ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠠᠨᠳᠠ ᠨᠦᠬᠦᠷᠯᠡᠯ᠎ᠢ ᠵᠤᠵᠠᠭᠠᠳᠬᠠᠭᠰᠠᠨ ᠰᠤᠶᠤᠯ ᠣᠷᠠᠯᠢᠬ᠎ᠤᠨ ᠰᠣᠯᠢᠯᠴᠠᠭ᠎ᠠ — ᠲᠠᠪᠤᠳᠤᠭᠠᠷ ᠬᠤᠭᠤᠴᠠᠭᠠᠨ᠎ᠤ ᠲᠤᠮᠳᠠᠳᠤ ᠮᠤᠨᠭᠭᠤᠯ᠎ᠤᠨ ᠦᠵᠡᠰᠬᠦᠯᠡᠨᠭ᠌᠎ᠤᠨ ᠴᠤᠭᠯᠠᠭᠠᠨ᠎ᠳᠤ ᠵᠤᠷᠢᠭᠤᠯᠤᠭᠰᠠᠨ ᠤᠨᠴᠠ ᠮᠡᠳᠡᠬᠡᠯᠡᠯ③
ᠨᠡᠶ᠋ᠢᠲᠡᠯᠡᠭᠰᠡᠨ ᠴᠠᠭ᠄ 2025-08-18

2025 ᠣᠨ᠎ᠤ 7 ᠰᠠᠷ᠎ᠠ᠎ᠶ᠋ᠢᠨ 13 ᠎ᠤ ᠡᠳᠦᠷ᠂ ᠳᠤᠮᠳᠠᠳᠤ ᠮᠣᠩᠭᠣᠯ᠎ᠤᠨ ᠵᠠᠯᠠᠭᠤᠴᠤᠳ᠎ᠤᠨ ᠰᠣᠶᠣᠯ᠎ᠤᠨ ᠰᠣᠯᠢᠯᠴᠠᠭᠠᠨ᠎ᠤ ᠤᠷᠠᠨ ᠰᠠᠢᠬᠠᠨ᠎ᠤ ᠲᠣᠭ᠍ᠯᠠᠯᠲᠠ ᠬᠦᠬᠡᠬᠤᠳᠠ᠎ᠳᠤ ᠨᠢᠵᠢᠬᠢᠷ ᠰᠠᠢᠬᠠᠨ ᠶᠠᠪᠤᠭᠳᠠᠵᠦ᠂ 《ᠳᠤᠮᠳᠠᠳᠤ᠎ᠳᠤ ᠪᠣᠯᠵᠣᠶ᠎ᠠ》 ᠳᠤᠮᠳᠠᠳᠤ ᠮᠣᠩᠭᠣᠯ᠎ᠤᠨ Z ᠦᠶ᠎ᠡ᠎ᠶ᠋ᠢᠨ ᠵᠠᠯᠠᠭᠤᠰ᠎ᠤᠨ ᠵᠤᠰᠠᠯᠠᠩ᠎ᠤᠨ ᠰᠢᠷᠢᠰ ᠠᠵᠢᠯᠯᠠᠭ᠎ᠠ᠎ᠳᠤ ᠮᠤᠨᠭᠭᠤᠯ ᠤᠯᠤᠰ᠎ᠠᠴᠠ 16 ᠬᠦᠮᠦᠨ᠂ ᠦᠪᠦᠷ ᠮᠤᠨᠭᠭᠤᠯ᠎ᠤᠨ 20 ᠭᠠᠷᠤᠢ ᠬᠦᠮᠦᠨ ᠤᠷᠤᠯᠴᠠᠵᠦ᠂ ᠳᠤᠮᠳᠠᠳᠤ ᠮᠣᠩᠭᠣᠯ ᠬᠣᠶᠠᠷ ᠤᠯᠤᠰ᠎ᠤᠨ ᠵᠠᠯᠠᠭᠤᠴᠤᠳ᠎ᠤᠨ ᠬᠣᠭᠣᠷᠣᠨᠳᠣᠬᠢ ᠨᠥᠬᠥᠷᠰᠡᠭ ᠰᠣᠯᠢᠯᠴᠠᠭ᠎ᠠ᠎ᠶ᠋ᠢ ᠭᠦᠨᠵᠡᠭᠡᠢᠷᠡᠭᠦᠯᠤᠨ᠂ ᠲᠠᠪᠤᠳᠤᠭᠠᠷ ᠬᠤᠭᠤᠴᠠᠭᠠᠨ᠎ᠤ ᠳᠤᠮᠳᠠᠳᠤ ᠮᠣᠩᠭᠣᠯ᠎ᠤᠨ ᠦᠵᠡᠰᠭᠦᠯᠡᠩ᠎ᠤᠨ ᠴᠤᠭ᠍ᠯᠠᠭᠠᠨ᠎ᠤ ᠰᠣᠶᠣᠯ ᠢᠷᠭᠡᠨᠱᠢᠯ᠎ᠤᠨ ᠰᠣᠯᠢᠯᠴᠠᠭᠠᠨ᠎ᠤ ᠬᠦᠰᠢᠭᠡ᠎ᠶ᠋ᠢ ᠰᠡᠬᠦᠭᠰᠡᠨ ᠶᠤᠮ᠃

