ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠵᠢᠨ ᠫᠢᠩ᠎ᠦᠨ ᠣᠢᠷ᠎ᠠ᠎ᠶ᠋ᠢᠨ ᠬᠤᠭᠤᠴᠠᠭᠠᠨ᠎ᠤ ᠬᠣᠯᠪᠣᠭ᠍ᠳᠠᠯ ᠪᠥᠬᠥᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠪᠠ  ᠰᠦᠨ ᠱᠤᠤ ᠴᠧᠩ ᠬᠤᠷᠠᠯ᠎ᠢ ᠡᠷᠭᠢᠯᠡᠵᠠᠢ
ᠨᠡᠶ᠋ᠢᠲᠡᠯᠡᠭᠰᠡᠨ ᠴᠠᠭ᠄ 2025-08-16

8 ᠰᠠᠷ᠎ᠠ᠎ᠶ᠋ᠢᠨ 15᠎ᠦ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠬᠣᠷᠢᠢ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠢ᠍ᠢᠷ᠎ᠠ᠎ᠶ᠋ᠢᠨ ᠬᠤᠭᠤᠴᠠᠭᠠᠨ᠎ᠤ ᠬᠣᠯᠪᠣᠭ᠍ᠳᠠᠯ ᠪᠦᠬᠦᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠦ᠍᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠢ ᠡᠷᠬᠢᠯᠡᠪᠡ᠃

ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ 《ᠠᠷᠪᠠᠨ ᠲᠠᠪᠤᠳᠤᠭᠠᠷ ᠲᠠᠪᠤᠨ ᠵᠢᠯ 》ᠤ᠋ᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠠᠵᠢᠯ᠎ᠤᠨ ᠰᠦᠯᠵᠢᠶᠡᠨ ᠢᠷᠭᠡᠳ᠎ᠦᠨ ᠰᠠᠨᠠᠯ ᠰᠠᠨᠠᠭᠤᠯᠭ᠎ᠠ᠎ᠶ᠋ᠢ ᠰᠤᠳᠤᠯᠤᠨ ᠱᠢᠩᠭᠡᠭᠡᠨ ᠠᠪᠬᠤ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠦᠵᠦ᠍ ᠲᠥᠯᠥᠪᠯᠡᠭᠡ ᠪᠣᠯᠤᠨ ᠬᠡᠷᠡᠭ᠌ᠴᠡᠭᠡ᠎ᠶ᠋ᠢ ᠠᠷᠠᠳ᠎ᠡᠴᠡ ᠠᠰᠠᠭᠤᠬᠤ᠂ ᠠᠷᠭ᠎ᠠ ᠪᠤᠳᠤᠯᠭ᠎ᠠ᠎ᠶ᠋ᠢ ᠠᠷᠠᠳ᠎ᠡᠴᠡ ᠠᠰᠠᠭᠤᠬᠤ᠎ᠶ᠋ᠢ ᠨᠢᠭᠡᠳᠭᠡᠵᠦ᠍᠂ ᠠᠷᠠᠳ᠎ᠤᠨ ᠪᠠᠢᠳᠠᠯ᠎ᠢ ᠭᠦᠨᠵᠡᠭᠡᠢ ᠪᠠᠢᠴᠠᠭᠠᠵᠤ᠂ ᠠᠷᠠᠳ᠎ᠤᠨ ᠰᠠᠨᠠᠭ᠎ᠠ᠎ᠶ᠋ᠢ ᠰᠣᠨᠣᠰᠴᠤ᠌᠂ ᠠᠷᠠᠳ᠎ᠤᠨ ᠤᠶᠤᠨ ᠤᠬᠠᠭᠠᠨ᠎ᠢ ᠨᠢᠭ᠍ᠲᠠᠷᠠᠭᠤᠯᠵᠤ᠂ ᠥᠪᠥᠷ ᠮᠣᠩᠭᠣᠯ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠦᠨᠡᠨ ᠬᠦ᠌ ᠨᠢᠭ᠍ᠲᠠᠷᠠᠭᠤᠯᠬᠤ ᠬᠡᠷᠡᠭ᠌ᠲᠡᠢ᠃ ᠰᠦᠯᠵᠢᠶᠡᠨ᠎ᠦ ᠲᠠᠪᠴᠠᠩ᠎ᠢ ᠰᠠᠢᠲᠤᠷ ᠠᠱᠢᠭ᠍ᠯᠠᠵᠤ᠂ 《ᠬᠣᠶᠠᠷ ᠲᠥᠯᠥᠭᠡᠯᠡᠭ᠌ᠴᠢ ᠨᠢᠭᠡ ᠭᠡᠱᠢᠭᠦᠨ 》ᠤ᠋ ᠦᠢᠯᠡᠳᠦᠯ᠎ᠢ ᠰᠠᠢᠲᠤᠷ ᠪᠠᠳᠠᠷᠠᠭᠤᠯᠵᠤ᠂ ᠠᠵᠤ ᠠᠬᠤᠢᠯᠠᠯ᠎ᠡᠴᠡ ᠠᠷᠭ᠎ᠠ ᠪᠤᠳᠤᠯᠭ᠎ᠠ ᠢᠳᠡᠪᠬᠢᠲᠡᠢ ᠠᠰᠠᠭᠤᠵᠤ᠂ ᠤᠯᠠᠨ ᠲᠦᠮᠡᠨ᠎ᠦ ᠰᠠᠨᠠᠯ ᠰᠠᠨᠠᠭᠤᠯᠭ᠎ᠠ᠎ᠶ᠋ᠢ ᠥᠷᠭᠡᠨ᠎ᠢᠶᠡᠷ ᠴᠤᠭ᠍ᠯᠠᠭᠤᠯᠵᠤ᠂ ᠨᠠᠷᠢᠨ ᠬᠢᠨᠠᠮᠠᠭᠠᠢ ᠱᠢᠩᠭᠡᠭᠡᠨ ᠠᠪᠴᠤ᠌᠂ 《ᠠᠷᠪᠠᠨ ᠲᠠᠪᠤᠳᠤᠭᠠᠷ ᠲᠠᠪᠤᠨ ᠵᠢᠯ 》ᠤ᠋ᠨ ᠲᠥᠯᠥᠪᠵᠢᠭᠦᠯᠭᠡ᠎ᠶ᠋ᠢ ᠴᠢᠨᠠᠷ ᠰᠠᠢᠲᠠᠢ ᠨᠠᠢᠷᠠᠭᠤᠯᠤᠨ ᠵᠣᠬᠢᠶᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠬᠤᠷᠠᠯ᠎ᠡᠴᠡ᠂ ᠶᠡᠷᠦᠩᠬᠡᠶ ᠱᠦᠵᠢ ᠰᠢ ᠵᠢᠨ ᠫᠢᠩ᠎ᠦᠨ ᠭᠠᠨᠰᠦ᠎ᠶ᠋ᠢᠨ ᠯᠠᠨᠵᠧᠸ᠋ ᠬᠣᠲᠠ᠎ᠶ᠋ᠢᠨ ᠢᠦᠶ ᠵᠥᠩ ᠱᠢᠶᠠᠨ᠎ᠤ ᠠᠭᠤᠯᠠᠨ ᠦᠶᠡᠷ᠎ᠦᠨ ᠭᠠᠮᠱᠢᠭ᠎ᠤᠨ ᠲᠤᠬᠠᠶ ᠴᠢᠬᠤᠯᠠ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠶ ᠰᠠᠢᠳ ᠯᠢ ᠴᠢᠶᠠᠩ᠎ᠤᠨ ᠴᠣᠬᠣᠯᠠᠪᠤᠷᠢ᠎ᠶ᠋ᠢᠨ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠲᠣᠭ᠍ᠲᠠᠭᠠᠭ᠍ᠰᠠᠨ ᠪᠠᠢᠷᠢᠯᠠᠭᠤᠯᠤᠯᠲᠠ ᠶᠣᠰᠣᠭᠠᠷ᠂ ᠤᠷᠢᠳᠴᠢᠯᠠᠨ ᠮᠡᠳᠡᠭᠡᠯᠡᠵᠦ᠍ ᠤᠷᠢᠳᠴᠢᠯᠠᠨ ᠰᠡᠷᠡᠮᠵᠢᠯᠡᠭᠦᠯᠬᠦ᠌᠂ ᠲᠣᠭᠣᠷᠢᠨ ᠪᠠᠢᠴᠠᠭᠠᠵᠤ ᠠᠶᠤᠯ ᠲᠦᠭ᠌ᠰᠢᠭᠦᠷᠢ᠎ᠶ᠋ᠢ ᠵᠢᠭ᠍ᠰᠠᠭᠠᠨ ᠪᠠᠢᠴᠠᠭᠠᠬᠤ᠂ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ᠂ ᠱᠢᠯᠵᠢᠭᠦᠯᠦᠨ ᠲᠥᠪᠬᠢᠨᠡᠭᠦᠯᠬᠦ᠌ ᠵᠡᠷᠭᠡ ᠡᠯ᠎ᠡ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠤᠯᠠᠮ ᠪᠤᠲᠠᠲᠠᠢ ᠨᠠᠷᠢᠯᠢᠭ ᠨᠠᠢᠳᠠᠪᠤᠷᠢᠵᠢᠭᠤᠯᠵᠤ᠂ ᠣᠯᠠᠨ ᠲᠦᠮᠡᠨ᠎ᠦ ᠦᠶᠡᠷ᠎ᠦᠨ ᠬᠤᠭᠤᠴᠠᠭ᠎ᠠ᠎ᠶ᠋ᠢ ᠠᠮᠤᠷ ᠲᠦᠪᠱᠢᠨ ᠥᠩᠭᠡᠷᠡᠭᠦᠯᠬᠦ᠌᠎ᠶ᠋ᠢ ᠪᠥᠬᠥ᠌ ᠬᠦᠴᠦᠨ᠎ᠢᠶᠡᠷ᠎ᠢᠶᠠᠨ ᠪᠠᠲᠤᠯᠠᠬᠤ ᠬᠡᠷᠡᠭ᠌ᠲᠡᠶ᠃ ᠭᠠᠮᠱᠢᠭ᠎ᠢ ᠰᠡᠷᠭᠡᠢᠯᠡᠬᠦ᠌ ᠮᠡᠳᠡᠯᠭᠡ᠎ᠶ᠋ᠢ ᠨᠡᠩ ᠶᠡᠬᠡ ᠡᠷᠴᠢᠮ᠎ᠢᠶᠡᠷ ᠲᠦᠭᠡᠮᠡᠯᠵᠢᠭᠦᠯᠵᠦ᠍᠂ ᠤᠯᠠᠨ ᠨᠡᠢᠲᠡ᠎ᠶ᠋ᠢᠨ ᠠᠮᠤᠷ ᠲᠦᠪᠱᠢᠨ᠎ᠦ ᠤᠬᠠᠮᠰᠠᠷ ᠪᠠ ᠠᠶᠤᠯ᠎ᠡᠴᠡ ᠵᠠᠢᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ 《ᠦᠯᠦ ᠮᠡᠳᠡᠬᠦ᠎ᠡᠴᠡ ᠪᠤᠯᠵᠤ ᠦᠯᠦ ᠵᠢᠷᠦᠬᠡᠰᠢᠶᠡᠬᠦ 》ᠪᠠᠢᠳᠠᠯ᠎ᠠᠴᠠ ᠰᠡᠷᠭᠡᠢᠯᠡᠬᠦ᠌ ᠬᠡᠷᠡᠭ᠌ᠲᠡᠢ᠃ ᠲᠤᠯᠭᠠᠮ ᠪᠤᠳᠤᠯ᠎ᠢᠶᠠᠨ ᠴᠢᠩᠭᠠᠳᠭᠠᠵᠤ᠂ ᠬᠠᠷᠠᠠᠤᠰᠤ ᠨᠠᠭᠤᠷ᠎ᠤᠨ ᠡᠷᠬᠢᠨ ᠲᠣᠭᠣᠷᠢᠨ᠎ᠤ ᠭᠠᠵᠠᠷ ᠣᠷᠣᠨ᠎ᠤ ᠦᠶᠡᠷ᠎ᠢ ᠵᠠᠯᠠᠵᠤ ᠭᠠᠮᠱᠢᠭ᠎ᠡᠴᠡ ᠠᠪᠤᠷᠠᠬᠤ ᠠᠵᠢᠯ᠎ᠢ ᠲᠦᠷᠭᠡᠳᠭᠡᠨ ᠠᠬᠢᠭᠤᠯᠵᠤ᠂ ᠠᠷᠭ᠎ᠠ ᠪᠦᠬᠦᠨ᠎ᠢ ᠰᠦᠪᠡᠭ᠌ᠴᠢᠯᠡᠵᠦ᠍ ᠤᠰᠤ᠎ᠶ᠋ᠢ ᠵᠠᠯᠠᠬᠤ ᠬᠤᠷᠳᠤᠴᠠ᠎ᠪᠠᠨ ᠳᠡᠭᠡᠭ᠌ᠰᠢᠯᠡᠭᠦᠯᠵᠦ᠍᠂ ᠭᠣᠣᠯᠳᠠᠯᠭ᠎ᠠ ᠲᠠᠶ ᠭᠠᠵᠠᠷ ᠣᠷᠣᠨ᠎ᠤ ᠠᠶᠤᠯ ᠲᠦᠭ᠌ᠰᠢᠭᠦᠷᠢ᠎ᠶ᠋ᠢᠨ ᠪᠠᠢᠳᠠᠯ᠎ᠢ ᠬᠢᠨᠠᠨ ᠬᠡᠮᠵᠢᠵᠦ᠍ ᠱᠢᠢᠳᠪᠦᠷᠢᠯᠡᠬᠦ᠌᠂ ᠬᠠᠱᠢᠯᠭ᠎ᠠ ᠳᠠᠯᠠᠩ᠎ᠢ ᠪᠡᠬᠢᠵᠢᠭᠦᠯᠵᠦ᠍ ᠰᠡᠷᠭᠡᠢᠯᠡᠨ ᠬᠠᠮᠠᠭᠠᠯᠠᠬᠤ ᠵᠡᠷᠭᠡ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠬᠦ᠌ ᠬᠡᠷᠡᠭ᠌ᠲᠡᠢ᠃ ᠱᠢᠯᠵᠢᠭᠦᠯᠦᠨ ᠲᠥᠪᠬᠢᠨᠡᠭᠦᠯᠦᠭᠰᠡᠨ ᠤᠯᠠᠨ ᠲᠦᠮᠡᠨ᠎ᠤ ᠠᠮᠢᠳᠤᠷᠠᠯ᠎ᠢ ᠰᠠᠢᠲᠤᠷ ᠪᠠᠲᠤᠯᠠᠵᠤ᠂ ᠭᠠᠮᠱᠢᠭ᠎ᠤᠨ ᠳᠠᠷᠠᠭᠠᠬᠢ ᠲᠠᠬᠢᠨ ᠪᠦᠳᠦᠭᠡᠨ ᠪᠠᠢᠭᠤᠯᠤᠯᠲᠠ᠎ᠶ᠋ᠢ ᠴᠠᠭ ᠲᠤᠬᠠᠢ᠎ᠳᠤ ᠨᠢ ᠲᠥᠯᠥᠪᠵᠢᠭᠦᠯᠦᠨ ᠠᠬᠢᠭᠤᠯᠬᠤ ᠬᠡᠷᠡᠭ᠌ᠲᠡᠢ᠃ ᠠᠯᠤᠰ ᠬᠡᠳᠦ᠍᠎ᠳᠦ ᠰᠠᠭᠤᠷᠢᠯᠠᠨ᠂ ᠦᠶᠡᠷ᠎ᠢ ᠰᠡᠷᠭᠡᠢᠯᠡᠬᠦ᠌ ᠤᠰᠤᠨ ᠠᠱᠢᠭ᠍ᠯᠠᠯᠲᠠ᠎ᠶ᠋ᠢᠨ ᠲᠤᠨᠤᠭ ᠲᠥᠬᠥᠭᠡᠷᠦᠮᠵᠢ᠎ᠶ᠋ᠢ ᠰᠠᠢᠲᠤᠷ ᠲᠥᠯᠥᠪᠵᠢᠭᠦᠯᠦᠨ ᠪᠦᠲᠦᠭᠡᠨ ᠪᠠᠢᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠬᠤᠷᠠᠯ᠎ᠡᠴᠡ 《ᠦᠨᠡᠨ 》ᠰᠡᠳᠬᠦᠯ᠎ᠳᠦ ᠨᠡᠢᠲᠡᠯᠡᠭ᠌ᠰᠡᠨ ᠶᠡᠷᠦᠩᠬᠡᠶ ᠱᠦᠵᠢ ᠰᠢ ᠵᠢᠨ ᠫᠢᠩ᠎ᠦᠨ 《ᠪᠥᠬᠥ᠌ ᠤᠯᠤᠰ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠶᠡᠬᠡ ᠬᠤᠷᠠᠯ ᠳᠡᠭᠡᠷᠡᠬᠢ ᠶᠠᠷᠢᠶ᠎ᠠ 》ᠭᠡᠬᠦ ᠴᠢᠬᠤᠯᠠ ᠵᠣᠬᠢᠶᠠᠯ᠎ᠢ ᠤᠯᠠᠮᠵᠢᠯᠠᠨ ᠰᠤᠷᠤᠯᠴᠠᠵᠤ᠂ ᠡᠨᠡ ᠬᠦ᠌ ᠴᠢᠬᠤᠯᠠ ᠵᠣᠬᠢᠶᠠᠯ᠎ᠢ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠲᠠᠶ ᠤᠶᠠᠯᠳᠤᠭᠤᠯᠵᠤ ᠪᠠᠢᠭᠠᠳ ᠰᠤᠷᠤᠯᠴᠠᠨ ᠣᠢᠯᠠᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠤᠤᠯ ᠱᠢᠵᠢᠮ᠎ᠢ ᠪᠠᠲᠤ ᠡᠵᠡᠮᠳᠡᠵᠦ᠍᠂ ᠢᠮᠠᠭ᠍ᠲᠠ 《ᠤᠯᠤᠰ᠎ᠤᠨ ᠶᠡᠬᠡ ᠶᠠᠪᠤᠳᠠᠯ 》ᠤ᠋ᠨ ᠦᠨᠳᠦᠷᠴᠡ᠎ᠡᠴᠡ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠲᠥᠯᠥᠪᠵᠢᠭᠦᠯᠦᠨ ᠠᠬᠢᠭᠤᠯᠵᠤ᠂ ᠥᠪᠥᠷ ᠮᠣᠩᠭᠣᠯ᠎ᠤᠨ ᠨᠤᠮᠢᠨ ᠨᠤᠭᠤᠭᠠᠨ ᠲᠡᠪᠢᠰᠭᠡᠷ ᠦᠩᠭᠡ᠎ᠶ᠋ᠢ ᠭᠤᠢᠪᠢᠰᠢ ᠦᠭᠡᠢ ᠰᠠᠢᠲᠤᠷ ᠬᠠᠮᠠᠭᠠᠯᠠᠬᠤ ᠬᠡᠷᠡᠭ᠌ᠲᠡᠶ᠃ ᠳᠡᠭᠡᠳᠦ ᠬᠡᠮᠵᠢᠶᠡᠨ᠎ᠦ ᠤᠯᠤᠰ ᠲᠥᠷᠥ᠎ᠶ᠋ᠢᠨ ᠬᠠᠷᠢᠭᠤᠴᠠᠯᠭᠠᠲᠤ ᠰᠡᠳᠭᠢᠯᠭᠡ᠎ᠪᠡᠷ ᠲᠥᠪ᠎ᠦᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠢᠨᠠᠨ ᠪᠠᠢᠴᠠᠭᠠᠯᠲᠠ᠎ᠳᠤ ᠬᠠᠷᠢᠭᠤ ᠲᠤᠰᠭᠠᠭ᠍ᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠰᠠᠢᠲᠤᠷ ᠠᠳᠭᠤᠵᠤ᠂ 《ᠤᠮᠠᠷᠠᠲᠤ᠎ᠶ᠋ᠢᠨ ᠭᠤᠷᠪᠠᠨ ᠣᠷᠣᠨ 》᠎ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠣᠨ᠎ᠤ ᠡᠯᠡᠰᠦ᠎ᠶ᠋ᠢ ᠵᠠᠰᠠᠬᠤ ᠡᠭᠦᠷᠭᠡ᠎ᠶ᠋ᠢ ᠪᠥᠬᠥ᠌ ᠬᠦᠴᠦᠨ᠎ᠢᠶᠡᠷ᠎ᠢᠶᠡᠨ ᠪᠡᠶᠡᠯᠡᠭᠦᠯᠵᠦ᠍᠂ ᠬᠠᠲᠤᠨ ᠭᠤᠤᠯ᠎ᠤᠨ ᠰᠠᠪᠠ ᠭᠠᠵᠠᠷ᠂ 《ᠬᠦᠯᠦᠨ ᠨᠠᠭᠤᠷ ᠲᠠᠭ᠎ᠠ ᠵᠢᠨ ᠨᠠᠭᠤᠷ ᠤᠯᠠᠭᠠᠨᠰᠤᠬᠠᠢ 》ᠵᠡᠷᠭᠡ ᠭᠤᠤᠯᠳᠠᠯᠭ᠎ᠠ ᠲᠠᠶ ᠣᠷᠣᠨ ᠪᠦᠰᠡ᠎ᠶ᠋ᠢᠨ ᠠᠮᠢ ᠠᠬᠤᠶ ᠣᠷᠴᠢᠨ ᠲᠣᠭᠣᠷᠢᠨ᠎ᠤ ᠶᠡᠷᠦᠩᠬᠡᠢᠯᠡᠭ᠌ᠰᠡᠨ ᠵᠠᠰᠠᠯᠲᠠ᠎ᠶ᠋ᠢ ᠯᠠᠪᠳᠠᠭᠤᠨ ᠪᠠᠲᠤᠲᠠᠶ ᠰᠠᠢᠲᠤᠷ ᠠᠳᠭᠤᠵᠤ᠂ ᠡᠯ᠎ᠡ ᠬᠦᠷᠢᠶᠡᠨ᠎ᠦ ᠡᠬᠢ ᠪᠠᠶᠠᠯᠢᠭ᠎ᠢ ᠠᠷᠪᠢᠯᠠᠨ ᠭᠠᠮᠨᠠᠵᠤ ᠡᠷᠴᠢᠮᠵᠢᠭᠦᠯᠦᠨ ᠠᠱᠢᠭ᠍ᠯᠠᠬᠤ᠎ᠶ᠋ᠢ ᠶᠡᠬᠡ᠎ᠪᠡᠷ ᠠᠬᠢᠭᠤᠯᠵᠤ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠥᠬᠥ᠌ ᠲᠠᠯ᠎ᠠ᠎ᠪᠠᠷ ᠪᠣᠬᠢᠷᠲᠤᠯ ᠥᠬᠡᠶ ᠎ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠲᠦᠷᠭᠡᠳᠭᠡᠨ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠨᠠᠩ ᠪᠠᠲᠤ ᠪᠠᠬᠢ ᠪᠤᠯᠭᠠᠨ ᠴᠣᠭ᠍ᠴᠠᠯᠠᠬᠤ᠎ᠪᠠᠷ ᠴᠢᠷᠮᠠᠢᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃

ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
Baidu
map