ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠥᠪᠥᠷ ᠮᠣᠩᠭᠣᠯ᠎ᠤᠨ ᠤᠰᠤᠲᠥ᠋ᠷᠥᠭᠴᠢ ᠡᠨᠧᠷᠭᠢ᠎ᠶᠢᠨ ᠠᠵᠤ ᠦᠢᠯᠡᠰ᠎ᠦᠨ ᠬᠥᠭᠵᠢᠯᠲᠡ᠎ᠶᠢ ᠠᠬᠢᠭᠤᠯᠬᠤ ᠬᠤᠷᠠᠯ ᠪᠤᠭᠤᠲᠤ᠎ᠳᠤ ᠬᠤᠷᠠᠯᠳᠤᠪᠠ   ᠴᠧᠨ ᡁᠢ ᠴᠠᠩ ᠪᠠᠶᠠᠷ᠎ᠤᠨ ᠦᠭᠡ ᠶᠠᠷᠢᠵᠣ ᠶᠣᠣ ᠶᠦᠩ ᠪᠥᠸᠧ ᠬᠤᠷᠠᠯ᠎ᠳᠤ ᠣᠷᠣᠯᠴᠠᠪᠠ
ᠨᠡᠶ᠋ᠢᠲᠡᠯᠡᠭᠰᠡᠨ ᠴᠠᠭ᠄ 2025-08-15

8 ᠳ᠋ᠤᠭᠠᠷ ᠰᠠᠷ᠎ᠠ᠎ᠶᠢᠨ 14 ᠎ᠦ ᠡᠳᠦᠷ᠂ ᠳᠤᠮᠳᠠᠳᠤ ᠤᠯᠤᠰ᠎ᠤᠨ ᠠᠵᠤ ᠦᠢᠯᠡᠰ᠎ᠦᠨ ᠬᠥᠭᠵᠢᠯᠲᠡ᠎ᠶᠢ ᠠᠬᠢᠭᠤᠯᠬᠤ ᠨᠡᠢᠭᠡᠮᠯᠢᠭ᠎ᠦᠨ ᠤᠰᠤᠲᠥ᠋ᠷᠥᠭᠴᠢ ᠡᠨᠧᠷᠭᠢ᠎ᠶᠢᠨ ᠬᠤᠪᠢᠶᠠᠷᠢ ᠨᠡᠢᠭᠡᠮᠯᠢᠭ᠂ ᠥᠪᠥᠷ ᠮᠣᠩᠭᠣᠯ᠎ᠤᠨ ᠤᠰᠤᠲᠥ᠋ᠷᠥᠭᠴᠢ ᠡᠨᠧᠷᠭᠢ᠎ᠶᠢᠨ ᠠᠵᠤ ᠦᠢᠯᠡᠰ᠎ᠦᠨ ᠬᠥᠭᠵᠢᠯᠲᠡ᠎ᠶᠢ ᠠᠬᠢᠭᠤᠯᠬᠤ ᠨᠡᠢᠭᠡᠮᠯᠢᠭ᠎ᠡᠴᠡ ᠭᠣᠣᠯᠯᠠᠨ ᠡᠷᠭᠢᠯᠡᠭᠰᠡᠨ ᠤᠰᠤᠲᠥ᠋ᠷᠥᠭᠴᠢ ᠡᠨᠧᠷᠭᠢ᠎ᠶᠢᠨ ᠠᠵᠤ ᠦᠢᠯᠡᠰ᠎ᠦᠨ ᠬᠥᠭᠵᠢᠯᠲᠡ᠎ᠶᠢᠨ ᠶᠡᠬᠡ ᠬᠤᠷᠠᠯ ᠬᠢᠭᠡᠳ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠥᠷᠪᠡᠳᠦᠭᠡᠷ ᠬᠤᠭᠤᠴᠠᠭᠠᠨ᠎ᠤ ᠤᠰᠤᠲᠥ᠋ᠷᠥᠭᠴᠢ ᠡᠨᠧᠷᠭᠢ᠎ᠶᠢᠨ ᠠᠵᠤ ᠦᠢᠯᠡᠰ᠎ᠦᠨ ᠬᠥᠭᠵᠢᠯᠲᠡ᠎ᠶᠢ ᠠᠬᠢᠭᠤᠯᠬᠤ ᠬᠤᠷᠠᠯ ᠪᠤᠭᠤᠲᠤ ᠬᠣᠲᠠ᠎ᠳᠤ ᠬᠤᠷᠠᠯᠳᠤᠪᠠ᠂ ᠲᠣᠰ ᠤᠳᠠᠭᠠᠨ᠎ᠤ ᠶᠡᠬᠡ ᠬᠤᠷᠠᠯ᠎ᠤᠨ ᠭᠣᠣᠯ ᠰᠡᠳᠦᠪ ᠨᠢ 《ᠨᠣᠭᠣᠭᠠᠨ ᠤᠰᠤᠲᠥ᠋ᠷᠥᠭᠴᠢ᠎ᠪᠠᠷ ᠴᠢᠳᠠᠮᠵᠢ ᠣᠯᠭᠣᠵᠤ ᠬᠠᠮᠲᠤ᠎ᠪᠠᠷ ᠠᠰᠢᠭ᠋ ᠭᠥᠷᠳᠡᠬᠦ 》 ᠪᠣᠯᠣᠨ᠎ᠠ᠃ 

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠪᠤᠭᠤᠲᠤ ᠬᠤᠳᠠ᠎ᠶᠢᠨ ᠨᠠᠮ᠎ᠤᠨ ᠬᠣᠷᠢᠶ᠎ᠠ᠎ᠶᠢᠨ ᠱᠦᠵᠢ ᠴᠧᠨ ᡁᠢ ᠴᠠᠩ ᠪᠠᠶᠠᠷ᠎ᠤᠨ ᠦᠭᠡ ᠶᠠᠷᠢᠵᠣ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠶᠣᠣ ᠶᠦᠩ ᠪᠥᠸᠧ ᠣᠷᠣᠯᠴᠠᠵᠠᠢ᠃ 

ᠴᠧᠨ ᡁᠢ ᠴᠠᠩ ᠴᠢᠬᠤᠯᠠᠴᠢᠯᠠᠭᠰᠠᠨ ᠨᠢ᠂ ᠤᠰᠤᠲᠥ᠋ᠷᠥᠭᠴᠢ ᠡᠨᠧᠷᠭᠢ᠎ᠶᠢᠨ ᠠᠵᠤ ᠦᠢᠯᠡᠰ᠎ᠢ ᠬᠥᠭᠵᠢᠭᠦᠯᠬᠦ ᠨᠢ ᠪᠤᠭᠤᠲᠤ᠎ᠶᠢᠨ ᠠᠵᠤ ᠦᠢᠯᠡᠰ᠎ᠦᠨ ᠪᠣᠬᠢᠷᠲᠤᠯ ᠦᠭᠡᠢ᠎ᠪᠡᠷ ᠬᠡᠯᠪᠡᠷᠢ᠎ᠪᠡᠨ ᠬᠤᠪᠢᠷᠠᠭᠤᠯᠬᠤ᠎ᠶᠢ ᠲᠦᠯᠬᠢᠨ ᠠᠬᠢᠭᠣᠯᠵᠣ᠂ ᠬᠠᠭᠤᠴᠢᠨ ᠠᠵᠤ ᠦᠢᠯᠡᠳᠪᠦᠷᠢ᠎ᠶᠢᠨ ᠰᠠᠭᠤᠷᠢᠨ ᠭᠠᠵᠠᠷ᠎ᠤᠨ ᠬᠡᠯᠪᠡᠷᠢ᠎ᠪᠡᠨ ᠬᠤᠪᠢᠷᠠᠭᠤᠯᠤᠨ ᠰᠢᠨ᠎ᠡ ᠡᠭᠦᠳᠦᠯᠲᠡ ᠲᠠᠢ ᠬᠥᠭᠵᠢᠯᠲᠡ᠎ᠶᠢ ᠲᠦᠷᠭᠡᠳᠬᠡᠬᠦ᠎ᠳᠦ ᠲᠤᠢᠯ᠎ᠤᠨ ᠴᠢᠬᠤᠯᠠ ᠶᠤᠮ᠃ ᠪᠤᠭᠤᠲᠤ ᠬᠣᠲᠠ ᠨᠣᠭᠣᠭᠠᠨ ᠤᠰᠤᠲᠥ᠋ᠷᠥᠭᠴᠢ᠎ᠶᠢᠨ 《ᠦᠢᠯᠡᠳᠬᠦ ᠨᠦᠬᠡᠴᠡᠯᠡᠬᠦ᠌ ᠳᠠᠮᠵᠢᠭᠤᠯᠬᠤ ᠬᠡᠷᠡᠭᠯᠡᠬᠦ 》ᠪᠦᠬᠦ ᠠᠵᠤ ᠦᠢᠯᠡᠰ᠎ᠦᠨ ᠬᠡᠯᠬᠢᠶ᠎ᠡ᠎ᠶᠢ ᠨᠢᠭᠡ ᠴᠣᠭᠴᠠᠵᠢᠭᠤᠯᠤᠨ ᠬᠥᠭᠵᠢᠭᠦᠯᠬᠦ᠎ᠶᠢᠨ ᠲᠣᠭᠣᠷᠢᠨ᠎ᠳᠤ᠂ ᠪᠦᠬᠦ ᠤᠯᠤᠰ᠎ᠤᠨ ᠠᠩᠬᠠᠳᠠᠭ᠍ᠴᠢ ᠪᠦᠬᠦ ᠲᠠᠯᠠᠪᠤᠷ᠎ᠤᠨ ᠨᠣᠭᠣᠭᠠᠨ ᠤᠰᠤᠲᠥ᠋ᠷᠥᠭᠴᠢ᠎ᠶᠢᠨ ᠠᠶᠠᠨᠳᠠᠭᠠᠨ᠎ᠤ ᠡᠷᠭᠢᠯᠲᠡ ᠲᠠᠢ ᠰᠢᠨ᠎ᠡ᠎ᠶᠢ ᠡᠭᠦᠳᠬᠦ ᠬᠤᠳᠠ᠎ᠶᠢ ᠪᠦᠬᠦ ᠬᠦᠴᠦᠨ᠎ᠢᠶᠡᠷ ᠎ᠢᠶᠡᠨ ᠪᠦᠲᠦᠭᠡᠨ ᠪᠠᠢᠭᠤᠯᠵᠤ᠂ ᠪᠦᠬᠦ ᠤᠯᠤᠰ᠎ᠤᠨ ᠴᠢᠬᠤᠯᠠ ᠤᠰᠤᠲᠥ᠋ᠷᠥᠭᠴᠢ ᠡᠨᠧᠷᠭᠢ᠎ᠶᠢᠨ ᠲᠤᠨᠤᠭ ᠲᠥᠬᠦᠭᠡᠷᠦᠮᠵᠢ ᠦᠢᠯᠡᠳᠬᠦ ᠰᠠᠭᠤᠷᠢᠨ᠎ᠢ ᠪᠠᠢᠭᠤᠯᠤᠨ᠎ᠠ᠃ 

ᠬᠤᠷᠠᠯ᠎ᠤᠨ ᠬᠤᠭᠤᠴᠠᠭᠠᠨ᠎ᠳᠤ ᠲᠤᠰᠬᠠᠢ ᠮᠡᠷᠭᠡᠵᠢᠯᠲᠡᠳ᠎ᠢ ᠤᠷᠢᠨ ᠲᠣᠮᠢᠯᠠᠬᠤ ᠶᠣᠰᠣᠯᠠᠯ ᠶᠠᠪᠤᠭᠤᠯᠵᠤ᠂ ᠡᠷᠳᠡᠮ ᠰᠢᠨᠵᠢᠯᠡᠭᠡᠨ᠎ᠦ ᠰᠤᠳᠤᠯᠤᠨ ᠶᠠᠷᠢᠯᠴᠠᠬᠤ ᠪᠠ ᠠᠵᠤ ᠦᠢᠯᠡᠰ᠎ᠢ ᠵᠣᠯᠭᠠᠭᠤᠯᠬᠤ ᠠᠵᠢᠯᠯᠠᠭ᠎ᠠ ᠥᠷᠨᠢᠭᠦᠯᠵᠡᠢ᠃ 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶ᠎ᠡ
Baidu
map