ᠳᠤᠮᠳᠠᠳᠤ ᠮᠣᠩᠭᠣᠯ᠎ᠤᠨ ᠦᠵᠡᠰᠭᠦᠯᠡᠩ᠎ᠤᠨ ᠴᠤᠭ᠍ᠯᠠᠭᠠᠨ ᠨᠢ ᠠᠵᠤ ᠠᠬᠤᠶ ᠠᠷᠠᠯᠵᠢᠶ᠎ᠠ ᠬᠤᠳᠠᠯᠳᠤᠭ᠎ᠠ᠎ᠶ᠋ᠢᠨ ᠬᠠᠮᠲᠤᠷᠠᠯᠴᠠᠭ᠎ᠠ ᠪᠣᠯᠬᠤ᠎ᠪᠠᠷ ᠪᠠᠷᠠᠬᠤ ᠦᠬᠡᠢ ᠪᠠᠰᠠ ᠰᠤᠶᠤᠯ ᠤᠷᠠᠯᠢᠭ᠎ᠤᠨ ᠰᠣᠯᠢᠯᠴᠠᠭ᠎ᠠ ᠲᠤᠯᠢᠳᠠᠯ ᠪᠤᠯᠵᠤ᠂ ᠬᠠᠮᠢᠶ᠎ᠠ ᠪᠦᠬᠦᠢ ᠤᠯᠤᠰ ᠪᠠ ᠡᠯ᠎ᠠ ᠡᠳᠡᠬᠡᠳ᠎ᠤᠨ ᠠᠨᠳᠠ ᠨᠦᠬᠦᠷᠯᠡᠯ᠎ᠢ ᠤᠯᠠᠮ ᠵᠤᠵᠠᠭᠠᠳᠬᠠᠭᠰᠠᠨ ᠪᠠᠢᠨ᠎ᠠ᠃

2015 ᠣᠨ᠎ᠤ 10 ᠰᠠᠷ᠎ᠠ᠎ᠶ᠋ᠢᠨ 23 ᠎ᠤ ᠡᠳᠦᠷ᠂ ᠳᠤᠮᠳᠠᠳᠤ ᠮᠣᠩᠭᠣᠯ᠎ᠤᠨ ᠬᠡᠷᠡᠯ ᠵᠢᠷᠤᠭ ᠲᠣᠰᠣᠨ ᠵᠢᠷᠤᠭ᠎ᠤᠨ ᠦᠵᠡᠰᠭᠦᠯᠡᠩ᠎ᠳᠤ 60 ᠭᠠᠷᠤᠶ ᠪᠦᠲᠦᠭᠡᠯ᠎ᠢ ᠳᠡᠯᠭᠡᠨ ᠦᠵᠡᠭᠦᠯᠵᠦ᠂ ᠰᠦᠷ ᠵᠢᠪᠬᠤᠯᠠᠩᠲᠤ ᠪᠠᠢᠭᠠᠯᠢ᠎ᠶ᠋ᠢᠨ ᠦᠵᠡᠮᠵᠢ᠂ ᠲᠡᠦᠬᠡ᠎ᠶ᠋ᠢᠨ ᠢᠮ ᠲᠠᠮᠠᠭ᠎ᠠ᠂ ᠪᠣᠷᠣᠭ᠍ᠵᠢᠭᠤᠨ ᠲᠥᠪᠯᠡᠭᠦᠨ ᠦᠨᠳᠦᠰᠦᠲᠡᠨ᠎ᠤ ᠳᠦᠷᠰᠦ ᠪᠠᠢᠳᠠᠯ᠂ ᠠᠮᠤᠭᠤᠯᠠᠩ ᠳᠠᠢᠪᠤᠩ ᠠᠮᠢᠳᠤᠷᠠᠯ ᠠᠬᠤᠢ᠎ᠶ᠋ᠢ ᠳᠡᠯᠭᠡᠨ ᠦᠵᠡᠭᠦᠯᠵᠦ᠂ ᠰᠢᠯᠢᠳᠡᠭ ᠤᠳᠬ᠎ᠠ ᠤᠷᠠᠯᠢᠭ᠎ᠤᠨ ᠪᠦᠳᠦᠭᠡᠯ᠎ᠢᠶᠡᠷ ᠲᠤᠮᠳᠠᠳᠦ ᠮᠤᠨᠭᠭᠤᠯ ᠬᠤᠶᠠᠷ ᠤᠯᠤᠰ᠎ᠤᠨ ᠠᠷᠠᠳ ᠲᠦᠮᠡᠨ᠎ᠤ ᠤᠢᠯᠠᠭᠠᠯᠴᠠᠭ᠎ᠠ ᠰᠤᠯᠢᠯᠴᠠᠭ᠎ᠠ᠎ᠶ᠋ᠢ ᠨᠡᠮᠡᠭᠳᠡᠬᠦᠯᠵᠦ᠂ ᠰᠤᠶᠤᠯ ᠤᠷᠠᠯᠢᠭ᠎ᠤᠨ ᠬᠦᠷᠢᠶ᠎ᠠ ᠴᠠᠷᠠᠭ᠎ᠠ᠎ᠶ᠋ᠢᠨ ᠰᠤᠯᠢᠯᠴᠠᠭ᠎ᠠ ᠲᠤᠯᠢᠳᠠᠯ᠎ᠢ ᠠᠬᠢᠭᠤᠯᠪᠠ᠃ ᠠᠩᠬᠠᠳᠤᠭᠠᠷ ᠬᠤᠭᠤᠴᠠᠭᠠᠨ᠎ᠤ ᠳᠤᠮᠳᠠᠳᠤ ᠮᠣᠩᠭᠣᠯ᠎ᠤᠨ ᠦᠵᠡᠰᠭᠦᠯᠡᠩ᠎ᠤᠨ ᠴᠤᠭ᠍ᠯᠠᠭᠠᠨ ᠡᠢᠨ ᠬᠦ᠌ ᠬᠦᠬᠡᠬᠤᠳᠠ᠎ᠳᠤ ᠨᠢᠵᠢᠬᠢᠷ ᠶᠠᠪᠤᠭ᠍ᠳᠠᠵᠤ᠂ ᠳᠤᠮᠳᠠᠳᠤ ᠮᠣᠩᠭᠣᠯ᠎ᠤᠨ ᠰᠣᠶᠣᠯ᠎ᠤᠨ ᠰᠣᠯᠢᠯᠴᠠᠭᠠᠨ᠎ᠤ ᠭᠠᠷᠠᠭ᠎ᠤᠨ ᠡᠬᠢᠯᠡᠯᠲᠡ᠎ᠶ᠋ᠢᠨ ᠦᠳᠡᠱᠢᠯᠡᠭᠡ᠎ᠳᠤ ᠬᠣᠶᠠᠷ ᠤᠯᠤᠰ᠎ᠤᠨ ᠤᠷᠠᠯᠢᠭ᠍ᠴᠢᠳ ᠬᠠᠮᠳᠤᠷᠠᠭᠰᠠᠨ ᠲᠣᠭ᠍ᠯᠠᠯᠲᠠ ᠭᠠᠷᠭᠠᠨ᠂ ᠦᠵᠡᠰᠭᠦᠯᠡᠩ᠎ᠤᠨ ᠴᠤᠭ᠍ᠯᠠᠭᠠᠨ᠎ᠤ ᠬᠤᠭᠤᠴᠠᠭᠠᠨ᠎ᠳᠤ ᠳᠤᠮᠳᠠᠳᠤ ᠮᠣᠩᠭᠣᠯ᠎ᠤᠨ ᠭᠡᠷᠡᠯ ᠵᠢᠷᠤᠭ ᠲᠤᠰᠤᠨ ᠪᠤᠳᠤᠭ᠎ᠤᠨ ᠵᠢᠷᠤᠭ᠎ᠤᠨ ᠦᠵᠡᠭᠦᠯᠭᠡ᠎ᠶ᠋ᠢ ᠰᠤᠨᠢᠷᠬᠠᠭᠰᠠᠨ ᠬᠦᠮᠦᠨ 20 ᠲᠦᠮᠡᠨ ᠬᠥᠮᠦᠨ ᠤᠳᠠᠭ᠎ᠠ᠎ᠶ᠋ᠢ ᠲᠠᠪᠠᠭᠰᠠᠨ ᠪᠢᠯᠡ᠃ 

ᠠᠩᠬᠠᠳᠤᠭᠠᠷ ᠬᠤᠭᠤᠴᠠᠭᠠᠨ᠎ᠤ 《ᠲᠠᠯ᠎ᠠ ᠨᠤᠲᠤᠭ᠎ᠤᠨ ᠪᠣᠯᠵᠣᠭ᠎ᠠ》 ᠣᠯᠠᠨ ᠤᠯᠤᠰ᠎ᠤᠨ ᠨᠡᠭᠦᠳᠡᠯ ᠮᠠᠯᠵᠢᠯ᠎ᠤᠨ ᠳᠠᠭᠤᠤ ᠬᠥᠭ᠌ᠵᠢᠮ᠎ᠤᠨ ᠨᠠᠢᠷ 2017 ᠣᠨ᠎ᠤ 9 ᠰᠠᠷ᠎ᠠ᠎ᠶ᠋ᠢᠨ 27 ᠎ᠤ ᠡᠳᠦᠷ ᠬᠦᠬᠡᠬᠤᠳᠠ᠎ᠳᠤ ᠶᠠᠪᠤᠭᠳᠠᠵᠦ᠂ ᠮᠣᠩᠭᠣᠯ᠂ ᠣᠷᠣᠰ᠂ ᠺᠠᠽᠠᠭ᠍ᠰᠲ᠋ᠠᠨ᠎ᠤ ᠤᠷᠠᠯᠢᠭ᠍ᠴᠢᠳ ᠪᠤᠯᠤᠨ ᠳᠤᠮᠳᠠᠳᠤ ᠤᠯᠤᠰ᠎ᠤᠨ ᠱᠢᠯᠢᠳᠡᠭ ᠤᠷᠠᠯᠢᠭ᠍ᠴᠳ ᠬᠠᠮᠲᠤ᠎ᠪᠠᠷ ᠲᠣᠭ᠍ᠯᠠᠯᠲᠠ ᠭᠠᠷᠭᠠᠵᠤ᠂ ᠬᠤᠶᠠᠳᠤᠭᠠᠷ ᠬᠤᠭᠤᠴᠠᠭᠠᠨ᠎ᠤ ᠳᠤᠮᠳᠠᠳᠤ ᠮᠣᠩᠭᠣᠯ᠎ᠤᠨ ᠦᠵᠡᠰᠭᠦᠯᠡᠩ᠎ᠤᠨ ᠴᠤᠭ᠍ᠯᠠᠭᠠᠨ᠎ᠤ ᠬᠢᠯᠠᠰ ᠴᠡᠭ ᠪᠤᠯᠵᠠᠢ᠃

2019 ᠣᠨ᠎ᠳᠤ᠂ ᠮᠣᠩᠭᠣᠯ ᠤᠯᠤᠰ᠎ᠤᠨ ᠳᠠᠭᠤᠯᠠᠯᠳᠦ ᠵᠦᠴᠦᠭᠡ 《ᠤᠴᠢᠷᠳᠠᠢ ᠭᠤᠷᠪᠠᠨ ᠲᠤᠯᠤᠭᠠᠢ》᠂ ᠲᠣᠷᠭᠠᠨ ᠵᠠᠮ ᠪᠣᠯᠤᠨ ᠶᠤᠸᠠᠨ ᠤᠯᠤᠰ᠎ᠤᠨ ᠬᠥᠬᠡ ᠬᠤᠸᠠᠷᠲᠤ ᠱᠠᠭᠠᠵᠠᠩ᠎ᠤᠨ ᠣᠯᠠᠨ ᠤᠯᠤᠰ᠎ᠤᠨ ᠡᠷᠳᠡᠮ ᠱᠢᠨᠵᠢᠯᠡᠭᠡᠨ᠎ᠤ ᠰᠤᠳᠤᠯᠤᠨ ᠶᠠᠷᠢᠯᠴᠠᠬᠤ ᠬᠤᠷᠠᠯ᠂ ᠵᠡᠭᠦᠨ ᠬᠣᠢᠲᠤ ᠠᠽᠢᠶ᠎ᠠ᠎ᠶ᠋ᠢᠨ ᠤᠯᠤᠰ᠎ᠤᠳ᠎ᠤᠨ ᠲᠣᠰᠣᠨ ᠪᠤᠳᠤᠭ᠎ᠤᠨ ᠵᠢᠷᠤᠭ᠎ᠤᠨ ᠦᠵᠡᠰᠭᠦᠯᠡᠩ ᠵᠡᠷᠭᠡ ᠣᠯᠠᠨ ᠵᠦᠶ᠋ᠯ᠎ᠤᠨ ᠰᠤᠶᠤᠯ ᠤᠷᠠᠯᠢᠭ᠎ᠤᠨ ᠠᠵᠢᠯᠯᠠᠭ᠎ᠠ ᠶᠠᠪᠤᠭᠳᠠᠵᠦ᠂ ᠭᠤᠷᠪᠠᠳᠤᠭᠠᠷ ᠬᠤᠭᠤᠴᠠᠭᠠᠨ᠎ᠤ ᠲᠤᠮᠳᠠᠳᠤ ᠮᠤᠩᠭᠤᠯ᠎ᠤᠨ ᠦᠵᠡᠰᠭᠦᠯᠡᠩ᠎ᠤᠨ ᠴᠤᠭᠯᠠᠭᠠᠨ᠎ᠤ ᠰᠠᠢᠬᠠᠨ ᠲᠤᠷᠠᠳᠬᠠᠯ ᠪᠣᠯᠵᠠᠢ᠃ 

