ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢ ᠪᠠᠭᠠᠰᠬᠠᠬᠤ᠂ ᠪᠣᠬᠢᠷᠲᠤᠯ᠎ᠢ ᠪᠠᠭᠤᠷᠠᠭᠤᠯᠬᠤ᠂ ᠨᠣᠭᠤᠭᠠᠷᠠᠭᠤᠯᠤᠯᠲᠠ᠎ᠶᠢ ᠥᠷᠭᠡᠳᠬᠡᠬᠦ ᠪᠠ ᠨᠡᠮᠡᠭᠳᠡᠯ᠎ᠢ ᠠᠬᠢᠭᠤᠯᠬᠤ᠂ ᠠᠵᠤ ᠠᠬᠤᠢ ᠨᠡᠶ᠋ᠢᠭᠡᠮ᠎ᠤᠨ ᠪᠦᠬᠦ ᠲᠠᠯ᠎ᠠ᠎ᠪᠠᠷ ᠪᠣᠬᠢᠷᠲᠤᠯ ᠦᠭᠡᠢ ᠲᠡᠶ᠋ᠢᠰᠢ ᠬᠡᠯᠪᠡᠷᠢ᠎ᠪᠠᠨ ᠬᠤᠪᠢᠷᠠᠭᠤᠯᠬᠤ᠎ᠶᠢ ᠠᠬᠢᠭᠤᠯᠤᠨ᠎ᠠ — ᠡᠨᠡ ᠪᠣᠯ ᠳᠤᠮᠳᠠᠳᠤ ᠤᠯᠤᠰ᠎ᠤᠨ ᠴᠢᠨᠠᠷ ᠰᠠᠶ᠋ᠢᠲᠠᠢ ᠬᠥᠭᠵᠢᠯᠲᠡ᠎ᠶᠢᠨ ᠵᠠᠶ᠋ᠢᠯᠠᠰᠢ ᠦᠭᠡᠢ ᠵᠠᠮᠨᠠᠬᠤ ᠵᠠᠮ ᠪᠣᠯᠤᠨ᠎ᠠ᠃ ᠲᠥᠪ᠎ᠤᠨ ᠤᠬᠠᠭᠤᠯᠬᠤ ᠬᠡᠯᠲᠡᠰ᠎ᠦᠨ ᠵᠣᠬᠢᠶᠠᠨ ᠪᠠᠢᠭᠤᠯᠤᠭᠰᠠᠨ ᠭᠤᠷᠪᠠᠳᠠᠭᠴᠢ ᠪᠦᠯᠦᠭ᠎ᠤᠨ 《ᠠᠮᠢᠵᠢᠷᠠᠯ᠎ᠤᠨ ᠬᠦᠴᠦᠨ᠎ᠢᠶᠡᠷ ᠪᠢᠯᠬᠠᠭᠰᠠᠨ ᠳᠤᠮᠳᠠᠳᠤ ᠤᠯᠤᠰ᠎ᠢᠶᠠᠷ ᠪᠠᠢᠴᠠᠭᠠᠨ ᠰᠤᠳᠤᠯᠬᠤᠢ》 ᠠᠵᠢᠯᠯᠠᠭ᠎ᠠ ᠨᠢ ᠣᠢᠷ᠎ᠠ᠎ᠳᠤ ᠥᠪᠥᠷ ᠮᠣᠩᠭᠣᠯ᠂ ᠵᠧᠵᠢᠶᠠᠩ᠂ ᠴᠦᠩᠴᠢᠩ᠎ᠳᠤ ᠬᠦᠷᠴᠦ ᠪᠣᠬᠢᠷᠲᠤᠯ ᠥᠬᠡᠢ ᠲᠡᠢᠰᠢ ᠬᠡᠯᠪᠡᠷᠢ᠎ᠪᠠᠨ ᠬᠤᠪᠢᠷᠠᠭᠤᠯᠬᠤ ᠠᠮᠢᠳᠤᠯᠢᠭ᠋ ᠦᠢᠯᠡᠳᠦᠯᠭᠡ᠎ᠶᠢ ᠭᠦᠨᠵᠡᠭᠡᠢ ᠬᠠᠢᠨ ᠰᠦᠪᠡᠭᠴᠢᠯᠡᠪᠡ᠃ ᠥᠪᠥᠷ ᠮᠣᠩᠭᠤᠯ᠎ᠤᠨ ᠬᠢᠵᠠᠭᠠᠯᠠᠰᠢ ᠦᠭᠡᠢ 《ᠰᠠᠯᠬᠢᠨ᠎ᠤ ᠪᠠ ᠨᠠᠷᠠᠨ᠎ᠤ ᠡᠨᠧᠷᠭᠢ᠎ᠶᠢᠨ ᠬᠤᠪᠢᠰᠬᠠᠯ》᠎ᠠᠴᠠ ᠠᠪᠤᠭᠠᠳ ᠵᠧᠵᠢᠶᠠᠩ᠎ᠤᠨ 《ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ ᠮᠥᠨ》 ᠭᠡᠬᠦ 20 ᠵᠢᠯ᠎ᠤᠨ ᠭᠦᠨᠵᠡᠭᠡᠢ ᠠᠵᠢᠯᠯᠠᠭ᠎ᠠ ᠬᠦᠷᠲᠡᠯ᠎ᠡ᠂ ᠳᠠᠬᠢᠨ ᠴᠦᠩᠴᠢᠩ᠎ᠤᠨ ᠬᠥᠬᠡᠮᠥ᠋ᠷᠡᠨ᠎ᠤ ᠳᠡᠭᠡᠳᠦ ᠤᠷᠤᠰᠬᠠᠯ᠎ᠤᠨ ᠠᠮᠢ ᠠᠬᠤᠢ᠎ᠶᠢᠨ ᠬᠠᠯᠬᠠᠪᠴᠢ᠎ᠶᠢ ᠪᠡᠬᠢᠵᠢᠭᠦᠯᠦᠭᠰᠡᠨ ᠡᠭᠦᠷᠭᠡᠯᠡᠯ ᠬᠦᠷᠲᠡᠯ᠎ᠡ᠂ ᠭᠤᠷᠪᠠᠨ ᠭᠠᠵᠠᠷ ᠨᠢ ᠭᠠᠵᠠᠷ ᠣᠷᠣᠨ᠎ᠤ ᠪᠠᠶ᠋ᠢᠳᠠᠯ᠎ᠳᠦ᠎ᠪᠡᠨ ᠲᠤᠬᠢᠷᠠᠭᠤᠯᠵᠤ᠂ ᠰᠢᠨ᠎ᠡ᠎ᠶᠢ ᠡᠭᠦᠳᠦᠨ ᠰᠢᠪᠲᠤᠯᠤᠯᠲᠠ ᠭᠠᠷᠭᠠᠵᠤ᠂ ᠪᠣᠬᠢᠷᠲᠤᠯ ᠦᠭᠡᠢ ᠲᠡᠢᠰᠢ ᠬᠡᠯᠪᠡᠷᠢ᠎ᠪᠠᠨ ᠬᠤᠪᠢᠷᠠᠭᠤᠯᠬᠤ ᠤᠯᠠᠨ ᠡᠰᠢᠲᠦ ᠠᠷᠭ᠎ᠠ ᠵᠠᠮ᠎ᠢ ᠢᠯᠡᠷᠡᠭᠦᠯᠪᠡ᠃ ᠠᠮᠢ ᠠᠬᠤᠶ᠎ᠶᠢ ᠤᠷᠢᠳ᠎ᠢᠶᠠᠷ ᠪᠣᠳᠣᠯᠬᠢᠯᠠᠬᠤ᠎ᠪᠠᠷ ᠤᠳᠤᠷᠢᠳᠤᠮᠵᠢ ᠪᠣᠯᠭᠠᠵᠤ᠂ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠤᠨ ᠰᠢᠨ᠎ᠡ᠎ᠶᠢ ᠡᠭᠦᠳᠬᠦ᠎ᠪᠠᠷ ᠲᠤᠯᠭᠠᠭᠤᠷᠢᠯᠠᠯ ᠪᠣᠯᠭᠠᠵᠤ᠂ ᠲᠦᠷᠢᠮ᠎ᠤᠨ ᠬᠤᠪᠢᠰᠤᠯᠲᠠ᠎ᠪᠠᠷ ᠪᠠᠲᠤᠯᠠᠭ᠎ᠠ ᠪᠣᠯᠭᠠᠭᠰᠠᠨ ᠨᠢᠭᠡ ᠤᠳᠠᠭᠠᠨ᠎ᠤ ᠭᠦᠨᠵᠡᠭᠡᠶ ᠬᠤᠪᠢᠰᠤᠯᠲᠠ ᠶᠠᠭ ᠳᠤᠮᠳᠠᠳᠤ ᠤᠯᠤᠰ᠎ᠲᠤ ᠲᠦᠷᠭᠡᠰᠴᠦ ᠪᠣᠢ᠃ ᠥᠨᠥᠳᠦᠷ ᠪᠢᠳᠡ ᠬᠥᠭᠵᠢᠯᠲᠡ᠎ᠶᠢᠨ ᠬᠡᠯᠪᠡᠷᠢ᠎ᠶᠢᠨ ᠬᠤᠪᠢᠷᠠᠯᠲᠠ᠎ᠳᠤ ᠬᠣᠯᠪᠣᠭᠳᠠᠭᠰᠠᠨ ᠡᠨᠡ ᠬᠦ᠌ 《ᠪᠣᠬᠢᠷᠲᠤᠯ ᠦᠭᠡᠢ ᠦᠰᠦᠷᠦᠯᠲᠡ》᠎ᠶᠢ ᠬᠠᠮᠲᠤ᠎ᠪᠠᠷ ᠭᠡᠷᠡᠴᠢᠯᠡᠶ᠎ᠡ᠃
ᠥᠪᠥᠷ ᠮᠣᠩᠭᠣᠯ᠎ᠳᠤ᠂ ᠡᠨᠧᠷᠭᠢ ᠪᠣᠯ ᠡᠵᠡᠨ ᠠᠵᠤ ᠦᠢᠯᠡᠰ ᠮᠥᠨ᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠶᠡᠷᠦᠩᠬᠡᠢ ᠱᠦᠵᠢ ᠰᠢ ᠶ᠋ᠢᠨ ᠫᠢᠩ ᠥᠪᠥᠷ ᠮᠣᠩᠭᠤᠯ᠎ᠤᠨ ᠡᠨᠧᠷᠭᠢ᠎ᠶᠢᠨ ᠬᠥᠭᠵᠢᠯᠲᠡ᠎ᠶᠢᠨ ᠲᠤᠬᠠᠢ ᠤᠯᠠᠨ ᠤᠳᠠᠭ᠎ᠠ ᠴᠢᠬᠤᠯᠠ ᠵᠢᠭᠠᠪᠤᠷᠢ ᠥᠭᠪᠡ᠃ 2023 ᠣᠨ᠎ᠳᠤ᠂ ᠶᠡᠷᠦᠩᠬᠡᠢ ᠱᠦᠵᠢ ᠰᠢ ᠶ᠋ᠢᠨ ᠫᠢᠩ᠂ ᠤᠯᠠᠮᠵᠢᠯᠠᠯᠲᠤ ᠡᠨᠧᠷᠭᠢ᠎ᠶᠢᠨ ᠠᠵᠤ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠭᠦᠯᠬᠦ᠎ᠶᠢ ᠠᠬᠢᠭᠤᠯᠵᠤ᠂ ᠪᠣᠬᠢᠷᠲᠤᠯ ᠦᠭᠡᠢ ᠡᠨᠧᠷᠭᠢ᠎ᠶᠢ ᠶᠡᠭᠡ᠎ᠪᠠᠷ ᠬᠥᠭᠵᠢᠭᠦᠯᠵᠦ᠂ ᠤᠯᠤᠰ᠎ᠤᠨ ᠴᠢᠬᠤᠯᠠ ᠡᠨᠧᠷᠭᠢ᠎ᠶᠢᠨ ᠰᠠᠭᠤᠷᠢᠨ᠎ᠢ ᠪᠤᠵᠠᠭᠠᠶ᠋ᠢᠷᠠᠭᠤᠯᠤᠨ ᠬᠦᠴᠦᠷᠬᠡᠭᠵᠢᠭᠦᠯᠬᠦ ᠪᠣᠯ ᠥᠪᠥᠷ ᠮᠣᠩᠭᠤᠯ᠎ᠤᠨ ᠬᠥᠭᠵᠢᠯᠲᠡ᠎ᠶᠢᠨ ᠴᠢᠬᠤᠯᠠ᠎ᠠᠴᠠ ᠴᠢᠬᠤᠯᠠ ᠵᠦᠢᠯ ᠪᠣᠯᠤᠨ᠎ᠠ ᠭᠡᠵᠦ ᠳᠠᠬᠢᠨᠲᠠ ᠴᠢᠬᠤᠯᠠᠴᠢᠯᠠᠪᠠ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠱᠦᠵᠢ ᠰᠦᠨ ᠱᠤᠤ ᠴᠧᠩ᠄ ᠪᠢᠳᠡ ᠶᠡᠷᠦᠩᠬᠡᠢ ᠱᠦᠵᠢ ᠰᠢ ᠶ᠋ᠢᠨ ᠫᠢᠩ᠎ᠤᠨ ᠡᠬᠢ ᠪᠠᠶᠠᠯᠢᠭ᠋᠎ᠤᠨ ᠬᠡᠯᠪᠡᠷᠢ᠎ᠶᠢᠨ ᠭᠠᠵᠠᠷ ᠣᠷᠣᠨ᠎ᠤ ᠬᠡᠯᠪᠡᠷᠢ᠎ᠪᠠᠨ ᠬᠤᠪᠢᠷᠠᠭᠤᠯᠤᠨ ᠬᠥᠭᠵᠢᠭᠦᠯᠬᠦ ᠰᠢᠨ᠎ᠡ ᠠᠷᠭ᠎ᠠ ᠵᠠᠮ᠎ᠢ ᠢᠳᠡᠪᠬᠢᠲᠡᠢ ᠰᠦᠪᠡᠭᠴᠢᠯᠡᠬᠦ ᠴᠢᠬᠤᠯᠠ ᠵᠢᠭᠠᠪᠤᠷᠢ ᠶᠣᠰᠣᠭᠠᠷ᠂ ᠢᠯᠴᠢᠶᠢᠨᠴᠠᠬᠢᠯᠭᠠᠨᠤ ᠬᠠᠷᠢᠴᠠᠯ᠎ᠢ ᠪᠠᠭᠠᠰᠬᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢ ᠪᠠᠭᠤᠷᠠᠭᠤᠯᠬᠤ᠎ᠶᠢ ᠪᠡᠶᠡᠯᠡᠭᠦᠯᠬᠦ᠎ᠪᠠᠷ ᠴᠢᠷᠮᠠᠢᠵᠤ ᠪᠠᠢᠨ᠎ᠠ᠃ ᠣᠳᠣᠬᠠᠨ᠎ᠳᠤ 2.69 ᠳ᠋ᠦᠩᠰᠢᠭᠤᠷ ᠺᠢᠯᠤᠸᠠᠲ᠎ᠤᠨ ᠴᠠᠬᠢᠯᠭᠠᠨ ᠬᠦᠴᠦᠨ᠎ᠤ ᠮᠠᠰᠢᠨ ᠴᠣᠭᠴᠠᠯᠠᠪᠤᠷᠢ᠎ᠳᠠᠬᠢ ᠢᠯᠴᠢ᠎ᠶᠢᠨ ᠴᠠᠬᠢᠯᠭᠠᠨ᠎ᠤ ᠡᠵᠡᠯᠡᠬᠦ ᠬᠠᠷᠢᠴᠠᠯ ᠪᠠᠭᠤᠷᠠᠭᠠᠳ 46%᠎ᠳᠦ ᠬᠦᠷᠪᠡ᠃ ᠢᠯᠴᠢ᠎ᠶᠢᠨ ᠴᠠᠬᠢᠯᠭᠠᠨ᠎ᠤ ᠡᠵᠡᠯᠡᠬᠦ ᠬᠠᠷᠢᠴᠠᠯ 2020 ᠣᠨ᠎ᠤ 83% ᠪᠠᠶ᠋ᠢᠭ᠍ᠰᠠᠨ᠎ᠠᠴᠠ᠎ᠪᠠᠨ ᠪᠠᠭᠤᠷᠠᠭᠠᠳ ᠨᠢᠳᠤᠨᠤᠨ᠎ᠤ 74% ᠣᠷᠴᠢᠮ ᠪᠣᠯᠵᠤ᠂ ᠳᠥᠷᠪᠡᠨ ᠵᠢᠯ᠎ᠤᠨ ᠬᠤᠭᠤᠴᠠᠭᠠᠨ᠎ᠳᠤ ᠪᠠᠷᠢᠮᠵᠢᠶ᠎ᠠ ᠨᠡᠭᠦᠷᠡᠰᠦ᠎ᠶᠢ 1.95 ᠳ᠋ᠦᠩᠰᠢᠭᠤᠷ ᠲᠣᠨ ᠠᠷᠪᠢᠯᠠᠭᠰᠠᠨ᠎ᠲᠠᠢ ᠲᠡᠩᠴᠡᠵᠦ᠂ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢᠨ ᠨᠡᠮᠡᠭᠳᠡᠯ᠎ᠢ ᠪᠦᠲᠦᠮᠵᠢᠲᠡᠶ ᠬᠢᠵᠠᠭᠠᠷᠯᠠᠪᠠ᠃
ᠥᠪᠥᠷ ᠮᠣᠩᠭᠣᠯ ᠣᠢᠷ᠎ᠠ᠎ᠶᠢᠨ ᠵᠢᠯ᠎ᠦᠳ᠎ᠲᠦ ᠪᠠᠰᠠ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠬᠤ ᠪᠠ ᠰᠠᠯᠬᠢ ᠴᠠᠬᠢᠯᠭᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠬᠡᠷᠡᠭᠵᠢᠭᠦᠯᠪᠡ᠃ ᠥᠪᠥᠷ ᠮᠣᠩᠭᠤᠯ᠎ᠤᠨ ᠬᠥᠪᠴᠢ ᠡᠯᠡᠰᠦᠨ᠎ᠳᠦ᠂ ᠪᠠᠰᠠ ᠨᠢᠭᠡ ᠰᠢᠨ᠎ᠡ᠎ᠪᠠᠷ ᠪᠠᠶ᠋ᠢᠭᠤᠯᠤᠭᠰᠠᠨ 50 ᠲᠦᠮᠡᠨ ᠺᠢᠯᠣᠸᠠᠲ᠎ᠤᠨ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠬᠤ ᠪᠠ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ᠎ᠢ ᠰᠠᠶᠢᠬᠠᠨ ᠳᠠᠭᠤᠰᠬᠠᠵᠤ᠂ ᠵᠢᠱ᠌ᠢᠯᠲᠡ᠎ᠪᠠᠷ ᠲᠣᠰ ᠰᠠᠷ᠎ᠠ᠎ᠳᠤ ᠴᠠᠬᠢᠯᠭᠠᠨ᠎ᠤ ᠲᠣᠤᠷ᠎ᠲᠤ ᠨᠡᠶ᠋ᠢᠯᠡᠭᠦᠯᠬᠦ ᠪᠣᠯᠤᠨ᠎ᠠ᠃
ᠥᠪᠥᠷ ᠮᠣᠩᠭᠤᠯ᠎ᠤᠨ ᠳᠠᠯᠠᠳ ᠬᠤᠰᠢᠭᠤᠨ᠎ᠤ 50 ᠲᠦᠮᠡᠨ ᠺᠢᠯᠣᠸᠠᠲ᠎ᠤᠨ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠬᠤ ᠪᠠ ᠭᠡᠷᠡᠯᠴᠢ ᠴᠡᠨᠡᠭ᠎ᠢ ᠨᠢᠭᠡ ᠴᠤᠭᠴᠠᠵᠢᠭᠤᠯᠤᠭᠰᠠᠨ ᠲᠥᠷᠥᠯ ᠵᠦᠢᠯ᠎ᠤᠨ ᠳᠠᠭᠠᠭᠠᠮᠠᠯ ᠬᠤ᠌ ᠯᠢ ᡁᠢ᠄ ᠲᠤᠨᠤᠬ᠍ᠯᠠᠯ᠎ᠤᠨ ᠬᠠᠪᠲᠠᠰᠤ᠎ᠪᠠᠷ ᠠᠭᠤᠷᠰᠢᠯᠲᠠ᠎ᠶᠢ ᠪᠠᠭᠠᠰᠬᠠᠵᠤ᠂ ᠲᠣᠨᠣᠭᠯᠠᠯ᠎ᠢᠶᠠᠷ ᠰᠠᠭᠤᠷᠢ ᠪᠣᠯᠭᠠᠨ ᠡᠯᠡᠰᠦ᠎ᠶᠢ ᠲᠣᠭᠲᠠᠪᠤᠷᠢᠵᠢᠭᠤᠯᠤᠨ᠂ ᠬᠠᠪᠲᠠᠰᠤᠨ ᠳᠣᠤᠷᠠᠬᠢ ᠠᠮᠢ ᠠᠬᠤᠶ᠎ᠶᠢᠨ ᠲᠠᠷᠢᠮᠠᠯ᠎ᠢᠶᠠᠷ ᠡᠯᠡᠰᠦ᠎ᠶᠢ ᠪᠦᠰᠡᠯᠡᠵᠦ ᠡᠯᠡᠰᠦ᠎ᠶᠢ ᠲᠣᠭᠲᠠᠪᠤᠷᠢᠵᠢᠭᠤᠯᠪᠠ᠃ ᠭᠡᠷᠡᠯᠴᠢ ᠴᠡᠨᠡᠭ + ᠠᠮᠢ ᠠᠬᠤᠢ᠎ᠶᠢ ᠵᠠᠰᠠᠨ ᠰᠡᠷᠭᠦᠭᠡᠬᠦ᠂ ᠠᠮᠢ ᠠᠬᠤᠢ᠎ᠶᠢᠨ ᠵᠠᠰᠠᠯᠲᠠ᠎ᠶᠢᠨ ᠰᠢᠨ᠎ᠡ ᠬᠡᠪ ᠵᠠᠭᠪᠤᠷ᠎ᠢ ᠪᠦᠷᠢᠯᠳᠦᠭᠦᠯᠪᠡ᠃
ᠥᠪᠥᠷ ᠮᠣᠩᠭᠤᠯ ᠤᠯᠠᠮᠵᠢᠯᠠᠯᠲᠤ ᠡᠨᠧᠷᠭᠢ ᠪᠠ ᠰᠢᠨ᠎ᠡ ᠡᠨᠧᠷᠭᠢ᠎ᠶᠢ ᠵᠡᠷᠭᠡ᠎ᠳᠦ ᠨᠢ ᠴᠢᠬᠤᠯᠠᠴᠢᠯᠠᠬᠤ᠎ᠶᠢ ᠪᠠᠷᠢᠮᠲᠠᠯᠠᠵᠤ᠂ ᠪᠦᠬᠦ ᠤᠯᠤᠰ᠎ᠲᠤ ᠰᠢᠨ᠎ᠡ ᠡᠨᠧᠷᠭᠢ᠎ᠪᠠᠷ ᠭᠤᠣᠯ ᠴᠣᠭᠴᠠ ᠪᠣᠯᠭᠠᠭᠰᠠᠨ ᠡᠨᠧᠷᠭᠢ᠎ᠶᠢᠨ ᠬᠠᠩᠭᠠᠯᠭ᠎ᠠ᠎ᠶᠢᠨ ᠲᠣᠭᠲᠠᠯᠴᠠᠭ᠎ᠠ᠎ᠶᠢ ᠲᠦᠷᠦᠭᠦᠯᠡᠨ ᠪᠠᠶ᠋ᠢᠭᠤᠯᠪᠠ᠃
