ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠳᠤᠮᠳᠠᠳᠤ ᠤᠯᠤᠰ᠎ᠤᠨ ᠪᠡᠶ᠎ᠡ᠎ᠶᠢᠨ ᠲᠠᠮᠢᠷ᠎ᠤᠨ ᠰᠣᠨᠢᠨ  ᠥᠪᠥᠷ ᠮᠣᠩᠭᠤᠯ ᠄ ᠲᠠᠯ᠎ᠠ ᠨᠤᠲᠤᠭ᠎ᠤᠨ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠬᠠᠯᠠᠭᠤᠨ ᠥᠷᠨᠢᠯᠲᠡ᠎ᠶᠢ ᠪᠣᠶ ᠪᠣᠯᠭᠠᠶ᠎ᠠ
ᠨᠡᠶ᠋ᠢᠲᠡᠯᠡᠭᠰᠡᠨ ᠴᠠᠭ᠄ 2025-08-13

2025 ᠣᠨ᠎ᠤ 8 ᠳ᠋ᠤᠭᠠᠷ ᠰᠠᠷ᠎ᠠ᠎ᠶᠢᠨ 11᠎ᠤ ᠡᠳᠦᠷ᠂ 《ᠳᠤᠮᠳᠠᠳᠤ ᠤᠯᠤᠰ᠎ᠤᠨ ᠪᠡᠶ᠎ᠡ᠎ᠶᠢᠨ ᠲᠠᠮᠢᠷ᠎ᠤᠨ ᠰᠣᠨᠢᠨ》᠎ᠤ 2 ᠳ᠋ᠤᠭᠠᠷ ᠨᠢᠭᠤᠷ᠎ᠲᠤ 《ᠥᠪᠥᠷ ᠮᠣᠩᠭᠤᠯ ᠄ ᠲᠠᠯ᠎ᠠ ᠨᠤᠲᠤᠭ᠎ᠤᠨ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠬᠠᠯᠠᠭᠤᠨ ᠥᠷᠨᠢᠯᠲᠡ᠎ᠶᠢ ᠪᠣᠢ ᠪᠣᠯᠭᠠᠶ᠎ᠠ》 ᠭᠡᠬᠦ ᠰᠡᠳᠦᠪ᠎ᠢᠶᠠᠷ ᠵᠣᠬᠢᠶᠠᠯ ᠨᠡᠶ᠋ᠢᠲᠡᠯᠡᠵᠦ᠂ 8 ᠳ᠋ᠤᠭᠠᠷ ᠰᠠᠷ᠎ᠠ᠎ᠶᠢᠨ 8᠎ᠤ ᠡᠳᠦᠷ᠎ᠲᠤ᠂ 2025 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 《ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠡᠳᠦᠷ》᠎ᠤᠨ ᠭᠤᠤᠯ ᠰᠡᠳᠦᠪᠲᠦ ᠠᠵᠢᠯᠯᠠᠭ᠎ᠠ ᠬᠥᠬᠡᠬᠤᠲᠠ᠎ᠳᠤ ᠡᠬᠢᠯᠡᠭᠰᠡᠨ᠎ᠢ ᠮᠡᠳᠡᠭᠡᠯᠡᠪᠡ᠃ ᠲᠤᠰ ᠠᠵᠢᠯᠯᠠᠭ᠎ᠠ᠎ᠨᠢ 《ᠪᠥᠬᠦ ᠠᠷᠠᠳ᠎ᠤᠨ ᠪᠡᠶ᠎ᠡ ᠴᠢᠬᠢᠷᠠᠭᠵᠢᠭᠤᠯᠣᠯᠲᠠ᠎ᠳᠤ ᠬᠦᠮᠦᠨ ᠪᠦᠬᠦᠨ ᠣᠷᠣᠯᠴᠠᠰᠤᠭᠠᠢ》᠎ᠪᠠᠷ ᠭᠤᠤᠯ ᠰᠡᠳᠦᠪ ᠪᠣᠯᠭᠠᠨ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠦ ᠪᠡᠶ᠎ᠡ ᠴᠢᠬᠢᠷᠠᠭ᠍ᠵᠢᠭᠤᠯᠤᠯᠲᠠ᠎ᠳᠤ ᠪᠠᠬᠠᠲᠠᠢ 3000 ᠰᠢᠬᠠᠮ ᠬᠦᠮᠦᠨ ᠢᠳᠡᠪᠬᠢᠲᠡᠢ᠎ᠪᠠᠷ ᠣᠷᠣᠯᠴᠠᠵᠤ᠂ ᠲᠠᠯ᠎ᠠ ᠨᠤᠲᠤᠭ᠎ᠤᠨ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠬᠠᠯᠠᠭᠤᠨ ᠥᠷᠨᠢᠯᠲᠡ᠎ᠶᠢ ᠬᠠᠮᠲᠤ᠎ᠪᠠᠷ ᠪᠣᠶ ᠪᠣᠯᠭᠠᠭᠰᠠᠨ ᠪᠠᠢᠨ᠎ᠠ᠃

ᠮᠡᠳᠡᠭᠡᠯᠡᠯ᠎ᠦᠨ ᠪᠦᠬᠦ ᠠᠭᠤᠯᠭ᠎ᠠ ᠨᠢ ᠳᠣᠣᠷᠠᠬᠢ ᠮᠡᠲᠦ ᠄

8 ᠳ᠋ᠤᠭᠠᠷ ᠰᠠᠷ᠎ᠠ᠎ᠶᠢᠨ 8᠎ᠤ ᠡᠳᠦᠷ᠂ 2025 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 《ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠡᠳᠦᠷ》᠎ᠤᠨ ᠭᠤᠤᠯ ᠰᠡᠳᠦᠪᠲᠦ ᠠᠵᠢᠯᠯᠠᠭ᠎ᠠ ᠬᠥᠬᠡᠬᠤᠲᠠ᠎ᠳᠤ ᠡᠬᠢᠯᠡᠪᠡ᠃ ᠲᠤᠰ ᠠᠵᠢᠯᠯᠠᠭ᠎ᠠ᠎ᠨᠢ 《ᠪᠥᠬᠦ ᠠᠷᠠᠳ᠎ᠤᠨ ᠪᠡᠶ᠎ᠡ ᠴᠢᠬᠢᠷᠠᠭᠵᠢᠭᠤᠯᠣᠯᠲᠠ᠎ᠳᠤ ᠬᠦᠮᠦᠨ ᠪᠦᠬᠦᠨ ᠣᠷᠣᠯᠴᠠᠰᠤᠭᠠᠢ》᠎ᠪᠠᠷ ᠭᠤᠤᠯ ᠰᠡᠳᠦᠪ ᠪᠣᠯᠭᠠᠨ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠦ ᠪᠡᠶ᠎ᠡ ᠴᠢᠬᠢᠷᠠᠭ᠍ᠵᠢᠭᠤᠯᠤᠯᠲᠠ᠎ᠳᠤ ᠪᠠᠬᠠᠲᠠᠢ 3000 ᠰᠢᠬᠠᠮ ᠬᠦᠮᠦᠨ ᠢᠳᠡᠪᠬᠢᠲᠡᠢ᠎ᠪᠠᠷ ᠣᠷᠣᠯᠴᠠᠵᠤ᠂ ᠲᠠᠯ᠎ᠠ ᠨᠤᠲᠤᠭ᠎ᠤᠨ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠬᠠᠯᠠᠭᠤᠨ ᠥᠷᠨᠢᠯᠲᠡ᠎ᠶᠢ ᠬᠠᠮᠲᠤ᠎ᠪᠠᠷ ᠪᠣᠶ ᠪᠣᠯᠭᠠᠭᠰᠠᠨ ᠪᠠᠢᠨ᠎ᠠ᠃

《ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠡᠳᠦᠷ》᠎ᠤᠨ ᠠᠵᠢᠯᠯᠠᠭ᠎ᠠ᠎ᠶᠢᠨ ᠬᠤᠭᠤᠴᠠᠭᠠᠨ᠎ᠳᠤ᠂ ᠬᠥᠬᠡᠬᠤᠲᠠ ᠸᠠᠨ ᠳᠠ ᠲᠠᠯᠠᠪᠠᠢ᠂ ᠵᠥᠩ ᠱᠠᠩ ᠱᠢ ᠵᠢᠶᠸ ᠯᠢ᠂ ᠲᠣᠷᠭᠠᠨ ᠵᠠᠮ ᠴᠡᠴᠡᠷᠯᠢᠭ᠂ ᠬᠥᠬᠡᠬᠣᠲᠠ ᠴᠡᠴᠡᠷᠯᠢᠭ᠂ ᠥᠪᠥᠷ ᠮᠣᠩᠭᠤᠯ᠎ᠤᠨ ᠮᠣᠷᠢᠨ ᠤᠷᠤᠯᠳᠤᠭᠠᠨ᠎ᠤ ᠲᠠᠯᠠᠪᠤᠷ ᠵᠡᠷᠭᠡ ᠭᠠᠵᠠᠷ᠎ᠤᠳ᠎ᠲᠤ ᠬᠤᠷᠠᠯ᠎ᠤᠨ ᠣᠯᠠᠨ ᠬᠤᠪᠢᠶᠠᠷᠢ ᠲᠠᠯᠠᠪᠠᠶ ᠭᠠᠷᠭᠠᠵᠤ᠂ ᠪᠠᠶᠠᠯᠢᠭ᠋ ᠰᠠᠶ᠋ᠢᠬᠠᠨ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠂ ᠪᠡᠶ᠎ᠡ ᠮᠠᠬᠠᠪᠣᠳ᠎ᠢ ᠪᠠᠶ᠋ᠢᠴᠠᠭᠠᠨ ᠰᠢᠯᠭᠠᠬᠤ᠂ ᠪᠡᠶ᠎ᠡ᠎ᠶᠢᠨ ᠲᠠᠮᠢᠷ᠎ᠤᠨ ᠱᠠᠩᠨᠠᠯᠲᠤ ᠰᠤᠭᠤᠯᠤᠭ᠎ᠠ᠎ᠶᠢᠨ ᠤᠬᠠᠭᠤᠯᠭ᠎ᠠ ᠵᠡᠷᠭᠡ ᠢᠵᠢ ᠪᠥᠷᠢᠳᠦᠭᠦᠯᠬᠦ ᠠᠵᠢᠯᠯᠠᠭ᠎ᠠ ᠨᠢ ᠴᠤ᠌ ᠬᠤᠲᠠ᠎ᠶᠢᠨ ᠠᠷᠠᠳ᠎ᠲᠤ ᠰᠢᠨᠵᠢᠯᠡᠬᠦ ᠤᠬᠠᠭᠠᠨᠴᠢ᠎ᠪᠠᠷ ᠪᠡᠶ᠎ᠡ ᠴᠢᠭᠢᠷᠠᠭᠵᠢᠭᠤᠯᠬᠤ ᠵᠢᠯᠣᠭᠤᠳᠣᠯᠭ᠎ᠠ ᠪᠠ ᠨᠡᠶ᠋ᠢᠲᠡ᠎ᠶᠢᠨ ᠠᠰᠠᠷᠠᠮᠵᠢ᠎ᠶᠢᠨ ᠪᠡᠶᠡᠴᠢᠯᠡᠨ ᠣᠶ᠋ᠢᠯᠠᠭᠠᠬᠤ ᠲᠠᠪᠴᠠᠩ᠎ᠢ ᠬᠠᠩᠭᠠᠪᠠ᠃

