ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
《ᠡᠨᠳᠡᠬᠢ ᠠᠷᠠᠳ᠎ᠤᠨ ᠠᠮᠢᠳᠤᠷᠠᠯ᠎ᠤᠨ ᠬᠠᠯᠠᠭᠤᠨ ᠪᠦᠯᠢᠶᠡᠨ ᠪᠠ ᠠᠮᠢ ᠠᠬᠤᠢ᠎ᠶᠢᠨ ᠭᠣᠶᠣ᠌ ᠰᠠᠢᠬᠠᠨ ᠨᠢ ᠨᠠᠳᠠ᠎ᠳᠤ ᠮᠠᠷᠲᠠᠭᠳᠠᠰᠢ ᠦᠭᠡᠢ》— ᠳᠤᠮᠳᠠᠳᠤ ᠭᠠᠳᠠᠭᠠᠳᠤ᠎ᠶᠢᠨ ᠵᠠᠭᠤᠴᠢᠯᠠᠭᠤᠷ᠎ᠤᠨ ᠰᠣᠷᠪᠣᠯᠵᠢᠯᠠᠭ᠍ᠴᠢᠳ ᠥᠪᠥᠷ ᠮᠣᠩᠭᠣᠯ᠎ᠤᠨ ᠬᠥᠭᠵᠢᠯᠲᠡ᠎ᠶᠢᠨ ᠪᠠᠢᠳᠠᠯ᠎ᠳᠦ ᠣᠢᠷᠠᠳᠴᠤ ᠣᠢᠯᠠᠭᠠᠪᠠ
ᠨᠡᠶ᠋ᠢᠲᠡᠯᠡᠭᠰᠡᠨ ᠴᠠᠭ᠄ 2025-08-13

 

8 ᠳ᠋ᠤᠭᠠᠷ ᠰᠠᠷ᠎ᠠ᠎ᠶᠢᠨ 10᠎ᠤ ᠡᠳᠦᠷ᠂《ᠬᠥᠮᠥᠨ᠎ᠦ ᠡᠷᠬᠡ᠎ᠶᠢᠨ ᠠᠵᠢᠯᠯᠠᠭᠠᠨ ᠳᠤᠮᠳᠠᠳᠤ ᠤᠯᠤᠰ᠎ᠲᠤ·2025》 ᠬᠡᠮᠡᠬᠦ ᠳᠤᠮᠳᠠᠳᠤ ᠭᠠᠳᠠᠭᠠᠳᠤ᠎ᠶᠢᠨ ᠵᠠᠭᠤᠴᠢᠯᠠᠭᠤᠷ᠎ᠤᠨ ᠬᠢᠨ᠎ᠦ ᠥᠪᠥᠷ ᠮᠣᠩᠭᠣᠯ᠎ᠳᠠᠬᠢ ᠠᠶᠠᠯᠠᠯ ᠰᠣᠷᠪᠤᠯᠵᠢᠯᠠᠭ᠎ᠠ᠎ᠶᠢᠨ ᠠᠵᠢᠯᠯᠠᠭ᠎ᠠ ᠲᠡᠭᠦᠰ ᠠᠮᠵᠢᠯᠲᠠ᠎ᠲᠠᠢ ᠥᠨᠳᠥᠷᠯᠡᠪᠡ᠃ ᠲᠤᠰ ᠤᠳᠠᠭᠠᠨ᠎ᠤ ᠠᠵᠢᠯᠯᠠᠭ᠎ᠠ ᠨᠢ 《 ᠪᠣᠬᠢᠷᠲᠤᠯ ᠦᠭᠡᠢ ᠬᠥᠭᠵᠢᠯᠲᠡ  ᠡᠶ᠎ᠡ ᠵᠣᠬᠢᠴᠠᠯ᠎ᠲᠠᠢ ᠬᠠᠮᠲᠤ ᠣᠷᠣᠰᠢᠬᠤᠢ 》᠎ᠪᠠᠷ ᠭᠣᠣᠯ ᠰᠡᠳᠦᠪ᠎ᠢᠶᠠᠨ ᠪᠣᠯᠭᠠᠵᠤ ᠂ ᠠᠩᠭ᠌ᠯᠢ᠂ ᠭᠧᠷᠮᠠᠨ᠂ ᠹᠷᠠᠨᠼᠢ᠂ ᠢᠲ᠋ᠠᠯᠢ᠂ ᠢᠰᠫᠠᠨᠢ᠂ ᠰᠸᠢᠰ ᠵᠡᠷᠭᠡ 10 ᠤᠯᠤᠰ᠎ᠤᠨ ᠵᠠᠭᠤᠴᠢᠯᠠᠭᠤᠷ᠎ᠤᠨ ᠰᠣᠷᠪᠣᠯᠵᠢᠯᠠᠭ᠍ᠴᠢᠳ᠂ ᠰᠦᠯᠵᠢᠶᠡᠨ᠎ᠦ ᠠᠪᠢᠶᠠᠰᠲᠠᠳ᠂ ᠲᠤᠰᠬᠠᠢ ᠮᠡᠷᠭᠡᠵᠢᠯᠲᠡᠳ ᠡᠷᠳᠡᠮᠲᠡᠳ ᠬᠢᠭᠡᠳ ᠰᠢᠨᠬᠤᠸᠠ ᠬᠣᠷᠢᠶ᠎ᠠ᠂ ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠶ᠎ᠠ᠂ ᠳᠤᠮᠳᠠᠳᠤ ᠤᠯᠤᠰ᠎ᠤᠨ ᠡᠳᠦᠷ᠎ᠦᠨ ᠰᠣᠨᠢᠨ᠎ᠤ ᠬᠣᠷᠢᠶ᠎ᠠ ᠵᠡᠷᠭᠡ ᠲᠥᠪ᠎ᠦᠨ ᠵᠠᠭᠤᠴᠢᠯᠠᠭᠤᠷ᠎ᠤᠨ ᠰᠣᠷᠪᠣᠯᠵᠢᠯᠠᠭ᠍ᠴᠢᠳ᠂ 7 ᠡᠳᠦᠷ᠎ᠦᠨ ᠬᠤᠭᠤᠴᠠᠭᠠᠨ᠎ᠳᠤ᠂ ᠰᠢᠯᠢ᠎ᠶᠢᠨ ᠭᠣᠣᠯ ᠠᠢᠮᠠᠭ᠂ ᠬᠢᠩᠭᠠᠨ ᠠᠢᠮᠠᠭ᠎ᠢᠶᠠᠷ ᠲᠤᠬᠠᠢ᠎ᠶᠢᠨ ᠭᠠᠵᠠᠷ᠎ᠲᠤ ᠨᠢ ᠬᠦᠷᠴᠦ ᠰᠤᠷᠪᠤᠯᠵᠢᠯᠠᠭᠠᠳ᠂ ᠥᠪᠥᠷ ᠮᠣᠩᠭᠣᠯ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠠᠵᠤ ᠠᠬᠤᠢ᠎ᠶᠢᠨ ᠬᠥᠭᠵᠢᠯᠲᠡ ᠵᠡᠷᠭᠡ᠎ᠪᠠᠷ ᠬᠥᠭᠵᠢᠨ ᠮᠠᠨᠳᠤᠵᠤ ᠪᠠᠢᠭ᠎ᠠ᠂ ᠦᠨᠳᠦᠰᠦᠲᠡᠨ᠎ᠦ ᠪᠦᠯᠬᠦᠮᠳᠡᠯ ᠪᠠ ᠰᠣᠶᠣᠯ᠎ᠤᠨ ᠤᠯᠠᠮᠵᠢᠯᠠᠯ ᠬᠠᠷᠢᠯᠴᠠᠨ ᠥᠩᠭᠡ ᠬᠡᠷᠡᠯ ᠨᠡᠮᠡᠷᠢᠯᠡᠵᠦ ᠪᠠᠢᠭ᠎ᠠ᠂ ᠠᠷᠠᠳ᠎ᠤᠨ ᠠᠮᠢᠳᠤᠷᠠᠯ᠎ᠤᠨ ᠰᠠᠢᠵᠢᠷᠠᠯᠲᠠ ᠪᠠ ᠬᠥᠳᠡᠭᠡ ᠲᠣᠰᠬᠣᠨ᠎ᠤ ᠬᠥᠭᠵᠢᠯ ᠮᠠᠨᠳᠤᠯ ᠠᠯᠬᠤᠮ ᠨᠢᠭᠡᠲᠡᠢ ᠪᠠᠢᠭ᠎ᠠ᠎ᠶᠢ ᠪᠡᠶᠡᠴᠢᠯᠡᠨ ᠣᠢᠯᠠᠭᠠᠵᠤ ᠮᠡᠳᠡᠷᠡᠪᠡ᠃ 