2024 ᠣᠨ᠎ᠳᠤ᠂ ᠥᠪᠥᠷ ᠮᠣᠩᠭᠤᠯ ᠰᠢᠨ᠎ᠡ ᠡᠨᠧᠷᠭᠢ᠎ᠶᠢᠨ ᠶᠡᠷᠦᠩᠬᠡᠢ ᠮᠠᠰᠢᠨ ᠴᠣᠭᠴᠠᠯᠠᠪᠤᠷᠢ᠂ ᠰᠢᠨ᠎ᠡ᠎ᠪᠡᠷ ᠨᠡᠮᠡᠭᠰᠡᠨ ᠮᠠᠰᠢᠨ ᠴᠣᠭᠴᠠᠯᠠᠪᠤᠷᠢ᠂ ᠴᠠᠬᠢᠯᠭᠠᠨ ᠭᠠᠷᠭᠠᠭᠰᠠᠨ ᠬᠡᠮᠵᠢᠶ᠎ᠡ᠂ ᠪᠣᠬᠢᠷᠲᠤᠯ ᠦᠭᠡᠢ ᠤᠰᠤᠲᠥ᠋ᠷᠥᠭᠴᠢ᠎ᠶᠢᠨ ᠦᠢᠯᠡᠳᠪᠦᠷᠢᠯᠡᠯ᠎ᠤᠨ ᠴᠢᠳᠠᠮᠵᠢ᠂ ᠰᠢᠨ᠎ᠡ ᠬᠡᠯᠪᠡᠷᠢ᠎ᠶᠢᠨ ᠡᠨᠧᠷᠭᠢ ᠨᠥᠭᠡᠴᠡᠯᠡᠬᠦ ᠮᠠᠰᠢᠨ ᠴᠣᠭᠴᠠᠯᠠᠪᠤᠷᠢ᠂ ᠪᠣᠬᠢᠷᠲᠤᠯ ᠦᠭᠡᠢ ᠴᠠᠬᠢᠯᠭᠠᠨ᠎ᠤ ᠠᠷᠠᠯᠵᠢᠶᠠᠨ᠎ᠤ ᠬᠡᠪᠴᠢᠶᠡᠵᠢᠯ ᠵᠡᠷᠭᠡ ᠪᠦᠬᠦ ᠤᠯᠤᠰ᠎ᠲᠠᠬᠢ 6 ᠲᠡᠷᠢᠭᠦᠨ᠎ᠢ ᠪᠡᠶᠡᠯᠡᠭᠦᠯᠪᠡ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠱᠦᠵᠢ ᠰᠦᠨ ᠱᠣᠤ ᠴᠧᠩ᠄ ᠨᠢᠭᠡ ᠲᠠᠯ᠎ᠠ᠎ᠪᠠᠷ ᠪᠣᠬᠢᠷᠲᠤᠯ ᠥᠬᠡᠶ ᠡᠨᠧᠷᠭᠢ᠎ᠶᠢᠨ ᠬᠥᠭᠵᠢᠯᠲᠡ᠎ᠶᠢ ᠠᠳᠬᠤᠵᠤ᠂ ᠨᠥᠭᠦᠭᠡ ᠲᠠᠯ᠎ᠠ᠎ᠪᠠᠷ ᠪᠣᠬᠢᠷᠲᠤᠯ ᠥᠬᠡᠶ ᠡᠨᠧᠷᠭᠢ᠎ᠪᠡᠷ ᠣᠷᠣᠯᠠᠭᠤᠯᠬᠤ᠎ᠶᠢ ᠠᠳᠬᠤᠪᠠ᠂ ᠨᠢᠳᠤᠨᠤᠨ᠎ᠠᠴᠠ ᠨᠠᠭᠠᠰᠢ᠂ ᠲᠠᠯᠠᠰᠲᠤ ᠴᠠᠬᠢᠭᠤᠷ᠎ᠤᠨ ᠠᠵᠢᠯ ᠲᠥᠷᠥᠯ᠎ᠤᠨ ᠴᠠᠬᠢᠯᠭᠠᠨ ᠬᠡᠷᠡᠭᠯᠡᠯᠲᠡ᠎ᠳᠡᠬᠢ ᠪᠣᠬᠢᠷᠲᠤᠯ ᠥᠬᠡᠶ ᠴᠠᠬᠢᠯᠭᠠᠨ᠎ᠤ ᠬᠤᠪᠢ᠎ᠶᠢᠨ ᠵᠢᠩ 40% ᠶᠢ ᠳᠠᠪᠠᠵᠤ᠂ ᠪᠣᠳᠣᠯᠲᠠ᠎ᠶᠢᠨ ᠬᠦᠴᠦᠨ᠎ᠤ ᠠᠵᠤ ᠦᠢᠯᠡᠰ᠎ᠦᠨ ᠪᠣᠬᠢᠷᠲᠤᠯ ᠥᠬᠡᠶ ᠴᠠᠬᠢᠯᠭᠠᠨ᠎ᠤ ᠬᠡᠷᠡᠭᠯᠡᠯᠲᠡ᠎ᠶᠢᠨ ᠬᠠᠷᠢᠴᠠᠯ 85% ᠣᠷᠴᠢᠮ᠎ᠳᠦ ᠬᠦᠷᠪᠡ᠂ ᠣᠳᠣᠬᠠᠨ᠎ᠳᠤ ᠪᠥᠬᠦ ᠨᠡᠶ᠋ᠢᠭᠡᠮ᠎ᠤᠨ ᠴᠠᠬᠢᠯᠭᠠᠨ ᠬᠦᠴᠦᠨ᠎ᠤ ᠬᠡᠷᠡᠭᠯᠡᠯᠲᠡ᠎ᠳᠡᠬᠢ ᠪᠣᠬᠢᠷᠲᠤᠯ ᠥᠬᠡᠶ ᠴᠠᠬᠢᠯᠭᠠᠨ᠎ᠤ ᠡᠵᠡᠯᠡᠬᠦ ᠬᠠᠷᠢᠴᠠᠯ 36.7% ᠶᠢ ᠡᠵᠡᠯᠡᠵᠦ ᠪᠣᠢ᠃ ᠴᠢᠷᠮᠠᠶ᠋ᠢᠯᠭ᠎ᠠ᠎ᠪᠠᠷ ᠳᠡᠮᠵᠢᠨ᠂ ᠨᠢᠭᠡᠴᠢ ᠭᠠᠵᠠᠷ ᠣᠷᠣᠨ᠎ᠤ ᠦᠢᠯᠡᠳᠪᠦᠷᠢᠯᠡᠯ᠎ᠤᠨ ᠶᠡᠷᠦᠩᠬᠡᠶ ᠥᠷᠲᠡᠭᠲᠡᠬᠢ ᠡᠨᠧᠷᠭᠢ᠎ᠶᠢᠨ ᠬᠤᠷᠣᠭᠳᠠᠯ᠎ᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠶᠢᠨ ᠡᠵᠡᠮᠳᠡᠯ᠎ᠦᠨ ᠬᠠᠷᠠᠯᠲᠠ᠎ᠶᠢ ᠨᠢᠭᠡ ᠵᠢᠯ ᠤᠷᠢᠳᠴᠢᠯᠠᠨ ᠪᠡᠶᠡᠯᠡᠭᠦᠯᠵᠦ᠂ ᠵᠢᠯ ᠳᠤᠮᠳᠠᠴᠢ᠎ᠶᠢᠨ 1.4% ᠶᠢᠨ ᠡᠨᠧᠷᠭᠢ᠎ᠶᠢᠨ ᠬᠤᠷᠣᠭᠳᠠᠯ᠎ᠤᠨ ᠨᠡᠮᠡᠭᠳᠡᠯ᠎ᠤᠨ ᠬᠤᠷᠳᠤᠴᠠ᠎ᠪᠠᠷ ᠵᠢᠯ ᠳᠤᠮᠳᠠᠴᠢ᠎ᠶᠢᠨ 6.1% ᠶᠢᠨ ᠠᠵᠤ ᠠᠬᠤᠶ᠎ᠶᠢᠨ ᠨᠡᠮᠡᠭᠳᠡᠯ᠎ᠢ ᠲᠤᠯᠭᠠᠭᠤᠷᠢᠯᠠᠪᠠ᠃