ᠣᠶ᠋ᠢᠷ᠎ᠠ᠎ᠶᠢᠨ ᠵᠢᠯ᠎ᠦᠳ᠎ᠲᠤ᠂ ᠥᠪᠥᠷ ᠮᠣᠩᠭᠤᠯ᠎ᠤᠨ ᠬᠢᠨ ᠣᠯᠠᠨ ᠲᠦᠮᠡᠨ᠎ᠤ ᠪᠡᠶ᠎ᠡ᠎ᠶᠢᠨ ᠲᠠᠮᠢᠷ᠎ᠤᠨ ᠲᠠᠯᠠᠪᠤᠷ ᠵᠢᠴᠢ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ᠎ᠢ ᠢᠳᠡᠪᠬᠢᠲᠡᠶ᠎ᠪᠠᠷ ᠰᠢᠨ᠎ᠡ᠎ᠪᠠᠷ ᠪᠠᠶ᠋ᠢᠭᠤᠯᠬᠤ ᠪᠠ ᠥᠷᠭᠡᠳᠬᠡᠨ ᠪᠠᠶ᠋ᠢᠭᠤᠯᠵᠤ᠂ ᠭᠤᠷᠪᠠᠨ ᠱᠠᠲᠤᠨ᠎ᠤ ᠣᠯᠠᠨ ᠨᠡᠶ᠋ᠢᠲᠡ᠎ᠶᠢᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠪᠠ ᠨᠡᠶ᠋ᠢᠭᠡᠮ ᠲᠣᠭᠤᠷᠢᠭ᠋᠎ᠤᠨ ᠪᠡᠶ᠎ᠡ ᠴᠢᠭᠢᠷᠠᠭᠵᠢᠭᠤᠯᠬᠤ 15 ᠮᠢᠨᠦ᠋ᠲ᠎ᠤᠨ ᠬᠦᠷᠢᠶ᠎ᠡ᠎ᠶᠢ ᠨᠡᠶ᠋ᠢᠳᠡᠮ ᠪᠦᠷᠬᠦᠭᠦᠯᠬᠦ᠎ᠶᠢ ᠪᠡᠶᠡᠯᠡᠭᠦᠯᠵᠦ᠂ ᠬᠤᠰᠢᠭᠤ ᠰᠢᠶᠠᠨ᠎ᠤ ᠱᠠᠲᠤᠨ᠎ᠤ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠲᠥᠪ᠂ 11 ᠬᠥᠮᠦᠨ᠎ᠤ ᠳᠦᠷᠢᠮᠲᠦ ᠬᠥᠯ ᠪᠦᠮᠪᠦᠭᠡᠨ ᠲᠠᠯᠠᠪᠤᠷ᠂ 5 ᠬᠥᠮᠦᠨ᠎ᠤ ᠳᠦᠷᠢᠮᠲᠦ ᠬᠥᠯ ᠪᠦᠮᠪᠦᠭᠡᠨ ᠲᠠᠯᠠᠪᠤᠷ᠎ᠢ ᠨᠡᠶ᠋ᠢᠳᠡᠮ ᠪᠦᠷᠬᠦᠭᠦᠯᠪᠡ᠃ ᠵᠢᠯ ᠪᠦᠷᠢ ᠳᠤᠮᠳᠠᠴᠢ᠎ᠪᠠᠷ 2000 ᠭᠠᠷᠤᠶ ᠵᠦᠢᠯ᠎ᠦᠨ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ᠎ᠤ ᠠᠵᠢᠯᠯᠠᠭ᠎ᠠ᠎ᠶᠢ ᠥᠷᠨᠢᠭᠦᠯᠵᠦ᠂ ᠳᠠᠢᠴᠢᠯᠠᠨ ᠣᠷᠣᠯᠴᠠᠭᠤᠯᠤᠭᠰᠠᠨ ᠬᠦᠮᠦᠨ᠎ᠦ ᠲᠣᠭ᠎ᠠ 500 ᠲᠦᠮᠡᠨ ᠬᠥᠮᠦᠨ ᠤᠳᠠᠭ᠎ᠠ᠎ᠶᠢ ᠳᠠᠪᠠᠭᠰᠠᠨ ᠪᠠᠢᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠨᠡᠢᠲᠡᠯᠡᠯ
Baidu
map