ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠬᠢᠯᠢ ᠠᠯᠣᠰᠯᠠᠨ ᠦᠷᠨᠢᠭᠰᠡᠨ ᠠᠵᠤ ᠠᠬᠤᠢ ᠠᠷᠠᠯᠵᠢᠶᠠᠨ᠎ᠤ ᠬᠦᠭᠵᠢᠯᠳᠡ — ᠲᠠᠪᠤᠳᠤᠭᠠᠷ ᠬᠤᠭᠤᠴᠠᠭᠠᠨ᠎ᠤ ᠲᠤᠮᠳᠠᠳᠤ ᠮᠤᠨᠭᠭᠤᠯ᠎ᠤᠨ ᠦᠵᠡᠰᠬᠦᠯᠡᠨᠭ᠌᠎ᠤᠨ ᠴᠤᠭᠯᠠᠭᠠᠨ᠎ᠳᠤ ᠵᠤᠷᠢᠭᠤᠯᠤᠭᠰᠠᠨ ᠤᠨᠴᠠ ᠮᠡᠳᠡᠬᠡᠯᠡᠯ②
ᠨᠡᠶ᠋ᠢᠲᠡᠯᠡᠭᠰᠡᠨ ᠴᠠᠭ᠄ 2025-08-18

ᠦᠪᠦᠷ ᠮᠤᠨᠭᠭᠤᠯ ᠪᠤᠯ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠮᠦᠨ᠃ ᠳᠤᠮᠳᠠᠳᠤ ᠮᠣᠩᠭᠣᠯ ᠪᠣᠯ ᠠᠭᠤᠯᠠ ᠤᠰᠤ᠎ᠪᠠᠷ᠎ᠢᠶᠠᠨ ᠵᠠᠯᠭᠠᠯᠳᠤᠭ᠍ᠰᠠᠨ ᠰᠠᠢᠨ ᠬᠥᠷᠰᠢ᠂ ᠰᠠᠢᠨ ᠨᠠᠢᠵᠠ᠂ ᠰᠠᠢᠨ ᠬᠠᠨᠢᠲᠠᠨ ᠮᠦᠨ᠂ ᠬᠣᠶᠠᠷ ᠤᠯᠤᠰ ᠠᠵᠤ ᠦᠢᠯᠡᠰ᠎ᠤᠨ ᠪᠦᠲᠦᠴᠡ ᠪᠠ ᠡᠬᠢ ᠪᠠᠶᠠᠯᠢᠭ ᠵᠡᠷᠭᠡ ᠲᠠᠯ᠎ᠠ᠎ᠪᠠᠷ ᠲᠤᠰ ᠲᠤᠰ᠎ᠤᠨ ᠳᠠᠪᠠᠭᠤᠯᠢᠭ ᠲᠠᠢ ᠪᠠᠢᠵᠤ᠂ ᠠᠵᠤ ᠠᠬᠤᠢ᠎ᠶ᠋ᠢᠨ ᠬᠠᠷᠢᠯᠴᠠᠨ ᠨᠥᠬᠥᠪᠥᠷᠢᠯᠡᠬᠦ᠌ ᠴᠢᠨᠠᠷ᠎ᠢᠶᠡᠷ ᠴᠢᠩᠭ᠎ᠠ᠂ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭᠠᠨ᠎ᠤ ᠳᠠᠯᠳᠠ ᠬᠦᠴᠦᠨ᠎ᠢᠶᠠᠷ ᠯᠤᠲᠤ ᠶᠡᠬᠡ ᠶᠤᠮ᠃ ᠤᠯᠠᠨ ᠵᠢᠯ᠎ᠤᠨ ᠲᠤᠷᠰᠢ᠂ ᠮᠠᠨ᠎ᠤ ᠤᠯᠤᠰ ᠶᠠᠷᠤ ᠨᠢ ᠮᠣᠩᠭᠣᠯ ᠤᠯᠤᠰ᠎ᠤᠨ ᠬᠠᠮᠤᠭ᠎ᠤᠨ ᠲᠤᠮᠤ ᠠᠷᠠᠯᠵᠢᠶᠠᠨ᠎ᠤ ᠬᠠᠨᠢᠲᠠᠨ᠂ ᠬᠠᠮᠤᠭ᠎ᠤᠨ ᠲᠣᠮᠣ ᠭᠠᠳᠠᠭᠠᠳᠤ ᠭᠠᠷᠭᠠᠯᠲᠠ᠎ᠶ᠋ᠢᠨ ᠵᠠᠬ᠎ᠠ ᠳᠡᠯᠭᠡᠭᠦᠷ ᠪᠣᠯᠤᠨ ᠬᠠᠮᠤᠭ᠎ᠤᠨ ᠲᠣᠮᠣ ᠭᠠᠳᠠᠭᠠᠳᠤ ᠤᠷᠤᠭᠤᠯᠤᠯᠲᠠ᠎ᠶ᠋ᠢᠨ ᠵᠠᠬ᠎ᠠ ᠳᠡᠯᠭᠡᠭᠦᠷ ᠪᠤᠯᠤᠬᠰᠠᠭᠠᠷ ᠢᠷᠡᠵᠡᠢ᠃ 

