ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
50 《ᠤᠯᠤᠰ᠎ᠤᠨ ᠬᠡᠦᠬᠡᠳ 》ᠲᠦᠷᠦᠯ ᠰᠠᠳᠤᠨ᠎ᠢᠶᠠᠨ ᠡᠷᠢᠬᠦ ᠲᠤᠰᠬᠠᠢ ᠠᠵᠢᠯᠯᠠᠭ᠎ᠠ ᠪᠡᠷ ᠬᠦᠰᠡᠯ ᠮᠦᠷᠦᠬᠡᠳᠦᠯ᠎ᠢᠶᠠᠨ ᠪᠠᠶᠡᠯᠡᠬᠦᠯᠦᠯ᠎ᠠ
ᠨᠡᠶ᠋ᠢᠲᠡᠯᠡᠭᠰᠡᠨ ᠴᠠᠭ᠄ 2025-08-12

 

8 ᠰᠠᠷ᠎ᠠ᠎ᠶᠢᠨ 8᠎ᠤ ᠡᠳᠦᠷ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠤᠨ ᠬᠤᠷᠠᠯᠳᠤᠭᠤᠯᠤᠭᠰᠠᠨ 《ᠤᠯᠤᠰ᠎ᠤᠨ ᠬᠡᠦᠬᠡᠳ》ᠤ᠋ᠨ ᠲᠦᠷᠦᠯ ᠰᠠᠳᠤᠨ᠎ᠢᠶᠠᠨ ᠡᠷᠢᠬᠦ ᠲᠤᠰᠬᠠᠢ ᠠᠵᠢᠯᠯᠠᠭ᠎ᠠ᠎ᠶᠢᠨ ᠭᠣᠣᠯ ᠰᠡᠳᠦᠪᠲᠦ ᠰᠣᠨᠢᠨ ᠮᠡᠳᠡᠭᠡ ᠨᠡᠢᠲᠡᠯᠡᠬᠦ ᠬᠤᠷᠠᠯ᠎ᠡᠴᠨ ᠣᠢᠯᠠᠭᠠᠭᠰᠠᠨ᠎ᠢᠶᠠᠷ᠂ ᠣᠳᠣᠬᠠᠨ ᠪᠣᠯᠲᠠᠯ᠎ᠠ ᠲᠤᠰ ᠲᠤᠰᠬᠠᠢ ᠠᠵᠢᠯᠯᠠᠭ᠎ᠠ ᠨᠢ ᠨᠢᠭᠡᠨᠲᠡ 50 《ᠤᠯᠤᠰ᠎ᠤᠨ ᠬᠡᠦᠬᠡᠳ 》ᠤ᠋ᠨ ᠲᠦᠷᠦᠯ ᠰᠠᠳᠤᠨ᠎ᠢᠶᠠᠨ ᠡᠷᠢᠬᠦ ᠬᠦᠰᠡᠯ ᠮᠦᠷᠦᠬᠡᠳᠦᠯ᠎ᠢ ᠨᠢ ᠪᠡᠶᠡᠯᠡᠬᠦᠯᠪᠡ᠃

《ᠭᠤᠷᠪᠠᠨ ᠮᠢᠩᠭᠠᠨ ᠥᠨᠥᠴᠢᠨ ᠬᠡᠦᠬᠡᠳ᠎ᠢ ᠥᠪᠥᠷ ᠮᠣᠩᠭᠣᠯ᠎ᠳᠤ ᠦᠷᠡᠴᠢᠯᠡᠨ ᠳᠡᠵᠢᠭᠡᠭᠰᠡᠨ 》ᠶᠠᠪᠤᠳᠠᠯ ᠨᠢ ᠦᠨᠳᠦᠰᠦᠲᠡᠨ᠎ᠦ ᠶᠡᠬᠡ ᠬᠠᠢᠷ᠎ᠠ᠎ᠶᠢᠨ ᠲᠡᠦᠬᠡᠨ ᠳᠠᠭᠤᠷᠢᠰᠬᠠᠯ ᠪᠢᠯᠡ᠃ ᠰᠢᠯᠢ᠎ᠶᠢᠨ ᠭᠣᠣᠯ ᠠᠢᠮᠠᠭ ᠪᠣᠯ ᠲᠤᠬᠠᠢ᠎ᠶ᠋ᠢᠨ ᠵᠢᠯ ᠥᠪᠥᠷ ᠮᠣᠩᠭᠣᠯ᠎ᠤᠨ 《ᠤᠯᠤᠰ᠎ᠤᠨ ᠬᠡᠦᠬᠡᠳ 》᠎ᠢ᠋ ᠬᠠᠮᠤᠭ᠎ᠤᠨ ᠣᠯᠠᠨ ᠭᠥᠯᠢᠶᠡᠨ ᠠᠪᠤᠭᠰᠠᠨ ᠠᠢᠮᠠᠭ ᠬᠣᠲᠠ ᠪᠣᠯᠣᠨ᠎ᠠ᠃ 2021 ᠣᠨ᠎ᠳᠤ᠂ ᠰᠢᠯᠢ᠎ᠶᠢᠨ ᠭᠣᠣᠯ ᠠᠢᠮᠠᠭ᠎ᠤᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ 《ᠤᠯᠤᠰ᠎ᠤᠨ ᠬᠡᠦᠬᠡᠳ 》᠎ᠤ᠋ᠨ ᠲᠦᠷᠦᠯ ᠰᠠᠳᠤᠨ᠎ᠢ ᠨᠢ ᠡᠷᠢᠬᠦ ᠲᠤᠰᠬᠠᠢ ᠠᠵᠢᠯᠯᠠᠭ᠎ᠠ᠎ᠶᠢ ᠵᠢᠩᠬᠢᠨᠢ᠎ᠪᠡᠷ ᠡᠬᠢᠯᠡᠭᠦᠯᠪᠡ᠃ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ᠎ᠶᠢ ᠪᠠᠲᠤᠯᠠᠬᠤ᠎ᠶᠢᠨ ᠲᠥᠯᠥᠭᠡ᠂ ᠲᠣᠰ ᠲᠣᠪᠴᠢᠶ᠎ᠠ 2023 ᠣᠨ᠎ᠤ 4 ᠰᠠᠷ᠎ᠠ᠎ᠳᠤ 《ᠤᠯᠤᠰ᠎ᠤᠨ ᠬᠡᠦᠬᠡᠳ 》᠎ᠤ᠋ᠨ ᠲᠦᠷᠦᠯ ᠰᠠᠳᠤᠨ᠎ᠢ ᠨᠢ ᠡᠷᠢᠬᠦ ᠠᠵᠢᠯ᠎ᠤᠨ ᠲᠤᠰᠬᠠᠢ ᠪᠠᠬ᠎ᠢ ᠪᠠᠢᠭᠤᠯᠵᠡᠢ᠃

ᠲᠤᠰᠬᠠᠢ ᠠᠵᠢᠯᠯᠠᠭ᠎ᠠ᠎ᠶᠢᠨ ᠳᠤᠮᠳᠠ᠂ ᠰᠢᠯᠢ᠎ᠶᠢᠨ ᠭᠣᠣᠯ ᠠᠢᠮᠠᠭ᠎ᠤᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ ᠣᠢᠷ᠎ᠠ᠎ᠶᠢᠨ ᠵᠢᠯ᠎ᠦᠨ ᠲᠤᠷᠰᠢᠬᠢ ᠠᠵᠢᠯ᠎ᠤᠨ ᠲᠤᠷᠰᠢᠯᠭ᠎ᠠ᠎ᠪᠠᠨ ᠡᠮᠬᠢᠯᠡᠨ ᠳᠢᠭᠯᠡᠵᠦ᠂ 《ᠴᠢᠰᠤᠨ᠎ᠤ ᠦᠯᠢᠬᠡᠷ ᠡᠳ᠋᠎ᠢ ᠴᠤᠭᠯᠠᠭᠤᠯᠬᠤ + ᠲᠠᠩᠰᠠ ᠡᠪᠬᠡᠮᠡᠯ ᠪᠠᠶ᠋ᠢᠭᠤᠯᠬᠤ 》ᠨᠢᠭᠡ ᠥᠷᠲᠡᠭᠡᠴᠢᠯᠡᠭᠰᠡᠨ ᠮᠠᠶᠢᠭ᠋᠎ᠤᠨ ᠮᠡᠳᠡᠭᠡ ᠵᠠᠩᠭᠢ᠎ᠶᠢᠨ ᠬᠠᠮᠢᠶᠠᠷᠤᠯᠲᠠ᠎ᠶᠢᠨ ᠲᠣᠭᠲᠠᠴᠠ᠂ 《ᠲᠥᠷᠥᠯ ᠰᠠᠳᠤᠨ᠎ᠢᠶᠠᠨ ᠮᠡᠳᠡᠷᠡᠬᠦ + ᠠᠭᠤᠯᠵᠠᠯᠳᠠ 》ᠵᠢᠨ ᠪᠥᠬᠥ ᠴᠤᠪᠤᠷᠠᠯ᠎ᠤᠨ ᠦᠢᠯᠡᠴᠢᠯᠡᠭᠡ ᠪᠠ 《ᠵᠠᠭᠤᠴᠢᠯᠠᠭᠤᠷ + ᠨᠡᠢᠭᠡᠮ᠎ᠦᠨ ᠵᠣᠬᠢᠶᠠᠨ ᠪᠠᠢᠭᠤᠯᠤᠯᠲᠠ 》ᠣᠯᠠᠨ ᠲᠠᠯ᠎ᠠ᠎ᠪᠠᠷ ᠬᠠᠮᠲᠤᠷᠠᠨ ᠬᠥᠳᠡᠯᠦᠯᠴᠡᠬᠦ ᠠᠯᠢ ᠣᠯᠠᠨ ᠠᠵᠢᠯ᠎ᠤᠨ ᠵᠠᠭᠪᠤᠷ᠎ᠢ ᠳ᠋ᠦᠩᠨᠡᠨ ᠪᠦᠷᠢᠯᠳᠦᠭᠦᠯᠵᠦ᠂ ᠳᠤᠰᠬᠠᠢ ᠠᠵᠢᠯᠯᠠᠭ᠎ᠠ ᠵᠢᠨ ᠦᠢᠯᠡᠴᠢᠯᠡᠭᠡ᠎ᠪᠠᠨ ᠪᠦᠬᠦ ᠠᠢᠮᠠᠭ᠎ᠠᠴᠠ ᠪᠦᠬᠦ ᠤᠷᠤᠨ ᠴᠢᠨᠠᠬᠰᠢᠯᠠᠨ ᠪᠦᠬᠦ ᠤᠯᠤᠰ ᠳᠡᠢᠰᠢ ᠦᠷᠭᠡᠳᠭᠡᠪᠡ᠃

ᠣᠳᠣᠬᠠᠨ᠎ᠳᠤ᠂ ᠰᠢᠯᠢ᠎ᠶᠢᠨ ᠭᠣᠣᠯ ᠠᠢᠮᠠᠭ᠎ᠤᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ ᠨᠢᠭᠡᠨᠲᠡ ᠲᠦᠷᠦᠯ ᠰᠠᠳᠤᠨ᠎ᠢ ᠨᠢ ᠣᠨᠣᠪᠴᠢᠲᠠᠶ ᠡᠷᠢᠬᠦ ᠣᠷᠳᠣ᠌ ᠬᠤᠭᠤᠴᠠᠭᠠᠨ᠎ᠤ ᠪᠦᠲᠦᠮᠵᠢᠲᠡᠶ ᠲᠣᠭᠲᠠᠴᠠ᠎ᠶᠢ ᠪᠠᠢᠭᠤᠯᠪᠠ᠃ ᠲᠣᠰ ᠲᠣᠪᠴᠢᠶ᠎ᠠ ᠪᠠᠰᠠ ᠮᠡᠷᠭᠡᠵᠢᠯ᠎ᠦᠨ ᠲᠤᠯᠭᠠᠭᠤᠷᠢᠯᠠᠯ᠎ᠢᠶᠠᠨ ᠦᠷᠭᠦᠯᠵᠢᠯᠡᠨ ᠭᠦᠨᠵᠡᠭᠡᠢᠷᠡᠭᠦᠯᠵᠦ᠂ ᠰᠢᠯᠭᠠᠨ ᠪᠠᠢᠴᠠᠭᠠᠬᠤ ᠮᠡᠷᠭᠡᠵᠢᠯ᠎ᠦᠨ ᠭᠦᠨᠵᠡᠭᠡᠢ ᠬᠡᠷᠡᠭᠯᠡᠭᠡ᠎ᠶᠢ ᠴᠢᠩᠭᠠᠳᠬᠠᠬᠤ᠎ᠶᠢᠨ ᠬᠠᠮᠲᠤ ᠡᠮᠦᠨᠡᠲᠦ ᠣᠷᠣᠨ᠎ᠤ ᠮᠤᠵᠢ ᠬᠣᠲᠠ᠎ᠶᠢᠨ ᠲᠦᠷᠦᠯ ᠰᠠᠳᠤᠨ᠎ᠢᠶᠠᠨ ᠡᠷᠢᠬᠦ ᠭᠡᠷ ᠪᠦᠯᠢ ᠲᠠᠢ ᠭᠠᠵᠠᠷ ᠣᠷᠣᠨ᠎ᠤ ᠰᠠᠢᠨ ᠳᠤᠷᠠᠴᠤᠤᠯ᠂ ᠨᠡᠶ᠋ᠢᠲᠡ᠎ᠶᠢᠨ ᠠᠰᠠᠷᠠᠮᠵᠢ᠎ᠶᠢᠨ ᠵᠣᠬᠢᠶᠠᠨ ᠪᠠᠢᠭᠤᠯᠤᠯᠲᠠ᠂ ᠨᠡᠢᠭᠡᠮ᠎ᠦᠨ ᠬᠦᠴᠦᠨ᠎ᠢ ᠵᠣᠬᠢᠴᠠᠭᠤᠯᠤᠨ ᠬᠠᠮᠲᠤᠷᠠᠯ ᠬᠦᠴᠦᠨ᠎ᠢ ᠪᠦᠷᠢᠯᠳᠦᠭᠦᠯᠵᠦ᠂ ᠲᠦᠷᠦᠯ ᠰᠠᠳᠤᠨ᠎ᠢᠶᠠᠨ ᠡᠷᠢᠬᠦ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠨᠡᠩ ᠤᠯᠠᠨ 《ᠤᠯᠤᠰ᠎ᠤᠨ ᠬᠡᠦᠬᠡᠳ 》᠎ᠢ᠋ ᠬᠠᠪᠰᠤᠷᠤᠨ ᠲᠦᠷᠦᠯ ᠰᠠᠳᠤᠨ᠎ᠢᠶᠠᠨ ᠡᠷᠢᠬᠦ ᠬᠦᠰᠡᠯ ᠮᠦᠷᠦᠬᠡᠳᠦᠯ᠎ᠢ ᠨᠢ ᠳᠡᠷᠭᠡᠯᠰᠢᠬᠦᠯᠬᠦ ᠪᠤᠯᠤᠨ᠎ᠠ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
Baidu
map