ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠥᠪᠥᠷ ᠮᠣᠩᠭᠤᠯ᠎ᠤᠨ 2025 ᠣᠨ᠎ᠤ ᠬᠤᠶᠠᠳᠤᠭᠠᠷ ᠪᠦᠯᠦᠭ᠎ᠤᠨ ᠭᠤᠤᠯᠳᠠᠯᠭ᠎ᠠ ᠪᠣᠯᠬᠤ ᠵᠦᠢᠯᠡᠰ᠎ᠤᠨ ᠨᠠᠷᠢᠨ ᠲᠠᠩᠰᠠ᠎ᠶᠢ ᠨᠡᠶ᠋ᠢᠲᠡᠯᠡᠪᠡ
ᠨᠡᠶ᠋ᠢᠲᠡᠯᠡᠭᠰᠡᠨ ᠴᠠᠭ᠄ 2025-08-18

8 ᠳ᠋ᠤᠭᠠᠷ ᠰᠠᠷ᠎ᠠ᠎ᠶᠢᠨ 16᠎ᠤ ᠡᠳᠦᠷ᠂ ᠰᠤᠷᠪᠤᠯᠵᠢᠯᠠᠭ᠍ᠴᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠳ᠋ᠠᠢᠲ᠋ᠠ᠎ᠶᠢᠨ ᠬᠠᠮᠢᠶᠠᠷᠤᠯᠲᠠ᠎ᠶᠢᠨ ᠲᠣᠪᠴᠢᠶ᠎ᠠ᠎ᠠᠴᠠ ᠣᠶ᠋ᠢᠯᠠᠭᠠᠭᠰᠠᠨ᠎ᠢᠶᠠᠷ᠂ ᠥᠪᠡᠷᠲᠡᠭᠡᠨ ᠵᠠᠰᠠᠬᠤ ᠣᠷᠣᠨ ᠨᠢ ᠲᠥᠷᠥ᠎ᠶᠢᠨ ᠶᠠᠪᠤᠳᠠᠯ᠎ᠤᠨ ᠬᠣᠷᠢᠶᠠᠨ᠎ᠤ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ᠎ᠢ ᠭᠦᠢᠴᠡᠳᠬᠡᠬᠦ》 2025 ᠣᠨ᠎ᠤ ᠬᠤᠶᠠᠳᠤᠭᠠᠷ ᠪᠦᠯᠦᠭ᠎ᠤᠨ ᠭᠤᠤᠯᠳᠠᠯᠭ᠎ᠠ ᠪᠣᠯᠬᠤ 9 ᠵᠦᠢᠯᠡᠰ᠎ᠢ ᠬᠡᠷᠡᠭᠵᠢᠭᠦᠯᠬᠦ ᠠᠵᠢᠯ᠎ᠢ ᠪᠥᠬᠦ ᠬᠦᠴᠦᠨ᠎ᠢᠶᠠᠷ᠎ᠢᠶᠠᠨ ᠠᠬᠢᠭᠤᠯᠬᠤ᠎ᠶᠢᠨ ᠬᠠᠮᠲᠤ ᠥᠪᠡᠷᠲᠡᠭᠡᠨ ᠵᠠᠰᠠᠬᠤ ᠣᠷᠣᠨ᠎ᠤ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ᠎ᠢ ᠬᠦᠢᠴᠡᠳᠬᠡᠬᠦ》 ᠭᠤᠤᠯᠳᠠᠯᠭ᠎ᠠ ᠪᠣᠯᠬᠤ 5 ᠵᠦᠢᠯᠡᠰᠲᠤ ᠰᠢᠨ᠎ᠡ᠎ᠶᠢ ᠡᠭᠦᠳᠦᠨ ᠨᠡᠶ᠋ᠢᠲᠡᠯᠡᠪᠡ᠃

ᠲᠥᠷᠥ᠎ᠶᠢᠨ ᠶᠠᠪᠤᠳᠠᠯ᠎ᠤᠨ ᠬᠤᠷᠢᠶᠠᠨ᠎ᠤ ᠪᠠᠶ᠋ᠢᠷᠢᠯᠠᠭᠤᠯᠤᠭᠰᠠᠨ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ᠎ᠢ ᠭᠦᠢᠴᠡᠳᠬᠡᠬᠦ》 2025 ᠣᠨ᠎ᠤ ᠬᠤᠶᠠᠳᠤᠭᠠᠷ ᠪᠦᠯᠦᠭ᠎ᠤᠨ ᠭᠤᠤᠯᠳᠠᠯᠭ᠎ᠠ ᠪᠣᠯᠬᠤ ᠵᠦᠢᠯᠡᠰ᠎ᠤᠨ ᠨᠠᠷᠢᠨ ᠳᠠᠩᠰᠠ ᠨᠢ ᠡᠵᠡᠩᠨᠡᠯᠲᠡ᠎ᠶᠢᠨ ᠭᠤᠤᠯ ᠴᠣᠭᠴᠠ ᠪᠠ ᠬᠤᠪᠢ ᠬᠥᠮᠦᠨ᠎ᠤ ᠭᠤᠤᠯᠳᠠᠯᠭ᠎ᠠ ᠪᠣᠯᠬᠤ 9 ᠵᠦᠢᠯᠡᠰ᠎ᠢ ᠬᠠᠮᠤᠷᠪᠠ᠃ ᠡᠭᠦᠨ᠎ᠳᠤ᠂ ᠡᠵᠡᠩᠨᠡᠯᠲᠡ᠎ᠶᠢᠨ ᠭᠤᠤᠯ ᠴᠣᠭᠴᠠ᠎ᠶᠢᠨ ᠠᠵᠢᠯ ᠶᠠᠪᠤᠳᠠᠯ ᠭᠦᠢᠴᠡᠳᠭᠡᠬᠦ᠎ᠳᠤ 4 ᠵᠤᠢᠯᠡᠰ ᠪᠣᠶ᠂ ᠡᠭᠦᠨ᠎ᠳᠤ ᠠᠵᠢᠯᠲᠠᠨ ᠡᠯᠰᠡᠨ ᠬᠡᠷᠡᠭᠯᠡᠬᠦ᠂ ᠠᠵᠤ ᠠᠬᠤᠶ᠋ᠢᠯᠠᠯ᠎ᠤᠨ ᠪᠠᠯᠠ ᠳᠣᠭᠢᠷᠠᠭᠤᠯᠬᠤ ᠦᠢᠯᠡᠴᠢᠯᠡᠭᠡ (ᠦᠢᠯᠡᠳᠬᠡᠯ᠎ᠤᠨ ᠦᠢᠯᠡᠰ᠎ᠤᠨ ᠠᠵᠤ ᠠᠬᠤᠶ᠋ᠢᠯᠠᠯ᠎ᠢᠶᠠᠷ ᠵᠢᠱ᠌ᠢᠶᠡᠯᠡᠪᠡ)᠂ ᠭᠠᠳᠠᠭ᠍ᠰᠢ ᠪᠠᠷᠢᠯᠭ᠎ᠠ ᠳᠠᠭᠠᠭᠠᠴᠢᠯᠠᠬᠤ ᠡᠩ᠎ᠤᠨ ᠲᠥᠷᠥᠯ ᠵᠦᠢᠯ᠎ᠤᠨ ᠳᠠᠩᠰᠠᠯᠠᠭᠤᠯᠤᠯᠲᠠ᠂ ᠪᠥᠲᠥᠭᠡᠨ ᠪᠠᠶ᠋ᠢᠭᠤᠯᠤᠯᠲᠠ᠎ᠶᠢᠨ ᠲᠥᠷᠥᠯ ᠵᠦᠢᠯ᠎ᠤᠨ ᠬᠤᠯᠪᠣᠭᠠᠯᠠᠨ ᠰᠢᠯᠭᠠᠨ ᠠᠪᠬᠤ 《ᠨᠢᠭᠡ ᠠᠵᠢᠯ ᠶᠠᠪᠤᠳᠠᠯ》 ᠪᠠᠭᠲᠠᠭᠠᠨ᠎ᠠ; ᠬᠤᠪᠢ ᠬᠥᠮᠦᠨ᠎ᠤ ᠠᠵᠢᠯ ᠶᠠᠪᠤᠳᠠᠯ ᠭᠦᠢᠴᠡᠳᠬᠡᠬᠦ᠎ᠳᠦ 5 ᠵᠦᠢᠯᠡᠰ ᠪᠣᠢ᠂ ᠡᠭᠦᠨ᠎ᠳᠤ ᠠᠵᠢᠯ ᠠᠯᠳᠠᠭᠰᠠᠨ᠎ᠢᠶᠠᠷ ᠳᠠᠩᠰᠠᠯᠠᠭᠤᠯᠤᠭᠰᠠᠳ᠎ᠲᠤ ᠠᠵᠢᠯ ᠣᠯᠭᠤᠵᠤ ᠬᠠᠪᠰᠤᠷᠤᠨ ᠲᠡᠳᠬᠦᠬᠦ᠂ ᠬᠢᠯᠢ᠎ᠶᠢᠨ ᠭᠠᠳᠠᠨᠠᠬᠢ ᠠᠶᠠᠨᠴᠢᠳ ᠪᠠᠷᠠᠭ᠎ᠠ ᠬᠤᠳᠠᠯᠳᠤᠨ ᠠᠪᠤᠭᠠᠳ ᠬᠢᠯᠢ᠎ᠠᠴᠠ ᠭᠠᠷᠴᠤ ᠭᠠᠶ᠋ᠢᠯᠢ ᠪᠤᠴᠠᠭᠠᠬᠤ᠂ ᠰᠢᠤᠳᠠᠨ᠎ᠤ ᠵᠦᠢᠯ ᠪᠣᠭᠤᠮᠲᠠ᠎ᠪᠠᠷ ᠥᠩᠭᠡᠷᠡᠬᠦ᠂ ᠳᠣᠲᠣᠭᠠᠳᠤ᠎ᠶᠢ ᠬᠠᠮᠠᠭᠠᠯᠠᠬᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠦᠢᠯᠡᠴᠢᠯᠡᠭᠡ ᠪᠠ ᠨᠡᠶ᠋ᠢᠭᠡᠮ᠎ᠤᠨ ᠠᠪᠤᠷᠠᠨ ᠲᠤᠰᠠᠯᠠᠯᠲᠠ᠎ᠶᠢᠨ 《ᠨᠢᠭᠡ ᠠᠵᠢᠯ ᠶᠠᠪᠤᠳᠠᠯ》 ᠪᠠᠭᠲᠠᠨ᠎ᠠ᠃ ᠥᠪᠡᠷᠲᠡᠭᠡᠨ ᠵᠠᠰᠠᠬᠤ ᠣᠷᠣᠨ ᠪᠠᠰᠠ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ᠎ᠢ ᠭᠦᠢᠴᠡᠳᠬᠡᠬᠦ》 2025 ᠣᠨ᠎ᠤ ᠬᠤᠶᠠᠳᠤᠭᠠᠷ ᠪᠦᠯᠦᠭ᠎ᠤᠨ ᠭᠤᠤᠯᠳᠠᠯᠭ᠎ᠠ ᠪᠣᠯᠬᠤ 5 ᠵᠦᠢᠯᠡᠰ᠎ᠢ ᠰᠢᠨ᠎ᠡ᠎ᠪᠠᠷ ᠭᠠᠷᠭᠠᠵᠤ᠂ ᠲᠣᠰ ᠲᠣᠰ ᠨᠤᠲᠤᠭ ᠪᠡᠯᠴᠢᠭᠡᠷ᠎ᠤᠨ ᠤᠷᠭᠤᠮᠠᠯ᠎ᠤᠨ ᠬᠤᠴᠢᠯᠭ᠎ᠠ᠎ᠶᠢ ᠰᠡᠷᠭᠦᠭᠡᠬᠦ ᠵᠠᠷᠤᠳᠠᠯ᠎ᠢ ᠲᠠᠲᠠᠪᠤᠷᠢᠯᠠᠨ ᠲᠤᠰᠢᠶᠠᠬᠤ᠂ ᠣᠶ ᠰᠢᠭᠤᠶ᠎ᠶᠢᠨ ᠤᠷᠭᠤᠮᠠᠯ᠎ᠤᠨ ᠬᠤᠴᠢᠯᠭ᠎ᠠ᠎ᠶᠢ ᠰᠡᠷᠭᠦᠭᠡᠬᠦ ᠵᠠᠷᠤᠳᠠᠯ᠎ᠢ ᠲᠠᠲᠠᠪᠤᠷᠢᠯᠠᠨ ᠲᠤᠰᠢᠶᠠᠬᠤ᠂ ᠤᠰᠤᠨ᠎ᠤ ᠡᠬᠢ ᠪᠠᠶᠠᠯᠢᠭ᠋᠎ᠤᠨ ᠭᠠᠶ᠋ᠢᠯᠢ᠎ᠶᠢ ᠣᠶᠤᠨᠴᠢ᠎ᠪᠠᠷ ᠤᠷᠢᠳᠴᠢᠯᠠᠨ ᠲᠠᠭᠯᠠᠬᠤ᠂ ᠠᠵᠢᠯ᠎ᠠᠴᠠ ᠪᠣᠯᠤᠭᠰᠠᠨ ᠭᠡᠮᠲᠦᠯ᠎ᠤᠨ ᠬᠠᠷᠠᠭᠠᠯᠵᠠᠯ᠎ᠢ ᠭᠤᠶᠤᠴᠢᠯᠠᠨ ᠠᠪᠬᠤ ᠪᠠ ᠤᠶᠤᠲᠠᠳ᠎ᠤᠨ ᠳᠠᠭᠠᠳᠬᠠᠯ᠎ᠳᠤ ᠣᠷᠣᠯᠴᠠᠵᠤ ᠰᠦᠢᠳᠬᠡᠯ ᠲᠤᠰᠢᠶᠠᠬᠤ ᠪᠣᠯᠣᠨ᠎ᠠ᠃

ᠣᠶ᠋ᠢᠯᠠᠭᠠᠭᠰᠠᠨ᠎ᠢᠶᠠᠷ᠂ 2024 ᠣᠨ᠎ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ 《ᠨᠢᠭᠡ ᠠᠵᠢᠯ ᠶᠠᠪᠤᠳᠠᠯ》᠎ᠤᠨ ᠦᠢᠯᠡᠴᠢᠯᠡᠭᠡ᠎ᠶᠢ 4 ᠪᠦᠯᠦᠭ ᠬᠤᠪᠢᠶᠠᠨ 54 ᠵᠦᠢᠯᠡᠰ ᠭᠠᠷᠭᠠᠵᠤ᠂ ᠣᠳᠣᠬᠠᠨ᠎ᠳᠤ ᠪᠥᠲᠥᠭᠡᠨ ᠪᠠᠶ᠋ᠢᠭᠤᠯᠤᠯᠲᠠ᠎ᠶᠢᠨ 40 ᠵᠦᠢᠯᠡᠰ᠎ᠢ ᠪᠡᠶᠡᠯᠡᠭᠦᠯᠵᠦ᠂ ᠨᠡᠶ᠋ᠢᠲᠡ 1261 ᠲᠦᠮᠡᠨ ᠬᠡᠷᠡᠭ᠎ᠢ ᠰᠢᠢᠳᠪᠦᠷᠢᠯᠡᠵᠡᠢ᠃ 2025 ᠣᠨ᠎ᠤ 《ᠨᠢᠭᠡ ᠠᠵᠢᠯ ᠶᠠᠪᠤᠳᠠᠯ》᠎ᠤᠨ ᠬᠤᠶᠠᠳᠤᠭᠠᠷ ᠪᠦᠯᠦᠭ᠎ᠤᠨ 14 ᠵᠤᠢᠯᠡᠰ᠎ᠤᠨ ᠪᠦᠲᠦᠭᠡᠨ ᠪᠠᠶ᠋ᠢᠭᠤᠯᠤᠯᠲᠠ᠎ᠶᠢ ᠶᠠᠭ ᠲᠦᠷᠭᠡᠳᠬᠡᠨ ᠠᠬᠢᠭᠤᠯᠵᠤ ᠪᠠᠶ᠋ᠢᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠨᠡᠢᠲᠡᠯᠡᠯ
Baidu
map