2023 ᠤᠨ᠎ᠳᠤ᠂ 《ᠦᠪᠦᠷ ᠮᠤᠨᠭᠭᠤᠯ᠎ᠤᠨ ᠦᠨᠦᠷ ᠠᠮᠳᠠ》 ᠵᠢᠴᠢ ᠤᠯᠠᠨ ᠤᠯᠤᠰ᠎ᠤᠨ ᠠᠮᠳᠠᠳᠦ ᠢᠳᠡᠭᠡᠨ᠎ᠤ ᠰᠤᠶᠤᠯ᠎ᠤᠨ ᠰᠤᠯᠢᠯᠴᠠᠭᠠᠨ᠎ᠤ ᠠᠵᠢᠯᠯᠠᠭ᠎ᠠ᠎ᠶ᠋ᠢ ᠠᠩᠬ᠎ᠠ ᠤᠳᠠᠭ᠎ᠠ ᠲᠤᠮᠳᠠᠳᠦ ᠮᠤᠨᠭᠭᠤᠯ᠎ᠤᠨ ᠦᠵᠡᠰᠬᠦᠯᠡᠩ᠎ᠤᠨ ᠴᠤᠭᠯᠠᠭᠠᠨ᠎ᠳᠤ ᠤᠷᠤᠭᠤᠯᠵᠦ᠂ ᠰᠢᠨᠡᠴᠢᠯᠠᠯᠳᠠ ᠲᠠᠢ᠂ ᠳᠠᠪᠰᠢᠯᠳᠠ ᠲᠠᠢ ᠦᠵᠡᠰᠬᠦᠯᠡᠩ᠎ᠤᠨ ᠴᠤᠭᠯᠠᠭᠠᠨ ᠨᠢ ᠬᠦᠮᠦᠰ᠎ᠤᠨ ᠬᠦᠷᠢᠶᠡᠯᠡᠯ᠎ᠢ ᠤᠯᠵᠦ᠂ ᠨᠡᠩ ᠦᠷᠭᠡᠨ ᠬᠦᠷᠢᠶ᠎ᠠ ᠴᠠᠷᠠᠭ᠎ᠠ᠂ ᠨᠡᠩ ᠬᠦᠨ ᠳᠠᠪᠬᠤᠷᠭ᠎ᠠ᠎ᠠᠴᠠ ᠰᠤᠶᠤᠯ᠎ᠤᠨ ᠬᠠᠷᠢᠯᠴᠠᠭ᠎ᠠ ᠰᠤᠯᠢᠯᠴᠠᠭ᠎ᠠ ᠲᠤᠯᠢᠳᠠᠯ ᠬᠢᠵᠦ᠂ ᠲᠤᠮᠳᠠᠳᠦ ᠮᠤᠨᠭᠭᠤᠯ ᠬᠤᠶᠠᠷ ᠤᠯᠤᠰ᠎ᠤᠨ ᠬᠠᠷᠢᠯᠴᠠᠭ᠎ᠠ ᠨᠦᠬᠦᠷᠯᠡᠯ᠎ᠳᠤ ᠴᠢᠮᠡᠭ ᠨᠡᠮᠡᠵᠡᠢ᠃

ᠲᠣᠷᠭᠠᠨ ᠵᠠᠮ ᠰᠤᠨᠤᠯᠵᠠᠵᠦ᠂ ᠰᠣᠶᠣᠯ ᠤᠷᠠᠯᠢᠭ᠎ᠤᠨ ᠰᠣᠯᠢᠯᠴᠠᠭ᠎ᠠ ᠨᠢᠭᠳᠠᠷᠠᠨ᠂ ᠨᠠᠢᠵᠠ᠎ᠶ᠋ᠢᠨ ᠬᠠᠷᠢᠴᠠᠭ᠎ᠠ ᠵᠤᠵᠠᠭᠠᠷᠠᠨ᠎ᠠ᠃ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭ᠎ᠠ ᠨᠢ ᠳᠤᠮᠳᠠᠳᠤ ᠮᠣᠩᠭᠣᠯ᠎ᠤᠨ ᠬᠣᠭᠣᠷᠣᠨᠳᠣᠬᠢ ᠠᠵᠤ ᠠᠬᠤᠶ᠎ᠶ᠋ᠢᠨ ᠬᠠᠷᠢᠴᠠᠭ᠎ᠠ ᠬᠣᠯᠪᠣᠭ᠎ᠠ᠎ᠶ᠋ᠢ ᠡᠳᠦᠷ ᠢᠷᠡᠬᠦᠶ᠎ᠡ ᠨᠢᠭ᠍ᠲᠠᠷᠠᠭᠤᠯᠤᠭᠰᠠᠨ ᠪᠤᠯ ᠰᠣᠶᠣᠯ ᠤᠷᠠᠯᠢᠭ᠎ᠤᠨ ᠰᠤᠯᠢᠯᠴᠠᠭ᠎ᠠ ᠨᠢ ᠬᠣᠶᠠᠷ ᠤᠯᠤᠰ᠎ᠤᠨ ᠠᠷᠠᠳ ᠲᠦᠮᠡᠨ᠎ᠤ ᠨᠦᠬᠦᠷᠯᠡᠯ᠎ᠢ ᠲᠠᠰᠤᠷᠠᠯᠲᠠ ᠥᠬᠡᠶ ᠭᠦᠨᠵᠡᠭᠡᠢᠷᠡᠭᠦᠯᠪᠠ᠃ 

2019 ᠣᠨ᠎ᠳᠤ ᠳᠤᠮᠳᠠᠳᠤ ᠮᠣᠩᠭᠣᠯ ᠬᠣᠶᠠᠷ ᠤᠯᠤᠰ᠎ᠤᠨ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 70 ᠵᠢᠯ᠎ᠤᠨ ᠤᠢ ᠲᠤᠬᠢᠶᠠᠵᠦ᠂ 《ᠳᠤᠮᠳᠠᠳᠤ ᠤᠯᠤᠰ᠎ᠢ ᠮᠡᠳᠡᠷᠡᠬᠦᠢ》 ᠳᠤᠮᠳᠠᠳᠤ ᠮᠣᠩᠭᠣᠯ᠎ᠤᠨ ᠬᠠᠷᠢᠯᠴᠠᠭ᠎ᠠ ᠪᠠᠢᠭᠤᠯᠤᠭ᠍ᠰᠠᠨ 70 ᠵᠢᠯ᠎ᠤᠨ ᠤᠢ᠎ᠶ᠋ᠢ ᠳᠤᠷᠠᠰᠭᠠᠬᠤ ᠱᠢᠷᠢᠰ ᠰᠣᠶᠣᠯ᠎ᠤᠨ ᠠᠵᠢᠯᠯᠠᠭ᠎ᠠ ᠮᠣᠩᠭᠣᠯ ᠤᠯᠤᠰ᠎ᠤᠨ ᠨᠡᠢᠰᠯᠡᠯ ᠤᠯᠠᠭᠠᠨᠪᠠᠭᠠᠲᠤᠷ᠎ᠲᠤ ᠶᠠᠪᠤᠭᠳᠠᠨ᠂ ᠦᠵᠡᠰᠬᠦᠯᠡᠩ ᠦᠵᠡᠭᠦᠯᠭᠡ᠂ ᠤᠷᠠᠨ ᠰᠠᠢᠬᠠᠨ᠎ᠤ ᠲᠣᠭ᠍ᠯᠠᠯᠲᠠ᠂ ᠺᠢᠨᠣ᠋᠎ᠶ᠋ᠢᠨ ᠦᠵᠡᠭᠦᠯᠭᠡ᠂ ᠮᠣᠩᠭᠣᠯ ᠡᠮᠨᠡᠯᠭᠡ᠎ᠶ᠋ᠢᠨ ᠠᠯᠪᠠᠨ ᠵᠢᠷᠤᠮ᠎ᠤᠨ ᠡᠮᠴᠢᠯᠡᠭᠡ᠂ ᠪᠡᠶ᠎ᠡ᠎ᠶ᠋ᠢᠨ ᠲᠠᠮᠢᠷ᠎ᠤᠨ ᠰᠣᠯᠢᠯᠴᠠᠭ᠎ᠠ᠂ ᠵᠢᠭᠤᠯᠴᠢᠯᠠᠯ᠎ᠤᠨ ᠲᠠᠨᠢᠯᠴᠠᠭᠤᠯᠭ᠎ᠠ ᠵᠡᠷᠭᠡ᠎ᠶ᠋ᠢ ᠪᠠᠭ᠍ᠲᠠᠭᠠᠭ᠍ᠰᠠᠨ 20 ᠭᠠᠷᠤᠶ ᠵᠦᠢᠯ᠎ᠤᠨ ᠠᠵᠢᠯᠯᠠᠭ᠎ᠠ ᠶᠠᠪᠤᠭᠳᠠᠵᠠᠢ᠃ 《ᠮᠠᠨ᠎ᠤ ᠨᠥᠬᠥᠷᠯᠡᠯ ᠬᠡᠷᠡᠯ ᠵᠢᠷᠤᠭ᠎ᠤᠨ ᠦᠵᠡᠰᠭᠦᠯᠡᠩ》᠂ 《ᠳᠤᠮᠳᠠᠳᠤ ᠤᠯᠤᠰ᠎ᠤᠨ ᠬᠠᠳᠭᠤᠮᠠᠯ ᠤᠷᠠᠯᠢᠭ᠎ᠤᠨ ᠦᠵᠡᠰᠭᠦᠯᠡᠩ》᠂ 《ᠲᠦᠮᠡᠨ ᠭᠠᠵᠠᠷ᠎ᠤᠨ ᠴᠠᠶ᠎ᠶ᠋ᠢᠨ ᠵᠠᠮ᠎ᠤᠨ ᠦᠵᠡᠰᠭᠦᠯᠡᠩ》᠂ 《ᠮᠣᠩᠭᠣᠯ ᠮᠣᠷᠢᠨ᠎ᠤ ᠤᠷᠠᠨ ᠵᠢᠷᠤᠭ᠎ᠤᠨ ᠪᠦᠲᠦᠭᠡᠯ᠎ᠤᠨ ᠦᠵᠡᠰᠭᠦᠯᠡᠩ》ᠨᠢ ᠮᠣᠩᠭᠣᠯ ᠤᠯᠤᠰ᠎ᠤᠨ ᠦᠵᠡᠭ᠌ᠴᠢᠳ᠎ᠲᠤ ᠳᠤᠮᠳᠠᠳᠤ ᠤᠯᠤᠰ᠎ᠤᠨ ᠤᠯᠠᠮᠵᠢᠯᠠᠯᠲᠤ ᠰᠣᠶᠣᠯ᠎ᠢ ᠨᠠᠩ ᠭᠦᠨᠵᠡᠭᠡᠶ ᠣᠢᠯᠠᠭᠠᠭᠤᠯᠤᠭᠰᠠᠨ ᠠᠵᠢ᠃ 

ᠺᠢᠨᠣ᠋ ᠵᠦᠴᠦᠭᠡ ᠪᠤᠯ ᠰᠣᠶᠣᠯ ᠤᠷᠠᠯᠢᠭ᠎ᠤᠨ ᠰᠤᠯᠢᠯᠴᠠᠭ᠎ᠠ᠎ᠶ᠋ᠢᠨ ᠴᠢᠬᠤᠯᠠ ᠠᠴᠢᠶᠠᠯᠠᠪᠤᠷᠢ ᠶᠤᠮᠰᠠᠨ᠃ 2018 ᠣᠨ᠎ᠠᠴᠠ ᠡᠬᠢᠯᠡᠨ᠂ ᠥᠪᠥᠷ ᠮᠣᠩᠭᠣᠯ᠎ᠤᠨ ᠦᠨᠳᠦᠰᠦᠲᠡᠨ᠎ᠤ ᠬᠡᠯᠡᠨ᠎ᠤ ᠺᠢᠨᠣ᠋ ᠣᠷᠴᠢᠭᠤᠯᠤᠨ ᠦᠶ᠋ᠯᠡᠳᠬᠦ᠌ ᠲᠥᠪ 4 ᠵᠢᠯ ᠳᠠᠷᠠᠭᠠᠯᠠᠨ ᠮᠣᠩᠭᠣᠯ ᠤᠯᠤᠰ᠎ᠲᠤ 《ᠳᠤᠮᠳᠠᠳᠤ ᠤᠯᠤᠰ᠎ᠤᠨ ᠺᠢᠨᠣ᠋᠎ᠶ᠋ᠢᠨ ᠳᠡᠯᠭᠡᠨ ᠦᠵᠡᠭᠦᠯᠭᠡ》᠎ᠶ᠋ᠢᠨ ᠠᠵᠢᠯᠯᠠᠭ᠎ᠠ ᠶᠠᠪᠤᠭᠤᠯᠵᠦ᠍᠂ ᠠᠳᠠᠯᠢ ᠪᠤᠰᠤ ᠰᠡᠳᠦᠪ᠂ ᠠᠳᠠᠯᠢ ᠪᠤᠰᠤ ᠲᠥᠷᠥᠯ ᠬᠡᠯᠪᠡᠷᠢ᠎ᠶ᠋ᠢᠨ ᠱᠢᠯᠢᠳᠡᠭ ᠺᠢᠨᠣ᠋᠎ᠶ᠋ᠢ ᠣᠷᠴᠢᠭᠤᠯᠤᠨ ᠬᠦᠷᠭᠡᠵᠦ᠂ ᠠᠳᠠᠯᠢ ᠪᠤᠰᠤ ᠬᠠᠷᠠᠭᠠᠰᠤ᠎ᠠᠴᠠ ᠳᠤᠮᠳᠠᠳᠤ ᠤᠯᠤᠰ᠎ᠤᠨ ᠨᠡᠢᠭᠡᠮ ᠪᠠ ᠳᠤᠮᠳᠠᠳᠤ ᠤᠯᠤᠰ᠎ᠤᠨ ᠠᠷᠠᠳ ᠲᠦᠮᠡᠨ᠎ᠤ ᠠᠮᠢᠳᠤᠷᠠᠯ᠎ᠤᠨ ᠬᠤᠪᠢᠷᠠᠯᠲᠠ ᠬᠦᠭᠵᠢᠯᠳᠡ᠎ᠶ᠋ᠢ ᠳᠡᠯᠭᠡᠨ ᠦᠵᠡᠭᠦᠯᠵᠦ᠍᠂ ᠺᠢᠨᠣ᠋ ᠵᠦᠴᠦᠭᠡ᠎ᠶ᠋ᠢᠨ ᠬᠡᠯᠪᠡᠷᠢ᠎ᠪᠠᠷ ᠰᠣᠶᠣᠯ ᠤᠷᠠᠯᠢᠭ᠎ᠤᠨ ᠰᠣᠯᠢᠯᠴᠠᠭ᠎ᠠ ᠪᠠ ᠪᠣᠯᠪᠠᠰᠤᠨ᠎ᠢ ᠬᠠᠷᠢᠯᠴᠠᠨ ᠲᠣᠯᠢᠳᠠᠵᠤ᠂ ᠭᠤᠤ᠎ᠠ ᠰᠠᠢᠬᠠᠨ᠎ᠢ ᠬᠠᠮᠲᠤ᠎ᠪᠠᠷ ᠡᠳ᠋ᠯᠡᠪᠡ᠃ 

ᠰᠤᠶᠤᠯ ᠪᠣᠯᠪᠠᠰᠤᠨ ᠶᠡᠷᠤ ᠨᠢ ᠰᠣᠯᠢᠯᠴᠠᠭ᠎ᠠ᠎ᠪᠠᠷ ᠲᠠᠮᠵᠢᠨ ᠳᠡᠯᠭᠡᠷᠡᠵᠦ᠍᠂ ᠬᠠᠷᠢᠯᠴᠠᠨ ᠲᠣᠯᠢᠯᠠᠬᠤ᠎ᠪᠠᠷ ᠳᠠᠮᠵᠢᠨ ᠪᠠᠶᠠᠯᠢᠭᠵᠢᠳᠠᠭ᠃ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠪᠣᠯᠤᠭ᠍ᠰᠠᠨ᠎ᠤ ᠬᠤᠪᠢ᠎ᠳᠤ᠂ ᠮᠠᠨ᠎ᠤ ᠤᠷᠤᠨ ᠣᠯᠠᠨ ᠵᠦᠶ᠋ᠯ᠎ᠤᠨ ᠰᠣᠶᠣᠯ ᠤᠷᠠᠯᠢᠭ᠎ᠤᠨ ᠰᠣᠯᠢᠯᠴᠠᠭᠠᠨ᠎ᠤ ᠠᠵᠢᠯᠯᠠᠭ᠎ᠠ ᠦᠷᠨᠢᠬᠦᠯᠵᠤ ᠳᠤᠮᠳᠠᠳᠤ ᠮᠣᠩᠭᠣᠯ᠎ᠤᠨ ᠠᠵᠤ ᠠᠬᠤᠶ᠎ᠶ᠋ᠢᠨ ᠬᠣᠩᠭᠢᠯ᠎ᠢ ᠴᠢᠮᠡᠭ᠌ᠯᠡᠭᠰᠡᠨ ᠶᠤᠮ᠃ 

