8 ᠳ᠋ᠤᠭᠠᠷ ᠰᠠᠷ᠎ᠠ᠎ᠶᠢᠨ 10᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠡᠴᠡ ᠭᠣᠣᠯᠯᠠᠨ ᠡᠷᠭᠢᠯᠡᠭᠰᠡᠨ 2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭᠠᠷ ᠬᠤᠭᠤᠴᠠᠭᠠᠨ᠎ᠤ ᠠᠩᠭᠢ ᠳᠤᠭᠤᠢᠯᠠᠩ᠎ᠤᠨ ᠳᠠᠷᠤᠭ᠎ᠠ᠎ᠶᠢᠨ ᠤᠷᠤᠯᠳᠤᠭᠠᠨ᠎ᠤ ᠨᠡᠷ᠎ᠡ ᠮᠡᠳᠡᠭᠦᠯᠬᠦ ᠠᠵᠢᠯ ᠳᠠᠭᠤᠰᠴᠤ᠂ 2000 ᠭᠠᠷᠤᠢ ᠠᠵᠤ ᠠᠬᠤᠢᠯᠠᠯ᠎ᠤᠨ ᠠᠩᠭᠢ ᠳᠤᠭᠤᠢᠯᠠᠩ᠎ᠤᠨ 13613 ᠳᠠᠷᠤᠭ᠎ᠠ ᠨᠠᠷ ᠲᠠᠷᠠᠭᠠᠴᠢ᠎ᠶᠢᠨ ᠬᠣᠶᠠᠷ ᠰᠠᠷ᠎ᠠ᠎ᠳᠤ ᠨᠢᠭᠡᠨ ᠤᠳᠠᠭᠠᠨ᠎ᠤ ᠤᠷ᠎ᠠ ᠴᠢᠳᠠᠪᠤᠷᠢ᠎ᠶᠢᠨ ᠮᠥᠷᠥᠢᠴᠡᠭᠡᠨᠢ ᠥᠷᠨᠢᠭᠦᠯᠬᠦ ᠪᠣᠯᠣᠨ᠎ᠠ᠃
ᠲᠣᠰ ᠬᠤᠭᠤᠴᠠᠭᠠᠨ᠎ᠤ ᠤᠷᠤᠯᠳᠤᠭᠠᠨ᠎ᠳᠤ ᠪᠣᠯᠣᠳ ᠲᠡᠮᠦᠷ᠂ ᠬᠥᠩᠭᠡᠨ ᠠᠵᠤ ᠦᠢᠯᠡᠳᠪᠦᠷᠢ᠂ ᠮᠠᠰᠢᠨ ᠮᠧᠬᠠᠨᠢᠭ᠋᠂ ᠴᠠᠬᠢᠯᠭᠠᠨ ᠬᠦᠴᠦᠨ᠂ ᠲᠡᠮᠦᠷ ᠵᠠᠮ ᠵᠡᠷᠭᠡ ᠠᠵᠢᠯ ᠲᠥᠷᠥᠯ᠎ᠦᠨ ᠤᠷᠤᠯᠳᠤᠭᠠᠨ᠎ᠤ ᠴᠢᠭᠯᠡᠯ 5 ᠭᠠᠷᠭᠠᠵᠤ᠂ ᠰᠦᠯᠵᠢᠶᠡᠨ ᠳᠡᠭᠡᠷᠡᠬᠢ ᠠᠩᠬᠠᠨ᠎ᠤ ᠤᠷᠤᠯᠳᠤᠭᠠᠨ ᠪᠠ ᠰᠦᠯᠵᠢᠶᠡᠨ᠎ᠠᠴᠠ ᠭᠠᠳᠠᠨᠠᠬᠢ ᠰᠢᠢᠳᠪᠦᠷᠢᠲᠦ ᠤᠷᠤᠯᠳᠤᠭᠠᠨ ᠭᠡᠵᠦ ᠬᠣᠶᠠᠷ ᠱᠠᠲᠤ ᠬᠤᠪᠢᠶᠠᠨ᠎ᠠ᠃ 8 ᠳ᠋ᠤᠭᠠᠷ ᠰᠠᠷ᠎ᠠ᠎ᠶᠢᠨ 11᠎ᠦ ᠡᠳᠦᠷ᠎ᠡᠴᠡ ᠡᠬᠢᠯᠡᠨ ᠰᠦᠯᠵᠢᠶᠡᠨ ᠳᠡᠭᠡᠷᠡᠬᠢ ᠠᠩᠬᠠᠨ᠎ᠤ ᠤᠷᠤᠯᠳᠤᠭᠠᠨ᠎ᠢ ᠡᠬᠢᠯᠡᠭᠦᠯᠵᠦ᠂ ᠡᠯ᠎ᠡ ᠠᠩᠭᠢ ᠳᠤᠭᠤᠢᠯᠠᠩ᠎ᠤᠨ ᠳᠠᠷᠤᠭ᠎ᠠ ᠨᠠᠷ 7 ᠡᠳᠦᠷ᠎ᠦᠨ ᠳᠣᠲᠣᠷ᠎ᠠ ᠰᠦᠯᠵᠢᠶᠡᠨ ᠳᠡᠭᠡᠷᠡᠬᠢ ᠰᠤᠷᠤᠯᠴᠠᠯᠭ᠎ᠠ ᠪᠠ ᠣᠨᠣᠯ᠎ᠤᠨ ᠰᠢᠯᠭᠠᠯᠲᠠ᠎ᠶᠢ ᠪᠡᠶᠡᠯᠡᠭᠦᠯᠬᠦ ᠪᠣᠯᠣᠨ᠎ᠠ᠂ ᠭᠣᠣᠯᠳᠠᠭᠤ ᠦᠵᠡᠯ ᠰᠠᠨᠠᠭ᠎ᠠ ᠤᠯᠤᠰ ᠲᠥᠷᠥ᠎ᠶᠢᠨ ᠵᠢᠯᠣᠭᠣᠳᠤᠯᠭ᠎ᠠ ᠵᠢᠴᠢ ᠠᠩᠭᠢ ᠳᠤᠭᠤᠢᠯᠠᠩ᠎ᠤᠨ ᠳᠠᠷᠤᠭ᠎ᠠ᠎ᠶᠢᠨ ᠬᠠᠮᠢᠶᠠᠷᠤᠯᠲᠠ᠎ᠶᠢᠨ ᠬᠠᠮᠢᠶ᠎ᠠ ᠪᠦᠬᠦᠢ ᠨᠡᠢᠳᠡᠮ ᠬᠡᠷᠡᠭᠯᠡᠬᠦ ᠰᠠᠭᠤᠷᠢ ᠮᠡᠳᠡᠯᠭᠡ᠂ ᠤᠷ᠎ᠠ ᠮᠡᠷᠭᠡᠰᠢᠯ᠎ᠦᠨ ᠬᠡᠪ ᠴᠢᠨᠠᠷ᠎ᠤᠨ ᠴᠢᠳᠠᠪᠤᠷᠢ᠎ᠶᠢ ᠪᠠᠢᠴᠠᠭᠠᠨ ᠦᠵᠡᠬᠦ᠎ᠪᠡᠷ ᠳᠣᠪᠣᠶ᠋ᠢᠯᠭᠠᠨ᠎ᠠ᠃ ᠡᠯ᠎ᠡ ᠤᠷᠤᠯᠳᠤᠭᠠᠨ᠎ᠤ ᠴᠢᠭᠯᠡᠯ᠎ᠡᠴᠡ ᠠᠩᠬᠠᠨ᠎ᠤ ᠤᠷᠤᠯᠳᠤᠭᠠᠨ᠎ᠤ ᠬᠢᠷᠢ ᠪᠦᠲᠦᠮᠵᠢ᠎ᠶᠢᠨ ᠲᠦᠷᠦᠭᠦᠦ 20 ᠨᠡᠷᠡᠰ᠎ᠲᠤ ᠲᠣᠳᠣᠷᠠᠭᠰᠠᠨ ᠣᠷᠣᠯᠴᠠᠭ᠍ᠴᠢ᠎ᠶᠢ ᠰᠣᠩᠭᠣᠵᠤ 10 ᠳ᠋ᠤᠭᠠᠷ ᠰᠠᠷ᠎ᠠ᠎ᠶᠢᠨ ᠳᠤᠮᠳᠠᠴᠢ᠎ᠪᠠᠷ ᠶᠠᠪᠤᠭᠳᠠᠬᠤ ᠪᠥᠬᠥ ᠣᠷᠣᠨ᠎ᠤ ᠰᠢᠢᠳᠪᠦᠷᠢᠲᠦ ᠤᠷᠤᠯᠳᠤᠭᠠᠨ᠎ᠳᠤ ᠲᠠᠰ ᠳᠡᠪᠰᠢᠭᠦᠯᠦᠨ᠂ ᠣᠨᠣᠯ᠎ᠤᠨ ᠰᠢᠯᠭᠠᠯᠲᠠ᠂ ᠳ᠋ᠢᠭᠢᠲ ᠯᠤᠭᠡ ᠬᠣᠯᠪᠣᠭᠳᠠᠬᠤ ᠮᠡᠷᠭᠡᠵᠢᠯ᠎ᠦᠨ ᠢᠬᠡᠷ᠎ᠡ ᠰᠢᠯᠭᠠᠯᠲᠠ᠂ ᠰᠢᠨ᠎ᠡ ᠡᠭᠦᠳᠦᠯᠲᠡ᠎ᠶᠢᠨ ᠪᠡᠷᠬᠡ ᠰᠡᠳᠦᠪ᠎ᠢ ᠰᠢᠢᠳᠪᠦᠷᠢᠯᠡᠬᠦ ᠭᠤᠷᠪᠠᠨ ᠬᠡᠰᠡᠭ᠎ᠦᠨ ᠮᠥᠷᠥᠢᠴᠡᠭᠡᠨ ᠶᠠᠪᠤᠭᠤᠯᠵᠤ᠂ ᠭᠣᠣᠯᠳᠠᠭᠤ ᠲᠤᠰᠬᠠᠢ ᠮᠡᠷᠭᠡᠵᠢᠯ᠎ᠦᠨ ᠰᠢᠨᠵᠢ᠂ ᠤᠷ᠎ᠠ ᠮᠡᠷᠭᠡᠰᠢᠯ᠎ᠦᠨ ᠰᠢᠨᠵᠢ᠂ ᠰᠢᠨ᠎ᠡ ᠡᠭᠦᠳᠦᠯᠲᠡ᠎ᠶᠢᠨ ᠰᠢᠨᠵᠢ᠎ᠶᠢᠨ ᠬᠢᠷᠢ ᠬᠡᠮᠵᠢᠶ᠎ᠡ᠎ᠶᠢ ᠪᠠᠢᠴᠠᠭᠠᠨ ᠰᠢᠨᠵᠢᠯᠡᠬᠦ᠎ᠶᠢ ᠳᠣᠪᠣᠶ᠋ᠢᠯᠭᠠᠵᠤ᠂ ᠠᠩᠭᠢ ᠳᠤᠭᠤᠢᠯᠠᠩ᠎ᠤᠨ ᠳᠠᠷᠤᠭ᠎ᠠ᠎ᠶᠢᠨ ᠨᠡᠢᠳᠡᠮ ᠬᠡᠷᠡᠭᠯᠡᠬᠦ ᠬᠠᠮᠢᠶᠠᠷᠤᠯᠲᠠ᠎ᠶᠢᠨ ᠮᠡᠳᠡᠯᠭᠡ ᠪᠠ ᠲᠤᠰᠬᠠᠢ ᠮᠡᠷᠭᠡᠵᠢᠯ᠎ᠦᠨ ᠴᠢᠳᠠᠪᠤᠷᠢ᠎ᠶᠢ ᠭᠣᠣᠯᠳᠠᠯᠭ᠎ᠠ᠎ᠲᠠᠢ ᠪᠠᠢᠴᠠᠭᠠᠨ ᠰᠢᠨᠵᠢᠯᠡᠨ᠎ᠡ᠃
ᠲᠣᠰ ᠬᠤᠭᠤᠴᠠᠭᠠᠨ᠎ᠤ ᠤᠷᠤᠯᠳᠤᠭᠠᠨ᠎ᠳᠤ 《ᠡᠭᠦᠳᠡ᠎ᠪᠡᠨ ᠨᠡᠭᠡᠭᠡᠵᠦ ᠤᠷᠤᠯᠳᠤᠭᠠᠨ ᠡᠷᠭᠢᠯᠡᠬᠦ》 ᠵᠠᠷᠴᠢᠮ᠎ᠢ ᠪᠠᠷᠢᠮᠲᠠᠯᠠᠵᠤ᠂ ᠪᠥᠬᠥ ᠣᠷᠣᠨ᠎ᠤ ᠠᠵᠢᠯ ᠲᠥᠷᠥᠯ᠎ᠦᠨ ᠤᠷᠤᠯᠳᠤᠭᠠᠨ᠎ᠤ 5 ᠴᠢᠭᠯᠡᠯ᠎ᠤᠨ ᠬᠠᠮᠢᠶ᠎ᠠ ᠪᠦᠬᠦᠢ ᠠᠵᠤ ᠠᠬᠤᠢᠯᠠᠯ᠎ᠤᠨ ᠠᠩᠭᠢ ᠳᠤᠭᠤᠢᠯᠠᠩ᠎ᠤᠨ ᠳᠠᠷᠤᠭ᠎ᠠ᠂ ᠲᠤᠬᠠᠢᠯᠠᠪᠠᠯ ᠠᠵᠤ ᠠᠬᠤᠢᠯᠠᠯ᠎ᠤᠨ ᠦᠢᠯᠡᠳᠪᠦᠷᠢᠯᠡᠯ ᠡᠵᠡᠩᠨᠡᠯᠲᠡ᠎ᠶᠢᠨ ᠡᠭᠦᠷᠭᠡ ᠪᠠ ᠬᠠᠮᠢᠶᠠᠷᠤᠯᠲᠠ ᠦᠢᠯᠡᠴᠢᠯᠡᠭᠡᠨ᠎ᠦ ᠠᠵᠢᠯ᠎ᠤᠨ ᠬᠠᠷᠠᠯᠲᠠ᠎ᠪᠠᠨ ᠪᠡᠶᠡᠯᠡᠭᠦᠯᠬᠦ᠎ᠪᠠᠷ ᠲᠣᠬᠢᠷᠠᠭᠤᠯᠤᠭᠰᠠᠨ ᠠᠵᠤ ᠠᠬᠤᠢᠯᠠᠯ᠎ᠤᠨ ᠬᠠᠮᠤᠭ᠎ᠤᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶᠢᠨ ᠨᠢᠭᠡᠴᠡᠶᠢᠨ ᠬᠠᠮᠢᠶᠠᠷᠤᠯᠲᠠ᠎ᠶᠢᠨ ᠠᠵᠢᠯᠲᠠᠨ ᠴᠥᠮ ᠨᠡᠷ᠎ᠡ ᠮᠡᠳᠡᠭᠦᠯᠦᠨ ᠣᠷᠣᠯᠴᠠᠵᠤ ᠪᠣᠯᠣᠨ᠎ᠠ᠂ ᠨᠠᠰᠤ ᠵᠢᠯ᠂ ᠬᠦᠢᠰᠦ᠎ᠶᠢᠨ ᠢᠯᠭᠠᠯ᠂ ᠰᠤᠷᠤᠯᠭ᠎ᠠ᠎ᠶᠢᠨ ᠨᠠᠮᠲᠠᠷ᠂ ᠮᠡᠷᠭᠡᠵᠢᠯ᠎ᠦᠨ ᠴᠣᠯᠠ ᠵᠡᠷᠭᠡ᠎ᠳᠦ ᠬᠢᠵᠠᠭᠠᠷᠯᠠᠭᠳᠠᠬᠤ ᠦᠭᠡᠢ᠃
ᠠᠩᠬᠠᠳᠤᠭᠠᠷ ᠬᠤᠭᠤᠴᠠᠭᠠᠨ᠎ᠤ ᠪᠦᠬᠦ ᠣᠷᠣᠨ᠎ᠤ ᠠᠩᠭᠢ ᠳᠤᠭᠤᠢᠯᠠᠩ᠎ᠤᠨ ᠳᠠᠷᠤᠭ᠎ᠠ᠎ᠶᠢᠨ ᠤᠷᠤᠯᠳᠤᠭᠠᠨ᠎ᠤ ᠵᠣᠷᠢᠯᠭ᠎ᠠ ᠨᠢ ᠬᠥᠳᠡᠯᠮᠦᠷᠢ᠎ᠶᠢᠨ ᠵᠢᠱ᠌ᠢᠶᠡᠴᠢ᠎ᠶᠢᠨ ᠵᠣᠷᠢᠭ᠋ ᠰᠠᠨᠠᠭ᠎ᠠ᠂ ᠬᠥᠳᠡᠯᠮᠦᠷᠢ᠎ᠶᠢᠨ ᠵᠣᠷᠢᠭ᠋ ᠰᠠᠨᠠᠭ᠎ᠠ᠂ ᠤᠷᠠᠨ ᠳᠠᠷᠬᠠᠨ᠎ᠤ ᠵᠣᠷᠢᠭ᠋ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠠᠵᠤ ᠦᠢᠯᠡᠰ᠎ᠦᠨ ᠠᠵᠢᠯᠴᠢᠨ᠎ᠤ ᠡᠩᠨᠡᠭᠡ᠎ᠶᠢᠨ ᠪᠠᠢᠭᠤᠯᠤᠯᠲᠠ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ ᠪᠦᠬᠦ ᠣᠷᠣᠨ᠎ᠤ ᠡᠯ᠎ᠡ ᠲᠣᠮᠣ᠌ ᠠᠵᠤ ᠠᠬᠤᠢᠯᠠᠯ᠎ᠤᠨ ᠠᠩᠭᠢ ᠳᠤᠭᠤᠢᠯᠠᠩ᠎ᠤᠨ ᠳᠠᠷᠤᠭ᠎ᠠ᠎ᠶᠢᠨ ᠡᠩᠨᠡᠭᠡᠨ᠎ᠦ ᠪᠠᠢᠭᠤᠯᠤᠯᠲᠠ᠎ᠶᠢ ᠪᠦᠲᠦᠮᠵᠢᠲᠡᠶ ᠴᠢᠩᠭᠠᠳᠬᠠᠨ ᠠᠩᠭᠢ ᠳᠤᠭᠤᠢᠯᠠᠩ᠎ᠤᠨ ᠳᠠᠷᠤᠭ᠎ᠠ᠎ᠶᠢᠨ ᠶᠡᠷᠦᠩᠬᠡᠢᠯᠡᠭᠰᠡᠨ ᠬᠠᠮᠢᠶᠠᠷᠤᠯᠲᠠ᠎ᠶᠢᠨ ᠤᠷ᠎ᠠ ᠮᠡᠷᠭᠡᠰᠢᠯ᠎ᠦᠨ ᠬᠢᠷᠢ ᠲᠦᠪᠰᠢᠨ᠎ᠢ ᠦᠨᠡᠨ ᠬᠦ᠌ ᠳᠡᠭᠡᠭᠰᠢᠯᠡᠭᠦᠯᠵᠦ᠂ ᠥᠨᠳᠥᠷ ᠬᠡᠪ ᠪᠣᠯᠪᠠᠰᠤᠷᠠᠯ᠎ᠲᠠᠢ᠂ ᠥᠨᠳᠥᠷ ᠤᠷ᠎ᠠ ᠮᠡᠷᠭᠡᠰᠢᠯ ᠲᠠᠢ ᠠᠩᠬᠢ ᠳᠤᠭᠤᠢᠯᠠᠩ᠎ᠤᠨ ᠳᠠᠷᠤᠭ᠎ᠠ᠎ᠶᠢᠨ ᠡᠩᠨᠡᠭᠡ᠎ᠶᠢ ᠬᠥᠮᠥᠵᠢᠭᠦᠯᠦᠨ ᠪᠣᠢᠵᠢᠭᠤᠯᠵᠤ᠂ ᠠᠩᠬᠢ ᠳᠤᠭᠤᠢᠯᠠᠩ᠎ᠤᠨ ᠳᠠᠷᠤᠭ᠎ᠠ᠎ᠶᠢᠨ 《ᠳᠠᠭᠠᠭᠤᠯᠤᠭ᠍ᠴᠢ》᠎ᠶᠢᠨ ᠦᠢᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠨᠢᠭᠡᠳᠦᠭᠡᠷ ᠹᠷᠣᠨᠲ᠎ᠤᠨ ᠠᠩᠬᠢ ᠳᠤᠭᠤᠢᠯᠠᠩ᠎ᠤᠨ ᠬᠥᠳᠡᠯᠮᠦᠷᠢᠯᠡᠬᠦ ᠬᠠᠯᠠᠭᠤᠨ ᠰᠡᠳᠬᠢᠯᠭᠡ ᠪᠠ ᠡᠭᠦᠳᠦᠨ ᠪᠦᠲᠦᠭᠡᠬᠦ ᠳᠠᠯᠳᠠ ᠴᠢᠳᠠᠪᠤᠷᠢ᠎ᠶᠢ ᠬᠥᠭᠵᠢᠭᠡᠨ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠳᠬᠡᠨ ᠬᠥᠭᠵᠢᠭᠦᠯᠬᠦ᠎ᠳᠦ ᠪᠥᠬᠥ ᠲᠠᠯ᠎ᠠ᠎ᠪᠠᠷ ᠬᠦᠴᠦ ᠨᠡᠮᠡᠷᠢᠯᠡᠵᠦ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭᠵᠢᠯᠲᠡ᠎ᠶᠢ ᠯᠠᠪᠳᠠᠭᠤᠨ᠎ᠢᠶᠠᠷ ᠠᠬᠢᠭᠤᠯᠬᠤ᠎ᠶᠢᠨ ᠬᠠᠮᠲᠤ ᠪᠥᠬᠥ ᠤᠯᠤᠰ᠎ᠤᠨ ᠤᠷᠤᠯᠳᠤᠭᠠᠨ᠎ᠳᠤ ᠰᠢᠯᠢᠳᠡᠭ ᠴᠢᠳᠠᠪᠤᠷᠢᠲᠠᠳ᠎ᠢ ᠰᠣᠩᠭᠣᠨ ᠪᠡᠯᠡᠳᠬᠡᠨ᠎ᠡ᠃