠵᠤ ᠠᠬᠤᠢᠯᠠᠯ᠎ᠳᠤ ᠬᠣᠯᠪᠣᠭᠳᠠᠭᠰᠠᠨ ᠵᠥᠷᠢᠴᠡᠯ ᠵᠠᠭᠤᠷᠠᠯᠳᠤᠭᠠᠨ᠎ᠢ ᠡᠷᠲᠡᠬᠡᠨ ᠵᠢᠭ᠍ᠰᠠᠭᠠᠨ ᠪᠠᠢᠴᠠᠭᠠᠵᠤ ᠂ ᠡᠷᠲᠡᠬᠡᠨ ᠣᠯᠵᠤ ᠮᠡᠳᠡᠵᠦ ᠂ ᠡᠷᠲᠡᠬᠡᠨ ᠡᠶᠡᠳᠡᠭᠦᠯᠪᠡ ᠃ ᠣᠷᠳᠣᠰ ᠬᠣᠲᠠ᠎ᠶᠢᠨ ᠡᠵᠡᠨ ᠬᠣᠷᠣᠭ᠎ᠠ ᠬᠣᠰᠢᠭᠤᠨ᠎ᠤ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠂ ᠠᠵᠤ ᠠᠬᠤᠢᠯᠠᠯ ᠯᠤᠭ᠎ᠠ ᠬᠠᠮᠲᠤᠷᠠᠨ ᠬᠥᠳᠡᠯᠦᠯᠴᠡᠵᠦ 《ᠵᠠᠰᠠᠭ ᠠᠵᠤ ᠠᠬᠤᠢᠯᠠᠯ ᠬᠣᠯᠪᠣᠭᠠᠯᠠᠨ ᠰᠡᠷᠭᠡᠢᠯᠡᠬᠦ ᠡᠩᠨᠡᠭᠡ》᠎ᠶᠢ ᠪᠠᠢᠭᠤᠯᠵᠤ ᠂ ᠮᠧᠩ ᠰᠦ᠍ ᠠᠵᠤ ᠠᠬᠤᠢ᠎ᠶᠢᠨ ᠨᠡᠭᠡᠭᠡᠯᠲᠡ᠎ᠶᠢᠨ ᠲᠤᠭᠤᠷᠢᠭ ᠲᠡᠭ ᠨᠡᠭᠦᠷᠡᠰᠦᠲᠥ᠋ᠷᠥᠭᠴᠢᠲᠦ ᠠᠵᠤ ᠦᠢᠯᠡᠰ᠎ᠤᠨ ᠬᠦᠷᠢᠶᠡᠯᠡᠩ᠎ᠳᠤ ᠠᠮᠤᠷ᠎ᠢ ᠬᠠᠮᠠᠭᠠᠯᠠᠬᠤ ᠂ ᠵᠠᠮ ᠬᠠᠷᠢᠯᠴᠠᠭ᠎ᠠ ᠵᠡᠷᠭᠡ ᠪᠠᠢᠳᠠᠯ᠎ᠢ ᠦᠷᠭᠦᠯᠵᠢᠯᠡᠨ ᠴᠡᠭᠴᠡᠯᠡᠨ ᠵᠠᠰᠠᠪᠠ ; ᠪᠠᠶᠠᠨᠨᠠᠭᠤᠷ ᠬᠣᠲᠠ᠎ᠶᠢᠨ ᠳ᠋ᠸᠩᠺᠸᠦ ᠰᠢᠶᠠᠨ᠎ᠤ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠨᠢ ᠲᠣᠭᠲᠠᠮᠠᠯ ᠬᠤᠭᠤᠴᠠᠭ᠎ᠠ᠎ᠲᠠᠢ᠎ᠪᠠᠷ ᠠᠵᠤ ᠠᠬᠤᠢᠯᠠᠯ᠎ᠤᠨ ᠠᠮᠤᠷ ᠲᠦᠪᠰᠢᠨ᠎ᠦ ᠪᠣᠯᠪᠠᠰᠤᠷᠠᠯ ᠪᠠ ᠪᠠᠶ᠋ᠢᠴᠠᠭᠠᠯᠲᠠ᠎ᠶᠢ ᠥᠷᠨᠢᠭᠦᠯᠵᠦ ᠂ ᠳᠣᠲᠣᠭᠠᠳᠤ᠎ᠶᠢᠨ ᠠᠮᠤᠷ᠎ᠢ ᠬᠠᠮᠠᠭᠠᠯᠠᠬᠤ ᠠᠷᠭ᠎ᠠ ᠬᠡᠮᠵᠢᠶ᠎ᠡ᠎ᠪᠠᠨ ᠲᠡᠭᠦᠯᠳᠡᠷᠵᠢᠭᠦᠯᠬᠦ᠎ᠶᠢ ᠵᠢᠯᠤᠭᠤᠳᠪᠠ ᠁
《ᠠᠵᠤ ᠠᠬᠤᠶ᠋ᠢᠯᠠᠯ ᠬᠡᠷᠡᠭᠴᠡᠭᠡ᠎ᠲᠠᠢ ᠪᠣᠯ ᠪᠢ ᠬᠠᠪᠰᠤᠷᠤᠨ᠎ᠠ》 ᠂ ᠠᠵᠤ ᠠᠬᠤᠶ᠋ᠢᠯᠠᠯ᠎ᠢ ᠲᠤᠰᠠᠯᠠᠬᠤ ᠨᠢᠭᠡᠨ ᠬᠠᠭᠤᠳᠠᠰᠤ 《ᠳᠤᠯᠠᠭᠠᠴᠠ᠎ᠲᠠᠢ》 ᠬᠠᠷᠢᠭᠤᠯᠲᠠ ᠨᠢ ᠪᠥᠬᠦ ᠣᠷᠣᠨ᠎ᠤ ᠤᠯᠤᠰ ᠲᠥᠷᠥ ᠬᠠᠤᠯᠢ ᠴᠠᠭᠠᠵᠠ᠎ᠶᠢᠨ ᠪᠠᠶ᠋ᠢᠭᠤᠯᠭ᠎ᠠ᠎ᠶᠢᠨ ᠲᠠᠰᠤᠷᠠᠯᠲᠠ ᠥᠬᠡᠶ ᠰᠢᠨ᠎ᠡ᠎ᠶᠢ ᠡᠭᠦᠳᠬᠦ ᠬᠠᠤᠯᠢ ᠴᠠᠭᠠᠵᠠ᠎ᠶᠢᠨ ᠦᠢᠯᠡᠳᠦᠯᠭᠡ᠎ᠶᠢᠨ ᠳᠤᠮᠳᠠ ᠢᠯᠡᠷᠡᠵᠦ᠂ ᠵᠠᠬ᠎ᠠ ᠳᠡᠯᠭᠡᠭᠦᠷ᠎ᠤᠨ ᠭᠤᠤᠯ ᠴᠣᠭᠴᠠ᠎ᠶᠢ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠪᠠᠲᠤᠯᠠᠭ᠎ᠠ ᠳᠣᠤᠷ᠎ᠠ ᠪᠤᠵᠠᠭᠠᠶ᠋ᠢᠷᠠᠨ ᠬᠥᠭ᠌ᠵᠢᠭᠦᠯᠵᠦ᠍ ᠂ ᠳᠠᠷᠤᠭᠠᠰᠤ ᠶ᠋ᠢ ᠨᠢ ᠬᠥᠩᠭᠡᠷᠡᠭᠦᠯᠦᠨ ᠣᠷᠤᠭ᠍ᠰᠢᠯᠠᠭᠤᠯᠬᠤ ᠪᠣᠯᠭᠠᠨ᠎ᠠ᠃