ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
5 ᠤᠯᠤᠰ ᠤ᠋ᠨ ᠪᠠᠭᠠᠴᠤᠳ ᠬᠠᠮᠲᠤ ᠪᠡᠷ ᠤᠮᠠᠷᠠᠲᠤ ᠬᠢᠯᠢ ᠶ᠋ᠢᠨ ᠰᠣᠶᠣᠯ ᠤᠷᠠᠯᠢᠭ᠋ ᠢ᠋ ᠪᠡᠶᠡᠴᠢᠯᠡᠨ ᠣᠢᠯᠠᠭᠠᠪᠠ
ᠨᠡᠶ᠋ᠢᠲᠡᠯᠡᠭᠰᠡᠨ ᠴᠠᠭ᠄ 2025-08-12

ᠮᠣᠩᠭᠣᠯ ᠤᠯᠤᠰ᠂ ᠣᠷᠣᠰ᠂ ᠺᠤᠷᠢᠶᠠ᠂ ᠶᠠᠫᠤᠨ ᠪᠣᠯᠣᠨ ᠲᠤᠮᠳᠠᠳᠤ ᠤᠯᠤᠰ ᠤ᠋ᠨ ᠲᠥᠪ ᠤ᠋ᠨ ᠦᠨᠳᠦᠰᠦᠲᠡᠨ ᠤ᠋ ᠶᠡᠬᠡ ᠰᠤᠷᠭᠠᠭᠤᠯᠢ ᠶ᠋ᠢᠨ ᠬᠠᠷᠢᠶᠠᠲᠤ ᠳᠤᠮᠳᠠᠳᠤ ᠰᠤᠷᠭᠠᠭᠤᠯᠢ ᠶ᠋ᠢᠨ ᠭᠦᠭᠡᠬᠣᠲᠠ ᠳ᠋ᠠᠭᠢ ᠬᠤᠪᠢᠶᠠᠷᠢ ᠰᠤᠷᠭᠠᠭᠤᠯᠢ ᠵᠢᠨ 70 ᠵᠠᠯᠠᠭᠤᠴᠤᠳ ᠪᠠᠭᠠᠴᠤᠳ ᠢ᠋ᠶ᠋ᠠᠷ ᠪᠦᠷᠢᠯᠳᠦᠭᠰᠡᠨ ᠭᠦᠭᠡᠬᠣᠲᠠ ᠶ᠋ᠢᠨ ᠣᠯᠠᠨ ᠤᠯᠤᠰ ᠤ᠋ᠨ ᠵᠠᠯᠠᠭᠤᠴᠤᠳ ᠪᠠᠭᠠᠴᠤᠳ ᠤ᠋ᠨ ᠨᠥᠭᠦᠷᠰᠡᠭ ᠰᠣᠯᠢᠯᠴᠠᠭᠠᠨ ᠤ᠋ ᠬᠤᠸᠠᠷᠠᠨ ᠤ᠋ ᠭᠢᠨ ᠣᠢᠷ᠎ᠠ᠎ᠳᠦ  ᠭᠦᠭᠡᠬᠤᠳᠠ ᠶ᠋ᠢᠨ ᠦᠯᠢᠭᠡᠷ ᠤᠷᠠᠯᠢᠭ᠋ ᠤ᠋ᠨ ᠣᠷᠳᠣᠨ ᠳ᠋ᠦ᠍ ᠤᠮᠠᠷᠠᠲᠤ ᠬᠢᠯᠢ ᠶ᠋ᠢᠨ ᠰᠣᠶᠣᠯ  ᠤᠷᠠᠯᠢᠭ᠋ ᠢ᠋  ᠪᠡᠶᠡᠴᠢᠯᠡᠨ  ᠣᠢᠯᠠᠭᠠᠵᠠᠢ᠃

ᠥᠪᠥᠷ ᠮᠣᠩᠭᠣᠯ ᠤ᠋ᠨ ᠤᠷᠠᠯᠢᠭ᠋ ᠵᠦᠴᠦᠭᠡ ᠶ᠋ᠢᠨ ᠬᠦᠷᠢᠶᠡᠯᠡᠩ ᠤ᠋ᠨ ᠦᠨᠳᠦᠰᠦᠲᠡᠨ ᠤ᠋ ᠳᠠᠭᠤᠷᠢᠯᠢᠭ᠋ ᠤ᠋ᠨ ᠪᠦᠯᠭᠦᠮ᠂ ᠼᠢᠷᠺ ᠤ᠋ᠨ ᠪᠦᠯᠭᠦᠮ ᠤ᠋ᠨ ᠭᠢᠨ ᠤᠷᠠᠨ ᠭᠣᠴᠣ᠌ ᠲᠤᠬ᠍ᠯᠠᠯᠳᠠ ᠪᠡᠷ ᠢ᠋ᠶ᠋ᠡᠨ ᠬᠤᠯᠠ ᠵᠢᠨ ᠭᠡᠢᠴᠢᠳ ᠲᠦ᠍ ᠤᠮᠠᠷᠠᠲᠤ ᠬᠢᠯᠢ ᠶ᠋ᠢᠨ ᠤᠳᠬ᠎ᠠ ᠤᠷᠠᠯᠢᠭ᠋ ᠤ᠋ᠨ ᠲᠣᠬ᠍ᠯᠠᠯᠲᠠ ᠰᠣᠨᠢᠷᠬᠠᠭᠤᠯᠵᠠᠢ᠃ ᠤᠷᠲᠤ ᠶ᠋ᠢᠨ ᠳᠠᠭᠤᠤ 《ᠵᠢᠭᠠᠬᠠᠨ ᠰᠢᠷᠭ᠎ᠠ》᠂  ᠮᠠᠭᠲᠠᠭᠠᠯ 《ᠮᠣᠷᠢᠨ ᠤ᠋ ᠮᠠᠭᠲᠠᠭᠠᠯ》᠂ ᠳᠠᠭᠤᠤ 《ᠪᠢ ᠲᠠᠯ᠎ᠠ ᠨᠤᠲᠤᠭ ᠲᠠᠶ ᠪᠠᠨ ᠪᠣᠯᠵᠣᠭ᠎ᠠ ᠲᠠᠶ》᠂ ᠮᠣᠷᠢᠨ ᠬᠤᠭᠤᠷ 《ᠰᠦᠬᠡ ᠶ᠋ᠢᠨ ᠰᠡᠷᠡᠯ》᠂ ᠼᠢᠷᠺ 《ᠵᠤᠯᠠᠢ ᠶ᠋ᠢᠨ ᠥᠨᠳᠥᠷ》᠂ ᠶᠧᠯᠸᠢ 《ᠲᠤᠮᠳᠠᠳᠦ ᠶ᠋ᠢᠨ ᠴᠠᠭᠠᠷᠢᠭ᠋》 ᠵᠡᠷᠭᠡ ᠲᠤᠬ᠍ᠯᠠᠯᠳᠠ ᠨᠢ ᠤᠮᠠᠷᠠᠲᠤ ᠬᠢᠯᠢ ᠶ᠋ᠢᠨ ᠰᠣᠶᠣᠯ ᠤᠷᠠᠯᠢᠭ᠋ ᠤ᠋ᠨ ᠤᠷᠠᠨ ᠰᠠᠢᠬᠠᠨ ᠢ᠋ ᠬᠠᠷᠠᠭᠤᠯᠵᠤ᠂ ᠵᠠᠯᠠᠭᠤᠴᠤᠳ ᠪᠠᠭᠠᠴᠤᠳ ᠤ᠋ᠨ ᠪᠠᠬ᠎ᠠ ᠶ᠋ᠢ ᠲᠠᠲᠠᠪᠠ᠃ ᠲᠤᠮᠳᠠᠳᠤ᠂ ᠮᠣᠩᠭᠣᠯ᠂ ᠣᠷᠣᠰ᠂ ᠺᠤᠷᠢᠶᠠ᠂ ᠶᠠᠫᠤᠨ ᠵᠡᠷᠭᠡ 5 ᠤᠯᠤᠰ ᠤ᠋ᠨ ᠵᠠᠯᠠᠭᠤᠴᠤᠳ ᠪᠠᠭᠠᠴᠤᠳ ᠪᠠᠰᠠ ᠲᠠᠢᠰᠠᠨ ᠳ᠋ᠦ᠍ ᠭᠠᠷᠴᠤ᠂ ᠵᠦᠴᠦᠭᠡ ᠶ᠋ᠢᠨ ᠬᠦᠷᠢᠶᠡᠯᠡᠩ ᠤ᠋ᠨ ᠲᠣᠭᠯᠠᠭ᠍ᠴᠢᠳ ᠤ᠋ᠨ ᠵᠢᠯᠣᠭᠣᠳᠤᠯᠭ᠎ᠠ ᠳᠣᠣᠷ᠎ᠠ ᠬᠥᠭᠡᠮᠡᠢᠯᠡᠬᠦ᠂ ᠮᠣᠷᠢᠨ ᠬᠤᠭᠤᠷ ᠲᠠᠲᠠᠬᠤ᠂ ᠮᠣᠩᠭᠣᠯ ᠪᠥᠵᠢᠭ ᠪᠥᠵᠢᠭᠯᠡᠬᠦ ᠵᠡᠷᠭᠡ ᠶ᠋ᠢ ᠤᠷᠮ᠎ᠠ ᠪᠠᠬ᠎ᠠ ᠲᠠᠶ ᠰᠤᠷᠤᠯᠴᠠᠨ᠂ ᠲᠤᠬᠠᠢ ᠶ᠋ᠢᠨ ᠲᠠᠯᠠᠪᠠᠶ ᠳ᠋ᠦ᠍ ᠪᠠᠶᠠᠷ ᠪᠠᠬᠠᠳᠤᠯ ᠢ᠋ᠶ᠋ᠠᠷ ᠪᠢᠯᠬᠠᠵᠤ ᠪᠠᠢᠯ᠎ᠠ᠃

ᠲᠤᠬ᠍ᠯᠠᠯᠳᠠ ᠶ᠋ᠢᠨ ᠡᠴᠦᠰ ᠲᠦ᠍᠂ ᠮᠣᠷᠢᠨ ᠬᠤᠭᠤᠷ ᠪᠠ ᠪᠠᠶᠠᠨ ᠬᠤᠭᠤᠷ ᠢ᠋ ᠤᠷᠠᠨ ᠡᠪᠯᠢᠭ ᠠᠭᠤᠰᠤᠯᠴᠠᠭᠤᠯᠵᠤ᠂ 《ᠪᠢ ᠡᠬᠡ ᠤᠯᠤᠰ ᠲᠠᠶ ᠪᠠᠨ》᠂ 《ᠺᠠ ᠴᠢᠦ ᠱᠠ》᠂ 《ᠠ ᠯᠢ ᠯᠠᠩ》 ᠵᠡᠷᠭᠡ 5 ᠤᠯᠤᠰ ᠤ᠋ᠨ ᠰᠣᠩᠭᠣᠳᠠᠭ ᠳᠠᠭᠤᠤ ᠶ᠋ᠢᠨ ᠠᠶ᠎ᠠ ᠶ᠋ᠢ ᠬᠥᠭᠵᠢᠮᠳᠡᠨ᠂ ᠲᠤᠬᠠᠢ ᠶ᠋ᠢᠨ ᠲᠠᠯᠠᠪᠠᠢ ᠶ᠋ᠢᠨ ᠵᠠᠯᠠᠭᠤᠴᠤᠳ ᠪᠠᠭᠠᠴᠤᠳ ᠠᠶ᠎ᠠ ᠶ᠋ᠢ ᠳᠠᠭᠠᠨ ᠳᠠᠭᠤᠯᠠᠵᠤ᠂ ᠲᠠᠨᠢᠯ ᠲᠠᠰᠤᠯ ᠠᠶᠠᠯᠭᠤ ᠨᠢ ᠦᠯᠦ ᠦᠵᠡᠭᠳᠡᠬᠦ ᠰᠣᠯᠢᠯᠴᠠᠭᠠᠨ ᠤ᠋ ᠬᠥᠭᠥᠷᠭᠡ ᠶ᠋ᠢ ᠪᠣᠰᠬᠠᠵᠠᠢ᠃ ᠡᠨᠡ ᠬᠦ᠌ ᠰᠣᠶᠣᠯ ᠤ᠋ᠨ ᠰᠣᠯᠢᠯᠴᠠᠭᠠᠨ ᠤ᠋ ᠠᠵᠢᠯᠯᠠᠭ᠎ᠠ ᠨᠢ ᠥᠪᠥᠷ ᠮᠣᠩᠭᠣᠯ ᠤ᠋ᠨ ᠤᠷᠠᠯᠢᠭ᠋ ᠵᠦᠴᠦᠭᠡ ᠶ᠋ᠢᠨ ᠬᠦᠷᠢᠶᠡᠯᠡᠩ ᠤ᠋ᠨ 《ᠳᠤᠮᠳᠠᠳᠤ ᠵᠢᠨ ᠲᠠᠭᠤᠨ ᠢ᠋ ᠳᠠᠮᠵᠢᠭᠤᠯᠵᠤ᠂ ᠳᠤᠮᠳᠠᠳᠤ ᠵᠢᠨ ᠦᠯᠢᠭᠡᠷ ᠢ᠋ ᠰᠠᠢᠲᠤᠷ ᠶᠠᠷᠢᠬᠤ》 ᠥᠪᠥᠷ ᠮᠣᠩᠭᠣᠯ ᠤ᠋ᠨ ᠬᠠᠭᠤᠳᠠᠰᠤ ᠶ᠋ᠢ ᠦᠢᠯᠡᠳᠦᠯᠭᠡᠵᠢᠭᠦᠯᠦᠭᠰᠡᠨ ᠤ᠋ ᠠᠮᠢᠳᠤᠯᠢᠭ᠋ ᠵᠢᠱ᠌ᠢᠶ᠎ᠡ ᠪᠠᠢᠵᠤ᠂ ᠡᠯ᠎ᠡ ᠤᠯᠤᠰ ᠤ᠋ᠨ ᠵᠠᠯᠠᠭᠤᠴᠤᠳ ᠪᠠᠭᠠᠴᠤᠳ ᠲᠦ᠍ ᠳᠤᠮᠳᠠᠳᠤ ᠶ᠋ᠢᠨ ᠰᠢᠯᠢᠳᠡᠭ ᠤᠯᠠᠮᠵᠢᠯᠠᠯᠲᠤ ᠰᠣᠶᠣᠯ ᠢ᠋ ᠭᠦᠨᠵᠡᠭᠡᠢ ᠮᠡᠳᠡᠷᠡᠭᠦᠯᠦᠭᠰᠡᠨ ᠢ᠋ᠶ᠋ᠡᠷ ᠪᠠᠷᠠᠬᠤ ᠦᠭᠡᠢ ᠪᠠᠰᠠ ᠤᠳᠬ᠎ᠠ ᠤᠷᠠᠯᠢᠭ᠋ ᠤ᠋ᠨ ᠬᠢᠴᠢᠶᠡᠯ ᠢ᠋ᠶ᠋ᠡᠷ ᠤᠮᠠᠷᠠᠲᠤ ᠬᠢᠯᠢ ᠶ᠋ᠢᠨ ᠡᠬᠡ ᠭᠠᠵᠠᠷ ᠤ᠋ᠨ ᠨᠡᠭᠡᠭᠡᠯᠲᠡᠲᠡᠢ ᠪᠠᠭᠲᠠᠭᠠᠮᠵᠢᠲᠠᠢ ᠤᠷᠠᠯᠢᠭ᠋ ᠤ᠋ᠨ ᠭᠦᠭ ᠠᠶᠠᠰ ᠪᠣᠯᠣᠨ ᠥᠪᠡᠷᠮᠢᠴᠡ ᠣᠨᠴᠠᠯᠢᠭ᠋ ᠰᠢᠨᠵᠢ ᠶ᠋ᠢ ᠮᠡᠳᠡᠷᠡᠭᠦᠯᠵᠡᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
Baidu
map