ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠠᠷᠠᠳ᠎ᠤᠨ ᠡᠳᠦᠷ᠎ᠦᠨ ᠰᠣᠨᠢᠨ | ᠥᠪᠥᠷ ᠮᠣᠩᠭᠣᠯ ᠲᠥᠰᠥᠯ ᠨᠡᠢᠲᠡᠯᠡᠵᠦ ᠨᠡᠭᠦᠷᠡᠰᠦᠲᠥ᠋ᠷᠥᠭᠴᠢ ᠦᠯᠦ᠍ ᠭᠠᠳᠠᠭ᠍ᠰᠢᠯᠠᠭᠣᠯᠬᠣ ᠬᠦᠷᠢᠶᠡᠯᠡᠩ ᠲᠣᠭᠣᠷᠢᠭ᠋᠎ᠢ ᠪᠣᠢᠵᠢᠭᠤᠯᠤᠨ ᠪᠦᠲᠦᠭᠡᠨ ᠪᠠᠶ᠋ᠢᠭᠤᠯᠬᠤ᠎ᠶᠢ ᠲᠦᠯᠬᠢᠨ ᠠᠬᠢᠭᠤᠯᠤᠨ᠎ᠠ
ᠨᠡᠶ᠋ᠢᠲᠡᠯᠡᠭᠰᠡᠨ ᠴᠠᠭ᠄ 2025-08-15

ᠲᠦᠷᠦᠭᠦᠬᠡᠨ᠎ᠳᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠬᠢᠭᠡᠳ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ  ᠯᠣᠭ᠎ᠠ ᠬᠠᠮᠲᠤᠷᠠᠨ ᠲᠥᠰᠥᠯ ᠳᠠᠷᠤᠮᠠᠯᠯᠠᠨ ᠶᠠᠪᠣᠭᠣᠯᠵᠣ᠂ ᠲᠤᠷᠰᠢᠯᠲᠠ᠎ᠶ᠋ᠢᠨ ᠴᠡᠭ᠎ᠢᠶᠡᠷ ᠲᠦᠯᠬᠢᠨ ᠠᠬᠢᠭᠤᠯᠬᠤ᠂ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ᠂ ᠬᠡᠪ ᠵᠠᠭᠪᠤᠷ᠎ᠲᠤ ᠰᠢᠨ᠎ᠡ᠎ᠶᠢ ᠡᠭᠦᠳᠬᠦ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠨᠡᠭᠦᠷᠡᠰᠦᠲᠥ᠋ᠷᠥᠭᠴᠢ ᠦᠯᠦ᠍ ᠭᠠᠳᠠᠭ᠍ᠰᠢᠯᠠᠭᠣᠯᠬᠣ ᠬᠦᠷᠢᠶᠡᠯᠡᠩ ᠲᠣᠭᠣᠷᠢᠭ᠋᠎ᠢ ᠥᠨᠳᠥᠷ ᠪᠠᠷᠢᠮᠵᠢᠶ᠎ᠠ᠎ᠪᠠᠷ ᠴᠢᠨᠠᠷ ᠰᠠᠢᠲᠠᠢ ᠪᠦᠲᠦᠭᠡᠨ ᠪᠠᠢᠭᠤᠯᠵᠤ᠂ ᠨᠢᠭᠡ ᠪᠦᠯᠦᠭ ᠤᠯᠤᠰ᠎ᠤᠨ ᠲᠠᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠨᠡᠭᠦᠷᠡᠰᠦᠲᠥ᠋ᠷᠥᠭᠴᠢ ᠦᠯᠦ᠍ ᠭᠠᠳᠠᠭ᠍ᠰᠢᠯᠠᠭᠣᠯᠬᠣ ᠬᠦᠷᠢᠶᠡᠯᠡᠩ ᠲᠣᠭᠣᠷᠢᠭ᠋᠎ᠤᠨ ᠲᠤᠷᠰᠢᠯᠲᠠ᠎ᠶᠢᠨ ᠴᠡᠭ᠎ᠢ ᠪᠣᠢᠵᠢᠭᠤᠯᠤᠨ ᠡᠭᠦᠳᠦᠨ ᠪᠠᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠶᠢᠨ ᠥᠨᠳᠥᠷᠯᠢᠭ᠎ᠢ ᠪᠠᠶ᠋ᠢᠭᠤᠯᠬᠤ᠎ᠪᠠᠷ ᠲᠥᠯᠥᠪᠯᠡᠵᠦ ᠪᠣᠶ᠃

ᠲᠥᠰᠥᠯ᠎ᠢ ᠦᠨᠳᠦᠰᠦᠯᠡᠪᠡᠯ᠂ ᠥᠪᠥᠷ ᠮᠣᠩᠭᠣᠯ 3 ᠱᠠᠲᠤ ᠬᠤᠪᠢᠶᠠᠨ ᠨᠡᠭᠦᠷᠡᠰᠦᠲᠥ᠋ᠷᠥᠭᠴᠢ ᠦᠯᠦ᠍ ᠭᠠᠳᠠᠭ᠍ᠰᠢᠯᠠᠭᠣᠯᠬᠣ ᠬᠦᠷᠢᠶᠡᠯᠡᠩ ᠲᠣᠭᠣᠷᠢᠭ᠋᠎ᠤᠨ ᠪᠦᠲᠦᠭᠡᠨ ᠪᠠᠢᠭᠤᠯᠤᠯᠲᠠ᠎ᠶᠢ ᠲᠦᠯᠬᠢᠨ ᠠᠬᠢᠭᠤᠯᠬᠤ᠎ᠪᠠᠷ ᠪᠣᠶ᠄ 2025 ᠣᠨ᠎ᠳᠤ ᠨᠡᠭᠦᠷᠡᠰᠦᠲᠥ᠋ᠷᠥᠭᠴᠢ ᠦᠯᠦ᠍ ᠭᠠᠳᠠᠭ᠍ᠰᠢᠯᠠᠭᠣᠯᠬᠣ ᠬᠦᠷᠢᠶᠡᠯᠡᠩ ᠲᠣᠭᠣᠷᠢᠭ᠋᠎ᠤᠨ ᠪᠦᠲᠦᠭᠡᠨ ᠪᠠᠢᠭᠤᠯᠤᠯᠲᠠ᠎ᠶᠢ ᠰᠢᠯᠢᠨ ᠰᠣᠩᠭᠣᠬᠤ᠎ᠪᠠᠷ ᠮᠡᠳᠡᠭᠦᠯᠬᠦ ᠠᠵᠢᠯ᠎ᠢᠶᠠᠨ ᠡᠬᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦᠲᠥ᠋ᠷᠥᠭᠴᠢ ᠦᠯᠦ᠍ ᠭᠠᠳᠠᠭ᠍ᠰᠢᠯᠠᠭᠣᠯᠬᠣ ᠬᠦᠷᠢᠶᠡᠯᠡᠩ ᠲᠣᠭᠣᠷᠢᠭ᠋᠎ᠢ ᠪᠣᠢᠵᠢᠭᠤᠯᠤᠨ ᠪᠦᠲᠦᠭᠡᠨ ᠪᠠᠶ᠋ᠢᠭᠤᠯᠬᠤ ᠨᠡᠷᠡᠰ᠎ᠢ ᠲᠣᠭᠲᠠᠭᠠᠨ᠎ᠠ; 2026 ᠣᠨ᠎ᠡᠴᠡ 2028 ᠣᠨ ᠪᠣᠯᠲᠠᠯ᠎ᠠ᠂ ᠤᠯᠤᠰ᠎ᠤᠨ ᠲᠠᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠨᠡᠭᠦᠷᠡᠰᠦᠲᠥ᠋ᠷᠥᠭᠴᠢ ᠦᠯᠦ᠍ ᠭᠠᠳᠠᠭ᠍ᠰᠢᠯᠠᠭᠣᠯᠬᠣ ᠬᠦᠷᠢᠶᠡᠯᠡᠩ ᠲᠣᠭᠣᠷᠢᠭ᠋᠎ᠤᠨ ᠪᠦᠲᠦᠭᠡᠨ ᠪᠠᠢᠭᠤᠯᠤᠯᠲᠠ᠎ᠶᠢ ᠪᠥᠬᠥ ᠲᠠᠯ᠎ᠠ᠎ᠪᠠᠷ ᠥᠷᠨᠢᠭᠦᠯᠦᠨ᠎ᠡ; 2030 ᠣᠨ ᠪᠣᠯᠬᠤ᠎ᠳᠤ᠂ ᠨᠡᠭᠦᠷᠡᠰᠦᠲᠥ᠋ᠷᠥᠭᠴᠢ ᠦᠯᠦ᠍ ᠭᠠᠳᠠᠭ᠍ᠰᠢᠯᠠᠭᠣᠯᠬᠣ ᠬᠦᠷᠢᠶᠡᠯᠡᠩ ᠲᠣᠭᠣᠷᠢᠭ᠋᠎ᠤᠨ ᠪᠦᠲᠦᠭᠡᠨ ᠪᠠᠢᠭᠤᠯᠤᠯᠲᠠ᠎ᠶᠢᠨ ᠬᠠᠢᠨ ᠰᠦᠪᠡᠭᠴᠢᠯᠡᠯᠲᠡ᠎ᠶᠢᠨ ᠦᠢᠯᠡᠳᠦᠯᠭᠡ᠎ᠶᠢ ᠭᠦᠨᠵᠡᠭᠡᠢᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠨᠡᠭᠦᠷᠡᠰᠦᠲᠥ᠋ᠷᠥᠭᠴᠢ ᠦᠯᠦ᠍ ᠭᠠᠳᠠᠭ᠍ᠰᠢᠯᠠᠭᠣᠯᠬᠣ ᠨᠠᠩ ᠣᠯᠠᠨ ᠬᠦᠷᠢᠶᠡᠯᠡᠩ ᠲᠣᠭᠣᠷᠢᠭ᠋᠎ᠢ ᠤᠯᠤᠰ᠎ᠤᠨ ᠲᠠᠰ᠎ᠤᠨ ᠨᠡᠭᠦᠷᠡᠰᠦᠲᠥ᠋ᠷᠥᠭᠴᠢ ᠦᠯᠦ᠍ ᠭᠠᠳᠠᠭ᠍ᠰᠢᠯᠠᠭᠣᠯᠬᠣ ᠬᠦᠷᠢᠶᠡᠯᠡᠩ ᠲᠣᠭᠣᠷᠢᠭ᠋᠎ᠤᠨ ᠲᠤᠷᠰᠢᠯᠲᠠ᠎ᠶᠢᠨ ᠴᠡᠭ᠎ᠲᠦ ᠣᠷᠣᠭᠤᠯᠤᠨ᠎ᠠ᠃ 

ᠨᠡᠭᠦᠷᠡᠰᠦᠲᠥ᠋ᠷᠥᠭᠴᠢ ᠦᠯᠦ᠍ ᠭᠠᠳᠠᠭ᠍ᠰᠢᠯᠠᠭᠣᠯᠬᠣ ᠬᠦᠷᠢᠶᠡᠯᠡᠩ ᠲᠣᠭᠣᠷᠢᠭ᠋᠎ᠤᠨ ᠪᠦᠲᠦᠭᠡᠨ ᠪᠠᠢᠭᠤᠯᠤᠯᠲᠠ᠎ᠳᠤ ᠣᠯᠠᠨ ᠲᠠᠯ᠎ᠠ᠎ᠶ᠋ᠢᠨ ᠠᠭᠤᠯᠭ᠎ᠠ ᠪᠠᠭᠲᠠᠭᠠᠵᠤ ᠪᠤᠢ᠂ ᠡᠭᠦᠨ᠎ᠳᠦ ᠨᠡᠭᠦᠷᠡᠰᠦᠲᠥ᠋ᠷᠥᠭᠴᠢ ᠦᠯᠦ᠍ ᠭᠠᠳᠠᠭ᠍ᠰᠢᠯᠠᠭᠣᠯᠬᠣ ᠬᠦᠷᠢᠶᠡᠯᠡᠩ ᠲᠣᠭᠣᠷᠢᠭ᠋᠎ᠤᠨ ᠴᠠᠬᠢᠯᠭᠠᠨ᠎ᠦ ᠲᠣᠣᠷ᠎ᠤᠨ ᠱᠢᠰᠲ᠋ᠧᠮ᠎ᠢ ᠪᠠᠶ᠋ᠢᠭᠤᠯᠬᠤ᠂ ᠪᠣᠬᠢᠷᠲᠤᠯ ᠦᠭᠡᠢ ᠴᠠᠬᠢᠯᠭᠠᠨ᠎ᠢ ᠥᠨᠳᠥᠷ ᠬᠠᠷᠢᠴᠠᠯ᠎ᠢᠶᠠᠷ ᠬᠠᠩᠭᠠᠨ ᠰᠢᠩᠭᠡᠭᠡᠬᠦ᠎ᠶ᠋ᠢ ᠴᠢᠩᠭᠠᠳᠬᠠᠬᠤ᠂ ᠬᠦᠷᠢᠶᠡᠯᠡᠩ ᠲᠣᠭᠣᠷᠢᠭ᠋᠎ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢ ᠪᠠᠭᠤᠷᠠᠭᠤᠯᠬᠤ ᠥᠭᠡᠷᠡᠴᠢᠯᠡᠯᠲᠡ᠎ᠶᠢ ᠶᠡᠬᠡ᠎ᠪᠡᠷ ᠠᠬᠢᠭᠤᠯᠬᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ᠎ᠦᠨ ᠰᠢᠨ᠎ᠡ ᠬᠥᠳᠡᠯᠭᠡᠭᠴᠢ ᠬᠦᠴᠦᠨ᠎ᠢ ᠪᠣᠢᠵᠢᠭᠤᠯᠬᠤ᠂ ᠬᠦᠷᠢᠶᠡᠯᠡᠩ ᠲᠣᠭᠣᠷᠢᠭ᠋᠎ᠤᠨ ᠡᠬᠢ ᠪᠠᠶᠠᠯᠢᠭ᠋᠎ᠢ ᠠᠷᠪᠢᠯᠠᠨ ᠡᠷᠴᠢᠮᠵᠢᠭᠦᠯᠬᠦ᠎ᠶᠢ ᠴᠢᠩᠭᠠᠳᠬᠠᠬᠤ᠂ ᠬᠦᠷᠢᠶᠡᠯᠡᠩ ᠲᠣᠭᠣᠷᠢᠭ᠋᠎ᠤᠨ ᠰᠠᠭᠤᠷᠢ ᠪᠡᠯᠡᠳᠭᠡᠮᠵᠢ᠎ᠶ᠋ᠢ ᠲᠡᠭᠦᠯᠳᠡᠷᠵᠢᠭᠦᠯᠦᠨ ᠳᠡᠰ ᠳᠡᠪᠰᠢᠭᠦᠯᠬᠦ ᠵᠡᠷᠭᠡ ᠪᠠᠭᠲᠠᠨ᠎ᠠ᠃ ᠬᠦᠷᠢᠶᠡᠯᠡᠩ ᠲᠣᠭᠣᠷᠢᠭ᠋᠎ᠲᠤ ᠪᠠᠰᠠ ᠪᠣᠬᠢᠷᠲᠤᠯ ᠦᠭᠡᠢ ᠣᠶᠤᠨᠲᠤ ᠨᠡᠭᠦᠷᠡᠰᠦᠲᠥ᠋ᠷᠥᠭᠴᠢ᠎ᠶᠢᠨ ᠬᠠᠮᠢᠶᠠᠷᠤᠯᠲᠠ᠎ᠶᠢᠨ ᠲᠠᠪᠴᠠᠩ᠎ᠢ ᠪᠠᠢᠭᠤᠯᠵᠤ᠂ ᠨᠡᠭᠦᠷᠡᠰᠦᠲᠥ᠋ᠷᠥᠭᠴᠢ᠎ᠳᠦ ᠬᠣᠯᠪᠣᠭᠳᠠᠬᠤ ᠶᠡᠷᠦᠩᠬᠡᠢᠯᠡᠭᠰᠡᠨ ᠦᠢᠯᠡᠴᠢᠯᠡᠭᠡᠨ᠎ᠦ ᠴᠢᠳᠠᠪᠤᠷᠢ᠎ᠶᠢ ᠨᠡᠮᠡᠭᠳᠡᠭᠦᠯᠬᠦ᠎ᠶᠢᠨ ᠬᠠᠮᠲᠤ ᠨᠡᠭᠦᠷᠡᠰᠦᠲᠥ᠋ᠷᠥᠭᠴᠢ ᠦᠯᠦ᠍ ᠭᠠᠳᠠᠭ᠍ᠰᠢᠯᠠᠭᠣᠯᠬᠣ ᠪᠠᠷᠢᠮᠵᠢᠶ᠎ᠠ᠎ᠶᠢᠨ ᠳᠦᠷᠢᠮ᠎ᠢ ᠲᠣᠭᠲᠠᠭᠠᠬᠤ᠎ᠳᠤ ᠣᠷᠣᠯᠴᠠᠵᠤ᠂ ᠳᠡᠯᠡᠬᠡᠢ᠎ᠳᠡᠬᠢ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠦᠨ᠎ᠡ᠃ 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶ᠎ᠡ
Baidu
map