2023 ᠤᠨ᠎ᠤ 8 ᠰᠠᠷ᠎ᠠ᠎ᠶ᠋ᠢᠨ 15 ᠎ᠤ ᠡᠳᠦᠷ᠂ ᠥᠪᠥᠷ ᠮᠣᠩᠭᠣᠯ᠎ᠤᠨ ᠦᠪᠡᠷᠳᠡᠬᠡᠨ ᠵᠠᠰᠠᠬᠤ ᠤᠷᠤᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠡᠷᠭᠢᠯᠡᠭ᠌ᠰᠡᠨ 《ᠨᠥᠬᠥᠷᠯᠡᠯ ᠡᠩᠬᠡ ᠲᠠᠢᠪᠤᠩ ᠵᠠᠯᠠᠭᠤ ᠡᠯᠴᠢ》 ᠳᠤᠮᠳᠠᠳᠤ ᠣᠷᠣᠰ ᠮᠣᠩᠭᠣᠯ᠎ᠤᠨ ᠲᠦᠮᠡᠨ ᠭᠠᠵᠠᠷ᠎ᠤᠨ ᠴᠠᠶ᠎ᠶ᠋ᠢᠨ ᠵᠠᠮ᠎ᠤᠨ ᠵᠠᠯᠠᠭᠤᠴᠤᠳ ᠪᠠᠭᠠᠴᠤᠳ᠎ᠤᠨ ᠵᠢᠭᠤᠯᠴᠢᠯᠠᠯ᠎ᠤᠨ ᠵᠤᠰᠠᠯᠠᠩ᠎ᠤᠨ ᠠᠩᠬᠠᠨ᠎ᠤ ᠥᠷᠲᠡᠭᠡ ᠮᠠᠨᠵᠤᠤᠷ ᠬᠣᠲᠠ᠎ᠳᠤ ᠬᠥᠷᠴᠠᠢ᠃ ᠳᠤᠮᠳᠠᠳᠤ ᠤᠷᠤᠰ ᠮᠣᠩᠭᠣᠯ ᠭᠤᠷᠪᠠᠨ ᠤᠯᠤᠰ᠎ᠤᠨ 70 ᠭᠠᠷᠤᠢ ᠵᠠᠯᠠᠭᠤᠴᠤᠳ ᠪᠠᠭᠠᠴᠤᠳ ᠨᠥᠬᠥᠷᠯᠡᠯ᠎ᠤᠨ 《ᠪᠢᠴᠢᠬᠠᠨ ᠡᠯᠴᠢ》ᠵᠢᠨ ᠬᠤᠪᠢ᠎ᠪᠠᠷ ᠳᠤᠮᠳᠠᠳᠤ ᠤᠯᠤᠰ᠎ᠤᠨ ᠤᠯᠠᠮᠵᠢᠯᠠᠯᠲᠤ ᠰᠣᠶᠣᠯ᠎ᠢ ᠣᠢᠯᠠᠭᠠᠪᠠ᠃ ᠳᠤᠮᠳᠠᠳᠤ ᠣᠷᠣᠰ ᠮᠣᠩᠭᠣᠯ ᠭᠤᠷᠪᠠᠨ ᠤᠯᠤᠰ᠎ᠲᠤ ᠡᠭᠡᠯᠵᠢᠯᠡᠨ ᠶᠠᠪᠤᠭᠳᠠᠬᠤ 《ᠨᠥᠬᠥᠷᠯᠡᠯ ᠡᠩᠬᠡ ᠲᠠᠢᠪᠤᠩ ᠵᠠᠯᠠᠭᠤ ᠡᠯᠴᠢ》 ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠠᠵᠢᠯᠯᠠᠭ᠎ᠠ ᠦᠨᠤ ᠨᠢᠬᠡᠨᠳᠡ ᠣᠯᠠᠨ ᠤᠯᠤᠰ᠎ᠤᠨ ᠰᠤᠶᠤᠯ ᠵᠢᠭᠤᠯᠴᠢᠯᠠᠯ᠎ᠤᠨ ᠲᠦᠷᠦᠯ ᠲᠡᠮᠳᠡᠭ ᠪᠣᠯᠤᠭᠰᠠᠨ ᠪᠢᠯᠡ᠃ 

2019 ᠣᠨ᠎ᠳᠤ᠂ ᠮᠣᠩᠭᠣᠯ ᠤᠯᠤᠰ ᠲᠦ᠍ ᠶᠠᠪᠤᠭ᠍ᠳᠠᠭ᠍ᠰᠠᠨ 《ᠶᠡᠬᠡ ᠯᠢᠶᠣᠤ ᠤᠯᠤᠰ᠎ᠤᠨ ᠬᠢᠳᠠᠨ — ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠯᠢᠶᠣᠤ ᠤᠯᠤᠰ᠎ᠤᠨ ᠦᠶ᠎ᠡ᠎ᠶ᠋ᠢᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠤᠨ ᠰᠣᠳᠣᠨ ᠪᠦᠲᠦᠭᠡᠯ᠎ᠤᠨ ᠦᠵᠡᠰᠭᠦᠯᠡᠩ》ᠳ᠋ᠦ 450 ᠬᠤᠪᠢ ᠰᠣᠳᠣᠨ ᠲᠡᠦᠬᠡ᠎ᠶ᠋ᠢᠨ ᠳᠤᠷᠠᠰᠭᠠᠯᠲᠤ ᠵᠦᠶ᠋ᠯ ᠨᠢ ᠮᠣᠩᠭᠣᠯ ᠤᠯᠤᠰ᠎ᠤᠨ ᠦᠵᠡᠭ᠌ᠴᠢᠳ᠎ᠲᠤ ᠳᠤᠮᠳᠠᠳᠤ ᠤᠯᠤᠰ᠎ᠤᠨ ᠰᠣᠶᠣᠯ᠎ᠤᠨ ᠪᠠᠶᠠᠯᠢᠭ ᠰᠠᠢᠬᠠᠨ᠎ᠢ ᠮᠡᠳᠡᠷᠡᠭᠦᠯᠪᠡ᠃ ᠮᠠᠨ᠎ᠤ ᠤᠯᠤᠰ᠎ᠤᠨ ᠬᠠᠭᠤᠴᠢ ᠰᠤᠳᠤᠯᠤᠯ᠎ᠤᠨ ᠠᠵᠢᠯᠲᠠᠳ ᠪᠠᠰᠠ ᠮᠣᠩᠭᠣᠯ ᠤᠯᠤᠰ᠎ᠤᠨ ᠬᠠᠮᠢᠶ᠎ᠠ ᠪᠦᠬᠦᠢ ᠪᠠᠢᠭᠤᠯᠭ᠎ᠠ ᠨᠢᠭᠡᠴᠢ ᠲᠠᠢ ᠬᠠᠮᠳᠤᠷᠠᠨ ᠬᠠᠭᠤᠴᠢ ᠰᠤᠳᠤᠯᠤᠯ᠎ᠤᠨ ᠬᠣᠯᠪᠣᠭᠠᠲᠤ ᠠᠩᠭᠢ᠎ᠶ᠋ᠢ ᠪᠠᠢᠭᠤᠯᠵᠤ᠂ 《ᠲᠠᠯ᠎ᠠ ᠨᠤᠲᠤᠭ᠎ᠤᠨ ᠲᠣᠷᠭᠠᠨ ᠵᠠᠮ᠎ᠤᠨ ᠬᠠᠭᠤᠴᠢ ᠰᠤᠳᠤᠯᠤᠯ ᠬᠢᠭᠡᠳ ᠲᠦᠮᠡᠨ ᠭᠠᠵᠠᠷ᠎ᠤᠨ ᠴᠠᠶ᠎ᠶ᠋ᠢᠨ ᠵᠠᠮ᠎ᠤᠨ ᠰᠣᠶᠣᠯ᠎ᠤᠨ ᠥᠪ᠎ᠤᠨ ᠪᠠᠢᠴᠠᠭᠠᠯᠲᠠ》᠎ᠶ᠋ᠢᠨ ᠲᠥᠷᠥᠯ ᠵᠦᠶ᠋ᠯ᠎ᠢ ᠬᠢᠭᠰᠡᠨ ᠪᠠᠢᠨ᠎ᠠ᠃ 

ᠪᠠᠶᠠᠯᠢᠭ ᠠᠭᠤᠯᠭ᠎ᠠ ᠲᠠᠶ ᠰᠣᠶᠣᠯ ᠤᠷᠠᠯᠢᠭ᠎ᠤᠨ ᠰᠣᠯᠢᠯᠴᠠᠭᠠᠨ᠎ᠤ ᠠᠵᠢᠯᠯᠠᠭ᠎ᠠ ᠨᠢ ᠲᠤᠮᠳᠠᠳᠤ ᠮᠤᠩᠭᠤᠯ ᠬᠣᠶᠠᠷ ᠤᠯᠤᠰ᠎ᠤᠨ ᠠᠷᠠᠳ ᠲᠦᠮᠡᠨ᠎ᠤ ᠰᠡᠳᠭᠢᠯ᠎ᠢ ᠣᠢᠷᠠᠲᠤᠭᠤᠯᠵᠤ᠂ ᠲᠤᠮᠳᠠᠳᠤ ᠮᠤᠩᠭᠤᠯ ᠬᠣᠶᠠᠷ ᠤᠯᠤᠰ᠎ᠤᠨ ᠠᠷᠠᠳ ᠲᠦᠮᠡᠨ᠎ᠤ ᠨᠥᠬᠥᠷᠯᠡᠯ᠎ᠢ ᠭᠦᠨᠵᠡᠭᠡᠢᠷᠡᠭᠦᠯᠤᠨ᠂ ᠮᠣᠩᠭᠣᠯ ᠤᠯᠤᠰ᠎ᠤᠨ ᠠᠷᠠᠳ ᠲᠦᠮᠡᠨ ᠪᠣᠯᠤᠨ ᠡᠯ᠎ᠡ ᠡᠲᠡᠭᠡᠳ᠎ᠤᠨ ᠬᠥᠮᠦᠰ᠎ᠲᠤ ᠳᠤᠮᠳᠠᠳᠤ ᠤᠯᠤᠰ᠎ᠢ ᠣᠢᠯᠠᠭᠠᠭᠤᠯᠵᠤ᠂ ᠥᠪᠥᠷ ᠮᠣᠩᠭᠣᠯ᠎ᠤᠨ ᠬᠥᠭ᠌ᠵᠢᠯᠲᠡ᠎ᠶ᠋ᠢ ᠣᠢᠯᠠᠭᠠᠭᠤᠯᠤᠭ᠍ᠰᠠᠨ᠎ᠢᠶᠠᠷ ᠳᠤᠮᠳᠠᠳᠤ ᠮᠣᠩᠭᠣᠯ ᠬᠤᠶᠠᠷ ᠤᠯᠤᠰ᠎ᠤᠨ ᠪᠦᠬᠦ ᠲᠠᠯ᠎ᠠ᠎ᠶ᠋ᠢᠨ ᠬᠠᠮᠳᠤᠷᠠᠯᠴᠠᠭ᠎ᠠ᠎ᠶ᠋ᠢ ᠠᠬᠢᠭᠤᠯᠬᠤ ᠠᠯᠳᠠᠨ ᠬᠦᠬᠦᠷᠬᠡ ᠪᠤᠯᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
Baidu
map