ᠣᠢᠷ᠎ᠠ᠎ᠶ᠋ᠢᠨ ᠵᠢᠯ᠎ᠳᠤ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠥᠲᠥᠭᠡᠨ ᠪᠠᠢᠭᠤᠯᠬᠤ ᠰᠠᠨᠠᠭᠠᠴᠢᠯᠠᠭ᠎ᠠ ᠪᠠ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠤᠨ ᠪᠥᠲᠥᠭᠡᠨ ᠪᠠᠢᠭᠤᠯᠤᠯᠲᠠ᠎ᠶ᠋ᠢᠨ ᠬᠦᠴᠦᠲᠡᠶ ᠠᠬᠢᠭᠤᠯᠤᠯ ᠳᠤᠤᠷ᠎ᠠ᠂ ᠮᠠᠨ᠎ᠤ ᠤᠷᠤᠨ ᠥᠪᠡᠷᠮᠢᠴᠡ ᠤᠷᠤᠨ ᠪᠠᠢᠷᠢ᠎ᠶ᠋ᠢᠨ ᠳᠠᠪᠠᠭᠤᠯᠢᠭ᠎ᠢᠶᠠᠷ᠎ᠢᠶᠠᠨ ᠮᠣᠩᠭᠣᠯ ᠤᠯᠤᠰ ᠯᠤᠭ᠎ᠠ᠎ᠶ᠋ᠢᠨ ᠠᠵᠤ ᠠᠬᠤᠶ ᠠᠷᠠᠯᠵᠢᠶᠠᠨ᠎ᠤ ᠬᠦᠷᠢᠶᠡᠨ᠎ᠳᠠᠬᠢ ᠬᠠᠮᠲᠤᠷᠠᠯᠴᠠᠭ᠎ᠠ᠎ᠪᠠᠨ ᠲᠠᠰᠤᠷᠠᠯᠲᠠ ᠥᠬᠡᠶ ᠭᠦᠨᠵᠡᠭᠡᠢᠷᠡᠭᠦᠯᠤᠨ ᠡᠯᠪᠡᠭ ᠲᠡᠯᠪᠡᠭ ᠦᠷ᠎ᠡ ᠪᠦᠲᠦᠭᠡᠯ ᠣᠯᠵᠤ᠂ ᠬᠣᠶᠠᠷ ᠲᠠᠯ᠎ᠠ᠎ᠶ᠋ᠢᠨ ᠠᠵᠤ ᠠᠬᠤᠶ᠎ᠶ᠋ᠢᠨ ᠬᠥᠭ᠌ᠵᠢᠯᠲᠡ ᠪᠠ ᠠᠷᠠᠳ᠎ᠤᠨ ᠠᠮᠢᠳᠤᠷᠠᠯ᠎ᠤᠨ ᠰᠠᠢᠵᠢᠷᠠᠯᠲᠠ᠎ᠳᠤ ᠴᠢᠩᠭ᠎ᠠ ᠬᠦᠴᠦᠳᠠᠢ ᠬᠥᠳᠡᠯᠭᠡᠬᠦ᠌ ᠬᠦᠴᠦᠨ ᠨᠡᠮᠡᠷᠢᠯᠡᠪᠡ᠃ 

ᠭᠠᠷᠠᠭ ᠪᠦᠷᠢ᠎ᠶ᠋ᠢᠨ ᠭᠠᠷᠠᠭ᠎ᠤᠨ ᠨᠢᠭᠡᠨ᠎ᠤ ᠥᠷᠯᠥᠭᠡ᠂ ᠮᠣᠩᠭᠣᠯ ᠤᠯᠤᠰ᠎ᠤᠨ ᠬᠦᠢᠳᠡᠨ ᠬᠠᠳᠠᠭᠠᠯᠠᠯᠲᠠ᠎ᠶ᠋ᠢᠨ ᠲᠡᠷᠭᠡ᠎ᠶ᠋ᠢᠨ ᠵᠢᠯᠣᠭᠣᠴᠢ ᠪᠢᠳᠠᠷᠢᠶ᠎ᠠ ᠮᠠᠰᠢᠨ᠎ᠢᠶᠠᠨ ᠵᠢᠯᠣᠭᠣᠳᠤᠨ ᠤᠯᠠᠭᠠᠨᠪᠠᠭᠠᠲᠤᠷ᠎ᠡᠴᠡ ᠮᠣᠷᠳᠠᠵᠤ᠂ ᠦᠳᠡᠰᠢ᠎ᠶ᠋ᠢᠨ ᠦᠶ᠎ᠡ᠎ᠪᠠᠷ ᠡᠷᠢᠶᠡᠨ ᠬᠤᠳᠠ᠎ᠶ᠋ᠢᠨ ᠵᠢᠮᠢᠰ ᠢᠳᠡᠰᠢᠨ ᠨᠣᠭᠣᠭ᠎ᠠ ᠠᠮᠤ ᠲᠤᠰᠤ ᠣᠷᠣᠭᠤᠯᠵᠤ ᠭᠠᠷᠭᠠᠬᠤ ᠬᠦᠷᠢᠶᠡᠯᠡᠩ ᠲᠣᠭᠣᠷᠢᠭ᠎ᠲᠤ ᠬᠦᠷᠴᠦ ᠢᠷᠡᠳᠡᠭ᠃ ᠲᠡᠷᠡ ᠡᠷᠢᠶᠡᠨ ᠬᠣᠲᠠ᠎ᠳᠤ ᠵᠠᠬᠢᠶᠠᠯᠠᠭ᠎ᠠ᠎ᠶ᠋ᠢᠨ ᠬᠠᠭᠤᠳᠠᠰᠤ᠎ᠪᠠᠷ ᠳᠤᠮᠳᠠᠳᠤ ᠤᠯᠤᠰ᠎ᠤᠨ ᠡᠯ᠎ᠡ ᠭᠠᠵᠠᠷ᠎ᠡᠴᠡ ᠢᠷᠡᠭ᠌ᠰᠡᠨ ᠵᠢᠮᠢᠰ ᠢᠳᠡᠰᠢᠨ ᠨᠣᠭᠣᠭ᠎ᠠ᠎ᠶ᠋ᠢ ᠮᠠᠰᠢᠨ᠎ᠳᠠᠭᠠᠨ ᠳᠦᠭᠦᠷᠲᠡᠯ᠎ᠡ ᠠᠴᠢᠬᠰᠠᠨ᠎ᠤ ᠳᠠᠷᠠᠭ᠎ᠠ ᠭᠠᠷᠠᠭ᠎ᠤᠨ ᠭᠤᠷᠪᠠᠨ᠎ᠤ ᠥᠷᠯᠥᠭᠡᠬᠦᠷ ᠪᠤᠴᠠᠵᠤ᠂ ᠲᠣᠰ ᠡᠳᠦᠷ᠎ᠤᠨ ᠦᠳᠡᠰᠢ᠎ᠪᠠᠷ ᠱᠢᠨ᠎ᠡ ᠰᠣᠷᠭᠣᠭ ᠵᠢᠮᠢᠰ ᠢᠳᠡᠰᠢᠨ ᠨᠣᠭᠣᠭ᠎ᠠ᠎ᠶ᠋ᠢ ᠤᠯᠠᠭᠠᠨᠪᠠᠭᠠᠲᠤᠷ᠎ᠤᠨ ᠬᠡᠲᠦ ᠳᠡᠯᠭᠡᠭᠦᠷ᠎ᠲᠤ ᠬᠦᠷᠬᠡᠴᠢᠬᠡᠳᠡᠭ ᠶᠤᠮ᠃ ᠲᠡᠷᠡ ᠡᠨᠡ ᠬᠦ᠌ ᠠᠵᠢᠯ᠎ᠢ ᠨᠢᠭᠡᠨᠲᠡ ᠣᠯᠠᠨ ᠵᠢᠯ ᠪᠠᠷᠢᠮᠲᠠᠯᠠᠪᠠ᠃ 《ᠳᠤᠮᠳᠠᠳᠤ ᠤᠯᠤᠰ᠎ᠤᠨ ᠵᠢᠮᠢᠰ ᠢᠳᠡᠱᠢᠨ ᠨᠣᠭᠣᠭ᠎ᠠ ᠮᠠᠨ᠎ᠤ ᠮᠣᠩᠭᠣᠯ ᠤᠯᠤᠰ᠎ᠤᠨ ᠬᠥᠮᠦᠰ᠎ᠤᠨ ᠬᠣᠭᠣᠯᠠᠨ ᠱᠢᠷᠡᠭᠡ᠎ᠶ᠋ᠢ ᠪᠠᠶᠠᠯᠢᠭ᠍ᠵᠢᠭᠤᠯᠵᠤ᠂ ᠪᠡᠶ᠎ᠡ ᠮᠠᠬᠠᠪᠤᠳ᠎ᠤᠨ ᠡᠷᠡᠭᠦᠯ ᠮᠡᠨᠳᠤ᠎ᠳᠤ ᠲᠤᠰᠠᠯᠠᠮᠵᠢ ᠪᠤᠯᠵᠤ ᠪᠠᠢᠨ᠎ᠠ》 ᠭᠡᠵᠦ ᠪᠢᠳᠠᠷᠢᠶ᠎ᠠ ᠬᠡᠯᠡᠨ᠎ᠠ᠃ 

ᠡᠷᠢᠶᠡᠨ ᠬᠤᠳᠠ ᠪᠣᠯ ᠳᠤᠮᠳᠠᠳᠤ ᠮᠣᠩᠭᠣᠯ ᠬᠣᠶᠠᠷ ᠤᠯᠤᠰ᠎ᠤᠨ ᠬᠣᠭᠣᠷᠣᠨᠳᠣᠬᠢ ᠬᠠᠮᠤᠭ᠎ᠤᠨ ᠶᠡᠬᠡ ᠬᠠᠭᠤᠷᠠᠢ ᠵᠠᠮ᠎ᠤᠨ ᠬᠢᠯᠢ᠎ᠶ᠋ᠢᠨ ᠪᠣᠭᠣᠮᠲᠠ ᠪᠠᠢᠵᠤ᠂ ᠮᠣᠩᠭᠣᠯ ᠤᠯᠤᠰ᠎ᠤᠨ 《ᠪᠡᠯᠡᠳᠭᠡᠯ ᠲᠤᠮᠤ ᠭᠡᠳᠦ ᠳᠡᠯᠭᠡᠭᠦᠷ》 ᠬᠡᠮᠡᠭ᠌ᠳᠡᠨ᠂ ᠮᠣᠩᠭᠣᠯ ᠤᠯᠤᠰ᠎ᠤᠨ ᠭᠠᠳᠠᠭᠠᠳᠤ᠎ᠡᠴᠡ ᠤᠷᠤᠭᠤᠯᠬᠤ 70%᠎ᠡᠴᠡ ᠳᠡᠭᠡᠭ᠌ᠰᠢᠬᠢ ᠡᠳᠦᠷ ᠲᠤᠲᠤᠮ᠎ᠤᠨ ᠬᠡᠷᠡᠭ᠌ᠰᠡᠯ ᠪᠣᠯᠤᠨ 80%᠎ᠶ᠋ᠢᠨ ᠵᠢᠮᠢᠰ ᠢᠳᠡᠰᠢᠨ ᠨᠣᠭᠣᠭ᠎ᠠ᠎ᠶ᠋ᠢᠨ ᠵᠥᠭᠡᠭᠡᠪᠦᠷᠢ ᠴᠥᠮ ᠡᠨᠡᠭᠦᠷ ᠥᠩᠭᠡᠷᠡᠵᠦ ᠪᠠᠢᠳᠠᠭ᠃ 2018 ᠣᠨ᠎ᠳᠤ ᠡᠷᠢᠶᠡᠨ ᠬᠢᠯᠢ᠎ᠶ᠋ᠢᠨ ᠪᠣᠭᠣᠮᠲᠠ ᠳᠤᠮᠳᠠᠳᠤ ᠮᠣᠩᠭᠣᠯ᠎ᠤᠨ ᠲᠠᠷᠢᠶᠠᠯᠠᠩ᠎ᠤᠨ ᠪᠦᠲᠦᠭᠡᠭ᠌ᠳᠡᠬᠦᠨ᠎ᠤ 《ᠰᠠᠭᠠᠳ ᠥᠬᠡᠶ ᠨᠡᠪᠲᠡᠷᠡᠬᠦ᠌ ᠵᠠᠮ》᠎ᠢ ᠨᠡᠭᠡᠭᠡᠭ᠌ᠰᠡᠨ᠎ᠤ ᠳᠠᠷᠠᠭ᠎ᠠ᠂ ᠡᠯ᠎ᠡ ᠲᠥᠷᠥᠯ᠎ᠤᠨ ᠵᠢᠮᠢᠰ ᠢᠳᠡᠱᠢᠨ ᠨᠣᠭᠣᠭ᠎ᠠ᠎ᠶ᠋ᠢ ᠮᠣᠩᠭᠣᠯ ᠤᠯᠤᠰ᠎ᠤᠨ ᠠᠷᠠᠳ ᠣᠯᠠᠨ᠎ᠤ ᠬᠣᠭᠣᠯᠠᠨ ᠱᠢᠷᠡᠭᠡᠨ᠎ᠳᠤ ᠲᠠᠰᠤᠷᠠᠯᠲᠠ ᠥᠬᠡᠶ ᠬᠦᠷᠭᠡᠬᠦ ᠪᠤᠯᠵᠠᠢ᠃ 2024 ᠣᠨ᠎ᠳᠤ ᠡᠷᠢᠶᠡᠨ ᠬᠢᠯᠢ᠎ᠶ᠋ᠢᠨ ᠪᠤᠭᠤᠮᠲᠠ᠎ᠪᠠᠷ ᠮᠣᠩᠭᠣᠯ ᠤᠯᠤᠰ᠎ᠲᠤ ᠭᠠᠷᠭᠠᠬᠰᠠᠨ ᠵᠢᠮᠢᠰ ᠢᠳᠡᠱᠢᠨ ᠨᠣᠭᠣᠭ᠎ᠠ 14.9 ᠲᠦᠮᠡᠨ ᠲᠣᠨ᠎ᠳᠤ ᠬᠦᠷᠴᠦ᠂ ᠮᠣᠩᠭᠣᠯ ᠤᠯᠤᠰ᠎ᠤᠨ ᠵᠢᠮᠢᠰ ᠢᠳᠡᠱᠢᠨ ᠨᠣᠭᠣᠭ᠎ᠠ᠎ᠶ᠋ᠢᠨ ᠬᠠᠩᠭᠠᠯᠭ᠎ᠠ᠎ᠶ᠋ᠢᠨ 80%᠎ᠶ᠋ᠢ ᠡᠵᠡᠯᠡᠪᠡ᠃ ᠡᠨᠡ ᠵᠢᠯ᠎ᠤᠨ ᠲᠦᠷᠦᠭᠦᠦ 7 ᠰᠠᠷ᠎ᠠ᠎ᠳᠤ ᠡᠷᠢᠶᠡᠨ ᠵᠠᠰᠠᠮᠠᠯ ᠵᠠᠮ᠎ᠤᠨ ᠬᠢᠯᠢ᠎ᠶ᠋ᠢᠨ ᠪᠤᠭᠤᠮᠲᠠ᠎ᠪᠠᠷ ᠭᠠᠳᠠᠭᠠᠳᠤ᠎ᠳᠤ ᠭᠠᠷᠭᠠᠭᠰᠠᠨ ᠵᠢᠮᠢᠰ ᠢᠳᠡᠰᠢᠨ ᠨᠣᠭᠣᠭ᠎ᠠ 10.5 ᠲᠦᠮᠡᠨ ᠲᠣᠨ᠎ᠳᠤ ᠬᠦᠷᠴᠦ᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 17.9%᠎ᠪᠠᠷ ᠨᠡᠮᠡᠭᠳᠡᠨ᠂ ᠪᠠᠷᠠᠭ᠎ᠠ᠎ᠶ᠋ᠢᠨ ᠥᠷᠲᠡᠭ ᠨᠢ 1.96 ᠳ᠋ᠦᠩᠰᠢᠭᠤᠷ ᠲᠥᠭᠥᠷᠢᠭ᠎ᠲᠤ ᠬᠦᠷᠪᠡ᠃ ᠡᠳᠡᠭᠡᠷ ᠲᠣᠭ᠎ᠠ ᠪᠠᠷᠢᠮᠲᠠ ᠨᠢ ᠡᠷᠢᠶᠡᠨ ᠬᠣᠲᠠ᠎ᠶ᠋ᠢᠨ ᠳᠤᠮᠳᠠᠳᠤ ᠮᠣᠩᠭᠣᠯ᠎ᠤᠨ ᠵᠢᠮᠢᠰ ᠢᠳᠡᠰᠢᠨ ᠨᠤᠭᠤᠭ᠎ᠠ᠎ᠶ᠋ᠢᠨ ᠠᠷᠠᠯᠵᠢᠶ᠎ᠠ᠎ᠳᠡᠬᠢ ᠵᠠᠩᠭᠢᠯᠠᠭ᠎ᠠ᠎ᠶ᠋ᠢᠨ ᠪᠠᠢᠷᠢ ᠰᠠᠭᠤᠷᠢ᠎ᠶ᠋ᠢ ᠬᠠᠷᠠᠭᠤᠯᠵᠤ ᠪᠠᠢᠬᠤ᠎ᠪᠠᠷ ᠪᠠᠷᠠᠬᠤ ᠦᠭᠡᠶ᠂ ᠪᠠᠰᠠ ᠳᠤᠮᠳᠠᠳᠤ ᠮᠣᠩᠭᠣᠯ᠎ᠤᠨ ᠠᠷᠠᠯᠵᠢᠶ᠎ᠠ᠎ᠳᠡᠬᠢ ᠥᠪᠥᠷ ᠮᠣᠩᠭᠣᠯ᠎ᠤᠨ ᠴᠢᠬᠤᠯᠠ ᠲᠤᠯᠭᠠᠭᠤᠷᠢᠯᠠᠬᠤ ᠦᠢᠯᠡᠳᠦᠯ᠎ᠢ ᠬᠠᠷᠠᠭᠤᠯᠵᠤ ᠪᠠᠢᠨ᠎ᠠ᠃ 

ᠡᠷᠢᠶᠡᠨ ᠬᠢᠯᠢ᠎ᠶ᠋ᠢᠨ ᠪᠤᠭᠤᠮᠲᠠ᠎ᠶ᠋ᠢᠨ ᠵᠢᠮᠢᠰ ᠢᠳᠡᠰᠢᠨ ᠨᠤᠭᠤᠭ᠎ᠠ᠎ᠶ᠋ᠢᠨ ᠭᠠᠳᠠᠭᠠᠳᠤ ᠭᠠᠷᠭᠠᠯᠲᠠ ᠪᠤᠯ ᠮᠠᠨ᠎ᠤ ᠤᠷᠤᠨ ᠪᠠ ᠮᠤᠨᠭᠭᠤᠯ ᠤᠯᠤᠰ᠎ᠤᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭᠠᠨ᠎ᠤ ᠬᠦᠭᠵᠢᠯᠲᠡ᠎ᠶ᠋ᠢᠨ ᠨᠢᠭᠡᠨ ᠬᠤᠷᠢᠶᠠᠨᠭᠭᠤᠢ ᠳᠦᠷᠰᠦ ᠪᠤᠯᠬᠤ ᠶᠤᠮ᠃ 

ᠮᠠᠨ᠎ᠤ ᠤᠷᠤᠨ ᠬᠢᠬᠡᠳ ᠮᠤᠩᠭᠤᠯ ᠤᠯᠤᠰ᠎ᠤᠨ ᠠᠷᠠᠯᠵᠢᠶᠠᠨ᠎ᠤ ᠬᠡᠪᠴᠢᠶ᠎ᠡ ᠦᠷᠬᠦᠯᠵᠢᠯᠡᠨ ᠦᠷᠭᠡᠵᠢᠵᠦ᠂ ᠪᠦᠲᠦᠴᠡ ᠨᠢ ᠲᠠᠰᠤᠷᠠᠯᠲᠠ ᠦᠭᠡᠢ ᠰᠢᠯᠢᠳᠡᠭᠵᠢᠪᠡ᠃ 2012 ᠣᠨ᠎ᠡᠴᠡ ᠨᠠᠭᠠᠰᠢ᠂ ᠮᠠᠨ᠎ᠤ ᠤᠷᠤᠨ ᠮᠣᠩᠭᠣᠯ ᠤᠯᠤᠰ᠎ᠤᠨ ᠬᠠᠮᠤᠭ᠎ᠤᠨ ᠲᠣᠮᠣ ᠠᠷᠠᠯᠵᠢᠶᠠᠨ᠎ᠤ ᠬᠠᠨᠢᠲᠠᠨ᠎ᠤ ᠪᠠᠢᠷᠢ ᠰᠠᠭᠤᠷᠢ᠎ᠶ᠋ᠢ ᠪᠠᠲᠤᠯᠠᠬᠰᠠᠭᠠᠷ ᠢᠷᠡᠵᠦ᠂ ᠮᠠᠨ᠎ᠤ ᠤᠷᠤᠨ᠎ᠤ ᠮᠣᠩᠭᠣᠯ ᠤᠯᠤᠰ᠎ᠯᠤᠭ᠎ᠠ᠎ᠶ᠋ᠢᠨ ᠠᠷᠠᠯᠵᠢᠶᠠᠨ᠎ᠤ ᠬᠡᠮᠵᠢᠶ᠎ᠡ ᠨᠢ ᠪᠥᠬᠥ᠌ ᠤᠯᠤᠰ᠎ᠤᠨ ᠮᠣᠩᠭᠣᠯ ᠤᠯᠤᠰ᠎ᠯᠤᠭ᠎ᠠ᠎ᠶ᠋ᠢᠨ ᠠᠷᠠᠯᠵᠢᠶᠠᠨ᠎ᠤ ᠶᠡᠷᠦᠩᠬᠡᠶ ᠬᠡᠮᠵᠢᠶᠡᠨ᠎ᠤ 60%᠎ᠶ᠋ᠢ ᠡᠵᠡᠯᠡᠵᠦ᠍᠂ ᠮᠣᠩᠭᠣᠯ ᠤᠯᠤᠰ᠎ᠤᠨ ᠭᠠᠳᠠᠭᠠᠳᠤ ᠠᠷᠠᠯᠵᠢᠶᠠᠨ᠎ᠤ ᠶᠡᠷᠦᠩᠬᠡᠶ ᠬᠡᠮᠵᠢᠶᠡᠨ᠎ᠤ 40%᠎ᠶ᠋ᠢ ᠡᠵᠡᠯᠡᠪᠡ᠃ 2024 ᠣᠨ᠎ᠳᠦ᠂ ᠮᠠᠨ᠎ᠤ ᠣᠷᠣᠨ᠎ᠤ ᠮᠣᠩᠭᠣᠯ ᠤᠯᠤᠰ ᠯᠤᠭ᠎ᠠ᠎ᠶ᠋ᠢᠨ ᠭᠠᠳᠠᠭᠠᠳᠤ ᠣᠷᠣᠭᠤᠯᠤᠯᠲᠠ ᠭᠠᠷᠭᠠᠯᠲᠠ᠎ᠶ᠋ᠢᠨ ᠠᠷᠠᠯᠵᠢᠶᠠᠨ᠎ᠤ ᠬᠡᠮᠵᠢᠶ᠎ᠡ 740.5 ᠳ᠋ᠦᠩᠱᠢᠭᠤᠷ ᠲᠥᠭᠥᠷᠢᠭ᠎ᠲᠤ ᠬᠦᠷᠴᠦ᠍᠂ 2023 ᠤᠨ᠎ᠤ ᠬᠢ᠎ᠡᠴᠡ 5.9%᠎ᠪᠠᠷ ᠨᠡᠮᠡᠭ᠌ᠳᠡᠵᠦ᠍᠂ 2023 ᠤᠨ᠎ᠤ ᠪᠥᠬᠥ᠌ ᠣᠷᠣᠨ᠎ᠤ ᠭᠠᠳᠠᠭᠠᠳᠤ ᠠᠷᠠᠯᠵᠢᠶᠠᠨ᠎ᠤ ᠭᠠᠳᠠᠭᠠᠳᠤ ᠣᠷᠣᠭᠤᠯᠤᠯᠲᠠ ᠭᠠᠷᠭᠠᠯᠲᠠ᠎ᠶ᠋ᠢᠨ ᠶᠡᠷᠦᠩᠬᠡᠶ ᠬᠡᠮᠵᠢᠶ᠎ᠡ᠎ᠶ᠋ᠢᠨ 35.7%᠎ᠶ᠋ᠢ ᠡᠵᠡᠯᠡᠵᠦ᠍᠂ ᠲᠤᠬᠠᠶ᠎ᠶ᠋ᠢᠨ ᠵᠢᠯ᠎ᠤᠨ ᠪᠥᠬᠥ᠌ ᠤᠯᠤᠰ᠎ᠤᠨ ᠮᠣᠩᠭᠣᠯ ᠤᠯᠤᠰ᠎ᠯᠤᠭ᠎ᠠ᠎ᠶ᠋ᠢᠨ ᠠᠷᠠᠯᠵᠢᠶᠠᠨ᠎ᠤ ᠬᠡᠮᠵᠢᠶ᠎ᠡ᠎ᠶ᠋ᠢᠨ 57%᠎ᠶ᠋ᠢ ᠡᠵᠡᠯᠡᠪᠡ᠃ ᠡᠨᠡ ᠵᠢᠯ᠎ᠤᠨ ᠳᠡᠭᠡᠷ᠎ᠡ ᠬᠠᠭᠠᠰ ᠵᠢᠯ᠎ᠳᠦ᠂ ᠮᠠᠨ᠎ᠤ ᠣᠷᠣᠨ᠎ᠤ ᠮᠣᠩᠭᠣᠯ ᠤᠯᠤᠰ᠎ᠲᠠᠬᠢ ᠭᠠᠳᠠᠭᠠᠳᠤ ᠣᠷᠣᠭᠤᠯᠤᠯᠲᠠ ᠭᠠᠷᠭᠠᠯᠲᠠ᠎ᠶ᠋ᠢᠨ ᠠᠷᠠᠯᠵᠢᠶᠡᠨ᠎ᠤ ᠬᠡᠮᠵᠢᠶ᠎ᠡ 346.5 ᠳ᠋ᠦᠩᠱᠢᠭᠤᠷ ᠲᠥᠭᠥᠷᠢᠭ᠎ᠲᠤ ᠬᠦᠷᠴᠦ᠍᠂ ᠪᠥᠬᠥ᠌ ᠤᠯᠤᠰ᠎ᠤᠨ ᠮᠣᠩᠭᠣᠯ ᠤᠯᠤᠰ᠎ᠲᠠᠬᠢ ᠭᠠᠳᠠᠭᠠᠳᠤ ᠣᠷᠣᠭᠤᠯᠤᠯᠲᠠ ᠭᠠᠷᠭᠠᠯᠲᠠ᠎ᠶ᠋ᠢᠨ ᠠᠷᠠᠯᠵᠢᠶᠠᠨ᠎ᠤ ᠶᠡᠷᠦᠨᠭᠬᠡᠢ ᠬᠡᠮᠵᠢᠶ᠎ᠡ᠎ᠶ᠋ᠢᠨ 62.9%᠎ᠶ᠋ᠢ ᠡᠵᠡᠯᠡᠪᠡ᠃ 

ᠠᠷᠠᠯᠵᠢᠶᠠᠨ᠎ᠤ ᠪᠦᠲᠦᠴᠡ᠎ᠶ᠋ᠢᠨ ᠲᠠᠯ᠎ᠠ ᠪᠠᠷ᠂ ᠦᠪᠤᠷ ᠮᠤᠩᠭᠤᠯ ᠬᠢᠬᠡᠳ ᠮᠤᠩᠭᠤᠯ ᠤᠯᠤᠰ ᠬᠣᠶᠠᠷ ᠲᠠᠯ᠎ᠠ᠎ᠪᠠᠷ᠎ᠢᠶᠠᠨ ᠮᠠᠰᠢ ᠴᠢᠨᠭᠭ᠎ᠠ ᠬᠠᠷᠢᠯᠴᠠᠨ ᠨᠥᠬᠥᠪᠥᠷᠢᠯᠡᠬᠦ᠌ ᠴᠢᠨᠠᠷ ᠲᠠᠢ ᠶᠤᠮ᠃ ᠮᠠᠨ᠎ᠤ ᠤᠷᠤᠨ᠎ᠤ ᠮᠣᠩᠭᠣᠯ ᠤᠯᠤᠰ᠎ᠡᠴᠡ ᠣᠷᠣᠭᠤᠯᠬᠤ ᠲᠠᠸᠠᠷ ᠨᠢ ᠡᠷᠦᠳᠡᠰᠦ᠂ ᠨᠡᠭᠦᠷᠡᠰᠦ ᠵᠡᠷᠭᠡ ᠦᠷᠭᠡᠨ ᠬᠡᠷᠡᠭᠯᠡᠭᠡᠨ᠎ᠤ ᠡᠬᠢ ᠪᠠᠶᠠᠯᠢᠭ᠂ ᠡᠨᠧᠷᠭᠢ᠎ᠶ᠋ᠢᠨ ᠬᠡᠯᠪᠡᠷᠢ᠎ᠶ᠋ᠢᠨ ᠲᠠᠸᠠᠷ᠎ᠢᠶᠡᠷ ᠭᠤᠤᠯ ᠪᠣᠯᠭᠠᠵᠤ᠂ ᠮᠣᠩᠭᠣᠯ ᠤᠯᠤᠰ᠎ᠲᠤ ᠭᠠᠷᠭᠠᠬᠤ ᠲᠠᠸᠠᠷ ᠨᠢ ᠮᠠᠱᠢᠨ ᠲᠡᠷᠭᠡ᠂ ᠪᠣᠯᠣᠳ ᠮᠠᠲ᠋ᠧᠷᠢᠶᠠᠯ᠂ ᠴᠠᠬᠢᠯᠭᠠᠨ ᠬᠦᠴᠦ᠂ ᠲᠠᠷᠢᠶᠠᠯᠠᠩ᠎ᠤᠨ ᠪᠦᠲᠦᠭᠡᠭ᠌ᠳᠡᠬᠦᠨ ᠵᠡᠷᠭᠡ᠎ᠪᠠᠷ ᠭᠤᠤᠯᠯᠠᠪᠠ᠃ ᠤᠯᠠᠮᠵᠢᠯᠠᠯᠲᠤ ᠬᠦᠷᠢᠶ᠎ᠡ᠎ᠡᠴᠡ ᠭᠠᠳᠠᠨ᠎ᠠ᠂ ᠬᠤᠶᠠᠷ ᠲᠠᠯ᠎ᠠ᠎ᠪᠠᠷ᠎ᠢᠶᠠᠨ ᠪᠠᠰᠠ ᠲᠤᠭᠠᠴᠢᠯᠠᠬᠰᠠᠨ ᠠᠵᠤ ᠠᠬᠤᠢ᠂ ᠪᠤᠬᠢᠷᠲᠤᠯ ᠦᠭᠡᠢ ᠡᠨ᠋ᠸᠷᠬᠢ ᠵᠡᠷᠭᠡ ᠰᠢᠨ᠎ᠡ᠎ᠪᠠᠷ ᠮᠠᠨᠳᠤᠬᠰᠠᠨ ᠬᠦᠷᠢᠶᠡᠨ᠎ᠤ ᠬᠠᠮᠲᠤᠷᠠᠯᠴᠠᠭ᠎ᠠ᠎ᠶ᠋ᠢ ᠠᠯᠬᠤᠮ ᠠᠯᠬᠤᠮ᠎ᠢᠶᠡᠷ ᠦᠷᠨᠢᠭᠦᠯᠵᠦ᠂ ᠳᠤᠮᠳᠠᠳᠤ ᠮᠤᠨᠭᠭᠤᠯ᠎ᠤᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭᠠᠨ᠎ᠤ ᠰᠢᠨ᠎ᠡ ᠠᠮᠢᠵᠢᠷᠠᠯ᠎ᠤᠨ ᠬᠦᠴᠦᠨ᠎ᠢ ᠬᠦᠭᠵᠢᠭᠡᠭᠰᠡᠨ ᠪᠠᠢᠨ᠎ᠠ᠃ 

ᠮᠠᠨ᠎ᠤ ᠤᠷᠤᠨ ᠬᠢᠬᠡᠳ ᠮᠤᠩᠭᠤᠯ ᠤᠯᠤᠰ᠎ᠤᠨ ᠪᠡᠯᠡ ᠣᠷᠣᠭᠤᠯᠤᠯᠲᠠ᠎ᠶ᠋ᠢᠨ ᠬᠠᠮᠲᠤᠷᠠᠯᠴᠠᠭᠠᠨ᠎ᠤ ᠬᠦᠷᠢᠶ᠎ᠡ ᠴᠠᠷᠠᠭ᠎ᠠ ᠲᠠᠰᠤᠷᠠᠯᠳᠠ ᠦᠬᠡᠢ ᠥᠷᠭᠡᠵᠢᠵᠦ᠍᠂ ᠳᠡᠰ ᠳᠠᠪᠬᠤᠷᠭ᠎ᠠ ᠨᠢ ᠴᠦ᠍ ᠤᠯᠠᠮ᠎ᠢᠶᠠᠷ ᠭᠦᠨᠵᠡᠭᠡᠢᠷᠡᠪᠡ᠃ ᠡᠨᠡ ᠵᠢᠯ᠎ᠤᠨ 6 ᠰᠠᠷ᠎ᠠ᠎ᠶ᠋ᠢᠨ ᠰᠡᠬᠦᠯᠴᠢ ᠪᠣᠯᠲᠠᠯ᠎ᠠ᠂ ᠮᠠᠨ᠎ᠤ ᠤᠷᠤᠨ ᠮᠣᠩᠭᠣᠯ ᠤᠯᠤᠰ᠎ᠲᠤ 316 ᠠᠵᠤ ᠠᠬᠤᠢᠯᠠᠯ ᠪᠠᠢᠭᠤᠯᠤᠨ᠂ ᠪᠦᠬᠦ ᠤᠷᠤᠨ᠎ᠤ ᠭᠠᠳᠠᠭᠠᠳᠤ ᠪᠠᠯᠠ ᠣᠷᠣᠭᠤᠯᠤᠯᠲᠠ᠎ᠶ᠋ᠢᠨ ᠠᠵᠤ ᠠᠬᠤᠢᠯᠠᠯ᠎ᠤᠨ ᠶᠡᠷᠦᠩᠬᠡᠶ ᠲᠣᠭᠠᠨ᠎ᠤ 37.2%᠎ᠢ ᠡᠵᠡᠯᠡᠨ᠂ ᠨᠡᠢᠲᠡ 3.56 ᠳ᠋ᠦᠩᠱᠢᠭᠤᠷ ᠳ᠋ᠣᠯᠯᠠᠷ᠎ᠤᠨ ᠪᠠᠯᠠ ᠣᠷᠣᠭᠤᠯᠵᠦ᠂ ᠦᠶ᠋ᠯᠡᠳᠬᠦ᠌ ᠦᠶ᠋ᠯᠡᠰ᠂ ᠠᠭᠤᠷᠬᠠᠶ ᠮᠠᠯᠲᠠᠬᠤ ᠦᠶ᠋ᠯᠡᠰ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠦᠶ᠋ᠯᠡᠰ᠂ ᠪᠥᠭᠡᠮ᠎ᠢᠶᠡᠷ ᠪᠤᠷᠤᠯᠠᠭᠤᠯᠬᠤ ᠪᠠ ᠵᠢᠵᠢᠭ᠌ᠯᠡᠨ ᠬᠤᠳᠠᠯᠳᠤᠬᠤ ᠦᠶ᠋ᠯᠡᠰ᠂ ᠬᠦᠳᠡᠭᠡ ᠠᠵᠤ ᠠᠬᠤᠢ ᠵᠡᠷᠭᠡ᠎ᠶ᠋ᠢ ᠬᠠᠮᠤᠷᠴᠠᠶ᠃ ᠡᠨᠡ ᠵᠢᠯ᠎ᠤᠨ ᠳᠡᠭᠡᠷ᠎ᠡ ᠬᠠᠭᠠᠰ ᠵᠢᠯ᠎ᠳᠦ᠂ ᠮᠠᠨ᠎ᠤ ᠤᠷᠤᠨ᠎ᠤ ᠮᠣᠩᠭᠣᠯ ᠤᠯᠤᠰ᠎ᠲᠤ ᠰᠢᠨ᠎ᠡ᠎ᠪᠠᠷ ᠪᠠᠢᠭᠤᠯᠤᠬᠰᠠᠨ ᠭᠠᠳᠠᠭᠠᠳᠤ ᠪᠠᠯᠠ ᠣᠷᠣᠭᠤᠯᠤᠯᠲᠠ᠎ᠶ᠋ᠢᠨ ᠠᠵᠤ ᠠᠬᠤᠢᠯᠠᠯ 11 ᠪᠠᠢᠵᠤ᠂ ᠪᠥᠬᠥ᠌ ᠤᠷᠤᠨ᠎ᠤ ᠱᠢᠨ᠎ᠡ᠎ᠪᠠᠷ ᠨᠡᠮᠡᠭ᠌ᠳᠡᠭ᠌ᠰᠡᠨ ᠭᠠᠳᠠᠭᠠᠳᠤ ᠪᠠᠯᠠ ᠣᠷᠣᠭᠤᠯᠤᠯᠲᠠ᠎ᠶ᠋ᠢᠨ ᠠᠵᠤ ᠠᠬᠤᠢᠯᠠᠯ᠎ᠤᠨ ᠶᠡᠷᠦᠩᠬᠡᠶ ᠲᠣᠭᠠᠨ᠎ᠤ 44%᠎ᠶ᠋ᠢ ᠡᠵᠡᠯᠡᠪᠡ; ᠮᠣᠩᠭᠣᠯ ᠤᠯᠤᠰ᠎ᠲᠤ ᠬᠠᠨᠳᠤᠭᠤᠯᠤᠭ᠍ᠰᠠᠨ ᠪᠣᠳᠠᠲᠠᠶ ᠪᠠᠯᠠ ᠣᠷᠣᠭᠤᠯᠤᠯᠲᠠ᠎ᠶ᠋ᠢᠨ ᠬᠡᠮᠵᠢᠶ᠎ᠠ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 378%᠎ᠪᠠᠷ ᠨᠡᠮᠡᠭ᠌ᠳᠡᠵᠦ᠍᠂ ᠪᠠᠯᠠ ᠣᠷᠣᠭᠤᠯᠤᠯᠲᠠ ᠨᠢ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠨᠡᠭᠡᠭᠡᠨ ᠬᠥᠭ᠌ᠵᠢᠭᠦᠯᠬᠦ᠌᠂ ᠮᠠᠯ ᠠᠵᠤ ᠠᠬᠤᠶ ᠲᠠᠷᠢᠶᠠᠯᠠᠩ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠦᠶ᠋ᠯᠡᠰ᠂ ᠦᠶ᠋ᠯᠡᠳᠬᠦ᠌ ᠦᠶ᠋ᠯᠡᠰ ᠪᠠ ᠦᠶ᠋ᠯᠡᠴᠢᠯᠡᠭᠡᠨ᠎ᠤ ᠦᠶ᠋ᠯᠡᠰ ᠵᠡᠷᠭᠡ ᠣᠯᠠᠨ ᠬᠦᠷᠢᠶ᠎ᠡ ᠳᠠᠢᠰᠢ ᠤᠯᠠᠮ ᠨᠢᠭᠡ ᠠᠯᠬᠤᠮ ᠥᠷᠭᠡᠵᠢᠪᠡ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
Baidu
map