8 ᠳ᠋ᠤᠭᠠᠷ ᠰᠠᠷ᠎ᠠ᠎ᠶᠢᠨ 12᠎ᠤᠨ ᠡᠳᠦᠷ᠎ᠡᠴᠡ 13᠎ᠤ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠠᠭᠤᠷᠬᠠᠢ᠎ᠶᠢᠨ ᠦᠢᠯᠡᠰ᠎ᠦᠨ ᠡᠷᠬᠡ᠎ᠶ᠋ᠢᠨ ᠦᠨᠡᠯᠡᠨ ᠵᠢᠱ᠌ᠢᠭ᠌ᠴᠢᠶᠢᠨ ᠨᠡᠢᠭᠡᠮᠯᠢᠭ᠎ᠡᠴᠡ ᠭᠣᠣᠯᠯᠠᠨ ᠡᠷᠭᠢᠯᠡᠭᠰᠡᠨ ᠠᠭᠤᠷᠬᠠᠢ᠎ᠶᠢᠨ ᠭᠠᠷᠤᠯᠲᠠ᠎ᠶᠢᠨ ᠡᠬᠢ ᠪᠠᠶᠠᠯᠢᠭ᠋᠎ᠢ ᠦᠨᠡᠯᠡᠨ ᠵᠢᠱ᠌ᠢᠬᠦ ᠵᠠᠬ᠎ᠠ ᠳᠡᠯᠭᠡᠭᠦᠷ᠎ᠦᠨ ᠱᠢᠨᠡᠴᠢᠯᠡᠯᠲᠡ ᠬᠥᠭᠵᠢᠯᠲᠡ᠎ᠶ᠋ᠢᠨ ᠰᠣᠯᠢᠯᠴᠠᠭᠠᠨ᠎ᠤ ᠬᠤᠷᠠᠯ ᠬᠥᠬᠡᠬᠣᠲᠠ᠎ᠳᠤ ᠬᠣᠷᠠᠯᠳᠣᠭ᠍ᠰᠠᠨ ᠪᠥᠭᠡᠳ ᠳᠤᠮᠳᠠᠳᠤ ᠤᠯᠤᠰ᠎ᠤᠨ ᠠᠭᠤᠷᠬᠠᠢ᠎ᠶᠢᠨ ᠦᠢᠯᠡᠰ᠎ᠦᠨ ᠡᠷᠬᠡ᠎ᠶᠢᠨ ᠦᠨᠡᠯᠡᠨ ᠵᠢᠱ᠌ᠢᠭ᠌ᠴᠢᠶᠢᠨ ᠨᠡᠢᠭᠡᠮᠯᠢᠭ᠎ᠦᠨ ᠬᠥᠬᠡᠬᠣᠲᠠ᠎ᠳᠠᠬᠢ ᠲᠥᠯᠥᠭᠡᠯᠡᠭᠴᠢ᠎ᠶᠢᠨ ᠭᠠᠵᠠᠷ ᠪᠠᠢᠭᠤᠯᠤᠭᠳᠠᠬᠤ ᠶᠣᠰᠣᠯᠠᠯ ᠶᠠᠪᠤᠭᠤᠯᠪᠠ᠃
ᠥᠪᠥᠷ ᠮᠣᠩᠭᠣᠯ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ ᠵᠢᠴᠢ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠰᠠᠭᠤᠷᠢᠨ ᠭᠠᠵᠠᠷ ᠪᠣᠯᠤᠭᠰᠠᠨ᠎ᠤ ᠬᠤᠪᠢ᠎ᠳᠤ᠂ ᠪᠥᠬᠥ ᠣᠷᠣᠨ᠎ᠳᠤ ᠡᠬᠢ ᠪᠠᠶᠠᠯᠢᠭ᠋᠎ᠤᠨ ᠬᠠᠳᠠᠭᠠᠯᠠᠭᠳᠠᠴᠠ᠎ᠶᠢ ᠪᠠᠢᠴᠠᠭᠠᠨ ᠲᠣᠳᠣᠯᠠᠭᠰᠠᠨ ᠠᠭᠤᠷᠬᠠᠢ᠎ᠶᠢᠨ ᠭᠠᠷᠤᠯᠲᠠ 149 ᠵᠦᠢᠯ ᠪᠣᠶ᠂ ᠡᠭᠦᠨ᠎ᠳᠦ ᠨᠡᠭᠦᠷᠡᠰᠦ᠂ ᠬᠠᠷ᠎ᠠ ᠲᠤᠭᠤᠯᠭ᠎ᠠ᠂ ᠴᠠᠢᠷ᠂ ᠮᠥᠩᠭᠥ᠂ ᠬᠣᠪᠣᠷ ᠰᠢᠷᠣᠢ ᠵᠡᠷᠭᠡ ᠠᠭᠤᠷᠬᠠᠢ᠎ᠶᠢᠨ ᠭᠠᠷᠤᠯᠲᠠ᠎ᠶᠢᠨ ᠡᠬᠢ ᠪᠠᠶᠠᠯᠢᠭ᠋᠎ᠤᠨ ᠬᠡᠮᠵᠢᠶ᠎ᠡ ᠪᠠᠷ᠎ᠢᠶᠡᠨ ᠪᠥᠬᠥ ᠤᠯᠤᠰ᠎ᠤᠨ ᠲᠡᠷᠢᠭᠦᠨ᠎ᠳᠦ ᠣᠷᠣᠨ᠎ᠠ ᠃ ᠳᠤᠮᠳᠠᠳᠤ ᠤᠯᠤᠰ᠎ᠤᠨ ᠠᠭᠤᠷᠬᠠᠢ᠎ᠶᠢᠨ ᠦᠢᠯᠡᠰ᠎ᠦᠨ ᠡᠷᠬᠡ᠎ᠶ᠋ᠢᠨ ᠦᠨᠡᠯᠡᠨ ᠵᠢᠱ᠌ᠢᠭ᠌ᠴᠢᠶᠢᠨ ᠨᠡᠢᠭᠡᠮᠯᠢᠭ᠎ᠡᠴᠡ ᠬᠥᠬᠡᠬᠣᠲᠠ᠎ᠳᠤ ᠲᠥᠯᠥᠭᠡᠯᠡᠭᠴᠢ᠎ᠶᠢᠨ ᠭᠠᠵᠠᠷ ᠭᠠᠷᠭᠠᠭᠰᠠᠨ ᠨᠢ ᠠᠭᠤᠷᠬᠠᠢ᠎ᠶᠢᠨ ᠦᠢᠯᠡᠰ᠎ᠦᠨ ᠠᠵᠤ ᠠᠬᠤᠢ ᠬᠥᠭᠵᠢᠶᠡᠨᠲᠡᠢ ᠪᠣᠯᠬᠣ ᠭᠠᠵᠠᠷ ᠣᠷᠣᠨ — ᠥᠪᠥᠷ ᠮᠣᠩᠭᠣᠯ᠎ᠳᠤ 《ᠣᠷᠣᠨ ᠨᠤᠲᠤᠭ᠎ᠤᠨ ᠵᠠᠰᠠᠭ᠎ᠤᠨ ᠣᠷᠳᠣᠨ᠂ ᠠᠵᠤ ᠠᠬᠤᠢᠯᠠᠯ᠎ᠳᠤ ᠦᠢᠯᠡᠴᠢᠯᠡᠬᠦ ᠬᠥᠭᠥᠷᠭᠡ 》᠎ᠶ᠋ᠢ ᠪᠠᠢᠭᠤᠯᠵᠤ᠂ ᠠᠭᠤᠷᠬᠠᠢ᠎ᠶᠢᠨ ᠭᠠᠷᠤᠯᠲᠠ᠎ᠶᠢᠨ ᠡᠬᠢ ᠪᠠᠶᠠᠯᠢᠭ᠋᠎ᠢ ᠬᠠᠢᠨ ᠪᠠᠢᠴᠠᠭᠠᠵᠤ ᠨᠡᠭᠡᠭᠡᠨ ᠠᠰᠢᠭ᠍ᠯᠠᠬᠤ ᠪᠡᠯᠡ ᠣᠷᠣᠭᠤᠯᠤᠯᠲᠠ᠎ᠳᠤ ᠡᠯ᠎ᠡ ᠲᠥᠷᠥᠯ᠎ᠦᠨ ᠬᠥᠷᠥᠩᠭᠡ᠎ᠶᠢ ᠲᠡᠳᠡᠨ ᠣᠷᠣᠯᠴᠠᠭᠤᠯᠵᠤ᠂ ᠰᠢᠨ᠎ᠡ ᠨᠢᠭᠡ ᠡᠭᠡᠯᠵᠢ᠎ᠶᠢᠨ ᠠᠭᠤᠷᠬᠠᠢ ᠡᠷᠢᠬᠦ ᠰᠢᠪᠲᠤᠯᠤᠯᠲᠠ᠎ᠶᠢᠨ ᠪᠠᠢᠯᠳᠤᠬᠤ ᠪᠣᠳᠣᠯᠭ᠎ᠠ᠎ᠶᠢᠨ ᠠᠵᠢᠯᠯᠠᠭ᠎ᠠ᠎ᠨᠢ ᠲᠦᠯᠬᠢᠨ ᠠᠬᠢᠭᠤᠯᠵᠤ᠂ ᠥᠪᠥᠷ ᠮᠣᠩᠭᠣᠯ᠎ᠤᠨ ᠠᠭᠤᠷᠬᠠᠢ᠎ᠶᠢᠨ ᠦᠢᠯᠡᠰ᠎ᠦᠨ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠬᠤ᠎ᠶᠢᠨ ᠲᠥᠯᠥᠭᠡ ᠶᠤᠮ᠃
ᠬᠤᠷᠠᠯ᠎ᠤᠨ ᠠᠬᠤᠢ ᠲᠠᠯᠠᠪᠠᠶ᠎ᠳᠤ᠂ ᠲᠤᠰᠬᠠᠢ ᠮᠡᠷᠭᠡᠵᠢᠯᠲᠡᠳ᠎ᠦᠨ ᠲᠦᠯᠦᠭᠡᠯᠡᠭ᠌ᠴᠢᠳ ᠠᠭᠤᠷᠬᠠᠢ᠎ᠶᠢᠨ ᠭᠠᠷᠤᠯᠲᠠ᠎ᠶᠢᠨ ᠡᠬᠢ ᠪᠠᠶᠠᠯᠢᠭ᠋᠎ᠢ ᠦᠨᠡᠯᠡᠨ ᠵᠢᠱ᠌ᠢᠵᠦ ᠠᠭᠤᠰᠤᠯᠴᠠᠭᠤᠯᠤᠨ ᠬᠥᠭᠵᠢᠭᠦᠯᠬᠦ ᠭᠣᠣᠯ ᠰᠡᠳᠦᠪ ᠲᠠᠢ ᠨᠢᠭ᠍ᠲᠠ ᠤᠶᠠᠯᠳᠤᠭᠤᠯᠤᠨ᠂ ᠴᠢᠯᠠᠭᠤᠨ ᠲᠣᠰᠣ᠌ ᠰᠢᠲᠠᠮᠠᠬᠠᠢ ᠬᠡᠢ᠎ᠶᠢᠨ ᠬᠠᠳᠠᠭᠠᠯᠠᠭᠳᠠᠴᠠ᠎ᠶᠢᠨ ᠵᠠᠬ᠎ᠠ ᠳᠡᠯᠭᠡᠭᠦᠷ᠎ᠦᠨ ᠦᠢᠯᠡᠴᠢᠯᠡᠭᠡᠨ᠎ᠦ ᠲᠣᠭ᠍ᠲᠠᠯᠴᠠᠭ᠎ᠠ᠎ᠶᠢᠨ ᠪᠠᠢᠭᠤᠯᠤᠯᠲᠠ᠎ᠶᠢᠨ ᠠᠬᠢᠴᠠ᠂ ᠳ᠋ᠢᠭᠢᠲ ᠠᠵᠤ ᠠᠬᠤᠢ᠎ᠶᠢᠨ ᠴᠠᠭ ᠦᠶ᠎ᠡ᠎ᠳᠡᠬᠢ ᠠᠭᠤᠷᠬᠠᠢ᠎ᠶᠢᠨ ᠭᠠᠷᠤᠯᠲᠠ᠎ᠶᠢᠨ ᠡᠬᠢ ᠪᠠᠶᠠᠯᠢᠭ᠋᠎ᠢ ᠦᠨᠡᠯᠡᠨ ᠵᠢᠱ᠌ᠢᠵᠦ ᠬᠥᠭᠵᠢᠭᠦᠯᠬᠦ ᠰᠢᠨ᠎ᠡ ᠠᠵᠠ ᠲᠣᠬᠢᠶᠠᠯ᠂ ᠠᠭᠤᠷᠬᠠᠢ᠎ᠶᠢᠨ ᠦᠢᠯᠡᠰ᠎ᠦᠨ ᠡᠷᠬᠡ᠎ᠶᠢᠨ ᠥᠷᠲᠡᠭ᠎ᠢ ᠦᠨᠡᠯᠡᠨ ᠵᠢᠱ᠌ᠢᠬᠦ ᠳᠤᠮᠳᠠᠬᠢ AI ᠲᠣᠮᠣ᠌ ᠵᠠᠭᠪᠤᠷ᠎ᠤᠨ ᠬᠡᠷᠡᠭᠯᠡᠯᠲᠡ ᠬᠠᠢᠨ ᠰᠢᠨᠵᠢᠯᠡᠯᠲᠡ ᠵᠡᠷᠭᠡ ᠠᠭᠤᠯᠭ᠎ᠠ᠎ᠶᠢᠨ ᠲᠣᠭᠣᠷᠢᠨ᠎ᠳᠤ ᠰᠠᠨᠠᠯ᠎ᠢᠶᠠᠨ ᠰᠣᠯᠢᠯᠴᠠᠪᠠ᠃