ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠲᠠᠪᠤᠳᠤᠭᠠᠷ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭᠯᠠᠭᠠᠨ ᠤ᠋ ᠪᠡᠯᠡᠳᠬᠡᠯ ᠠᠵᠢᠯ ᠡᠮᠬᠢ ᠵᠢᠷᠤᠮ ᠲᠠᠶ ᠶᠠᠪᠤᠭᠳᠠᠵᠤ ᠪᠠᠢᠨ᠎ᠠ
ᠨᠡᠶ᠋ᠢᠲᠡᠯᠡᠭᠰᠡᠨ ᠴᠠᠭ᠄ 2025-08-12

ᠲᠠᠪᠤᠳᠤᠭᠠᠷ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭᠯᠠᠭᠠᠨ 8 ᠰᠠᠷ᠎ᠠ ᠵᠢᠨ 25 - 29 ᠤ᠋ ᠡᠳᠦᠷ ᠪᠤᠯᠳᠠᠯ᠎ᠡ ᠭᠦᠭᠡᠬᠣᠲᠠ ᠳ᠋ᠤ᠌ ᠶᠠᠪᠤᠭᠳᠠᠵᠤ᠂ ᠣᠳᠣᠬᠠᠨ ᠳ᠋ᠤ᠌ ᠦᠵᠡᠰᠭᠦᠯᠡᠨᠭ ᠤ᠋ᠨ ᠴᠤᠭᠯᠠᠭᠠᠨ ᠤ᠋ ᠡᠯ᠎ᠡ ᠵᠦᠢᠯ ᠤ᠋ᠨ ᠪᠡᠯᠡᠳᠬᠡᠯ ᠠᠵᠢᠯ ᠨᠢᠭᠡᠨᠲᠡ ᠰᠢᠪᠲᠤᠷᠠᠭᠠᠨ ᠳ᠋ᠠᠭᠠᠨ ᠣᠷᠣᠪᠠ᠃ ᠲᠣᠰ ᠬᠤᠭᠤᠴᠠᠭᠠᠨ ᠤ᠋ ᠦᠵᠡᠰᠭᠦᠯᠡᠩ ᠤ᠋ᠨ ᠴᠤᠭᠯᠠᠭᠠᠨ ᠳ᠋ᠤ᠌ ᠥᠪᠥᠷ ᠮᠣᠩᠭᠣᠯ ᠤ᠋ᠨ ᠭᠠᠳᠠᠭᠠᠳᠤ ᠨᠡᠭᠡᠭᠡᠯᠲᠡ ᠵᠢᠨ ᠰᠢᠨ᠎ᠡ ᠠᠮᠵᠢᠯᠲᠠ ᠪᠦᠲᠦᠮᠵᠢ᠎ᠶᠢ ᠲᠥᠪᠯᠡᠷᠡᠭᠦᠯᠦᠨ ᠳᠡᠯᠭᠡᠨ ᠦᠵᠡᠭᠦᠯᠭᠦ ᠵᠢᠨ ᠬᠠᠮᠲᠤ ᠮᠣᠩᠭᠣᠯ᠂ ᠣᠷᠣᠰ ᠵᠡᠷᠭᠡ ᠤᠯᠤᠰ ᠯᠤᠭ᠎ᠠ ᠵᠢᠨ ᠪᠣᠳᠠᠲᠠᠢ ᠶ᠋ᠢ ᠡᠷᠬᠢᠮᠯᠡᠭᠰᠡᠨ ᠬᠠᠮᠲᠤᠷᠠᠯᠴᠠᠭ᠎ᠠ ᠶ᠋ᠢ ᠭᠦᠨᠵᠡᠭᠡᠢᠷᠡᠭᠦᠯᠬᠦ ᠪᠣᠯᠣᠨ᠎ᠠ᠃ 

ᠲᠠᠪᠤᠳᠤᠭᠠᠷ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭᠯᠠᠭᠠᠨ ᠭᠦᠭᠡᠬᠣᠲᠠ ᠵᠢᠨ ᠴᠡᠯᠡᠭᠡᠷ ᠲᠠᠯ᠎ᠠ ᠤᠯᠠᠨ ᠤᠯᠤᠰ ᠤ᠋ᠨ ᠬᠤᠷᠠᠯ ᠦᠵᠡᠰᠭᠦᠯᠡᠩ ᠤ᠋ᠨ ᠲᠥᠪ ᠲᠦ᠍ ᠶᠠᠪᠤᠭᠳᠠᠵᠤ᠂ ᠦᠵᠡᠰᠭᠦᠯᠡᠩ ᠤ᠋ᠨ ᠣᠷᠳᠣᠨ ᠤ᠋ ᠳᠡᠯᠭᠡᠨ ᠦᠵᠡᠭᠦᠯᠭᠡ ᠵᠢᠨ ᠲᠥᠰᠥᠯ ᠢ᠋ ᠨᠢᠭᠡᠨᠲᠡ ᠲᠣᠭᠲᠠᠭᠠᠪᠠ᠃ ᠲᠤᠰ ᠬᠤᠭᠤᠴᠠᠭᠠᠨ ᠤ᠋ ᠦᠵᠡᠰᠭᠦᠯᠡᠩ ᠤ᠋ᠨ ᠴᠤᠭᠯᠠᠭᠠᠨ ᠤ᠋ ᠶᠡᠷᠦᠩᠬᠡᠢ ᠲᠠᠯᠠᠪᠠᠢ 4 ᠲᠦᠮᠡᠨ ᠲᠡᠭᠰᠢ ᠳᠥᠷᠪᠡᠯᠵᠢᠨ ᠮᠧᠲᠷ ᠲᠦ᠍ ᠬᠦᠷᠴᠦ᠂ ᠡᠭᠦᠨ ᠳ᠋ᠤ᠌ ᠲᠢᠩᠬᠢᠮ ᠤ᠋ᠨ ᠳᠣᠲᠣᠷᠠᠬᠢ ᠳᠡᠯᠭᠡᠨ ᠦᠵᠡᠭᠦᠯᠭᠡ ᠵᠢᠨ ᠲᠣᠭᠣᠷᠢᠭ᠋ 3.6 ᠲᠦᠮᠡᠨ ᠲᠡᠭᠰᠢ ᠳᠥᠷᠪᠡᠯᠵᠢᠨ ᠮᠧᠲᠷ᠂ ᠲᠢᠩᠬᠢᠮ ᠤ᠋ᠨ ᠭᠠᠳᠠᠨᠠᠬᠢ ᠲᠣᠨᠣᠭᠯᠠᠯ ᠦᠢᠯᠡᠳᠬᠦ ᠳᠡᠯᠭᠡᠨ ᠦᠵᠡᠭᠦᠯᠭᠡ ᠵᠢᠨ ᠲᠣᠭᠣᠷᠢᠭ᠋ 4000 ᠲᠡᠭᠰᠢ ᠳᠥᠷᠪᠡᠯᠵᠢᠨ ᠮᠧᠲᠷ ᠪᠠᠢᠵᠤ᠂ ᠭᠣᠣᠯᠳᠠᠭᠤ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠂ ᠰᠣᠶᠣᠯ᠂ ᠠᠮᠲᠠᠲᠤ ᠢᠳᠡᠭᠡᠨ ᠪᠠ ᠬᠢᠯᠢ ᠠᠯᠤᠰᠯᠠᠭᠰᠠᠨ ᠠᠷᠠᠯᠵᠢᠶ᠎ᠠ ᠵᠡᠷᠭᠡ ᠠᠭᠤᠯᠭ᠎ᠠ ᠢ᠋ᠢᠨ ᠲᠣᠭᠣᠷᠢᠨ ᠳ᠋ᠤ᠌ ᠳᠡᠯᠭᠡᠨ ᠦᠵᠡᠭᠦᠯᠦᠨ᠎ᠡ᠃ ᠥᠪᠥᠷ ᠮᠣᠩᠭᠣᠯ ᠤ᠋ᠨ ᠳᠦᠷᠢ ᠲᠥᠷᠬᠦ ᠵᠢᠨ ᠣᠷᠳᠣᠨ ᠨᠢ ᠭᠣᠣᠯ ᠳᠡᠯᠭᠡᠨ ᠦᠵᠡᠭᠦᠯᠭᠡ ᠵᠢᠨ ᠲᠣᠭᠣᠷᠢᠭ᠋ ᠪᠣᠯᠤᠭᠰᠠᠨ ᠤ᠋ ᠬᠤᠪᠢ ᠳ᠋ᠤ᠌᠂ 《ᠬᠥᠭᠵᠢᠯᠲᠡ ᠵᠢᠨ ᠥᠪᠥᠷ ᠮᠣᠩᠭᠣᠯ》᠂ 《ᠨᠡᠭᠡᠭᠡᠯᠲᠡ ᠲᠠᠢ ᠥᠪᠥᠷ ᠮᠣᠩᠭᠣᠯ》᠂ 《ᠪᠣᠬᠢᠷᠳᠤᠯ ᠦᠭᠡᠢ ᠥᠪᠥᠷ ᠮᠣᠩᠭᠣᠯ》᠂ 《ᠰᠣᠶᠣᠯ ᠤ᠋ᠨ ᠥᠪᠥᠷ ᠮᠣᠩᠭᠣᠯ》 ᠵᠡᠷᠭᠡ 4 ᠶᠡᠬᠡ ᠭᠣᠣᠯ ᠰᠡᠳᠦᠪ ᠵᠢᠡᠷ ᠳᠠᠮᠵᠢᠨ ᠤᠮᠠᠷᠠᠲᠤ ᠬᠢᠯᠢ ᠵᠢᠨ ᠠᠮᠢᠵᠢᠷᠠᠯ ᠤ᠋ᠨ ᠬᠦᠴᠦᠨ ᠢ᠋ ᠪᠦᠭᠦ ᠲᠠᠯ᠎ᠠ ᠪᠡᠷ ᠢᠯᠡᠷᠡᠭᠦᠯᠦᠨ᠎ᠡ᠃ ᠡᠭᠦᠨ ᠡᠴᠡ ᠭᠠᠳᠠᠨ᠎ᠠ ᠪᠠᠰᠠ ᠠᠢᠮᠠᠭ ᠬᠣᠲᠠ ᠪᠣᠯᠣᠨ ᠠᠵᠢᠯ ᠲᠥᠷᠥᠯ ᠤ᠋ᠨ ᠳᠡᠯᠭᠡᠨ ᠦᠵᠡᠭᠦᠯᠭᠡ ᠵᠢᠨ ᠲᠣᠭᠣᠷᠢᠭ᠋᠂ ᠬᠡᠷᠡᠭᠯᠡᠭᠡᠨ ᠤ᠋ ᠬᠥᠭᠵᠢᠶᠡᠨᠲᠦ ᠲᠣᠭᠣᠷᠢᠭ᠋ ᠪᠣᠯᠣᠨ ᠣᠯᠠᠨ ᠤᠯᠤᠰ ᠤ᠋ᠨ ᠳᠡᠯᠭᠡᠨ ᠦᠵᠡᠭᠦᠯᠭᠡ ᠵᠢᠨ ᠲᠣᠭᠣᠷᠢᠭ᠋ ᠢ᠋ ᠲᠣᠬᠢᠷᠠᠭᠤᠯᠵᠤ᠂ ᠪᠦᠭᠦ ᠳᠡᠯᠡᠬᠡᠢ ᠵᠢᠨ ᠰᠢᠯᠢᠳᠡᠭ ᠪᠠᠷᠠᠭ᠎ᠠ ᠲᠠᠸᠠᠷ ᠢ᠋ ᠳᠡᠯᠭᠡᠨ ᠦᠵᠡᠭᠦᠯᠭᠦ ᠪᠣᠯᠣᠨ᠎ᠠ᠃ 《ᠡᠮᠦᠨᠡᠬᠢ ᠬᠤᠭᠤᠴᠠᠭᠠᠨ ᠤ᠋ ᠪᠤᠶ ᠪᠦᠬᠦᠢ ᠳᠡᠯᠭᠡᠨ ᠦᠵᠡᠭᠦᠯᠭᠡ ᠵᠢᠨ ᠣᠷᠳᠣᠨ ᠤ᠋ ᠳᠣᠲᠣᠷᠠᠬᠢ ᠵᠢᠷᠤᠭ ᠲᠥᠯᠥᠪᠯᠡᠭᠡ ᠶ᠋ᠢ ᠦᠨᠳᠦᠰᠦᠨ ᠳ᠋ᠡᠭᠡᠨ ᠪᠡᠶᠡᠯᠡᠭᠦᠯᠪᠡ᠃ ᠲᠠᠷᠠᠭᠠᠴᠢ ᠪᠡᠷ ᠠᠷᠠᠯᠵᠢᠶᠠᠴᠢᠨ ᠢ᠋ ᠵᠣᠬᠢᠶᠠᠨ ᠪᠠᠢᠭᠤᠯᠵᠤ ᠲᠠᠯᠠᠪᠤᠷ ᠲᠦ᠍ ᠣᠷᠣᠭᠤᠯᠤᠨ ᠪᠦᠲᠦᠭᠡᠨ ᠪᠠᠢᠭᠤᠯᠬᠤ ᠠᠵᠢᠯ ᠢ᠋ ᠡᠬᠢᠯᠡᠭᠦᠯᠵᠦ᠂ ᠲᠥᠰᠥᠯ ᠨᠢᠭᠡᠪᠦᠷᠢ ᠶ᠋ᠢ ᠪᠣᠳᠠᠲᠠᠢ ᠳ᠋ᠤ᠌ ᠨᠠᠢᠳᠠᠪᠤᠷᠢᠵᠢᠭᠤᠯᠤᠨ᠎ᠠ》 ᠭᠡᠵᠦ ᠥᠪᠡᠷᠲᠡᠭᠡᠨ ᠵᠠᠰᠠᠬᠤ ᠣᠷᠣᠨ ᠤ᠋ ᠬᠤᠳᠠᠯᠳᠤᠭᠠᠨ ᠤ᠋ ᠶᠠᠪᠤᠳᠠᠯ ᠤ᠋ᠨ ᠲᠢᠩᠬᠢᠮ ᠤ᠋ᠨ ᠭᠠᠳᠠᠭᠠᠳᠤ ᠠᠷᠠᠯᠵᠢᠶᠠᠨ ᠤ᠋ ᠭᠠᠵᠠᠷ ᠤ᠋ᠨ ᠳᠠᠷᠤᠭ᠎ᠠ ᠳ᠋ᠢᠩ ᠰᠢᠶᠣᠣ ᠯᠦᠩ ᠲᠠᠨᠢᠯᠴᠠᠭᠤᠯᠪᠠ᠃

ᠣᠢᠯᠠᠭᠠᠭᠰᠠᠨ ᠵᠢᠡᠷ᠂ ᠣᠳᠣᠬᠠᠨ ᠪᠤᠯᠲᠠᠯ᠎ᠠ ᠤᠯᠤᠰ ᠤ᠋ᠨ ᠳᠣᠲᠣᠭᠠᠳᠤ ᠵᠢᠨ 11 ᠮᠤᠵᠢ ᠬᠣᠲᠠ ᠣᠷᠣᠨ ᠵᠢᠴᠢ 16 ᠤᠯᠤᠰ ᠤ᠋ᠨ ᠠᠷᠠᠯᠵᠢᠶᠠᠴᠢᠨ ᠦᠵᠡᠰᠭᠦᠯᠡᠩ᠎ᠳᠦ ᠣᠷᠤᠯᠴᠠᠬᠤ ᠪᠡᠷ ᠲᠣᠭᠲᠠᠪᠠ᠃ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠤᠪᠢ ᠳ᠋ᠤ᠌᠂ ᠡᠨᠧᠷᠭᠢ᠂ ᠴᠠᠭᠢᠯᠭᠠᠨ ᠬᠦᠴᠦ᠂ ᠮᠥᠩᠭᠥᠨ ᠭᠦᠢᠯᠭᠡᠭᠡᠨ ᠵᠡᠷᠭᠡ ᠲᠤᠯᠭᠠᠭᠤᠷᠢ ᠠᠵᠤ ᠦᠢᠯᠡᠰ ᠤ᠋ᠨ ᠠᠵᠤ ᠠᠬᠤᠢᠯᠠᠯ ᠪᠣᠯᠣᠨ ᠡᠯ᠎ᠡ ᠠᠢᠮᠠᠭ ᠬᠣᠲᠠ ᠣᠯᠠᠨ ᠲᠠᠶ ᠵᠣᠯᠭᠠᠵᠤ᠂ ᠤᠯᠠᠮᠵᠢᠯᠠᠯᠲᠤ ᠳᠠᠪᠠᠭᠤᠯᠢᠭ᠍ᠲᠤ ᠠᠵᠤ ᠦᠢᠯᠡᠰ ᠤ᠋ᠨ ᠬᠦᠷᠢᠶ᠎ᠡ ᠴᠠᠷᠠᠭ᠎ᠠ ᠡᠴᠡ ᠭᠠᠳᠠᠨ᠎ᠠ ᠪᠠᠰᠠ ᠣᠢᠷ᠎ᠠ ᠣᠭᠲᠠᠷᠭᠤᠢ ᠢ᠋ᠢᠨ ᠠᠵᠤ ᠠᠬᠤᠢ᠂ ᠵᠣᠬᠢᠶᠠᠮᠠᠯ ᠣᠶᠤᠨ ᠴᠢᠳᠠᠪᠤᠷᠢ᠂ ᠪᠣᠳᠣᠯᠲᠠ ᠵᠢᠨ ᠬᠦᠴᠦᠨ ᠵᠡᠷᠭᠡ ᠥᠪᠡᠷᠮᠢᠴᠡ ᠣᠨᠴᠠᠯᠢᠭ᠋ ᠲᠠᠢ ᠰᠢᠨ᠎ᠡ ᠪᠡᠷ ᠮᠠᠨᠳᠤᠭᠰᠠᠨ ᠠᠵᠤ ᠦᠢᠯᠡᠰ ᠤ᠋ᠨ ᠠᠮᠵᠢᠯᠲᠠ ᠪᠦᠳᠦᠮᠵᠢ ᠶ᠋ᠢ ᠳᠡᠯᠭᠡᠨ ᠦᠵᠡᠭᠦᠯᠭᠦ ᠲᠤᠰᠬᠠᠢ ᠲᠣᠭᠣᠷᠢᠭ᠋ ᠲᠣᠬᠢᠷᠠᠭᠤᠯᠪᠠ᠃ 《ᠪᠢᠳᠡ ᠲᠤᠰ ᠲᠠᠪᠴᠠᠩ ᠢ᠋ᠢᠡᠷ ᠲᠠᠮᠵᠢᠨ ᠪᠣᠳᠠᠲᠠᠢ ᠶ᠋ᠢ ᠡᠷᠬᠢᠮᠯᠡᠭᠰᠡᠨ ᠭᠦᠨᠵᠡᠭᠡᠢ ᠬᠠᠮᠲᠤᠷᠠᠯᠴᠠᠭ᠎ᠠ ᠶ᠋ᠢ ᠴᠢᠩᠭᠠᠳᠬᠠᠬᠤ ᠵᠢᠨ ᠬᠠᠮᠲᠤ ᠥᠪᠥᠷ ᠮᠣᠩᠭᠣᠯ ᠤ᠋ᠨ 〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠭᠠᠳᠠᠭᠠᠳᠤ ᠨᠡᠭᠡᠭᠡᠯᠲᠡ ᠵᠢᠨ ᠠᠮᠵᠢᠯᠲᠠ ᠪᠦᠲᠦᠮᠵᠢ ᠶ᠋ᠢ ᠳᠡᠯᠭᠡᠨ ᠦᠵᠡᠭᠦᠯᠵᠦ᠂ ᠤᠯᠤᠰ ᠤ᠋ᠨ ᠳᠣᠲᠣᠭᠠᠳᠤ ᠭᠠᠳᠠᠭᠠᠳᠤ ᠵᠢᠨ ᠠᠷᠠᠯᠵᠢᠶᠠᠴᠢᠨ ᠤ᠋ ᠥᠪᠥᠷ ᠮᠣᠩᠭᠣᠯ ᠳ᠋ᠤ᠌ ᠢᠷᠡᠵᠦ ᠪᠡᠯᠡ ᠣᠷᠣᠭᠤᠯᠤᠨ ᠠᠵᠤ ᠦᠢᠯᠡᠰ ᠵᠢᠡᠨ ᠬᠥᠭᠵᠢᠭᠦᠯᠬᠦ ᠶ᠋ᠢ ᠪᠠᠶᠠᠷᠯᠠᠨ ᠤᠭᠲᠤᠵᠤ᠂ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭᠯᠠᠭᠠᠨ ᠤ᠋ ᠭᠠᠳᠠᠭᠠᠳᠤ ᠨᠡᠭᠡᠭᠡᠯᠲᠡ ᠵᠢᠨ ᠲᠠᠪᠴᠠᠩ ᠤ᠋ᠨ ᠦᠢᠯᠡᠳᠦᠯ ᠢ᠋ ᠭᠦᠢᠴᠡᠳ ᠪᠠᠳᠠᠷᠠᠭᠤᠯᠤᠨ᠎ᠠ》 ᠭᠡᠵᠦ ᠳ᠋ᠢᠩ ᠰᠢᠶᠣᠣ ᠯᠦᠩ ᠶᠠᠷᠢᠵᠤ ᠪᠠᠢᠯ᠎ᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
Baidu
map