ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠥᠪᠥᠷ ᠮᠣᠩᠭᠣᠯ 3 ᠵᠢᠯ᠎ᠳᠦ 7390 ᠲᠦᠮᠡᠨ ᠲᠥᠭᠥᠷᠢᠭ᠎ᠦᠨ ᠪᠡᠯᠡ ᠣᠷᠣᠭᠤᠯᠵᠤ ᠬᠢᠮᠢ᠎ᠶᠢᠨ ᠪᠣᠷᠳᠣᠭᠤᠷ ᠨᠥᠭᠡᠴᠡᠯᠡᠬᠦ᠎ᠶᠢ ᠳᠡᠮᠵᠢᠪᠡ
ᠨᠡᠶ᠋ᠢᠲᠡᠯᠡᠭᠰᠡᠨ ᠴᠠᠭ᠄ 2025-08-13

 

ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠣᠢᠯᠠᠭᠠᠭᠰᠠᠨ᠎ᠢᠶᠠᠷ ᠄ 2023 ᠣᠨ᠎ᠠᠴᠠ 2025 ᠣᠨ᠎ᠤ ᠲᠥᠰᠥᠪ᠎ᠦᠨ ᠣᠨ ᠪᠣᠯᠲᠠᠯ᠎ᠠ᠂ ᠥᠪᠥᠷ ᠮᠣᠩᠭᠣᠯ 3 ᠵᠢᠯ᠎ᠳᠦ 7390 ᠲᠦᠮᠡᠨ ᠲᠥᠭᠥᠷᠢᠭ᠎ᠦᠨ ᠪᠡᠯᠡ ᠮᠥᠩᠭᠥ᠎ᠶᠢ ᠨᠢᠭᠡᠳᠦᠯᠲᠡᠢ ᠲᠥᠯᠥᠪᠯᠡᠨ ᠬᠢᠮᠢ᠎ᠶᠢᠨ ᠪᠣᠷᠳᠣᠭᠤᠷ᠎ᠤᠨ ᠬᠤᠳᠠᠯᠳᠤᠭᠠᠨ᠎ᠤ ᠨᠥᠭᠡᠴᠡᠯᠡᠯᠲᠡ᠎ᠶᠢ ᠳᠡᠮᠵᠢᠬᠦ᠎ᠳᠦ ᠳᠣᠬᠢᠷᠠᠭᠤᠯᠤᠨ ᠬᠡᠷᠡᠭᠯᠡᠵᠦ᠂ ᠲᠠᠷᠢᠶᠠᠯᠠᠩ᠎ᠤᠨ ᠬᠥᠭᠵᠢᠯᠲᠡ᠎ᠳᠦ ᠲᠠᠰᠤᠷᠠᠯᠲᠠ ᠦᠭᠡᠢ ᠬᠥᠳᠡᠯᠭᠡᠭᠴᠢ ᠬᠦᠴᠦᠨ᠎ᠢ ᠦᠨᠡᠨ ᠬᠦ᠌ ᠨᠡᠮᠡᠷᠢᠯᠡᠵᠦ ᠪᠠᠢᠨ᠎ᠠ ᠃ 

ᠥᠪᠥᠷ ᠮᠣᠩᠭᠣᠯ ᠪᠣᠯ ᠪᠥᠬᠥ ᠤᠯᠤᠰ᠎ᠤᠨ ᠠᠮᠤ ᠪᠤᠳᠠᠭᠠᠨ᠎ᠤ ᠴᠢᠬᠤᠯᠠ ᠪᠣᠯᠬᠤ ᠭᠣᠣᠯ ᠭᠠᠷᠤᠯᠲᠠ᠎ᠶᠢᠨ ᠣᠷᠣᠨ ᠮᠥᠨ ᠪᠥᠭᠡᠳ ᠬᠢᠮᠢ᠎ᠶᠢᠨ ᠪᠣᠷᠳᠣᠭᠤᠷ ᠨᠢ ᠲᠠᠷᠢᠶᠠᠨ ᠭᠠᠵᠠᠷ᠎ᠤᠨ ᠥᠨᠳᠥᠷ ᠤᠨᠠᠯᠲᠠ ᠲᠣᠭᠲᠠᠭᠤᠨ ᠤᠨᠠᠯᠲᠠ᠎ᠶᠢ ᠪᠠᠲᠤᠯᠠᠬᠤ᠎ᠳᠤ ᠣᠷᠣᠯᠠᠭᠤᠯᠵᠤ ᠪᠣᠯᠣᠰᠢ ᠦᠭᠡᠢ ᠦᠢᠯᠡᠳᠦᠯ ᠦᠵᠡᠭᠦᠯᠵᠦ ᠪᠠᠢᠳᠠᠭ ᠃ ᠲᠠᠷᠢᠶᠠᠯᠠᠩ᠎ᠤᠨ ᠦᠢᠯᠡᠳᠪᠦᠷᠢᠯᠡᠯ᠎ᠦᠨ ᠲᠣᠭᠲᠠᠭᠤᠨ ᠪᠠᠢᠳᠠᠯ᠎ᠢ ᠪᠠᠲᠤᠯᠠᠬᠤ ᠪᠠ ᠠᠮᠤ ᠪᠤᠳᠠᠭᠠᠨ᠎ᠤ ᠡᠯᠪᠡᠭ ᠦᠢᠯᠡᠳᠪᠦᠷᠢᠯᠡᠯ ᠬᠤᠷᠢᠶᠠᠯᠲᠠ ᠣᠯᠬᠤ᠎ᠳᠤ ᠬᠦᠴᠦ ᠨᠡᠮᠡᠷᠢᠯᠡᠬᠦ᠎ᠶᠢᠨ ᠲᠥᠯᠥᠭᠡ᠂ 2023 ᠣᠨ᠎ᠠᠴᠠ ᠨᠠᠭᠠᠰᠢ᠂ ᠥᠪᠥᠷ ᠮᠣᠩᠭᠣᠯ ᠳᠠᠭᠠᠭᠠᠨ ᠨᠥᠭᠡᠴᠡᠯᠡᠬᠦ ᠠᠵᠤ ᠠᠬᠤᠢᠯᠠᠯ᠎ᠢ ᠳᠡᠮᠵᠢᠬᠦ᠎ᠪᠡᠷ ᠳᠠᠮᠵᠢᠭᠤᠯᠤᠨ ᠨᠥᠭᠡᠴᠡᠯᠡᠬᠦ ᠡᠭᠦᠷᠭᠡ᠎ᠶᠢᠨ ᠬᠢᠨᠢ ᠶᠣᠰᠣᠭᠠᠷ ᠳᠣᠭᠲᠠᠭᠠᠭᠰᠠᠨ ᠬᠢᠮᠢ᠎ᠶᠢᠨ ᠪᠣᠷᠳᠣᠭᠤᠷ᠎ᠢ ᠬᠣᠷᠢᠶᠠᠨ ᠨᠥᠭᠡᠴᠡᠯᠡᠭᠰᠡᠨ ᠪᠠ ᠡᠭᠦᠷᠭᠡ᠎ᠶᠢᠨ ᠲᠣᠬᠢᠷᠠᠭᠤᠯᠤᠯᠲᠠ ᠶᠣᠰᠣᠭᠠᠷ ᠬᠠᠮᠢᠶ᠎ᠠ ᠪᠦᠬᠦᠢ ᠲᠥᠷᠥᠯ᠎ᠦᠨ ᠬᠢᠮᠢ᠎ᠶᠢᠨ ᠪᠣᠷᠳᠣᠭᠤᠷ᠎ᠢ ᠡᠮᠬᠢ ᠵᠢᠷᠤᠮ᠎ᠲᠠᠢ᠎ᠪᠠᠷ ᠵᠠᠬ᠎ᠠ ᠳᠡᠯᠭᠡᠭᠦᠷ᠎ᠲᠦ ᠣᠷᠣᠭᠤᠯᠤᠨ ᠬᠤᠳᠠᠯᠳᠤᠵᠤ᠂ ᠠᠵᠢᠯ ᠲᠥᠷᠥᠯ᠎ᠦᠨ ᠬᠣᠷᠸ᠎ᠠ ᠲᠣᠬᠢᠷᠠᠭᠤᠯᠤᠯ ᠡᠵᠡᠮᠳᠡᠯ᠎ᠦᠨ ᠴᠢᠳᠠᠪᠤᠷᠢ᠎ᠶᠢ ᠦᠷᠭᠦᠯᠵᠢᠯᠡᠨ ᠴᠢᠩᠭᠠᠷᠠᠭᠤᠯᠵᠤ᠂ ᠠᠵᠤ ᠠᠬᠤᠢᠯᠠᠯ᠎ᠤᠨ ᠲᠥᠷᠥ᠎ᠶᠢᠨ ᠪᠣᠳᠣᠯᠭ᠎ᠠ᠎ᠶᠢᠨ ᠵᠢᠱ᠌ᠢᠯᠲᠡ᠎ᠶᠢ ᠲᠣᠭᠲᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠬᠢᠮᠢ᠎ᠶᠢᠨ ᠪᠣᠷᠳᠣᠭᠤᠷ᠎ᠤᠨ ᠬᠠᠩᠭᠠᠯᠭ᠎ᠠ ᠭᠦᠢᠴᠡᠳ ᠪᠠᠢᠬᠤ᠎ᠶᠢ ᠪᠠᠲᠤᠯᠠᠵᠤ᠂ ᠲᠠᠷᠢᠶᠠᠴᠢᠳ᠎ᠢ ᠪᠣᠷᠳᠣᠭᠤᠷ ᠬᠤᠳᠠᠯᠳᠤᠨ ᠠᠪᠬᠤ᠎ᠳᠤ ᠵᠣᠪᠠᠬᠤ ᠵᠦᠢᠯ ᠦᠭᠡᠢ᠂ ᠪᠣᠷᠳᠣᠭᠤᠷ ᠬᠡᠷᠡᠭᠯᠡᠬᠦ᠎ᠳᠦ ᠰᠠᠨᠠᠭ᠎ᠠ ᠠᠮᠤᠷ ᠪᠠᠢᠯᠭᠠᠪᠠ ᠃ 

ᠡᠭᠦᠨ᠎ᠦ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠯᠦ᠍ᠭᠡ ᠬᠠᠮᠲᠤᠷᠠᠨ ᠲᠤᠬᠠᠢ᠎ᠶᠢᠨ ᠭᠠᠵᠠᠷ᠎ᠲᠤ ᠨᠢ ᠬᠠᠷᠭᠤᠭᠤᠯᠤᠨ ᠪᠠᠢᠴᠠᠭᠠᠵᠤ᠂ ᠠᠵᠤ ᠠᠬᠤᠢᠯᠠᠯ᠎ᠤᠳ᠎ᠤᠨ ᠨᠥᠭᠡᠴᠡᠯᠡᠵᠦ ᠪᠠᠢᠭ᠎ᠠ ᠬᠢᠮᠢ᠎ᠶᠢᠨ ᠪᠣᠷᠳᠣᠭᠤᠷ᠎ᠤᠨ ᠴᠢᠨᠠᠷ᠎ᠲᠤ ᠠᠰᠠᠭᠤᠳᠠᠯ ᠭᠠᠷᠬᠤ ᠦᠭᠡᠢ ᠪᠠᠢᠬᠤ᠎ᠶᠢ ᠪᠠᠲᠤᠯᠠᠭᠰᠠᠨ ᠪᠠᠢᠨ᠎ᠠ; ᠲᠤᠬᠠᠢᠯᠠᠭᠰᠠᠨ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠯᠦ᠍ᠭᠡ ᠬᠠᠮᠵᠢᠯᠴᠠᠨ᠂ ᠳ᠋ᠢᠭᠢᠲᠴᠢᠯᠡᠭᠰᠡᠨ ᠠᠷᠭ᠎ᠠ ᠪᠠᠷᠢᠯ᠎ᠢ ᠬᠡᠷᠡᠭᠯᠡᠨ ᠬᠢᠮᠢ᠎ᠶᠢᠨ ᠪᠣᠷᠳᠣᠭᠤᠷ ᠬᠤᠳᠠᠯᠳᠤᠨ ᠠᠪᠬᠤ᠂ ᠨᠥᠭᠡᠴᠡᠯᠡᠬᠦ᠂ ᠳᠣᠬᠢᠷᠠᠭᠤᠯᠤᠨ ᠵᠥᠭᠡᠭᠡᠪᠦᠷᠢᠯᠡᠬᠦ ᠵᠡᠷᠭᠡ ᠭᠣᠭᠴᠣᠭ᠎ᠠ᠎ᠶᠢ ᠨᠢ ᠬᠢᠨᠠᠨ ᠰᠢᠨᠵᠢᠵᠦ᠂ ᠬᠢᠨᠠᠨ ᠬᠠᠮᠢᠶᠠᠷᠬᠤ ᠲᠣᠭᠲᠠᠯᠴᠠᠭ᠎ᠠ᠎ᠪᠡᠨ ᠦᠷᠭᠦᠯᠵᠢᠯᠡᠨ ᠰᠢᠯᠢᠳᠡᠭᠵᠢᠭᠦᠯᠵᠦ᠂ ᠡᠳ᠋᠎ᠦᠨ ᠵᠠᠰᠠᠭ᠎ᠤᠨ ᠪᠡᠯᠡ ᠮᠥᠩᠭᠥᠨ᠎ᠦ ᠬᠡᠷᠡᠭᠯᠡᠯᠲᠡ᠎ᠶᠢᠨ ᠦᠷ᠎ᠡ ᠠᠰᠢᠭ᠋᠎ᠢ ᠳᠡᠭᠡᠭᠰᠢᠯᠡᠭᠦᠯᠪᠡ᠃ 

ᠳᠠᠷᠠᠭᠠᠴᠢ᠎ᠶᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠡᠳ᠋᠎ᠦᠨ ᠵᠠᠰᠠᠭ᠎ᠤᠨ ᠰᠠᠯᠠᠭ᠎ᠠ ᠮᠥᠴᠢᠷ ᠬᠠᠮᠢᠶ᠎ᠠ ᠪᠦᠬᠦᠢ ᠵᠠᠷᠤᠳᠠᠯ᠎ᠢᠶᠠᠨ ᠦᠷᠭᠦᠯᠵᠢᠯᠡᠨ ᠢᠳᠡᠪᠬᠢᠲᠡᠢ ᠨᠠᠢᠳᠠᠪᠤᠷᠢᠵᠢᠭᠤᠯᠵᠤ᠂ ᠬᠢᠮᠢ᠎ᠶᠢᠨ ᠪᠣᠷᠳᠣᠭᠤᠷ᠎ᠤᠨ ᠬᠤᠳᠠᠯᠳᠤᠭᠠᠨ᠎ᠤ ᠨᠥᠭᠡᠴᠡᠯᠡᠯᠲᠡ᠎ᠶᠢᠨ ᠡᠭᠦᠷᠭᠡ᠎ᠶᠢ ᠰᠠᠢᠲᠤᠷ ᠪᠡᠶᠡᠯᠡᠭᠦᠯᠬᠦ᠎ᠪᠡᠨ ᠪᠠᠲᠤᠯᠠᠵᠤ᠂ ᠠᠮᠤ ᠪᠤᠳᠠᠭᠠᠨ᠎ᠤ ᠠᠮᠤᠷ ᠲᠦᠪᠰᠢᠨ᠎ᠢ ᠪᠠᠲᠤᠯᠠᠬᠤ᠎ᠳᠤ ᠡᠳ᠋᠎ᠦᠨ ᠵᠠᠰᠠᠭ᠎ᠤᠨ ᠬᠦᠴᠦᠨ᠎ᠢᠶᠡᠨ ᠨᠡᠮᠡᠷᠢᠯᠡᠬᠦ ᠪᠣᠯᠣᠨ᠎ᠠ᠃ 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ
Baidu
map