ᠥᠪᠥᠷ ᠮᠣᠩᠭᠣᠯ᠎ᠤᠨ ᠰᠠᠯᠬᠢᠨ᠎ᠤ ᠪᠠ ᠨᠠᠷᠠᠨ᠎ᠤ ᠡᠨ᠋ᠸᠷᠬᠢ᠎ᠶᠢᠨ ᠡᠬᠢ ᠪᠠᠶᠠᠯᠢᠭ᠋ ᠡᠯᠪᠡᠭ ᠪᠠᠶᠠᠯᠢᠭ᠋ ᠪᠠᠢᠵᠤ᠂ ᠪᠣᠬᠢᠷᠳᠣᠯ ᠦᠭᠡᠢ ᠴᠠᠬᠢᠯᠭᠠᠨ᠎ᠢ ᠲᠤᠬᠠᠢ᠎ᠶᠢᠨ ᠭᠠᠵᠠᠷ᠎ᠲᠤ᠎ᠪᠠᠨ ᠬᠡᠷᠡᠭᠯᠡᠵᠦ ᠳᠡᠢᠯᠬᠦ᠎ᠪᠡᠷ ᠪᠠᠷᠠᠬᠤ ᠦᠭᠡᠢ᠂ ᠪᠠᠰᠠ ᠪᠣᠬᠢᠷᠳᠣᠯ ᠦᠭᠡᠢ ᠦᠯᠡᠭᠦᠦ ᠴᠠᠬᠢᠯᠭᠠᠨ᠎ᠢ ᠭᠠᠳᠠᠭ᠍ᠰᠢ ᠬᠦᠷᠭᠡᠵᠦ ᠳᠡᠢᠯᠦᠨ᠎ᠡ᠃ ᠡᠳᠡᠭᠡᠷ ᠵᠢᠯ᠎ᠤᠳ᠎ᠲᠤ᠂ ᠥᠪᠥᠷ ᠮᠣᠩᠭᠤᠯ ᠣᠨᠴᠠ ᠥᠨᠳᠥᠷ ᠬᠦᠴᠦᠳᠡᠯᠲᠦ ᠴᠠᠬᠢᠯᠭᠠᠨ᠎ᠢ ᠭᠠᠳᠠᠭ᠍ᠰᠢ ᠳᠠᠮᠵᠢᠭᠤᠯᠬᠤ ᠵᠠᠮ᠎ᠢ 8 ᠵᠤᠷᠪᠤᠰ ᠪᠠᠶ᠋ᠢᠭᠤᠯᠵᠤ᠂ ᠭᠠᠳᠠᠭ᠍ᠰᠢ ᠬᠦᠷᠭᠡᠭᠰᠡᠨ ᠴᠠᠬᠢᠯᠭᠠᠨ᠎ᠤ ᠶᠡᠷᠦᠩᠬᠡᠢ ᠬᠡᠮᠵᠢᠶ᠎ᠡ 7500 ᠳ᠋ᠦᠩᠰᠢᠭᠤᠷ ᠭᠷᠠᠳᠦ᠋ᠰ᠎ᠠᠴᠠ ᠳᠠᠪᠠᠵᠤ᠂ ᠡᠭᠦᠨ᠎ᠳᠤ ᠰᠢᠨ᠎ᠡ ᠡᠨᠧᠷᠭᠢ 870 ᠳ᠋ᠦᠩᠰᠢᠭᠤᠷ ᠭᠷᠠᠳᠦ᠋ᠰ᠎ᠠᠴᠠ ᠳᠠᠪᠠᠭᠰᠠᠨ ᠪᠠᠢᠨ᠎ᠠ᠃ ᠲᠤᠬᠠᠢ᠎ᠶᠢᠨ ᠭᠠᠵᠠᠷ᠎ᠲᠤ᠎ᠪᠠᠨ ᠪᠣᠬᠢᠷᠳᠣᠯ ᠦᠭᠡᠢ ᠴᠠᠬᠢᠯᠭᠠᠨ᠎ᠢ ᠰᠢᠭᠤᠳ ᠬᠤᠯᠪᠣᠬᠤ᠂ ᠰᠠᠯᠬᠢᠨ᠎ᠤ ᠪᠠ ᠨᠠᠷᠠᠨ᠎ᠤ ᠡᠨ᠋ᠸᠷᠬᠢ᠎ᠪᠡᠷ ᠤᠰᠤᠲᠥ᠋ᠷᠥᠭᠴᠢ ᠦᠢᠯᠡᠳᠬᠦ᠂ ᠡᠨᠧᠷᠭᠢ ᠲᠣᠣᠷ ᠳᠠᠭᠠᠭᠠᠴᠠ ᠨᠥᠭᠡᠴᠡ ᠵᠡᠷᠭᠡ ᠰᠢᠨ᠎ᠡ ᠬᠡᠪ ᠵᠠᠭᠪᠤᠷᠦᠳᠢ ᠳᠡᠯᠭᠡᠷᠡᠭᠦᠯᠵᠦ᠂ ᠠᠵᠤ ᠠᠬᠤᠶ᠋ᠢᠯᠠᠯ ᠪᠣᠬᠢᠷᠳᠣᠯ ᠦᠭᠡᠢ ᠴᠠᠬᠢᠯᠭᠠᠨ᠎ᠢ ᠰᠢᠭᠤᠳ ᠬᠡᠷᠡᠭᠯᠡᠬᠦ᠎ᠶᠢ ᠨᠢ ᠵᠣᠷᠢᠭ᠍ᠵᠢᠭᠤᠯᠵᠤ ᠪᠣᠢ᠃
ᠤᠯᠠᠭᠠᠨᠴᠠᠪ᠎ᠤᠨ ᠲᠡᠮᠦᠷ᠎ᠤᠨ ᠬᠠᠶ᠋ᠢᠯᠤᠰᠢ᠎ᠶᠢᠨ ᠠᠵᠤ ᠤᠶ᠋ᠢᠯᠡᠳᠪᠤᠷᠢᠶᠢᠨ ᠬᠦᠷᠢᠶᠡᠯᠡᠩ ᠲᠣᠭᠤᠷᠢᠭ᠋᠎ᠨᠢ ᠪᠣᠬᠢᠷᠲᠤᠯ ᠥᠬᠡᠶ ᠴᠠᠬᠢᠯᠭᠠᠨ᠎ᠤ ᠲᠣᠭᠲᠠᠮᠠᠯ ᠭᠥᠶᠥᠳᠡᠯᠳᠦ ᠵᠤᠤᠬ᠎ᠠ᠎ᠪᠠᠷ ᠤᠤᠯ᠎ᠤᠨ ᠨᠡᠭᠦᠷᠡᠰᠦ ᠰᠢᠲᠠᠭᠠᠬᠤ ᠮᠠᠰᠢᠨ ᠴᠣᠭᠴᠠᠯᠠᠪᠤᠷᠢ ᠪᠠ ᠢᠯᠴᠢ᠎ᠶᠢᠨ ᠬᠦᠴᠦᠨ᠎ᠤ ᠴᠠᠬᠢᠯᠭᠠᠨ ᠭᠠᠷᠭᠠᠯᠲᠠ᠎ᠶᠢ ᠣᠷᠤᠯᠠᠭᠤᠯᠪᠠ᠃
ᠥᠪᠥᠷ ᠮᠣᠩᠭᠤᠯ᠎ᠤᠨ ᠵᠢᠩ ᠯᠧᠢ ᠠᠵᠤ ᠦᠢᠯᠡᠰ᠎ᠤᠨ ᠬᠢᠵᠠᠭᠠᠷᠲᠤ ᠺᠣᠮᠫᠠᠨᠢ᠎ᠶᠢᠨ ᠶᠡᠷᠦᠩᠬᠡᠶ ᠳᠠᠭᠠᠭᠠᠮᠠᠯ ᠳᠦ ᠬᠤᠸᠠ ᠢᠦᠶ᠄ 60% ᠶᠢᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠨᠢ ᠲᠤᠬᠠᠢ᠎ᠶᠢᠨ ᠭᠠᠵᠠᠷ᠎ᠤᠨ ᠰᠠᠯᠬᠢᠨ ᠬᠦᠴᠦᠨ᠎ᠤ ᠴᠠᠬᠢᠯᠭᠠᠨ ᠪᠠ ᠬᠡᠷᠡᠯ᠎ᠤᠨ ᠴᠠᠬᠢᠯᠭᠠᠨ᠎ᠡᠴᠡ ᠢᠷᠡᠯᠲᠡ᠎ᠲᠠᠢ ᠪᠠᠢᠵᠤ᠂ ᠣᠳᠣᠬᠠᠨ᠎ᠤ ᠦᠢᠯᠡᠳᠪᠦᠷᠢᠯᠡᠯ᠎ᠤᠨ ᠬᠡᠪᠴᠢᠶᠡᠵᠢᠯ᠎ᠢᠶᠡᠷ᠂ ᠨᠢᠭᠡ ᠵᠢᠯ᠎ᠳᠤ 6 ᠲᠦᠮᠡᠨ ᠲᠣᠨ ᠨᠡᠭᠦᠷᠡᠰᠦ ᠠᠷᠪᠢᠯᠠᠵᠤ᠂ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢ 16 ᠲᠦᠮᠡᠨ ᠲᠣᠨ ᠪᠠᠭᠠᠰᠬᠠᠪᠠ᠃
ᠡᠨᠡ ᠵᠢᠯ᠂ ᠥᠪᠥᠷ ᠮᠣᠩᠭᠤᠯ ᠪᠥᠬᠦ ᠵᠢᠯ᠎ᠳᠤ ᠰᠢᠨ᠎ᠡ ᠡᠨᠧᠷᠭᠢ᠎ᠶᠢᠨ ᠮᠠᠰᠢᠨ ᠴᠣᠭᠴᠠᠯᠠᠪᠤᠷᠢ᠎ᠶᠢ 4000 ᠲᠦᠮᠡᠨ ᠺᠢᠯᠣᠸᠠᠲ ᠰᠢᠨ᠎ᠡ᠎ᠪᠠᠷ ᠨᠡᠮᠡᠭᠳᠡᠭᠦᠯᠬᠦ᠎ᠪᠠᠷ ᠲᠥᠯᠥᠪᠯᠡᠵᠦ᠂ ᠵᠢᠱ᠌ᠢᠯᠲᠡ᠎ᠪᠠᠷ ᠵᠢᠯ᠎ᠤᠨ ᠡᠴᠦᠰ᠎ᠲᠤ ᠰᠢᠨ᠎ᠡ ᠡᠨᠧᠷᠭᠢ᠎ᠶᠢᠨ ᠶᠡᠷᠦᠩᠬᠡᠢ ᠮᠠᠰᠢᠨ ᠴᠣᠭᠴᠠᠯᠠᠪᠤᠷᠢ 1.7 ᠳ᠋ᠦᠩᠰᠢᠭᠤᠷ ᠺᠢᠯᠣᠸᠠᠲ᠎ᠢ ᠳᠠᠪᠠᠵᠤ᠂ ᠵᠢᠯ᠎ᠤᠨ ᠴᠠᠬᠢᠯᠭᠠᠨ ᠭᠠᠷᠭᠠᠬᠤ ᠬᠡᠮᠵᠢᠶ᠎ᠡ 3000 ᠳ᠋ᠦᠩᠰᠢᠭᠤᠷ ᠺᠢᠯᠣᠸᠠᠲ ᠴᠠᠭ᠎ᠲᠤ ᠬᠥᠷᠥᠨ᠎ᠡ᠂ ᠪᠠᠷᠤᠭ ᠪᠠᠷᠢᠮᠵᠢᠶ᠎ᠠ ᠨᠡᠭᠦᠷᠡᠰᠦᠨ᠎ᠤ ᠰᠢᠲᠠᠯᠲᠠ᠎ᠶᠢ 9150 ᠲᠦᠮᠡᠨ ᠲᠣᠨ ᠪᠠᠭᠠᠰᠬᠠᠬᠤ᠎ᠲᠠᠢ ᠲᠡᠩᠴᠡᠭᠦᠯᠵᠦ᠂ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢ 2.5 ᠳ᠋ᠦᠩᠰᠢᠭᠤᠷ ᠲᠣᠨ ᠪᠠᠭᠠᠰᠬᠠᠬᠤ᠎ᠲᠠᠢ ᠲᠡᠩᠴᠡᠵᠦ᠂ 《ᠬᠤᠣᠰ ᠨᠡᠭᠦᠷᠡᠰᠦᠲᠥ᠋ᠷᠥᠭᠴᠢ》᠎ᠶᠢᠨ ᠬᠠᠷᠠᠯᠲᠠ᠎ᠶᠢ ᠪᠡᠶᠡᠯᠡᠭᠦᠯᠬᠦ᠎ᠳᠤ ᠬᠦᠴᠦᠲᠡᠢ ᠲᠤᠯᠭᠠᠭᠤᠷᠢᠯᠠᠯ ᠬᠠᠩᠭᠠᠪᠠ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠱᠦᠵᠢ ᠰᠦᠨ ᠱᠤᠤ ᠴᠧᠩ᠄ ᠶᠡᠷᠦᠩᠬᠡᠢ ᠱᠦᠵᠢ ᠰᠢ ᠶ᠋ᠢᠨ ᠫᠢᠩ᠎ᠤᠨ ᠴᠢᠬᠤᠯᠠ ᠵᠢᠭᠠᠪᠤᠷᠢ ᠶᠣᠰᠣᠭᠠᠷ᠂ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠶᠢᠨ ᠪᠦᠬᠦ ᠲᠠᠯ᠎ᠠ᠎ᠪᠠᠷ ᠪᠣᠬᠢᠷᠲᠤᠯ ᠦᠭᠡᠢ ᠲᠡᠶ᠋ᠢᠰᠢ ᠬᠡᠯᠪᠡᠷᠢ᠎ᠪᠠᠨ ᠬᠤᠪᠢᠷᠠᠭᠤᠯᠬᠤ᠎ᠶᠢ ᠠᠬᠢᠭᠤᠯᠵᠤ ᠪᠣᠢ᠃ ᠤᠯᠤᠰ᠎ᠤᠨ ᠪᠠᠶ᠋ᠢᠷᠢᠰᠢᠭᠤᠯᠤᠭᠰᠠᠨ ᠲᠤᠮᠤ ᠬᠡᠯᠪᠡᠷᠢ᠎ᠶᠢᠨ ᠰᠠᠯᠬᠢᠨ᠎ᠤ ᠪᠠ ᠨᠠᠷᠠᠨ᠎ᠤ ᠡᠨ᠋ᠸᠷᠬᠢ᠎ᠶᠢᠨ 17 ᠰᠠᠭᠤᠷᠢᠨ᠎ᠡᠴᠡ ᠥᠪᠥᠷ ᠮᠣᠩᠭᠤᠯ᠎ᠳᠤ 6 ᠰᠠᠭᠤᠷᠢᠨ ᠨᠢ ᠪᠤᠢ᠂ ᠪᠢᠳᠡ ᠰᠠᠭᠤᠷᠢᠨ ᠭᠠᠵᠠᠷ᠎ᠤᠨ ᠪᠦᠳᠦᠭᠡᠨ ᠪᠠᠶ᠋ᠢᠭᠤᠯᠤᠯᠲᠠ᠎ᠶᠢ ᠪᠦᠬᠦ ᠬᠦᠴᠦᠨ᠎ᠢᠶᠠᠷ᠎ᠢᠶᠠᠨ ᠠᠬᠢᠭᠤᠯᠵᠤ᠂ 2030 ᠣᠨ ᠪᠣᠯᠬᠤ᠎ᠳᠤ ᠰᠢᠨ᠎ᠡ ᠡᠨᠧᠷᠭᠢ᠎ᠶᠢᠨ ᠮᠠᠰᠢᠨ ᠴᠣᠭᠴᠠᠯᠠᠪᠤᠷᠢ᠎ᠶᠢ 3 ᠳ᠋ᠦᠩᠰᠢᠭᠤᠷ ᠺᠢᠯᠤᠸᠠᠲ᠂ 6000 ᠳ᠋ᠦᠩᠰᠢᠭᠤᠷ ᠭᠷᠠᠳᠦ᠋ᠰ᠎ᠠᠴᠠ ᠳᠠᠪᠠᠭᠤᠯᠬᠤ᠎ᠪᠠᠷ ᠴᠢᠷᠮᠠᠢᠵᠤ ᠪᠠᠢᠨ᠎ᠠ᠃ ᠰᠢᠨ᠎ᠡ ᠬᠡᠯᠪᠡᠷᠢ᠎ᠶᠢᠨ ᠡᠨᠧᠷᠭᠢ ᠨᠥᠭᠡᠴᠡᠯᠡᠬᠦ ᠵᠡᠷᠭᠡ ᠬᠠᠮᠢᠶ᠎ᠠ ᠪᠦᠬᠦᠢ ᠠᠵᠤ ᠦᠢᠯᠡᠰ᠎ᠢ ᠶᠡᠬᠡᠪᠡᠷ ᠬᠥᠭᠵᠢᠭᠦᠯᠵᠦ᠂ ᠪᠣᠬᠢᠷᠲᠤᠯ ᠦᠭᠡᠢ ᠴᠠᠬᠢᠯᠭᠠᠨ᠎ᠢ ᠪᠣᠬᠢᠷᠲᠤᠯ ᠦᠭᠡᠢ ᠤᠰᠤᠲᠥ᠋ᠷᠥᠭᠴᠢ᠂ ᠪᠣᠬᠢᠷᠳᠣᠯ ᠦᠭᠡᠢ ᠰᠢᠪᠲᠦᠷ᠂ ᠪᠣᠬᠢᠷᠳᠣᠯ ᠦᠭᠡᠢ ᠠᠯᠺᠣᠣᠯ ᠪᠣᠯᠭᠠᠨ ᠬᠤᠪᠢᠷᠠᠭᠤᠯᠵᠤ᠂ ᠰᠢᠨ᠎ᠡ ᠡᠨᠧᠷᠭᠢ᠎ᠶᠢᠨ ᠠᠭᠤᠷᠬᠠᠢ᠎ᠶᠢᠨ ᠺᠠᠷᠲ᠂ ᠪᠣᠬᠢᠷᠲᠤᠯ ᠦᠭᠡᠢ ᠣᠶᠤᠨᠴᠢ ᠪᠣᠳᠣᠯᠲᠠ ᠵᠡᠷᠭᠡ ᠬᠤᠷᠠᠭᠤᠯᠤᠨ ᠠᠪᠬᠤ ᠠᠬᠤᠢ ᠪᠠᠶ᠋ᠢᠳᠠᠯ᠎ᠢ ᠥᠷᠭᠡᠳᠬᠡᠵᠦ᠂ ᠰᠢᠨ᠎ᠡ ᠡᠨᠧᠷᠭᠢ᠎ᠶᠢᠨ ᠬᠥᠭᠵᠢᠯᠲᠡ᠎ᠶᠢᠨ ᠳᠠᠪᠠᠭᠤᠯᠢᠭ᠋᠎ᠢ ᠪᠠᠬᠢᠵᠢᠭᠦᠯᠦᠨ᠎ᠡ᠃