ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠠᠷᠪᠠᠨ ᠵᠢᠯ᠎ᠢ ᠡᠪᠬᠡᠭᠰᠡᠨ ᠠᠳᠠᠪᠠᠰᠢ ᠶᠡᠬᠡ ᠴᠤᠭᠯᠠᠭᠠᠨ — ᠲᠠᠪᠤᠳᠤᠭᠠᠷ ᠬᠤᠭᠤᠴᠠᠭᠠᠨ᠎ᠤ ᠲᠤᠮᠳᠠᠳᠤ ᠮᠤᠨᠭᠭᠤᠯ᠎ᠤᠨ ᠦᠵᠡᠰᠬᠦᠯᠡᠨᠭ᠌᠎ᠤᠨ ᠴᠤᠭᠯᠠᠭᠠᠨ᠎ᠳᠤ ᠵᠤᠷᠢᠭᠤᠯᠤᠭᠰᠠᠨ ᠤᠨᠴᠠ ᠮᠡᠳᠡᠬᠡᠯᠡᠯ①
ᠨᠡᠶ᠋ᠢᠲᠡᠯᠡᠭᠰᠡᠨ ᠴᠠᠭ᠄ 2025-08-18

ᠠᠷᠪᠡᠨ ᠵᠢᠯ᠎ᠤᠨ ᠡᠮᠤᠨ᠎ᠡ᠂ 2015 ᠤᠨ᠎ᠳᠤ ᠠᠩᠬᠠᠳᠤᠭᠠᠷ ᠬᠤᠭᠤᠴᠠᠭᠠᠨ᠎ᠤ ᠳᠤᠮᠳᠠᠳᠤ ᠮᠣᠩᠭᠣᠯ᠎ᠤᠨ ᠦᠵᠡᠰᠭᠦᠯᠡᠩ᠎ᠤᠨ ᠴᠤᠭ᠍ᠯᠠᠭᠠᠨ ᠬᠥᠬᠡᠬᠣᠲᠠ᠎ᠳᠤ ᠦᠪᠡᠳᠡᠭᠰᠢ ᠶᠡᠬᠡ᠎ᠪᠠᠷ ᠡᠬᠢᠯᠡᠵᠤ᠂ ᠲᠤᠮᠳᠠᠳᠤ ᠮᠤᠨᠭᠭᠤᠯ ᠬᠤᠶᠠᠷ ᠤᠯᠤᠰ᠎ᠤᠨ ᠠᠷᠠᠯᠵᠢᠶ᠎ᠡ ᠪᠡᠯᠡ ᠤᠷᠤᠭᠤᠯᠤᠯᠳᠡ ᠪᠤᠯᠤᠨ ᠰᠤᠶᠤᠯ ᠢᠷᠬᠡᠨᠰᠢᠯ᠎ᠤᠨ ᠰᠤᠯᠢᠯᠴᠠᠭ᠎ᠠ᠎ᠳᠤ ᠴᠤ ᠰᠢᠨ᠎ᠡ ᠲᠠᠪᠴᠠᠨᠭ᠌᠎ᠢ ᠨᠡᠬᠡᠬᠡᠯ᠎ᠠ᠃ ᠡᠬᠦᠨ᠎ᠤ ᠲᠠᠷᠠᠭ᠎ᠠ 2017 ᠤᠨ᠂ 2019 ᠤᠨ᠂ 2023 ᠤᠨ᠎ᠳᠤ ᠲᠤᠮᠳᠠᠳᠤ ᠮᠤᠨᠭᠭᠤᠯ᠎ᠤᠨ ᠦᠵᠡᠰᠬᠦᠯᠡᠨᠭ᠌᠎ᠤᠨ ᠴᠤᠭᠯᠠᠭᠠᠨ᠎ᠢ ᠦᠪᠤᠷ ᠮᠤᠨᠭᠭᠤᠯ᠎ᠳᠤ ᠤᠳᠠᠭ᠎ᠠ ᠲᠠᠷᠠᠭᠠᠯᠠᠨ ᠠᠮᠵᠢᠯᠳᠠ ᠲᠠᠢ ᠡᠷᠬᠢᠯᠡᠨ ᠶᠠᠪᠤᠭᠳᠠᠭᠤᠯᠤᠭᠰᠠᠨ ᠪᠢᠯᠡ᠃

ᠠᠷᠪᠡᠨ ᠵᠢᠯ᠎ᠤᠨ ᠲᠠᠷᠠᠭ᠎ᠠ᠂ 2025 ᠣᠨ᠎ᠤ 8 ᠰᠠᠷ᠎ᠠ᠎ᠶ᠋ᠢᠨ 25 ᠎ᠤ ᠡᠳᠤᠷ ᠲᠠᠪᠤᠳᠤᠭᠠᠷ ᠬᠤᠭᠤᠴᠠᠭᠠᠨ᠎ᠤ ᠲᠤᠮᠳᠠᠳᠤ ᠮᠤᠨᠭᠭᠤᠯ᠎ᠤᠨ ᠦᠵᠡᠰᠭᠦᠯᠡᠩ᠎ᠤᠨ ᠴᠤᠭ᠍ᠯᠠᠭᠠᠨ ᠪᠤᠯᠵᠤᠭ᠎ᠠ ᠶᠤᠰᠤᠭᠠᠷ ᠬᠦᠬᠡᠬᠤᠳᠠ᠎ᠳᠤ ᠡᠬᠢᠯᠡᠵᠤ᠂ ᠱᠢᠨ᠎ᠡ ᠬᠠᠭᠤᠴᠢᠨ ᠨᠠᠢᠵᠠ ᠨᠠᠷ ᠲᠠᠬᠢᠨ ᠨᠢᠬᠡ ᠭᠠᠵᠠᠷ᠎ᠲᠤ ᠬᠤᠷᠠᠨ ᠴᠤᠭ᠍ᠯᠠᠷᠠᠵᠤ ᠠᠭᠤᠯᠵᠠᠨ ᠵᠤᠯᠭᠠᠬᠤ ᠪᠤᠯᠤᠨ᠎ᠠ᠃

