8 ᠰᠠᠷ᠎ᠠ᠎ᠶᠢᠨ11᠎ᠤ᠋ ᠡᠳᠦᠷ᠂ ᠥᠪᠥᠷ ᠮᠣᠩᠭᠣᠯ᠎ᠤᠨ ᠪᠧᠨ ᠲᠧᠩ ᠮᠠᠯ ᠠᠵᠤ ᠠᠬᠤᠢ᠎ᠶᠢᠨ ᠬᠢᠵᠠᠭᠠᠷᠲᠤ ᠺᠤᠮᠫᠠᠨᠢ᠎ᠶᠢᠨ ᠰᠠᠭᠠᠯᠢ᠎ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ᠎ᠳᠤ ᠠᠵᠢᠯᠲᠠᠳ ᠶᠠᠭ ᠰᠠᠢᠬᠠᠨ 6 ᠰᠠᠷ᠎ᠠ ᠪᠤᠯᠵᠤ ᠪᠠᠢᠭ᠎ᠠ ᠲᠤᠭᠤᠯᠤᠨ ᠴᠢᠰᠤ᠎ᠶᠢ ᠪᠤᠯᠭᠤᠮᠵᠢᠳᠠᠢ ᠴᠤᠭᠯᠠᠭᠤᠯᠵᠤ ᠪᠠᠢᠯ᠎ᠠ᠃ ᠲᠠᠨᠢᠯᠴᠠᠭᠤᠯᠤᠭᠰᠠᠨ᠎ᠢᠶᠡᠷ᠂ ᠡᠲᠡᠭᠡᠷ ᠴᠢᠰᠤᠨ᠎ᠤ ᠥᠯᠢᠭᠡᠷ ᠬᠡᠪ᠎ᠢ ᠲᠤᠷᠰᠢᠯᠲᠠ᠎ᠶᠢᠨ ᠲᠠᠰᠤᠭ᠎ᠲᠤ ᠬᠦᠷᠭᠡᠵᠦ᠂ ᠰᠠᠭᠠᠯᠢ᠎ᠶᠢᠨ ᠦᠨᠢᠶᠡᠨ᠎ᠦ 《ᠡᠭᠦᠯᠳᠡᠷ ᠪᠣᠢᠵᠢᠭᠤᠯᠬᠤ 1 ᠳ᠋ᠤᠭᠡᠷ ᠨᠣᠮᠧᠷᠲᠤ ᠴᠢᠫ》᠎ᠢᠶᠡᠷ ᠭᠧᠨ᠎ᠦ ᠰᠢᠯᠭᠠᠨ ᠪᠠᠢᠴᠠᠭᠠᠯᠲᠠ ᠬᠢᠬᠦ ᠪᠤᠯᠤᠨ᠎ᠠ᠃ ᠥᠩᠭᠡᠷᠡᠭᠰᠡᠨ᠎ᠳᠦ 4 ᠵᠢᠯ ᠰᠢᠬᠠᠮ᠎ᠤᠨ ᠬᠤᠭᠤᠴᠠᠭ᠎ᠠ᠎ᠶᠢ ᠬᠡᠷᠡᠭᠰᠡᠮᠡᠨᠵᠢᠨ ᠰᠠᠶᠢ ᠡᠲᠡᠭᠡᠷ ᠲᠤᠭᠤᠯᠤᠨ ᠡᠭᠦᠯᠳᠡᠷ ᠪᠣᠢᠵᠢᠭᠤᠯᠬᠤ ᠥᠷᠲᠡᠭ᠎ᠢ ᠮᠠᠭᠠᠳᠯᠠᠵᠤ ᠳᠡᠢᠯᠬᠦ ᠪᠠᠢᠭᠰᠠᠨ ᠪᠤᠯ᠂ ᠣᠲᠣ᠌ ᠵᠥᠪᠬᠡᠨ ᠤᠬᠤᠷᠬᠠᠨ 45 ᠡᠳᠦᠷ᠎ᠲᠦ ᠳᠠᠷᠤᠢ ᠡᠳᠡᠭᠡᠷ ᠲᠤᠭᠤᠯᠤᠨ ᠦᠨᠳᠦᠷ ᠭᠠᠷᠤᠯᠲᠠ ᠲᠠᠢ᠂ ᠡᠪᠡᠳᠴᠢᠨ ᠡᠰᠡᠷᠭᠦᠴᠡᠬᠦ ᠴᠢᠳᠠᠪᠤᠷᠢ ᠰᠠᠢᠨ᠂ ᠤᠷᠲᠤ ᠦᠷᠡᠵᠢᠯ᠎ᠤᠨ ᠬᠤᠭᠤᠴᠠᠭ᠎ᠠ ᠲᠠᠢ ᠰᠢᠯᠢᠳᠡᠭ ᠡᠭᠦᠯᠳᠡᠷ ᠪᠤᠯᠬᠤ ᠡᠰᠡᠬᠦ᠎ᠶᠢ ᠮᠠᠭᠠᠳᠯᠠᠨ ᠲᠤᠭᠲᠠᠭᠠᠵᠤ ᠲᠡᠢᠯᠬᠦ ᠪᠤᠯᠤᠭᠰᠠᠨ ᠪᠠᠢᠨ᠎ᠠ᠃
ᠤᠢᠯᠠᠭᠠᠭᠰᠠᠨ᠎ᠢᠶᠠᠷ᠂ ᠤᠯᠠᠮᠵᠢᠯᠠᠯᠲᠤ ᠡᠭᠦᠯᠳᠡᠷ ᠪᠤᠢᠵᠢᠭᠤᠯᠬᠤ ᠵᠠᠭᠪᠤᠷ ᠳᠤᠤᠷ᠎ᠠ ᠰᠠᠭᠠᠯᠢ᠎ᠶᠢᠨ ᠦᠨᠢᠶᠡᠨ᠎ᠤ ᠰᠢᠯᠢᠳᠡᠭ ᠰᠠᠢᠨ ᠰᠢᠨᠵᠢ ᠪᠠᠢᠳᠠᠯ᠎ᠢ ᠰᠢᠭᠰᠢᠨ ᠰᠤᠩᠭᠤᠬᠤ᠎ᠳᠤ ᠶᠡᠷᠦ ᠨᠢ ᠤᠷᠲᠤ ᠬᠤᠭᠤᠴᠠᠭᠠᠨ᠎ᠤ ᠠᠵᠢᠭᠯᠠᠯᠲᠠ ᠪᠠ ᠲᠤᠷᠰᠢᠯᠭ᠎ᠠ ᠬᠤᠷᠠᠮᠳᠤᠭᠤᠯᠬᠤ᠎ᠳᠤ ᠲᠦᠰᠢᠭᠯᠡᠵᠦ ᠪᠠᠢᠭᠰᠠᠨ᠎ᠢᠶᠠᠷ᠂ ᠰᠢᠯᠢᠳᠡᠭ ᠰᠠᠭᠠᠯᠢ᠎ᠶᠢᠨ ᠦᠨᠢᠶ᠎ᠡ᠎ᠶᠢ ᠬᠡᠷᠬᠢᠨ ᠲᠦᠷᠭᠡᠨ ᠢᠯᠭᠠᠨ ᠲᠠᠨᠢᠵᠤ᠂ ᠲᠡᠵᠢᠭᠡᠨ ᠦᠷᠡᠵᠢᠭᠦᠯᠬᠦ ᠦᠷ᠎ᠡ ᠠᠰᠢᠭ᠎ᠢ ᠳᠡᠭᠡᠭᠰᠢᠯᠡᠭᠦᠯᠬᠦ ᠨᠢ ᠠᠵᠢᠯ ᠲᠦᠷᠦᠯ᠎ᠤᠨ ᠲᠤᠯᠭᠠᠮ ᠱᠠᠭᠠᠷᠳᠠᠯᠭ᠎ᠠ ᠪᠤᠯᠤᠭᠰᠠᠨ ᠪᠠᠢᠵᠠᠢ᠃
ᠨᠢᠳᠤᠨᠤᠨ᠎ᠤ ᠵᠢᠯ᠎ᠤᠨ ᠡᠴᠦᠰ᠎ᠲᠦ᠂ ᠤᠯᠤᠰ᠎ᠤᠨ ᠰᠦ᠎ᠶᠢᠨ ᠦᠢᠯᠡᠰ᠎ᠤᠨ ᠮᠡᠷᠭᠡᠵᠢᠯ᠎ᠤᠨ ᠰᠢᠨ᠎ᠡ᠎ᠶᠢ ᠡᠭᠦᠳᠬᠦ ᠲᠦᠪ ᠲᠦᠷᠦᠭᠦᠯᠡᠨ᠂ ᠶᠢᠦ ᠷᠠᠨ ᠮᠠᠯ ᠠᠵᠤ ᠠᠬᠤᠢ᠎ᠶᠢᠨ ᠰᠠᠢ ᠺᠧ ᠰᠢᠩ ᠰᠤᠳᠤᠯᠭᠠᠨ᠎ᠤ ᠬᠦᠷᠢᠶᠡᠯᠡᠩ᠎ᠡᠴᠡ ᠭᠤᠤᠯᠯᠠᠨ ᠡᠷᠬᠢᠯᠡᠵᠦ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠶᠡᠬᠡ ᠳᠡᠭᠡᠳᠦ ᠰᠤᠷᠭᠠᠭᠤᠯᠢ ᠬᠠᠮᠲᠤᠷᠠᠨ᠂ ᠪᠡᠶ᠎ᠡ᠎ᠪᠠᠨ ᠳᠠᠭᠠᠭᠠᠭᠰᠠᠨ ᠮᠡᠳᠡᠯᠭᠡ᠎ᠶᠢᠨ ᠦᠮᠴᠢᠯᠡᠯ᠎ᠤᠨ ᠡᠷᠬᠡ ᠲᠠᠢ ᠭᠧᠨ᠎ᠤ ᠰᠢᠯᠭᠠᠨ ᠪᠠᠢᠴᠠᠭᠠᠯᠲᠠ᠎ᠶᠢᠨ ᠴᠢᠫ 《ᠡᠭᠦᠯᠳᠡᠷ ᠪᠤᠢᠵᠢᠭᠤᠯᠬᠤ 1 ᠳ᠋ᠤᠭᠡᠷ ᠨᠤᠮᠧᠷᠲᠤ ᠴᠢᠫ》᠎ᠢ᠋ ᠰᠤᠳᠤᠯᠤᠨ ᠨᠡᠭᠡᠭᠡᠭᠰᠡᠨ ᠪᠠᠢᠨ᠎ᠠ᠃ ᠡᠨᠡ ᠨᠢ ᠮᠠᠨ᠎ᠤ ᠤᠯᠤᠰ ᠦᠨᠳᠦᠷ ᠭᠠᠷᠤᠯᠲᠠ ᠲᠠᠢ᠂ ᠡᠪᠡᠳᠴᠢᠨ ᠡᠰᠡᠷᠭᠦᠴᠡᠬᠦ ᠴᠢᠳᠠᠪᠤᠷᠢ ᠰᠠᠢᠨ᠂ ᠤᠷᠲᠤ ᠦᠷᠡᠵᠢᠯ᠎ᠤᠨ ᠬᠤᠭᠤᠴᠠᠭ᠎ᠠ ᠲᠠᠢ ᠰᠠᠭᠠᠯᠢ᠎ᠶᠢᠨ ᠦᠨᠢᠶᠡᠨ᠎ᠤ ᠭᠧᠨ᠎ᠤ ᠪᠦᠯᠦᠭ᠎ᠤᠨ ᠰᠢᠯᠭᠠᠨ ᠪᠠᠢᠴᠠᠭᠠᠯᠲᠠ᠎ᠶᠢᠨ ᠮᠡᠷᠭᠡᠵᠢᠯ᠎ᠢ ᠪᠦᠷᠢᠮᠦᠰᠦᠨ ᠪᠡᠶ᠎ᠡ᠎ᠪᠠᠨ ᠳᠠᠭᠠᠭᠠᠨ ᠡᠵᠡᠮᠰᠢᠭᠰᠡᠨᠢ ᠬᠠᠷᠠᠭᠤᠯᠵᠤ ᠪᠠᠢᠨ᠎ᠠ᠃ ᠭᠧᠨ᠎ᠤ ᠰᠢᠯᠭᠠᠨ ᠪᠠᠢᠴᠠᠭᠠᠯᠲᠠ᠎ᠶᠢᠨ ᠴᠢᠫ ᠨᠢ ᠰᠠᠭᠠᠯᠢ᠎ᠶᠢᠨ ᠦᠨᠢᠶᠡᠨ᠎ᠦ ᠡᠭᠦᠯᠳᠡᠷ ᠪᠣᠢᠵᠢᠭᠤᠯᠬᠤ᠎ᠳᠤ 《ᠵᠠᠮᠴᠢᠯᠠᠭᠤᠷ》 ᠪᠤᠯᠵᠤ᠂ ᠰᠦ᠎ᠶᠢᠨ ᠭᠠᠷᠤᠯᠲᠠ᠂ ᠡᠷᠡᠭᠦᠯ ᠮᠡᠨᠳᠦ ᠲᠠᠢ ᠬᠣᠯᠪᠣᠭᠳᠠᠬᠤ 3 ᠲᠦᠮᠡ ᠭᠠᠷᠤᠢ ᠭᠧᠨ᠎ᠢ ᠴᠤᠭᠯᠠᠭᠤᠯᠬᠤ᠎ᠪᠠᠷ ᠳᠠᠮᠵᠢᠨ᠂ ᠨᠠᠩ ᠰᠠᠢᠨ ᠰᠦ᠋᠎ᠶᠢᠨ ᠭᠠᠷᠤᠯᠳᠠ ᠲᠠᠢ᠂ ᠨᠠᠩ ᠴᠢᠩᠭ᠎ᠠ ᠡᠪᠡᠳᠴᠢᠨ᠎ᠢ ᠡᠰᠡᠷᠭᠦᠴᠡᠬᠦ ᠴᠢᠳᠠᠪᠤᠷᠢ᠎ᠲᠠᠢ᠂ ᠨᠡᠩ ᠤᠷᠲᠤ ᠦᠷᠡᠵᠢᠯ᠎ᠦᠨ ᠦᠶᠡᠯᠡᠯ᠎ᠦᠨ ᠬᠤᠭᠤᠴᠠᠭ᠎ᠠ ᠲᠠᠢ ᠰᠠᠭᠠᠯᠢ᠎ᠶᠢᠨ ᠦᠨᠢᠶ᠎ᠡ᠎ᠶᠢ ᠨᠠᠷᠢᠯᠢᠭ ᠣᠨᠣᠪᠴᠢᠲᠠᠶ᠂ ᠥᠨᠳᠥᠷ ᠪᠦᠲᠦᠮᠵᠢᠲᠡᠶᠢᠯᠭᠠᠨ ᠲᠠᠨᠢᠬᠤ᠎ᠶᠢᠨ ᠬᠠᠮᠲᠤ ᠰᠣᠩᠭᠣᠨ ᠪᠤᠢᠵᠢᠭᠤᠯᠵᠤ ᠪᠤᠯᠬᠤ᠎ᠶᠢ ᠪᠡᠶᠡᠯᠡᠬᠦᠯᠵᠡᠢ᠃ ᠬᠠᠭᠠᠰ ᠵᠢᠯ ᠭᠠᠷᠤᠢ᠎ᠶᠢᠨ ᠦᠢᠯᠡᠳᠦᠯᠭᠡ᠎ᠪᠠᠷ ᠳᠠᠮᠵᠢᠨ᠂ ᠤᠳᠤ ᠪᠤᠯᠬᠤ᠎ᠳᠤ ᠴᠢᠫ᠎ᠢ ᠨᠢᠭᠡᠨᠲᠡ 500 ᠭᠠᠷᠤᠢ ᠰᠠᠭᠠᠯᠢ᠎ᠶᠢᠨ ᠦᠨᠢᠶᠡᠨ᠎ᠤ ᠭᠧᠨ᠎ᠤ ᠰᠢᠯᠭᠠᠨ ᠪᠠᠢᠴᠠᠭᠠᠯᠲᠠ᠎ᠳᠤ ᠬᠡᠷᠡᠭᠯᠡᠵᠦ᠂ ᠰᠢᠯᠢᠳᠡᠭ ᠡᠭᠦᠯᠳᠡᠷ᠎ᠢ ᠰᠢᠭᠰᠢᠨ ᠰᠤᠩᠭᠤᠭᠰᠠᠨ ᠤᠨᠤᠪᠴᠢ᠎ᠶᠢᠨ ᠬᠡᠮᠵᠢᠶ᠎ᠡ ᠨᠢ ᠳᠡᠯᠡᠬᠡᠢ᠎ᠶᠢᠨ ᠲᠡᠷᠢᠭᠦᠨ᠎ᠤ ᠲᠦᠪᠰᠢᠨ᠎ᠳᠤ ᠬᠦᠷᠦᠭᠰᠡᠨ ᠪᠠᠢᠨ᠎ᠠ᠃
《ᠰᠠᠭᠠᠯᠢ᠎ᠶᠢᠨ ᠦᠨᠢᠶᠡᠨ᠎ᠤ ᠡᠭᠦᠯᠳᠡᠷ ᠪᠤᠢᠵᠢᠭᠤᠯᠬᠤ ᠪᠤᠯ ᠰᠦ᠎ᠶᠢᠨ ᠦᠢᠯᠡᠰ᠎ᠤᠨ ᠰᠠᠭᠤᠷᠢ ᠮᠦᠨ᠂ ᠰᠠᠭᠠᠯᠢ᠎ᠶᠢᠨ ᠦᠨᠢᠶ᠎ᠡ ᠲᠡᠵᠢᠭᠡᠨ ᠦᠷᠡᠵᠢᠭᠦᠯᠬᠦ ᠠᠵᠤ ᠦᠢᠯᠡᠰ᠎ᠤᠨ ᠡᠷᠡᠭᠦᠯ᠎ᠢᠶᠡᠷ ᠬᠦᠭᠵᠢᠬᠦ᠎ᠶᠢᠨ ᠭᠤᠤᠯᠳᠠᠯᠭ᠎ᠠ ᠪᠤᠯᠤᠨ᠎ᠠ᠃ 〈ᠡᠭᠦᠯᠳᠡᠷ ᠪᠤᠢᠵᠢᠭᠤᠯᠬᠤ 1 ᠳ᠋ᠤᠭᠡᠷ ᠨᠤᠮᠧᠷᠲᠤ ᠴᠢᠫ〉᠎ᠢ᠋ ᠰᠤᠳᠤᠯᠤᠨ ᠨᠡᠭᠡᠭᠡᠬᠦ᠎ᠳᠤ ᠪᠦᠬᠦ ᠤᠯᠤᠰ᠎ᠤᠨ 96 ᠬᠡᠪᠴᠢᠶᠡᠵᠢᠭᠰᠡᠨ ᠮᠠᠯᠵᠢᠯ᠎ᠤᠨ ᠲᠠᠯᠠᠪᠠᠢ᠂ 60 ᠭᠠᠷᠤᠢ ᠲᠦᠮᠡᠨ ᠰᠠᠭᠠᠯᠢ᠎ᠶᠢᠨ ᠦᠨᠢᠶ᠎ᠡ᠎ᠳᠤ ᠲᠦᠰᠢᠭᠯᠡᠨ ᠪᠠᠢᠭᠤᠯᠤᠭᠰᠠᠨ ᠪᠡᠶ᠎ᠡ᠎ᠪᠠᠨ ᠳᠠᠭᠠᠭᠠᠭᠰᠠᠨ ᠰᠠᠭᠠᠯᠢ᠎ᠶᠢᠨ ᠦᠨᠢᠶᠡᠨ᠎ᠤ ᠡᠭᠦᠯᠳᠡᠷ ᠪᠣᠢᠵᠢᠭᠤᠯᠬᠤ ᠲᠤᠮᠤ ᠳ᠋ᠠᠢᠲ᠋ᠠ᠎ᠶᠢᠨ ᠲᠠᠪᠴᠠᠩ᠎ᠢᠶᠡᠷ ᠮᠡᠳᠡᠭᠡ ᠵᠠᠩᠭᠢ᠎ᠶᠢᠨ ᠲᠤᠯᠭᠠᠭᠤᠷᠢᠯᠠᠯ ᠪᠤᠯᠭᠠᠵᠤ᠂ 10 ᠵᠢᠯ᠎ᠤᠨ ᠬᠤᠭᠤᠴᠠᠭ᠎ᠠ᠎ᠶᠢ ᠭᠡᠷᠡᠭᠰᠡᠪᠡ》 ᠭᠡᠵᠦ ᠶᠢᠦ ᠷᠠᠨ ᠮᠠᠯ ᠠᠵᠤ ᠠᠬᠤᠢ᠎ᠶᠢᠨ ᠦᠢᠯᠡᠰ᠎ᠤᠨ ᠰᠠᠢ ᠺᠧ ᠰᠢᠩ ᠦᠷᠡᠵᠢᠬᠦᠯᠦᠨ ᠪᠤᠢᠵᠢᠭᠤᠯᠬᠤ ᠠᠮᠢᠳᠤ ᠪᠤᠳᠠᠰ᠎ᠤᠨ ᠮᠡᠷᠭᠡᠵᠢᠯ (ᠪᠦᠯᠦᠭᠯᠡᠯ)᠎ᠤ᠋ᠨ ᠬᠢᠵᠠᠭᠠᠷᠲᠤ ᠺᠣᠮᠫᠠᠨᠢ᠎ᠶᠢᠨ ᠲᠡᠷᠢᠬᠦᠨ ᠰᠢᠨᠵᠢᠯᠡᠬᠦ ᠤᠬᠠᠭᠠᠨᠲᠠᠨ᠂ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ ᠯᠢ ᠰᠢ ᠾᠧ ᠰᠤᠷᠪᠤᠯᠵᠢᠯᠠᠭᠴᠢ᠎ᠳᠤ ᠲᠠᠨᠢᠯᠴᠠᠭᠤᠯᠪᠠ᠃ ᠲᠡᠷᠡ᠄《ᠡᠮᠦᠨᠡᠬᠢ ᠬᠤᠭᠤᠴᠠᠭᠠᠨ᠎ᠤ ᠶᠡᠬᠡ ᠬᠡᠮᠵᠢᠶᠡᠨ᠎ᠦ ᠰᠤᠳᠤᠯᠭᠠᠨ ᠦᠷᠨᠢᠭᠦᠯᠦᠭᠰᠡᠨ ᠰᠠᠭᠤᠷᠢᠨ ᠳᠡᠭᠡᠷ᠎ᠡ᠂ ᠰᠤᠳᠤᠯᠭᠠᠨ᠎ᠤ ᠪᠦᠯᠬᠦᠮ ᠤᠨ ᠬᠢᠨ ᠭᠠᠷᠤᠯᠳᠠ ᠰᠠᠢᠨ᠂ ᠭᠡᠮ ᠦᠭᠡᠢ ᠦᠬᠡᠷ᠎ᠦᠨ ᠰᠦᠷᠦᠭ᠎ᠲᠦ ᠭᠧᠨ᠎ᠦ ᠪᠦᠯᠦᠭ᠎ᠦᠨ ᠰᠢᠯᠭᠠᠨ ᠪᠠᠢᠴᠠᠭᠠᠯᠲᠠ ᠬᠢᠵᠦ᠂ ᠠᠮᠢᠳᠤ ᠪᠣᠳᠠᠰ᠎ᠤᠨ ᠮᠡᠳᠡᠭᠡ ᠵᠠᠩᠭᠢ᠎ᠶᠢᠨ ᠮᠡᠷᠭᠡᠵᠢᠯ᠎ᠢᠶᠡᠷ ᠶᠡᠬᠡ ᠬᠡᠮᠵᠢᠶᠡᠨ᠎ᠦ ᠭᠧᠨ᠎ᠦ ᠲᠣᠭ᠎ᠠ ᠪᠠᠷᠢᠮᠲᠠ ᠪᠠ ᠰᠢᠨᠵᠢ ᠪᠠᠢᠳᠠᠯ᠎ᠢ ᠢᠯᠭᠠᠨ ᠲᠠᠨᠢᠬᠤ ᠪᠠ ᠦᠨᠡᠯᠡᠨ ᠵᠢᠱ᠌ᠢᠵᠦ᠂ ᠴᠢᠫ᠎ᠤᠨ ᠵᠠᠩᠭᠢᠯᠠᠭ᠎ᠠ᠎ᠶᠢᠨ ᠡᠭᠦᠯᠳᠡᠷ ᠪᠤᠢᠵᠢᠭᠤᠯᠬᠤ ᠰᠢᠨᠵᠢ ᠪᠠᠢᠳᠠᠯ᠎ᠢ ᠬᠠᠮᠤᠷᠬᠤ᠎ᠶᠢ ᠪᠠᠲᠤᠯᠠᠵᠠᠢ》 ᠬᠡᠪᠡ᠃
2025 ᠤᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠰᠦ᠎ᠶᠢᠨ ᠦᠢᠯᠡᠰ᠎ᠤᠨ ᠶᠡᠭᠡ ᠬᠤᠷᠠᠯ ᠳᠡᠭᠡᠷ᠎ᠡ ᠨᠡᠢᠳᠡᠯᠡᠭᠰᠡᠨ 《ᠳᠡᠯᠡᠬᠡᠢ᠎ᠶᠢᠨ ᠰᠦ᠎ᠶᠢᠨ ᠦᠢᠯᠡᠰ ᠲᠡᠬᠢ ᠳᠤᠮᠳᠠᠳᠤ ᠤᠯᠤᠰ᠎ᠤᠨ ᠲᠦᠰᠦᠯ᠄ ᠴᠢᠨᠠᠷ ᠰᠠᠢᠲᠠᠢ ᠬᠦᠭᠵᠢᠯᠳᠡ ᠪᠡᠷ ᠬᠦᠳᠦᠯᠦᠨ ᠲᠠᠭᠠᠭᠤᠯᠤᠭᠰᠠᠨ ᠰᠦ᠎ᠶᠢᠨ ᠦᠢᠯᠡᠰ᠎ᠤᠨ ᠤᠳᠤᠬᠢᠴᠢᠯᠠᠯᠲᠠ᠎ᠶᠢᠨ ᠬᠠᠷᠢᠭᠤᠯᠲᠠ᠎ᠶᠢᠨ ᠬᠠᠭᠤᠳᠠᠰᠤ》᠎ᠳᠤ ᠢᠯᠡᠷᠡᠭᠦᠯᠦᠭᠰᠡᠨ᠎ᠢᠶᠠᠷ᠂ ᠳᠤᠮᠳᠠᠳᠤ ᠤᠯᠤᠰ᠎ᠤᠨ ᠰᠦ᠎ᠶᠢᠨ ᠦᠢᠯᠡᠰ 20 ᠵᠢᠯ ᠰᠢᠬᠠᠮ᠎ᠤᠨ ᠴᠢᠷᠮᠠᠢᠯᠭ᠎ᠠ᠎ᠪᠠᠷ ᠲᠠᠮᠵᠢᠨ ᠰᠦ᠎ᠶᠢᠨ ᠦᠢᠯᠡᠰ ᠬᠥᠭᠵᠢᠭᠰᠡᠨ ᠤᠯᠤᠰ ᠯᠤᠭ᠎ᠠ᠎ᠶᠢᠨ ᠵᠠᠭᠤ ᠭᠠᠷᠤᠢ ᠵᠢᠯ᠎ᠤᠨ ᠵᠥᠷᠢᠶ᠎ᠡ᠎ᠶᠢ ᠪᠠᠭᠠᠰᠬᠠᠪᠠ᠃ ᠤᠳᠤᠬᠠᠨ᠎ᠳᠤ᠂ ᠳᠤᠮᠳᠠᠳᠤ ᠤᠯᠤᠰ᠎ᠤᠨ ᠰᠠᠭᠠᠯᠢ᠎ᠶᠢᠨ ᠦᠨᠢᠶᠡᠨ᠎ᠤ ᠬᠡᠪᠴᠢᠶᠡᠵᠢᠭᠰᠡᠨ᠂ ᠪᠠᠷᠢᠮᠵᠢᠶᠠᠵᠢᠭ᠍ᠰᠠᠨ᠂ ᠲᠣᠭᠠᠴᠢᠯᠠᠭᠰᠠᠨ᠂ ᠡᠷᠴᠢᠮᠵᠢᠭᠰᠡᠨ ᠲᠦᠪᠰᠢᠨ ᠪᠥᠬᠥ ᠳᠡᠯᠡᠬᠡᠢ᠎ᠳᠦ ᠲᠦᠷᠦᠭᠦᠯᠡᠵᠦ ᠪᠤᠢ; ᠦᠨᠢᠶᠡᠨ ᠰᠦ᠎ᠶᠢᠨ ᠭᠠᠷᠤᠯᠲᠠ᠎ᠶᠢᠨ ᠬᠡᠮᠵᠢᠶ᠎ᠡ ᠢᠯᠡᠳᠲᠡ ᠳᠡᠭᠡᠭᠰᠢᠯᠡᠵᠦ᠂ ᠬᠡᠪᠴᠢᠶᠡᠵᠢᠭᠰᠡᠨ ᠮᠠᠯᠵᠢᠯ᠎ᠤᠨ ᠲᠠᠯᠠᠪᠠᠶ᠎ᠶᠢᠨ ᠦᠨᠢᠶᠡᠨ ᠰᠦ᠎ᠶᠢᠨ ᠭᠠᠷᠤᠯᠲᠠ ᠨᠢᠭᠡᠨᠲᠡ ᠵᠠᠷᠢᠮ ᠰᠦ᠎ᠶᠢᠨ ᠦᠢᠯᠡᠰ ᠬᠥᠭᠵᠢᠭᠰᠡᠨ ᠤᠯᠤᠰ᠎ᠤᠨ ᠲᠦᠪᠰᠢᠨ᠎ᠳᠦ ᠬᠦᠷᠦᠭᠰᠡᠨ ᠪᠠᠢᠨ᠎ᠠ ᠁ ᠡᠨᠡ ᠬᠦ᠌ ᠬᠢᠷᠢ ᠪᠦᠲᠦᠮᠵᠢ᠎ᠶᠢᠨ ᠠᠷᠤ᠎ᠳᠤ ᠰᠠᠭᠠᠯᠢ᠎ᠶᠢᠨ ᠦᠨᠢᠶ᠎ᠡ᠎ᠵᠢᠨ ᠡᠭᠦᠯᠳᠡᠷ ᠰᠠᠢᠵᠢᠷᠠᠭᠤᠯᠬᠤ ᠲᠦᠪᠰᠢᠨ᠎ᠢ ᠦᠷᠭᠦᠯᠵᠢᠯᠡᠨ ᠲᠠᠰ ᠳᠡᠪᠰᠢᠭᠦᠯᠦᠭᠰᠡᠨ ᠨᠢ ᠴᠢᠬᠤᠯᠠ ᠲᠤᠯᠭᠠᠭᠤᠷᠢᠯᠠᠯ ᠪᠤᠯᠤᠭᠰᠠᠨ ᠶᠤᠮ᠃
《ᠣᠳᠣᠬᠠᠨ᠎ᠳᠤ᠂ ᠦᠪᠦᠷ ᠮᠤᠩᠭᠤᠯ᠎ᠤᠨ ᠰᠦ᠎ᠶᠢᠨ ᠦᠢᠯᠡᠰ᠎ᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ 〈ᠪᠦᠰᠡᠯᠡᠯᠲᠡ ᠰᠢᠪᠲᠤᠯᠤᠯᠲᠠ〉 ᠨᠢᠭᠡᠨᠲᠡ ᠣᠯᠠᠨ ᠵᠦᠢᠯ᠎ᠦᠨ ᠭᠣᠣᠯᠯᠠᠬᠤ ᠮᠡᠷᠭᠡᠵᠢᠯ᠎ᠦᠨ ᠬᠦᠷᠢᠶᠡᠨ᠎ᠳᠦ ᠱᠠᠲᠤᠴᠢ ᠴᠢᠨᠠᠷᠲᠠᠢ ᠰᠢᠪᠲᠤᠯᠤᠯᠲᠠ᠎ᠲᠠᠢ ᠪᠣᠯᠪᠠ᠃ 〈ᠡᠭᠦᠯᠳᠡᠷ ᠪᠣᠢᠵᠢᠭᠤᠯᠬᠤ 1 ᠳ᠋ᠤᠭᠡᠷ ᠨᠣᠮᠧᠷᠲᠤ ᠴᠢᠫ〉᠎ᠢ᠋ ᠬᠡᠷᠡᠭᠯᠡᠨ ᠰᠠᠭᠠᠯᠢ᠎ᠶᠢᠨ ᠦᠨᠢᠶ᠎ᠡ᠎ᠳᠦ ᠭᠧᠨ᠎ᠦ ᠰᠢᠯᠭᠠᠨ ᠪᠠᠢᠴᠠᠭᠠᠯᠲᠠ ᠬᠢᠬᠦ ᠨᠢ ᠪᠥᠬᠥ ᠭᠧᠨ᠎ᠦ ᠪᠦᠯᠦᠭ᠎ᠦᠨ ᠴᠤᠪᠤᠷᠠᠯ᠎ᠢ ᠬᠡᠮᠵᠢᠬᠦ ᠠᠷᠭ᠎ᠠ ᠬᠡᠯᠪᠡᠷᠢ᠎ᠶᠢ ᠪᠤᠳᠤᠪᠠᠯ ᠦᠷ᠎ᠡ ᠪᠦᠲᠦᠮᠵᠢ ᠨᠢ 4 ᠳᠠᠬᠢᠨ ᠢᠯᠡᠭᠦᠦ ᠳᠡᠭᠡᠭᠰᠢᠯᠡᠵᠦ᠂ ᠥᠪᠡᠷ᠎ᠦᠨ ᠥᠷᠲᠡᠭ ᠨᠢ ᠬᠠᠷᠢᠨ ᠪᠥᠬᠥ ᠭᠧᠨ᠎ᠦ ᠪᠦᠯᠦᠭ᠎ᠦᠨ ᠴᠤᠪᠤᠷᠠᠯ᠎ᠢ ᠬᠡᠮᠵᠢᠬᠦ᠎ᠶᠢᠨ ᠲᠠᠪᠤᠨ᠎ᠤ ᠨᠢᠭᠡ ᠬᠤᠪᠢ ᠯᠠ ᠪᠤᠯᠵᠠᠢ᠃ ᠪᠢᠳᠡ ᠵᠠᠩᠭᠢᠯᠠᠭ᠎ᠠ᠎ᠶᠢᠨ ᠮᠡᠷᠭᠡᠵᠢᠯ᠎ᠦᠨ ᠪᠣᠭᠣᠮᠲᠠ ᠰᠢᠪᠲᠤᠯᠬᠤ᠎ᠪᠠᠷ ᠳᠠᠮᠵᠢᠨ ᠰᠠᠭᠠᠯᠢ᠎ᠶᠢᠨ ᠦᠨᠢᠶᠡᠨ᠎ᠦ ᠡᠭᠦᠯᠳᠡᠷ ᠪᠣᠢᠵᠢᠭᠤᠯᠬᠤ᠎ᠶᠢ ᠨᠠᠷᠢᠯᠢᠭ᠍ᠵᠢᠭᠤᠯᠬᠤ ᠪᠠ ᠥᠪᠡᠷᠮᠢᠴᠡᠵᠢᠭᠦᠯᠦᠨ ᠬᠥᠭᠵᠢᠭᠦᠯᠬᠦ᠎ᠶᠢ ᠲᠠᠰᠤᠷᠠᠯᠲᠠ ᠦᠭᠡᠢ ᠠᠬᠢᠭᠤᠯᠵᠤ᠂ ᠰᠠᠭᠠᠯᠢ᠎ᠶᠢᠨ ᠦᠨᠢᠶᠡᠨ᠎ᠦ ᠡᠭᠦᠯᠳᠡᠷ᠎ᠦᠨ ᠢᠷᠡᠯᠲᠡ᠎ᠶᠢ ᠪᠡᠶ᠎ᠡ᠎ᠪᠠᠨ ᠲᠠᠭᠠᠭᠠᠨ ᠡᠵᠡᠮᠳᠡᠵᠦ ᠪᠣᠯᠬᠤ᠎ᠶᠢ ᠪᠡᠶᠡᠯᠡᠭᠦᠯᠦᠨ᠎ᠡ》 ᠭᠡᠵᠦ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠢᠩᠬᠢᠮ᠎ᠦᠨ ᠲᠠᠷᠢᠶᠠᠯᠠᠩ ᠮᠠᠯ ᠠᠵᠤ ᠠᠬᠤᠢ ᠬᠢᠭᠡᠳ ᠨᠡᠢᠭᠡᠮ᠎ᠦᠨ ᠬᠥᠭᠵᠢᠯᠲᠡ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠭᠠᠵᠠᠷ᠎ᠤᠨ ᠳᠠᠷᠤᠭ᠎ᠠ ᠵᠠᠩ ᠹᠦ ᠱᠦᠨ ᠬᠡᠯᠡᠪᠡ᠃