ᠬᠥᠬᠡᠮᠳᠦᠭ ᠨᠣᠭᠣᠭᠠᠨ ᠠᠭᠤᠯᠠ ᠤᠰᠤᠨ᠎ᠡᠴᠡ ᠠᠮᠢ ᠠᠬᠤᠢ᠎ᠶᠢᠨ ᠨᠢᠭᠤᠴᠠ ᠨᠣᠮᠧᠷ᠎ᠢ ᠬᠠᠢᠭ᠍ᠰᠠᠨ ᠨᠢ 

ᠷᠠᠰᠢᠶᠠᠨ᠎ᠤ ᠬᠦᠴᠢᠯᠲᠥ᠋ᠷᠥᠭᠴᠢ᠎ᠶᠢᠨ ᠲᠥᠪ ᠤᠢ ᠰᠢᠭᠤᠢᠲᠤ ᠵᠠᠮ᠎ᠤᠨ 7 ᠺᠢᠯᠤᠮᠥᠲᠷ ᠤᠷᠳᠤ ᠲᠣᠭᠣᠷᠢᠭ᠋ ᠱᠤᠭᠤᠮ ᠨᠢ ᠶᠠᠭ ᠯᠠ ᠨᠢᠭᠡᠨ ᠲᠣᠷᠭᠠᠨ ᠪᠦᠰᠡ ᠮᠡᠲᠦ᠎ᠪᠠᠷ ᠢᠭ᠍ᠴᠤ ᠰᠠᠬᠤᠯᠢᠭ᠋ ᠤᠢ ᠰᠢᠭᠤᠢ᠎ᠶᠢᠨ ᠳᠤᠮᠳᠠ ᠮᠤᠷᠤᠯᠵᠠᠨ᠎ᠠ᠃ ᠰᠸᠢᠰ᠎ᠡᠴᠡ ᠢᠷᠡᠭᠰᠡᠨ ᠰᠦᠯᠵᠢᠶᠡᠨ  ᠠᠪᠢᠶᠠᠰᠲᠠᠨ ᠶᠠᠨᠢᠯᠠ · ᠫᠠᠲᠧᠯᠢᠱᠠ· ᠺᠦᠧᠰᠲ ᠲᠡᠭᠦᠨ᠎ᠢᠶᠡᠷ ᠥᠩᠭᠡᠷᠡᠬᠦ᠎ᠳᠤ᠎ᠪᠠᠨ ᠄ 《 ᠥᠩᠭᠡᠷᠡᠭᠰᠡᠨ᠎ᠳᠦ ᠪᠢ ᠥᠪᠥᠷ ᠮᠣᠩᠭᠣᠯ᠎ᠢ ᠳᠡᠮᠡᠢ ᠰᠠᠢᠨ ᠣᠢᠯᠠᠭᠠᠳᠠᠭ ᠦᠭᠡᠢ ᠪᠠᠢᠭᠰᠠᠨ᠂ ᠰᠠᠨᠠᠭᠠᠨ᠎ᠠᠴᠠ ᠭᠠᠳᠠᠭᠤᠷ ᠷᠠᠰᠢᠶᠠᠨ᠎ᠤ ᠪᠠᠢᠭᠠᠯᠢ᠎ᠶᠢᠨ ᠥᠩᠭᠡ ᠦᠵᠡᠮᠵᠢ ᠬᠠᠷᠢᠨ ᠮᠢᠨᠤ ᠨᠤᠲᠤᠭ ᠰᠸᠢᠰ᠎ᠦᠨ ᠬᠢ᠎ᠲᠠᠢ ᠶᠡᠬᠡ ᠠᠳᠠᠯᠢᠪᠲᠤᠷ ᠪᠠᠢᠨ᠎ᠠ᠂ ᠡᠭᠦᠳᠡ ᠴᠣᠩᠬᠣ᠌᠎ᠪᠠᠨ ᠨᠡᠭᠡᠭᠡᠮᠡᠭᠴᠡ ᠬᠥᠮᠥᠨ᠎ᠢ ᠰᠣᠭᠲᠣᠭᠤᠷᠠᠭᠤᠯᠤᠮ᠎ᠠ ᠨᠣᠭᠣᠭᠠᠨ ᠦᠵᠡᠮᠵᠢ ᠬᠠᠷᠠᠭ᠎ᠠ ᠳᠦᠭᠦᠷᠡᠩ᠂ ᠭᠠᠵᠠᠷ ᠪᠣᠯᠭᠠᠨ᠎ᠳᠤ ᠣᠶ ᠰᠢᠭᠤᠢ ᠪᠠ ᠲᠠᠯ᠎ᠠ ᠨᠤᠲᠤᠭ ᠬᠠᠷᠠᠭᠳᠠᠨ᠎ᠠ᠂ ᠭᠠᠢᠬᠠᠰᠢ ᠠᠯᠳᠠᠭᠤᠯᠤᠮ᠎ᠠ ᠰᠠᠢᠬᠠᠨ ᠪᠠᠢᠨ᠎ᠠ 》 ᠭᠡᠵᠡᠢ ᠃ 

《ᠡᠨᠡ ᠤᠳᠠᠭᠠᠨ᠎ᠤ ᠠᠶᠠᠯᠠᠯ᠎ᠳᠤ᠎ᠪᠠᠨ᠂ ᠪᠢ ᠳᠤᠮᠳᠠᠳᠤ ᠤᠯᠤᠰ ᠬᠡᠷᠬᠢᠨ ᠭᠠᠵᠠᠷ ᠣᠷᠣᠨ᠎ᠤ ᠪᠠᠢᠳᠠᠯ᠎ᠳᠤ ᠲᠣᠬᠢᠷᠠᠭᠤᠯᠤᠨ ᠠᠳᠠᠯᠢ ᠪᠤᠰᠤ ᠠᠷᠭ᠎ᠠ ᠬᠡᠯᠪᠡᠷᠢ᠎ᠪᠡᠷ ᠬᠥᠭᠵᠢᠵᠦ ᠪᠠᠢᠭ᠎ᠠ᠎ᠶᠢ ᠣᠯᠵᠤ ᠬᠠᠷᠠᠯ᠎ᠠ᠂ ᠪᠠᠰᠠ〈ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ〉ᠭᠡᠬᠦ ᠣᠨᠣᠯᠵᠢᠬᠤᠨ᠎ᠢ ᠬᠡᠷᠬᠢᠨ ᠪᠣᠲᠠᠲᠠᠢ ᠪᠣᠯᠭᠠᠭᠰᠠᠨ᠎ᠢ ᠣᠢᠯᠠᠭᠠᠯ᠎ᠠ》 ᠬᠡᠮᠡᠨ ᠢᠲ᠋ᠠᠯᠢ᠎ᠶᠢᠨ ᠰᠢᠨ᠎ᠡ ᠲᠣᠷᠭᠠᠨ ᠵᠠᠮ᠎ᠢ ᠠᠬᠢᠭᠤᠯᠬᠤ ᠨᠡᠢᠭᠡᠮᠯᠢᠭ᠎ᠦᠨ ᠳᠠᠷᠤᠭ᠎ᠠ  ᠹᠷᠠᠨᠴᠧᠰᠺᠣ ᠬᠡᠯᠡᠪᠡ᠃ 

ᠦᠨᠳᠦᠰᠦᠲᠡᠨ᠎ᠦ ᠪᠦᠯᠬᠦᠮᠳᠡᠯ᠎ᠤᠨ ᠥᠩᠭᠡ ᠭᠡᠷᠡᠯᠲᠦ ᠤᠯᠠᠮᠵᠢᠯᠠᠯ᠎ᠢ ᠬᠡᠷᠡᠴᠢᠯᠡᠭᠰᠡᠨ ᠨᠢ 

ᠬᠢᠩᠭᠠᠨ ᠠᠢᠮᠠᠭ᠎ᠤᠨ ᠨᠠᠭᠠᠳᠤᠮ᠎ᠤᠨ ᠬᠤᠷᠠᠯ ᠳᠡᠭᠡᠷ᠎ᠡ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ ᠭᠣᠶᠣᠯᠠᠯ᠎ᠤᠨ ᠬᠤᠪᠴᠠᠰᠤ ᠡᠮᠦᠰᠴᠡᠭᠡᠨ ᠦᠪᠡᠳᠡᠭᠰᠢ ᠴᠤᠭᠯᠠᠭᠠᠨ᠎ᠢ ᠬᠠᠮᠲᠤ᠎ᠪᠠᠷ ᠪᠡᠯᠭᠡᠯᠡᠨ᠎ᠡ᠃ ᠲᠣᠰ ᠤᠳᠠᠭᠠᠨ᠎ᠤ ᠦᠨᠳᠦᠰᠦᠲᠡᠨ᠎ᠦ ᠪᠦᠯᠬᠦᠮᠳᠡᠯ᠎ᠦᠨ ᠦᠪᠡᠳᠡᠭᠰᠢ ᠴᠤᠭᠯᠠᠭᠠᠨ ᠨᠢ ᠠᠬᠤᠢ ᠲᠠᠯᠠᠪᠠᠢ᠎ᠶᠢᠨ ᠦᠵᠡᠭᠴᠢᠳ᠎ᠦᠨ ᠬᠠᠯᠠᠭᠤᠨ ᠰᠡᠳᠬᠢᠯᠭᠡ᠎ᠶᠢ ᠬᠥᠭᠵᠢᠭᠡᠭᠰᠡᠨ᠎ᠢᠶᠡᠷ ᠦᠯᠦ ᠪᠠᠷᠠᠮ ᠰᠤᠷᠪᠤᠯᠵᠢᠯᠠᠭ᠍ᠴᠢᠳ᠎ᠤᠨ ᠪᠦᠯᠬᠦᠮ᠎ᠦᠨ ᠰᠤᠷᠪᠤᠯᠵᠢᠯᠠᠭ᠍ᠴᠢᠳ᠎ᠲᠤ ᠴᠤ᠌ ᠭᠦᠨ ᠰᠠᠭᠤᠭᠳᠠᠯ ᠦᠯᠡᠳᠡᠭᠡᠭᠰᠡᠨ ᠪᠠᠢᠨ᠎ᠠ᠃ 

ᠨᠠᠭᠠᠳᠤᠮ᠎ᠤᠨ ᠡᠬᠢᠯᠡᠯᠲᠡ᠎ᠶᠢᠨ ᠶᠣᠰᠣᠯᠠᠯ᠎ᠳᠤ ᠣᠷᠣᠯᠴᠠᠭᠰᠠᠨ᠎ᠤ ᠳᠠᠷᠠᠭ᠎ᠠ᠂ ᠢᠰᠫᠠᠨᠢ᠎ᠶᠢᠨ ᠷᠠᠳᠢᠣ᠋ ᠨᠡᠪᠲᠡᠷᠡᠭᠦᠯᠭᠡ ᠵᠢᠴᠢ ᠲᠧᠯᠸᠢᠰ᠎ᠦᠨ ᠫᠷᠣᠭ᠌ᠷᠠᠮ ᠦᠢᠯᠡᠳᠦᠭᠴᠢ ᠹᠷᠠᠨᠴᠧᠰᠺᠣ ᠰᠡᠳᠬᠢᠯ ᠳᠣᠭᠳᠣᠯᠤᠨ᠂ ᠡᠨᠡ ᠤᠳᠠᠭᠠᠨ᠎ᠤ ᠦᠪᠡᠳᠡᠭᠰᠢ ᠴᠤᠭᠯᠠᠭᠠᠨ ᠨᠢ ᠲᠡᠭᠦᠨ᠎ᠳᠦ ᠳᠤᠮᠳᠠᠳᠤ᠎ᠶᠢᠨ ᠦᠨᠳᠦᠰᠦᠲᠡᠨ᠎ᠦ ᠶᠡᠬᠡ ᠭᠡᠷ ᠪᠦᠯᠢ᠎ᠶᠢᠨ ᠡᠶ᠎ᠡ ᠡᠪ ᠵᠣᠬᠢᠴᠠᠯ ᠲᠠᠢ ᠪᠦᠯᠬᠦᠮᠳᠡᠯ ᠲᠠᠢ ᠪᠠᠢᠬᠤ᠎ᠶᠢ ᠬᠠᠷᠠᠭᠤᠯᠤᠭᠰᠠᠨ ᠪᠥᠭᠡᠳ ᠪᠦᠯᠬᠦᠮᠳᠡᠯ᠎ᠦᠨ ᠵᠣᠷᠢᠭ᠋ ᠰᠠᠨᠠᠭᠠᠨ᠎ᠳᠤ ᠰᠡᠳᠬᠢᠯ ᠨᠢ ᠳᠣᠭᠳᠣᠯᠣᠭᠰᠠᠨ ᠬᠡᠮᠡᠮᠦᠢ᠃ 

《ᠥᠩᠭᠡᠷᠡᠭᠰᠡᠨ᠎ᠳᠦ ᠪᠢ ᠥᠪᠥᠷ ᠮᠣᠩᠭᠣᠯ᠎ᠢ ᠳᠡᠮᠡᠢ ᠰᠠᠢᠨ ᠣᠢᠯᠠᠭᠠᠬᠤ ᠦᠭᠡᠢ ᠪᠠᠢᠭᠰᠠᠨ᠂ ᠡᠨᠡ ᠤᠳᠠᠭ᠎ᠠ ᠪᠢ ᠡᠨᠳᠡᠬᠢ᠎ᠶᠢᠨ ᠪᠠᠢᠳᠠᠯ᠎ᠳᠤ ᠰᠢᠨ᠎ᠡ ᠲᠠᠨᠢᠯᠲᠠ᠎ᠲᠠᠢ ᠪᠣᠯᠣᠯ᠎ᠠ᠂ ᠡᠨᠳᠡᠬᠢ ᠬᠥᠮᠥᠰ᠎ᠦᠨ ᠬᠠᠯᠠᠭᠤᠮᠰᠤᠭ ᠮᠥᠷᠲᠡᠭᠡᠨ ᠴᠢᠩ ᠦᠨᠡᠨᠴᠢ ᠣᠪᠣᠷ ᠨᠢ ᠨᠠᠳᠠ᠎ᠳᠤ ᠨᠤᠲᠤᠭ᠎ᠲᠤ᠎ᠪᠠᠨ ᠬᠠᠷᠢᠭ᠍ᠰᠠᠨ ᠮᠡᠲᠦ ᠰᠠᠨᠠᠭᠳᠠᠪᠠ᠂ ᠪᠢ ᠡᠨᠳᠡ᠎ᠡᠴᠡ ᠮᠠᠰᠢ ᠤᠯᠠᠨ ᠪᠢᠴᠢᠯᠭᠡ ᠰᠢᠩᠭᠡᠭᠡᠵᠡᠢ᠂ ᠪᠢ ᠥᠪᠥᠷ ᠮᠣᠩᠭᠣᠯ᠎ᠤᠨ ᠰᠦᠷᠯᠢᠭ ᠰᠠᠢᠬᠠᠨ ᠥᠩᠭᠡ ᠦᠵᠡᠮᠵᠢ ᠬᠢᠭᠡᠳ ᠦᠨᠳᠦᠰᠦᠲᠡᠨ᠎ᠦ ᠥᠪᠡᠷᠮᠢᠴᠡ ᠤᠯᠠᠮᠵᠢᠯᠠᠯ᠎ᠢ ᠨᠡᠩ ᠤᠯᠠᠨ ᠬᠥᠮᠥᠰ᠎ᠲᠦ ᠳᠡᠯᠭᠡᠨ ᠦᠵᠡᠭᠦᠯᠦᠨ᠎ᠡ》 ᠭᠡᠵᠦ ᠭᠧᠷᠮᠠᠨ᠎ᠤ ᠰᠦᠯᠵᠢᠶᠡᠨ᠎ᠦ ᠠᠪᠢᠶᠠᠰᠲᠠᠨ ᠨᠠᠲ᠋ᠠᠯᠢ · ᠠᠷᠣᠨ ᠢᠯᠡᠳᠬᠡᠪᠡ ᠃ 

ᠠᠷᠠᠳ᠎ᠤᠨ ᠠᠮᠢᠳᠤᠷᠠᠯ᠎ᠤᠨ ᠬᠠᠯᠠᠭᠤᠨ ᠪᠦᠯᠢᠶᠡᠨ᠎ᠢ ᠮᠡᠳᠡᠷᠡᠭᠰᠡᠨ ᠨᠢ 

ᠲᠣᠰ ᠤᠳᠠᠭᠠᠨ᠎ᠤ ᠠᠶᠠᠯᠠᠯ᠎ᠳᠤ ᠂ ᠤᠯᠠᠮᠵᠢᠯᠠᠯᠲᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠨᠢᠭᠡᠨ ᠤᠷ᠎ᠠ ᠮᠡᠷᠭᠡᠵᠢᠯ ᠨᠢ ᠳᠤᠮᠳᠠᠳᠤ ᠭᠠᠳᠠᠭᠠᠳᠤ᠎ᠶᠢᠨ ᠵᠠᠭᠤᠴᠢᠯᠠᠭᠤᠷ᠎ᠤᠨ ᠰᠣᠷᠪᠣᠯᠵᠢᠯᠠᠭ᠍ᠴᠢᠳ᠎ᠲᠤ ᠭᠦᠨ ᠰᠠᠭᠤᠭᠳᠠᠯ ᠦᠯᠡᠳᠡᠭᠡᠵᠡᠢ ᠂ ᠲᠡᠷᠡ ᠨᠢ ᠳᠠᠷᠤᠢ ᠷᠠᠰᠢᠶᠠᠨ᠎ᠤ ᠪᠠᠢ ᠯᠠᠩ ᠪᠠᠯᠭᠠᠰᠤᠨ᠎ᠤ ᠮᠣᠳᠣᠨ ᠬᠠᠯᠢᠰᠤᠨ ᠵᠢᠷᠤᠭ ᠪᠣᠯᠣᠨ᠎ᠠ ᠃ ᠤᠯᠠᠨ᠎ᠢᠶᠠᠷ᠎ᠢᠶᠠᠨ ᠡᠨᠳᠡ ᠮᠣᠳᠣᠨ ᠬᠠᠯᠢᠰᠤᠨ ᠵᠢᠷᠤᠭ᠎ᠢ ᠦᠢᠯᠡᠳᠬᠦ᠎ᠶᠢ ᠪᠡᠶᠡᠴᠢᠯᠡᠨ ᠮᠡᠳᠡᠷᠡᠵᠦ᠂ ᠰᠣᠶᠣᠯ ᠵᠢᠭᠤᠯᠴᠢᠯᠠᠯ᠎ᠤᠨ ᠠᠭᠤᠰᠤᠯᠴᠠᠯ ᠳᠤᠮᠳᠠ ᠪᠠᠳᠠᠷᠠᠨ ᠳᠡᠯᠭᠡᠷᠡᠭᠰᠡᠨ ᠥᠪᠡᠷᠮᠢᠴᠡ ᠷᠢᠳᠢ ᠰᠢᠳᠢ᠎ᠶᠢ ᠣᠢᠯᠠᠭᠠᠪᠠ᠃ 

ᠣᠢᠷ᠎ᠠ᠎ᠶᠢᠨ ᠵᠢᠯ᠎ᠤᠳ᠎ᠲᠤ᠂ ᠷᠠᠰᠢᠶᠠᠨ ᠬᠤᠳᠠ᠎ᠶᠢᠨ ᠬᠢᠨ ᠵᠢᠭᠤᠯᠴᠢᠯᠠᠯ᠎ᠤᠨ ᠬᠥᠭᠵᠢᠯᠲᠡ᠎ᠶᠢᠨ ᠠᠵᠠ ᠲᠣᠬᠢᠶᠠᠯ᠎ᠢ ᠠᠮᠵᠢᠵᠤ᠂ ᠮᠣᠳᠣᠨ ᠬᠠᠯᠢᠰᠤᠨ ᠵᠢᠷᠤᠭ᠎ᠢ ᠵᠢᠭᠤᠯᠴᠢᠯᠠᠯ᠎ᠤᠨ ᠣᠨᠴᠠᠯᠢᠭ᠍ᠲᠤ ᠲᠠᠸᠠᠷ ᠪᠣᠯᠭᠠᠵᠤ᠂ ᠡᠷᠬᠢᠨ ᠲᠣᠭᠣᠷᠢᠨ᠎ᠤ ᠮᠠᠯᠴᠢᠨ ᠲᠠᠷᠢᠶᠠᠴᠢᠳ᠎ᠢ ᠲᠠᠢ᠍ᠢᠴᠢᠯᠠᠨ ᠣᠷᠣᠯᠭ᠎ᠠ᠎ᠶᠢ ᠨᠢ ᠨᠡᠮᠡᠭᠳᠡᠭᠦᠯᠦᠨ ᠪᠠᠶᠠᠵᠢᠭᠤᠯᠵᠠᠢ᠃ ᠡᠨᠳᠡᠬᠢ᠎ᠶᠢᠨ ᠬᠥᠮᠥᠰ ᠤᠯᠠᠮᠵᠢᠯᠠᠯᠲᠤ ᠤᠷ᠎ᠠ ᠮᠡᠷᠭᠡᠵᠢᠯ᠎ᠢᠶᠡᠨ ᠬᠠᠮᠠᠭᠠᠯᠠᠬᠤ᠎ᠶᠢᠨ ᠳᠠᠭᠠᠤ᠎ᠳᠤ ᠣᠷᠣᠯᠭ᠎ᠠ᠎ᠪᠠᠨ ᠨᠡᠮᠡᠭᠳᠡᠭᠦᠯᠦᠨ ᠪᠠᠶᠠᠵᠢᠵᠤ ᠪᠠᠢᠨ᠎ᠠ ᠭᠡᠳᠡᠭ᠎ᠢ ᠰᠣᠨᠣᠰᠤᠭᠰᠠᠨ᠎ᠤ ᠳᠠᠷᠠᠭ᠎ᠠ ᠂ ᠠᠩᠭ᠌ᠯᠢ᠎ᠡᠴᠡ ᠢᠷᠡᠭᠰᠡᠨ ᠰᠦᠯᠵᠢᠶᠡᠨ᠎ᠦ ᠠᠪᠢᠶᠠᠰᠲᠠᠨ ᠫᠠᠲᠷᠢᠺ ᠄ 《 ᠡᠨᠡ ᠪᠣᠯ ᠮᠠᠰᠢ ᠰᠠᠢᠨ ᠶᠠᠪᠤᠳᠠᠯ ᠂ ᠪᠢ ᠲᠤᠬᠠᠢ᠎ᠶᠢᠨ ᠭᠠᠵᠠᠷ᠎ᠤᠨ ᠬᠢᠨ᠎ᠦ ᠬᠥᠭᠵᠢᠯᠲᠡ᠎ᠳᠤ᠎ᠪᠠᠨ ᠭᠠᠷᠭᠠᠭᠰᠠᠨ ᠯᠤᠲᠤ ᠶᠡᠬᠡ ᠴᠢᠷᠮᠠᠢᠯᠭ᠎ᠠ ᠎ᠶᠢ ᠨᠢ ᠣᠯᠵᠤ ᠮᠡᠳᠡᠷᠡᠯ᠎ᠡ 》 ᠭᠡᠪᠡ ᠃ 

《 ᠵᠣᠯ ᠵᠢᠷᠭᠠᠯ ᠪᠣᠯ ᠬᠠᠮᠤᠭ᠎ᠤᠨ ᠴᠢᠬᠤᠯᠠ ᠶᠤᠮ ᠂ ᠳᠤᠮᠳᠠᠳᠤ ᠤᠯᠤᠰ ᠬᠡᠷᠬᠢᠨ ᠠᠯᠢ ᠣᠯᠠᠨ ᠴᠢᠷᠮᠠᠢᠯᠭ᠎ᠠ ᠭᠠᠷᠭᠠᠵᠤ ᠪᠠᠢᠭᠠᠳ ᠡᠨᠡ ᠬᠠᠷᠠᠯᠲᠠ᠎ᠳᠦ᠎ᠪᠠᠨ ᠬᠦᠷᠦᠭᠰᠡᠨ᠎ᠢ ᠪᠢ ᠡᠨᠡ ᠤᠳᠠᠭᠠᠨ᠎ᠤ ᠰᠣᠷᠪᠤᠯᠵᠢᠯᠠᠭ᠎ᠠ᠎ᠶᠢᠨ ᠶᠠᠪᠤᠴᠠ᠎ᠳᠤ᠎ᠪᠠᠨ ᠣᠯᠵᠤ ᠬᠠᠷᠠᠭᠰᠠᠨ ᠶᠤᠮ 》 ᠭᠡᠵᠦ ᠭᠷᠧᠭ᠎ᠦᠨ ᠭᠷᠧᠭ ᠪᠠ ᠳᠤᠮᠳᠠᠳᠤ᠎ᠶᠢᠨ ᠰᠣᠶᠣᠯ᠎ᠤᠨ ᠨᠡᠢᠭᠡᠮᠯᠢᠭ᠎ᠦᠨ ᠳᠡᠳ᠋ ᠳᠠᠷᠤᠭ᠎ᠠ᠂ ᠤᠳᠬ᠎ᠠ ᠵᠣᠬᠢᠶᠠᠯ ᠪᠠ ᠭᠦᠨ ᠤᠬᠠᠭᠠᠨ᠎ᠤ ᠫᠷᠣᠹᠧᠰᠰᠣᠷ ᠴᠢᠶᠣᠤ ᠶᠤᠸᠠᠢ· ᠪᠢᠰᠪᠠ ᠰᠡᠳᠬᠢᠯ ᠳᠣᠭᠳᠣᠯᠤᠨ ᠬᠡᠯᠡᠪᠡ᠃ 

ᠲᠤᠰ ᠤᠳᠠᠭᠠᠨ᠎ᠤ ᠠᠶᠠᠯᠠᠯ ᠨᠢ ᠮᠠᠰᠢ ᠤᠯᠠᠨ ᠰᠠᠢᠨ ᠰᠠᠢᠬᠠᠨ ᠳᠤᠷᠠᠳᠬᠠᠯ ᠦᠯᠡᠳᠡᠭᠡᠵᠡᠢ ᠭᠡᠵᠦ ᠲᠥᠯᠥᠭᠡᠯᠡᠭᠴᠢᠳ᠎ᠦᠨ ᠪᠦᠯᠬᠦᠮ᠎ᠦᠨ ᠪᠦᠷᠢᠯᠳᠦᠭᠦᠨ ᠨᠠᠷ ᠢᠯᠡᠳᠬᠡᠵᠡᠭᠡᠪᠡ᠃ 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
Baidu
map