ᠡᠨᠡ ᠵᠢᠯ ᠶᠠᠭ ᠲᠤᠮᠳᠠᠳᠤ ᠮᠤᠨᠭᠭᠤᠯ᠎ᠤᠨ ᠦᠵᠡᠰᠭᠦᠯᠡᠩ᠎ᠤᠨ ᠴᠤᠭ᠍ᠯᠠᠭᠠᠨ᠎ᠢ ᠡᠷᠬᠢᠯᠡᠭ᠌ᠰᠡᠡ ᠠᠷᠪᠠᠨ ᠵᠢᠯ᠎ᠤᠨ ᠤᠢ ᠲᠤᠬᠢᠶᠠᠵᠤ ᠪᠠᠢᠨ᠎ᠠ᠃ ᠠᠷᠪᠡᠨ ᠵᠢᠯ᠎ᠤᠨ ᠲᠤᠷᠰᠢ᠂ ᠲᠤᠮᠳᠠᠳᠤ ᠮᠤᠨᠭᠭᠤᠯ᠎ᠤᠨ ᠦᠵᠡᠰᠬᠦᠯᠡᠨᠭ᠎ᠤᠨ ᠴᠤᠭᠯᠠᠭᠠᠨ᠎ᠤ ᠬᠦᠷᠢᠶ᠎ᠠ ᠬᠡᠪᠴᠢᠶ᠎ᠡ ᠲᠠᠰᠤᠷᠠᠯᠳᠠ ᠦᠬᠡᠢ ᠥᠷᠭᠡᠵᠢᠵᠦ᠍᠂ ᠲᠡᠯᠬᠡᠨ ᠦᠵᠡᠭᠦᠯᠭᠡ᠎ᠳᠤ ᠣᠷᠣᠯᠴᠠᠬᠤ ᠠᠵᠤ ᠠᠬᠤᠢᠯᠠᠯ᠂ ᠠᠷᠠᠯᠵᠢᠶᠠᠴᠢᠨ ᠪᠠ ᠪᠠᠷᠠᠭ᠎ᠠ ᠲᠠᠸᠠᠷ ᠲᠠᠰᠤᠷᠠᠯᠳᠠ ᠦᠬᠡᠢ ᠤᠯᠠᠰᠢᠷᠡᠨ᠂ ᠴᠤᠭᠯᠠᠭᠠᠨ᠎ᠤ ᠠᠭᠤᠯᠭ᠎ᠠ ᠬᠡᠯᠪᠡᠷᠢ ᠨᠢ ᠲᠠᠰᠤᠷᠠᠯᠳᠠ ᠦᠬᠡᠢ ᠪᠠᠶᠠᠯᠢᠭᠵᠢᠵᠤ᠂ ᠲᠤᠮᠳᠠᠳᠤ ᠮᠤᠩᠭᠤᠯ᠎ᠤᠨ ᠦᠵᠡᠰᠬᠦᠯᠡᠨᠭ᠎ᠤᠨ ᠴᠤᠭᠯᠠᠭᠠᠨ ᠨᠢ ᠲᠤᠮᠳᠠᠳᠤ ᠮᠤᠨᠭᠭᠤᠯ ᠬᠤᠶᠠᠷ ᠤᠯᠤᠰ ᠲᠡᠳᠤᠢ ᠦᠬᠡᠢ᠂ ᠵᠡᠭᠦᠨ ᠬᠣᠢᠲᠤ ᠠᠽᠢᠶ᠎ᠠ᠎ᠶ᠋ᠢᠨ ᠭᠠᠵᠠᠷ ᠣᠷᠣᠨ ᠪᠣᠯᠤᠨ 《ᠨᠢᠭᠡ ᠪᠦᠰᠡ ᠨᠢᠭᠡ ᠵᠠᠮ》 ᠳᠠᠭᠠᠤ᠎ᠶ᠋ᠢᠨ ᠤᠯᠤᠰ᠎ᠤᠳ᠎ᠢ ᠴᠦ᠍ ᠨᠥᠯᠥᠭᠡᠯᠡᠨ ᠲᠠᠢᠴᠢᠯᠠᠵᠤ᠂ ᠨᠢᠬᠡᠨᠳᠡ ᠪᠦᠬᠦ᠌ ᠳᠡᠯᠡᠬᠡᠢ᠎ᠳᠤ ᠬᠠᠨᠳᠤᠭᠤᠯᠤᠭᠰᠠᠨ ᠤᠯᠠᠨ ᠤᠯᠤᠰ᠎ᠤᠨ ᠠᠵᠤ ᠠᠬᠤᠢ ᠠᠷᠠᠯᠵᠢᠶ᠎ᠠ ᠰᠣᠶᠣᠯ ᠢᠷᠬᠡᠨᠰᠢᠯ᠎ᠤᠨ ᠬᠠᠮᠲᠤᠷᠠᠯᠴᠠᠭ᠎ᠠ ᠰᠣᠯᠢᠯᠴᠠᠭᠠᠨ᠎ᠤ ᠴᠢᠬᠤᠯᠠ ᠲᠠᠪᠴᠠᠩ ᠪᠤᠯᠵᠤ ᠬᠦᠭᠵᠢᠪᠡ᠃ 

《ᠪᠢ 4 ᠬᠤᠭᠤᠴᠠᠭᠠᠨ᠎ᠤ ᠴᠤᠭᠯᠠᠭᠠᠨ᠎ᠳᠤ ᠤᠷᠤᠯᠴᠠᠭᠰᠠᠨ᠃ ᠶᠡᠷᠤ ᠨᠢ ᠲᠤᠮᠳᠠᠳᠤ ᠮᠤᠨᠭᠭᠤᠯ᠎ᠤᠨ ᠦᠵᠡᠰᠬᠦᠯᠡᠨᠭ᠌᠎ᠤᠨ ᠴᠤᠭᠯᠠᠭᠠᠨ ᠪᠤᠯ ᠰᠤᠶᠤᠯ ᠢᠷᠬᠡᠨᠰᠢᠯ᠎ᠤᠨ ᠰᠤᠯᠢᠯᠴᠠᠭ᠎ᠠ᠎ᠶ᠋ᠢ ᠴᠢᠨᠭᠭᠠᠳᠬᠠᠬᠤ ᠴᠢᠬᠤᠯᠠ ᠠᠷᠭ᠎ᠠ ᠬᠡᠮᠵᠢᠶ᠎ᠡ ᠪᠠᠢᠵᠤ᠂ ᠤᠢᠷ᠎ᠠ᠎ᠶ᠋ᠢᠨ ᠵᠢᠯ᠎ᠳᠤ ᠮᠤᠨᠭᠭᠤᠯ ᠤᠯᠤᠰ᠎ᠲᠤ ᠵᠢᠭᠤᠯᠴᠢᠯᠠᠬᠤ᠎ᠪᠠᠷ ᠢᠷᠡᠭᠰᠡᠨ ᠲᠤᠮᠳᠠᠳᠤ ᠤᠯᠤᠰ᠎ᠤᠨ ᠢᠷᠬᠡᠳ ᠮᠡᠳᠡᠭᠳᠡᠮ᠎ᠠ ᠤᠯᠠᠰᠢᠷᠠᠵᠤ᠂ ᠵᠢᠭᠤᠯᠴᠢᠯᠡᠯ ᠨᠢ ᠬᠤᠶᠠᠷ ᠤᠯᠤᠰ᠎ᠤᠨ ᠨᠦᠬᠦᠷᠰᠡᠭ ᠬᠠᠷᠢᠴᠠᠭ᠎ᠠ᠎ᠶ᠋ᠢ ᠵᠤᠵᠠᠭᠠᠳᠬᠠᠬᠤ᠎ᠳᠤ ᠴᠢᠬᠤᠯᠠ ᠤᠢᠯᠡᠳᠤᠯ᠎ᠢ ᠪᠠᠳᠠᠷᠠᠭᠤᠯᠵᠤ ᠪᠠᠢᠨ᠎ᠠ》 ᠬᠡᠵᠤ ᠮᠤᠨᠭᠭᠤᠯ ᠤᠯᠤᠰ᠎ᠤᠨ ᠵᠢᠭᠤᠯᠴᠢᠯᠡᠯ᠎ᠤᠨ ᠪᠦᠯᠦᠭᠯᠡᠯ᠎ᠤᠨ ᠬᠠᠷᠢᠭᠤᠴᠠᠯᠭᠠᠳᠠᠨ ᠪᠠᠳᠤ ᠲᠤᠮᠳᠠᠳᠤ ᠮᠤᠩᠭᠤᠯ᠎ᠤᠨ ᠦᠵᠡᠰᠬᠦᠯᠡᠨᠭ᠎ᠤᠨ ᠴᠤᠭᠯᠠᠭᠠᠨ᠎ᠤ ᠲᠤᠬᠠᠢ ᠤᠯᠤᠯᠳᠡ ᠲᠦᠷᠦᠭᠳᠡᠯ᠎ᠢᠶᠠᠨ ᠶᠠᠷᠢᠨ᠎ᠠ᠃

ᠦᠨᠭᠬᠡᠷᠡᠭᠰᠡᠨ 4 ᠬᠤᠭᠤᠴᠠᠭᠠᠨ᠎ᠤ ᠲᠤᠮᠳᠠᠳᠤ ᠮᠤᠨᠭᠭᠤᠯ᠎ᠤᠨ ᠦᠵᠡᠰᠬᠦᠯᠡᠨᠭ᠎ᠤᠨ ᠴᠤᠭᠯᠠᠭᠠᠨ᠎ᠢ ᠡᠷᠬᠢᠴᠡᠬᠦᠯᠬᠦ᠎ᠳᠤ ᠠᠮᠵᠢᠯᠳᠡ ᠪᠦᠳᠦᠮᠵᠢ ᠦᠯᠡᠮᠵᠢ᠃ ᠲᠦᠷᠪᠡᠳᠤᠬᠡᠷ ᠬᠤᠭᠤᠴᠠᠭᠠᠨ᠎ᠤ ᠦᠵᠡᠰᠬᠦᠯᠡᠨᠭ᠎ᠤᠨ ᠴᠤᠭᠯᠠᠭᠠᠨ᠎ᠢᠶᠠᠷ ᠵᠢᠱ᠌ᠢᠶᠡᠯᠡᠬᠦ᠎ᠳᠤ ᠤᠯᠠᠨ ᠰᠢᠨ᠎ᠡ ᠲᠠᠪᠠᠯᠳᠡ ᠲᠠᠢ ᠪᠠᠢᠵᠤ᠂ ᠦᠵᠡᠰᠬᠦᠯᠡᠨᠭ᠎ᠤᠨ ᠴᠤᠭᠯᠠᠭᠠᠨ᠎ᠤ ᠲᠠᠯᠠᠪᠠᠢ ᠨᠢ 9.2 ᠲᠦᠮᠡᠨ ᠲᠡᠭᠰᠢ ᠲᠦᠷᠪᠡᠯᠵᠢᠨ ᠮᠸᠲ᠋ᠷ᠎ᠲᠤ ᠬᠦᠷᠴᠤ᠂ ᠦᠵᠡᠰᠬᠦᠯᠡᠨᠭ᠎ᠳᠤ ᠤᠯᠤᠰ᠎ᠤᠨ ᠳᠤᠳᠤᠭᠠᠳᠤ ᠭᠠᠳᠠᠭᠠᠳᠤ᠎ᠶ᠋ᠢᠨ ᠵᠤᠴᠢᠨ ᠪᠠ ᠠᠷᠠᠯᠵᠢᠶᠡᠴᠢᠨ ᠲᠦᠮᠡᠨ ᠬᠦᠮᠦᠨ᠎ᠢ ᠲᠠᠪᠠᠵᠤ᠂ 35 ᠤᠯᠤᠰ ᠪᠠ ᠭᠠᠵᠠᠷ ᠤᠷᠤᠨ᠂ ᠲᠤᠮᠳᠠᠳᠤ ᠤᠯᠤᠰ᠎ᠤᠨ 27 ᠮᠤᠵᠢ ᠬᠤᠳᠠ ᠤᠷᠤᠨ ᠪᠠ 3 ᠭᠤᠤᠯ ᠵᠤᠴᠢᠨ ᠮᠤᠵᠢ ᠤᠷᠤᠯᠴᠠᠵᠤ᠂ ᠶᠡᠷᠦᠩᠬᠡᠢ ᠬᠡᠪᠴᠢᠶ᠎ᠡ᠎ᠪᠠᠷ᠎ᠢᠶᠠᠨ ᠲᠡᠤᠬᠡᠨ ᠰᠢᠨ᠎ᠡ ᠲᠡᠮᠳᠡᠭᠯᠡᠯ᠎ᠢ ᠡᠬᠦᠳᠴᠠᠢ᠃ 

ᠲᠦᠷᠪᠡᠳᠤᠬᠡᠷ ᠬᠤᠭᠤᠴᠠᠭᠠᠨ᠎ᠤ ᠲᠤᠮᠳᠠᠳᠤ ᠮᠤᠨᠭᠭᠤᠯ᠎ᠤᠨ ᠦᠵᠡᠰᠭᠦᠯᠡᠩ᠎ᠤᠨ ᠴᠤᠭᠯᠠᠭᠠᠨ᠎ᠤ ᠬᠤᠭᠤᠴᠠᠭᠠᠨ᠎ᠳᠤ ᠬᠠᠮᠢᠶ᠎ᠠ ᠪᠥᠬᠥᠶ ᠤᠯᠤᠰ ᠭᠠᠵᠠᠷ ᠣᠷᠣᠨ᠂ ᠮᠤᠵᠢ ᠬᠤᠳᠠ ᠤᠷᠤᠨ ᠪᠠ ᠠᠢᠮᠠᠭ ᠬᠣᠲᠠ᠎ᠶ᠋ᠢᠨ ᠬᠢᠨ 20 ᠭᠠᠷᠤᠶ ᠲᠠᠯᠠᠪᠠᠢ ᠡᠯ᠎ᠡ ᠲᠥᠷᠥᠯ᠎ᠤᠨ ᠠᠵᠤ ᠠᠬᠤᠶ ᠠᠷᠠᠯᠵᠢᠶᠠᠨ᠎ᠤ ᠠᠵᠢᠯᠯᠠᠭ᠎ᠠ ᠦᠷᠨᠢᠬᠦᠯᠵᠤ᠂ ᠭᠡᠷ᠎ᠡ ᠲᠤᠭᠳᠠᠭᠰᠠᠨ ᠲᠥᠷᠥᠯ ᠵᠦᠢᠯ ᠨᠢ 200᠎ᠶ᠋ᠢ ᠳᠠᠪᠠᠨ᠂ ᠭᠡᠷ᠎ᠡ ᠲᠤᠭᠳᠠᠭᠰᠠᠨ ᠵᠣᠭᠣᠰ᠎ᠤᠨ ᠲᠣᠭ᠎ᠠ 3853.38 ᠳ᠋ᠦᠨᠭᠰᠢᠭᠤᠷ ᠲᠥᠭᠥᠷᠢᠭ᠎ᠲᠤ ᠬᠦᠷᠴᠡᠶ᠃ ᠭᠤᠤᠯ ᠦᠵᠡᠰᠭᠦᠯᠠᠡᠭ᠎ᠤᠨ ᠲᠤᠭᠤᠷᠢᠭ ᠪᠤᠯᠬᠤ ᠴᠡᠯᠡᠭᠡᠷ ᠲᠠᠯ᠎ᠠ ᠤᠯᠠᠨ ᠤᠯᠤᠰ᠎ᠤᠨ ᠬᠤᠷᠠᠯ ᠦᠵᠡᠰᠭᠦᠯᠡᠩ᠎ᠤᠨ ᠲᠥᠪ ᠠᠷᠠᠯᠵᠢᠶᠡᠴᠢᠨ ᠪᠠ ᠵᠢᠭᠤᠯᠴᠢᠯᠠᠬ᠍ᠴᠢ᠎ᠶ᠋ᠢ ᠨᠡᠢᠳᠡ 75 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠌᠂ ᠲᠤᠬᠠᠢ᠎ᠶ᠋ᠢᠨ ᠲᠠᠯᠠᠪᠤᠷ᠎ᠲᠤ ᠠᠷᠠᠯᠵᠢᠶ᠎ᠠ ᠪᠦᠳᠦᠭᠰᠡᠨ ᠬᠡᠮᠵᠢᠶ᠎ᠡ ᠨᠢ 2.5 ᠳ᠋ᠦᠨᠭᠰᠢᠭᠤᠷ ᠲᠥᠭᠥᠷᠢᠭ᠎ᠲᠤ ᠬᠦᠷᠦᠭᠰᠡᠨ ᠠᠵᠢ᠃ 

ᠲᠤᠭ᠎ᠠ ᠨᠤᠷᠮ᠎ᠠ ᠲᠠᠩ ᠴᠤᠯᠭᠤᠢ ᠪᠤᠯᠪᠠᠴᠦ ᠬᠠᠮᠤᠭ᠎ᠡᠴᠡ ᠬᠡᠷᠡᠴᠢᠯᠡᠬᠦ ᠬᠦᠴᠦᠨ ᠲᠠᠢ ᠶᠤᠮ᠃ ᠡᠨᠡ ᠤᠯᠠᠨ ᠲᠣᠭ᠎ᠠ ᠪᠠᠷᠢᠮᠲᠠ᠂ ᠡᠨᠡ ᠤᠯᠠᠨ ᠦᠷ᠎ᠡ ᠪᠦᠲᠦᠭᠡᠯ ᠪᠤᠯ ᠲᠤᠮᠳᠠᠳᠤ ᠮᠤᠨᠭᠭᠤᠯ᠎ᠤᠨ ᠦᠵᠡᠰᠭᠦᠯᠡᠩ᠎ᠤᠨ ᠴᠤᠭᠯᠠᠭᠠᠨ᠎ᠤ ᠪᠤᠳᠠᠳᠤ ᠲᠡᠮᠳᠡᠭᠯᠡᠯ ᠪᠤᠯᠤᠨ᠎ᠠ᠃ 

ᠠᠷᠪᠠᠨ ᠵᠢᠯ᠎ᠤᠨ ᠲᠤᠷᠰᠢ᠂ ᠦᠵᠡᠰᠭᠦᠯᠡᠩ᠎ᠤᠨ ᠴᠤᠭ᠍ᠯᠠᠭᠠᠨ ᠨᠢ ᠳᠤᠮᠳᠠᠳᠤ ᠮᠣᠩᠭᠣᠯ᠎ᠤᠨ ᠬᠠᠮᠲᠤᠷᠠᠯᠴᠠᠭ᠎ᠠ᠎ᠳᠤ ᠰᠠᠭᠤᠷᠢᠯᠠᠨ ᠲᠠᠰᠤᠷᠠᠯᠳᠠ ᠦᠬᠡᠢ ᠦᠷᠬᠡᠵᠢᠵᠤ᠂ ᠦᠵᠡᠰᠬᠦᠯᠡᠩ᠎ᠤᠨ ᠴᠤᠭᠯᠠᠭᠠᠨ᠎ᠳᠤ ᠣᠷᠣᠯᠴᠠᠭ᠍ᠰᠠᠨ ᠤᠯᠤᠰ ᠪᠠ ᠬᠥᠮᠦᠨ᠎ᠤ ᠲᠤᠭ᠎ᠠ ᠨᠢ ᠬᠤᠭᠤᠴᠠᠭ᠎ᠠ ᠳᠠᠷᠠᠭᠠᠯᠠᠨ ᠨᠡᠮᠡᠭ᠌ᠳᠡᠵᠦ᠍᠂ ᠳᠤᠮᠳᠠᠳᠤ ᠮᠣᠩᠭᠣᠯ ᠬᠣᠶᠠᠷ ᠤᠯᠤᠰ᠎ᠤᠨ ᠲᠥᠯᠥᠭᠡᠯᠡᠭ᠌ᠴᠢ ᠣᠷᠣᠯᠴᠠᠭ᠍ᠰᠠᠨ᠎ᠢᠶᠠᠷ ᠪᠠᠷᠠᠬᠤ ᠥᠬᠡᠶ ᠣᠷᠣᠰ᠂ ᠶᠠᠫᠣᠨ᠂ ᠺᠣᠷᠢᠶᠠ᠂ ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠣᠯᠪᠣᠭ᠎ᠠ᠂ ᠴᠢᠨᠠᠭ᠍ᠰᠢᠯᠠᠪᠠᠯ ᠡᠮᠦᠨᠡᠲᠦ ᠠᠮᠧᠷᠢᠺᠠ ᠲᠢᠪ᠂ ᠠᠹᠷᠢᠺᠠ ᠲᠢᠪ ᠵᠡᠷᠭᠡ ᠭᠠᠵᠠᠷ᠎ᠤᠨ 40 ᠭᠠᠷᠤᠶ ᠤᠯᠤᠰ ᠪᠠ ᠭᠠᠵᠠᠷ ᠣᠷᠣᠨ᠎ᠡᠴᠡ ᠢᠷᠡᠭᠰᠡᠨ ᠲᠥᠯᠥᠭᠡᠯᠡᠭ᠌ᠴᠢ ᠤᠷᠤᠯᠴᠠᠵᠤ᠂ ᠡᠯ᠎ᠠ ᠤᠯᠤᠰ᠎ᠤᠳ᠎ᠤᠨ ᠬᠤᠭᠤᠷᠤᠨᠳᠤᠬᠢ ᠠᠷᠠᠳ ᠲᠦᠮᠡᠨ᠎ᠤ ᠨᠦᠬᠦᠷᠰᠡᠭ ᠶᠠᠪᠤᠯᠴᠠᠭ᠎ᠠ᠎ᠶ᠋ᠢ ᠠᠬᠢᠭᠤᠯᠤᠭᠰᠠᠨ᠎ᠢᠶᠠᠷ ᠪᠠᠷᠠᠬᠤ ᠦᠬᠡᠢ ᠣᠷᠣᠨ ᠪᠦᠰᠡ᠎ᠶ᠋ᠢᠨ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭ᠎ᠠ᠎ᠶ᠋ᠢ ᠴᠦ᠍ ᠶᠡᠬᠡᠬᠡᠨ ᠠᠬᠢᠭᠤᠯᠪᠠ᠃ 

ᠲᠦᠷᠪᠡᠳᠤᠬᠡᠷ ᠬᠤᠭᠤᠴᠠᠭᠠᠨ᠎ᠤ ᠲᠤᠮᠳᠠᠳᠤ ᠮᠤᠨᠭᠭᠤᠯ᠎ᠤᠨ ᠦᠵᠡᠰᠭᠦᠯᠡᠩ᠎ᠤᠨ ᠴᠤᠭᠯᠠᠭᠠᠨ᠎ᠤ ᠴᠢᠬᠤᠯᠠ ᠠᠵᠢᠯᠯᠠᠭ᠎ᠠ᠎ᠶ᠋ᠢᠨ ᠨᠢᠬᠡ ᠪᠤᠯᠤᠭᠰᠠᠨ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠠᠵᠤ ᠠᠬᠤᠶ ᠠᠷᠠᠯᠵᠢᠶᠠᠨ᠎ᠤ ᠵᠥᠪᠳᠡᠯᠴᠡᠬᠡᠷ᠎ᠤᠨ ᠬᠤᠷᠠᠯ᠎ᠳᠤ ᠤᠯᠤᠰ᠎ᠤᠨ ᠳᠣᠲᠣᠭᠠᠳᠤ ᠭᠠᠳᠠᠭᠠᠳᠤ᠎ᠡᠴᠡ ᠬᠦᠷᠦᠯᠴᠠᠨ ᠢᠷᠡᠭ᠌ᠰᠡᠨ ᠡᠯ᠎ᠡ ᠡᠲᠡᠭᠡᠳ᠎ᠤᠨ 700 ᠭᠠᠷᠤᠢ ᠬᠥᠮᠦᠨ ᠤᠷᠤᠯᠴᠠᠵᠤ᠂ ᠬᠠᠮᠲᠤᠷᠠᠯᠴᠠᠭ᠎ᠠ ᠵᠢ ᠬᠠᠮᠲᠤ᠎ᠪᠡᠷ ᠰᠦᠪᠡᠭᠴᠢᠯᠡᠨ ᠬᠦᠭᠵᠢᠯᠳᠡ᠎ᠶ᠋ᠢ ᠬᠠᠮᠲᠤ᠎ᠪᠠᠷ ᠡᠷᠢᠯᠬᠢᠯᠡᠪᠡ᠃ ᠠᠵᠢᠯᠯᠠᠭ᠎ᠠ᠎ᠳᠤ ᠨᠡᠢᠳᠡ 138 ᠲᠥᠷᠥᠯ ᠵᠦᠢᠯ᠎ᠤᠨ ᠭᠡᠷ᠎ᠡ ᠲᠤᠭᠳᠠᠵᠤ᠂ ᠭᠡᠷ᠎ᠡ ᠲᠤᠭᠳᠠᠭᠰᠠᠨ ᠪᠥᠬᠥ᠌ ᠵᠣᠭᠣᠰ᠎ᠤᠨ ᠲᠣᠭ᠎ᠠ 3343 ᠳ᠋ᠦᠨᠭᠰᠢᠭᠤᠷ ᠲᠥᠭᠥᠷᠢᠭ᠎ᠲᠤ ᠬᠦᠷᠴᠦ᠍᠂ ᠰᠢᠨ᠎ᠡ ᠮᠠᠲ᠋ᠧᠷᠢᠶᠠᠯ᠂ ᠬᠢᠮᠢ᠎ᠶ᠋ᠢᠨ ᠠᠵᠤ ᠤᠢᠯᠡᠳᠪᠤᠷᠢ᠂ ᠲᠣᠨᠣᠭᠯᠠᠯ ᠤᠢᠯᠡᠳᠬᠦ᠂ ᠡᠨᠧᠷᠭᠢ᠂ ᠪᠣᠬᠢᠷᠲᠤᠯ ᠥᠬᠡᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠳᠦᠭᠡᠭᠳᠡᠬᠦᠨ᠎ᠢ ᠤᠢᠯᠡᠳᠪᠤᠷᠢᠯᠡᠵᠤ ᠪᠤᠯᠪᠠᠰᠤᠷᠠᠭᠤᠯᠬᠤ ᠵᠡᠷᠬᠡ ᠬᠦᠷᠢᠶᠡᠨ᠎ᠳᠤ ᠬᠤᠯᠪᠤᠭᠳᠠᠵᠠᠢ᠃ ᠲᠤᠮᠳᠠᠳᠤ ᠮᠤᠨᠭᠭᠤᠯ᠎ᠤᠨ ᠦᠵᠡᠰᠭᠦᠯᠡᠩ᠎ᠤᠨ ᠴᠤᠭᠯᠠᠭᠠᠨ᠎ᠤ ᠬᠠᠮᠳᠤᠷᠠᠯᠴᠠᠭ᠎ᠠ ᠨᠢ ᠠᠵᠤ ᠠᠬᠤᠢ ᠲᠸᠭᠨᠢᠭ ᠮᠡᠷᠬᠡᠵᠢᠯ᠎ᠤᠨ ᠬᠦᠷᠢᠶ᠎ᠡ᠎ᠪᠠᠷ ᠵᠤᠭᠰᠤᠬᠤ ᠦᠬᠡᠢ᠂ ᠰᠤᠶᠤᠯ ᠢᠷᠬᠡᠨᠰᠢᠯ᠂ ᠰᠤᠷᠭᠠᠨ ᠬᠦᠮᠦᠵᠢᠯ᠂ ᠠᠮᠢ ᠠᠬᠤᠢ᠎ᠶ᠋ᠢᠨ ᠵᠠᠰᠠᠯᠳᠡ ᠵᠡᠷᠬᠡ ᠤᠯᠠᠨ ᠬᠦᠷᠢᠶ᠎ᠠ᠎ᠶ᠋ᠢ ᠬᠠᠮᠤᠷᠴᠦ᠂ ᠡᠯ᠎ᠡ ᠤᠯᠤᠰ ᠡᠯ᠎ᠡ ᠭᠠᠵᠠᠷ᠎ᠡᠴᠡ ᠬᠦᠷᠦᠯᠴᠠᠨ ᠢᠷᠡᠭᠰᠡᠨ ᠬᠠᠷᠢᠭᠤᠴᠠᠯᠭᠠᠳᠠᠨ᠂ ᠡᠷᠳᠡᠮᠲᠡᠨ ᠪᠠ ᠠᠵᠤ ᠠᠬᠤᠢᠯᠠᠯᠳᠠᠨ ᠨᠢᠭᠡ ᠲᠠᠩᠬᠢᠮ᠎ᠳᠤ ᠴᠤᠭᠯᠠᠷᠠᠵᠤ ᠪᠤᠳᠤᠭᠰᠠᠨ ᠰᠠᠨᠠᠭᠰᠠᠨ᠎ᠢᠶᠠᠨ ᠴᠢᠯᠦᠬᠡᠳᠠᠢ ᠰᠣᠯᠢᠯᠴᠠᠨ᠂ ᠬᠦᠭᠵᠢᠯᠳᠡ᠎ᠶ᠋ᠢᠨ ᠲᠤᠬᠠᠢ ᠬᠠᠮᠲᠤ᠎ᠪᠡᠷ ᠶᠠᠷᠢᠯᠴᠠᠵᠤ᠂ ᠬᠠᠮᠳᠤ᠎ᠪᠠᠷ ᠡᠳ᠋ᠯᠡᠬᠦ᠌ ᠢᠷᠡᠭᠡᠳᠤᠢ᠎ᠶ᠋ᠢᠨ ᠬᠦᠰᠡᠯ᠎ᠢᠶᠠᠨ ᠲᠡᠯᠬᠡᠭᠰᠡᠨ ᠶᠤᠮ᠃

《ᠮᠤᠨᠭᠭᠤᠯ ᠤᠯᠤᠰ᠎ᠤᠨ ᠪᠦᠷᠢᠳᠬᠡᠯ ᠢ᠋ᠢᠡᠷ 2024 ᠣᠨ᠎ᠳᠤ ᠳᠤᠮᠳᠠᠳᠤ ᠮᠣᠩᠭᠣᠯ᠎ᠬᠤᠶᠠᠷ ᠤᠯᠤᠰ᠎ᠤᠨ ᠠᠷᠠᠯᠵᠢᠶᠠᠨ᠎ᠤ ᠬᠡᠮᠵᠢᠶ᠎ᠡ ᠨᠢᠭᠡᠨᠲᠡ 190.5 ᠳ᠋ᠦᠩᠱᠢᠭᠤᠷ ᠳ᠋ᠣᠯᠯᠠᠷ᠎ᠲᠤ ᠬᠦᠷᠴᠡᠶ᠃ ᠡᠨᠡ ᠨᠢ ᠬᠣᠶᠠᠷ ᠤᠯᠤᠰ᠎ᠤᠨ ᠲᠤᠭᠳᠠᠭᠠᠭᠰᠠᠨ ᠠᠷᠠᠯᠵᠢᠶᠠᠨ᠎ᠤ ᠬᠡᠮᠵᠢᠶ᠎ᠡ ᠢ᠋ᠢ 200 ᠳ᠋ᠦᠨᠭᠰᠢᠭᠤᠷ ᠳ᠋ᠤᠯᠯᠠᠷ ᠪᠤᠯᠭᠠᠨ ᠨᠡᠮᠡᠭᠳᠡᠬᠦᠯᠬᠦ ᠬᠠᠷᠠᠯᠲᠠ ᠲᠡᠢᠰᠢ ᠯᠠᠪᠳᠠᠭᠤᠨ᠎ᠢᠶᠠᠷ ᠤᠷᠤᠭ᠍ᠰᠢᠯᠠᠵᠤ ᠪᠠᠢᠬᠤ᠎ᠶ᠋ᠢ ᠬᠠᠷᠠᠭᠤᠯᠵᠤ ᠪᠠᠢᠨ᠎ᠠ᠃ ᠣᠨᠴᠠᠯᠠᠨ ᠳᠤᠷᠠᠳᠤᠭᠤᠱᠢᠲᠠᠢ ᠨᠢ᠂ ᠬᠣᠶᠠᠷ ᠤᠯᠤᠰ᠎ᠤᠨ ᠬᠠᠮᠳᠤᠷᠡᠨ ᠡᠷᠬᠢᠯᠡᠭ᠌ᠰᠡᠨ ᠲᠤᠮᠳᠠᠳᠤ ᠮᠤᠨᠭᠭᠤᠯ᠎ᠤᠨ ᠦᠵᠡᠰᠭᠦᠯᠡᠩ᠎ᠤᠨ ᠴᠤᠭᠯᠠᠭᠠᠨ ᠨᠢ ᠡᠨᠡ ᠬᠦ᠌ ᠬᠠᠷᠠᠯᠲᠠ᠎ᠶ᠋ᠢ ᠪᠡᠶᠡᠯᠡᠭᠦᠯᠬᠦ᠌᠎ᠳᠤ ᠴᠢᠬᠤᠯᠠ ᠦᠢᠯᠡᠳᠦᠯ ᠦᠵᠡᠬᠦᠯᠵᠤ ᠪᠠᠢᠬᠤ ᠶᠤᠮ》 ᠬᠡᠵᠤ ᠮᠣᠩᠭᠣᠯ ᠤᠯᠤᠰ᠎ᠤᠨ ᠬᠦᠨᠡᠰᠤ ᠬᠦᠳᠡᠬᠡ ᠠᠵᠤ ᠠᠬᠤᠢ ᠬᠥᠩᠭᠡᠨ ᠦᠶ᠋ᠯᠡᠳᠪᠦᠷᠢ᠎ᠶ᠋ᠢᠨ ᠶᠠᠮᠤᠨ᠎ᠤ ᠲᠥᠷᠥ᠎ᠶ᠋ᠢᠨ ᠶᠠᠪᠤᠳᠠᠯ᠎ᠤᠨ ᠨᠠᠷᠢᠨ ᠪᠢᠴᠢᠭᠡᠴᠢ ᠵᠠᠮᠪᠠᠯᠰᠡᠷᠡᠩ ᠲᠠᠪᠤᠳᠤᠭᠠᠷ ᠬᠤᠭᠤᠴᠠᠭᠠᠨ᠎ᠤ ᠲᠤᠮᠳᠠᠳᠤ ᠮᠤᠨᠭᠭᠤᠯ᠎ᠤᠨ ᠦᠵᠡᠰᠬᠦᠯᠡᠨᠭ᠎ᠤᠨ ᠴᠤᠭᠯᠠᠭᠠᠨ᠎ᠤ ᠰᠤᠨᠢᠨ ᠮᠡᠳᠡᠬᠡ ᠨᠡᠢᠳᠡᠯᠡᠬᠦ ᠬᠤᠷᠡᠯ ᠲᠠᠬᠡᠷ᠎ᠠ ᠲᠠᠨᠢᠯᠴᠠᠭᠤᠯᠪᠠ᠃ ᠳᠤᠮᠳᠠᠳᠤ ᠮᠣᠩᠭᠣᠯ᠎ᠤᠨ ᠦᠵᠡᠰᠭᠦᠯᠡᠩ᠎ᠤᠨ ᠴᠤᠭ᠍ᠯᠠᠭᠠᠨ ᠨᠢ 《ᠨᠢᠭᠡ ᠪᠦᠰᠡ ᠨᠢᠭᠡ ᠵᠠᠮ》᠎ᠤᠨ ᠰᠠᠨᠠᠭᠠᠴᠢᠯᠠᠭ᠎ᠠ ᠪᠣᠯᠤᠨ ᠮᠣᠩᠭᠣᠯ ᠤᠯᠤᠰ᠎ᠤᠨ 《ᠲᠠᠯ᠎ᠠ ᠨᠤᠲᠤᠭ᠎ᠤᠨ ᠲᠤᠷᠭᠠᠨ ᠵᠠᠮ》᠎ᠤᠨ ᠰᠠᠨᠠᠭᠠᠴᠢᠯᠠᠭ᠎ᠠ᠎ᠶ᠋ᠢ ᠵᠣᠯᠭᠠᠭᠤᠯᠵᠤ᠂ ᠬᠠᠮᠢᠶ᠎ᠠ ᠪᠦᠬᠦᠢ ᠤᠯᠤᠰ᠎ᠤᠳ᠎ᠤᠨ ᠬᠣᠭᠣᠷᠣᠨᠳᠣᠬᠢ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠣᠯᠣᠯᠴᠠᠭ᠎ᠠ᠎ᠶ᠋ᠢ ᠴᠢᠩᠭᠠᠳᠭᠠᠨ᠂ ᠣᠷᠣᠨ ᠪᠦᠰᠡ᠎ᠶ᠋ᠢᠨ ᠠᠵᠤ ᠦᠶ᠋ᠯᠡᠰ᠎ᠤᠨ ᠬᠠᠩᠭᠠᠯᠭ᠎ᠠ᠎ᠵᠢᠨ ᠬᠡᠯᠬᠢᠶ᠎ᠡ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠰᠠᠭᠤᠷᠢ ᠲᠥᠬᠥᠭᠡᠷᠦᠮᠵᠢ᠎ᠶ᠋ᠢᠨ ᠬᠣᠯᠪᠣᠯᠳᠤᠨ ᠨᠡᠪᠲᠡᠷᠡᠯᠴᠡᠬᠦ᠌᠎ᠶ᠋ᠢ ᠠᠬᠢᠭᠤᠯᠤᠨ᠂ ᠤᠷᠤᠨ ᠪᠦᠰᠡ᠎ᠶ᠋ᠢᠨ ᠤᠯᠤᠰ᠎ᠤᠳ᠎ᠤᠨ ᠬᠣᠭᠣᠷᠣᠨᠳᠣᠬᠢ ᠬᠠᠮᠲᠤᠷᠠᠯᠴᠠᠭ᠎ᠠ᠎ᠳᠤ ᠨᠠᠩ ᠣᠯᠠᠨ ᠠᠵᠠ ᠲᠣᠬᠢᠶᠠᠯ᠎ᠢ ᠡᠬᠦᠳᠴᠠᠢ᠃

ᠤᠳᠠᠯ ᠦᠬᠡᠢ ᠶᠠᠪᠤᠭᠳᠠᠬᠤ᠎ᠪᠠᠷ ᠪᠠᠢᠭ᠎ᠠ ᠲᠠᠪᠤᠳᠤᠭᠠᠷ ᠬᠤᠭᠤᠴᠠᠭᠠᠨ᠎ᠤ ᠲᠤᠮᠳᠠᠳᠤ ᠮᠤᠨᠭᠭᠤᠯ᠎ᠤᠨ ᠦᠵᠡᠰᠭᠦᠯᠡᠩ᠎ᠤᠨ ᠴᠤᠭ᠍ᠯᠠᠭᠠᠨ ᠨᠢ 《ᠬᠠᠷᠢᠯᠴᠠᠨ ᠠᠱᠢᠭ᠍ᠲᠠᠢ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠤ ᠬᠠᠮᠳᠤᠷᠠᠯᠴᠠᠨ ᠬᠠᠮᠲᠤ᠎ᠪᠠᠷ ᠠᠱᠢᠭ ᠬᠦᠷᠳᠡᠬᠦ᠌᠎ᠶ᠋ᠢ ᠠᠬᠢᠭᠤᠯᠤᠶ᠎ᠠ》᠎ᠪᠠᠷ ᠭᠤᠤᠯ ᠰᠡᠳᠤᠪ ᠪᠤᠯᠭᠠᠨ᠂ ᠣᠷᠣᠨ ᠪᠦᠰᠡ᠎ᠶ᠋ᠢᠨ ᠴᠢᠨᠠᠷ᠂ ᠨᠡᠭᠡᠭᠡᠯᠲᠡᠲᠦ ᠴᠢᠨᠠᠷ ᠪᠠ ᠣᠯᠠᠨ ᠡᠱᠢᠲᠦ ᠴᠢᠨᠠᠷ᠎ᠢ ᠳᠣᠪᠣᠢᠯᠭᠠᠵᠤ᠂ ᠲᠤᠮᠳᠠᠳᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠱᠢᠨ᠎ᠡ ᠲᠠᠪᠴᠠᠩ᠂ ᠲᠠᠯᠠᠬᠡᠢ᠎ᠶ᠋ᠢᠨ ᠣᠷᠣᠨ ᠪᠦᠰᠡ᠎ᠶ᠋ᠢᠨ ᠠᠵᠤ ᠦᠶ᠋ᠯᠡᠰ᠎ᠤᠨ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠬᠠᠮᠲᠤᠷᠠᠯᠴᠠᠭᠠᠨ᠎ᠤ ᠱᠢᠨ᠎ᠡ ᠬᠣᠯᠪᠣᠭᠠᠰᠤ᠂ ᠵᠡᠭᠦᠨ ᠬᠣᠢᠲᠤ ᠠᠽᠢᠶ᠎ᠠ᠎ᠶ᠋ᠢᠨ ᠣᠷᠣᠨ ᠪᠦᠰᠡ᠎ᠶ᠋ᠢᠨ ᠬᠠᠮᠲᠤᠷᠠᠯᠴᠠᠭᠠᠨ᠎ᠤ ᠱᠢᠨ᠎ᠡ ᠲᠤᠯᠬᠤ ᠴᠡᠭ᠎ᠢ ᠬᠦᠴᠦᠯᠡᠨ ᠪᠠᠢᠭᠤᠯᠬᠤ᠎ᠪᠠᠷ ᠬᠠᠮᠳᠤ᠎ᠳᠠᠭᠠᠨ ᠲᠡᠮᠡᠤᠯᠬᠦ ᠪᠣᠯᠤᠨ᠎ᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
Baidu
map