ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠥᠪᠥᠷ ᠮᠣᠩᠭᠣᠯ ᠠᠭᠤᠯᠠᠨ ᠦᠶᠡᠷ᠎ᠦᠨ ᠭᠠᠮᠰᠢᠭ᠋᠎ᠤᠨ ᠴᠠᠭ ᠠᠭᠤᠷ᠎ᠤᠨ ᠤᠯᠠᠪᠤᠷ ᠥᠩᠭᠡ᠎ᠶᠢᠨ ᠰᠡᠷᠡᠮᠵᠢ᠎ᠶᠢ ᠨᠡᠢᠲᠡᠯᠡᠪᠡ!
ᠨᠡᠶ᠋ᠢᠲᠡᠯᠡᠭᠰᠡᠨ ᠴᠠᠭ᠄ 2025-08-19

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ ᠬᠢᠭᠡᠳ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠠᠭ ᠠᠭᠤᠷ᠎ᠤᠨ ᠲᠣᠪᠴᠢᠶ᠎ᠠ ᠬᠠᠮᠲᠤᠷᠠᠨ ᠠᠭᠤᠯᠠᠨ ᠦᠶᠡᠷ᠎ᠦᠨ ᠭᠠᠮᠰᠢᠭ᠋᠎ᠤᠨ ᠴᠠᠭ ᠠᠭᠤᠷ᠎ᠤᠨ ᠤᠯᠠᠪᠤᠷ ᠥᠩᠭᠡ᠎ᠶᠢᠨ ᠰᠡᠷᠡᠮᠵᠢ᠎ᠶᠢ ᠨᠡᠢᠲᠡᠯᠡᠪᠡ᠄ ᠵᠢᠱ᠌ᠢᠯᠲᠡ᠎ᠪᠡᠷ 08 ᠳ᠋ᠤᠭᠠᠷ ᠰᠠᠷ᠎ᠠ᠎ᠶᠢᠨ 18᠎ᠤ ᠡᠳᠦᠷ᠎ᠦᠨ 20 ᠴᠠᠭ᠎ᠠᠴᠠ 08 ᠳ᠋ᠤᠭᠠᠷ ᠰᠠᠷ᠎ᠠ᠎ᠶᠢᠨ 19᠎ᠦ ᠡᠳᠦᠷ᠎ᠦᠨ 20 ᠴᠠᠭ ᠪᠣᠯᠲᠠᠯ᠎ᠠ᠂ ᠣᠷᠳᠣᠰ ᠬᠣᠲᠠ᠎ᠶᠢᠨ ᠵᠡᠭᠦᠨᠭᠠᠷ ᠬᠣᠰᠢᠭᠤᠨ᠎ᠳᠤ ᠠᠭᠤᠯᠠᠨ ᠦᠶᠡᠷ᠎ᠦᠨ ᠭᠠᠮᠰᠢᠭ᠋ ᠡᠭᠦᠰᠬᠦ ᠪᠣᠯᠣᠮᠵᠢ ᠶᠡᠬᠡ (ᠤᠯᠠᠪᠤᠷ ᠥᠩᠭᠡ᠎ᠶᠢᠨ ᠰᠡᠷᠡᠮᠵᠢ)᠂ ᠬᠥᠬᠡᠬᠣᠲᠠ᠎ᠶᠢᠨ ᠬᠣᠷᠢᠨᠭᠡᠷ ᠰᠢᠶᠠᠨ᠂ ᠴᠢᠩ ᠱᠦᠢ ᠾᠧ ᠰᠢᠶᠠᠨ᠎ᠳᠤ ᠠᠭᠤᠯᠠᠨ ᠦᠶᠡᠷ᠎ᠦᠨ ᠭᠠᠮᠰᠢᠭ᠋ ᠡᠭᠦᠰᠬᠦ ᠪᠣᠯᠣᠮᠵᠢ ᠨᠡᠯᠢᠶᠡᠳ ᠶᠡᠬᠡ (ᠰᠢᠷ᠎ᠠ ᠥᠩᠭᠡ᠎ᠶᠢᠨ ᠰᠡᠷᠡᠮᠵᠢ)᠂ ᠬᠥᠬᠡᠬᠣᠲᠠ᠎ᠶᠢᠨ ᠲᠦᠮᠡᠳ ᠵᠡᠭᠦᠨ ᠬᠣᠰᠢᠭᠤ᠂ ᠲᠣᠭᠲᠠᠬᠤ ᠰᠢᠶᠠᠨ᠂ ᠦᠴᠦᠸᠠᠨ ᠰᠢᠶᠠᠨ᠂ ᠪᠤᠭᠤᠲᠤ ᠬᠣᠲᠠ᠎ᠶᠢᠨ ᠵᠢᠦ ᠶᠤᠸᠠᠨ ᠲᠣᠭᠣᠷᠢᠭ᠋᠂ ᠰᠢᠭᠤᠢᠲᠤ ᠲᠣᠭᠣᠷᠢᠭ᠋᠂ ᠲᠦᠮᠡᠳ ᠪᠠᠷᠠᠭᠤᠨ ᠬᠣᠰᠢᠭᠤ᠂ ᠭᠦᠶᠠᠩ ᠰᠢᠶᠠᠨ᠂ ᠣᠷᠳᠣᠰ ᠬᠣᠲᠠ᠎ᠶᠢᠨ ᠳ᠋ᠦᠩᠱᠧᠩ ᠲᠣᠭᠣᠷᠢᠭ᠋᠂ ᠡᠵᠡᠨ ᠬᠣᠷᠣᠭ᠎ᠠ ᠬᠣᠰᠢᠭᠤ᠂ ᠳᠠᠯᠠᠳ ᠬᠣᠰᠢᠭᠤ᠂ ᠪᠠᠶᠠᠨᠨᠠᠭᠤᠷ ᠬᠣᠲᠠ᠎ᠶᠢᠨ ᠤᠷᠠᠳ᠎ᠤᠨ ᠡᠮᠦᠨᠡᠲᠦ ᠬᠣᠰᠢᠭᠤ᠂ ᠤᠯᠠᠭᠠᠨᠴᠠᠪ ᠬᠣᠲᠠ᠎ᠶᠢᠨ ᠯᠢᠶᠡᠩᠴᠧᠩ ᠰᠢᠶᠠᠨ᠎ᠳᠤ ᠠᠭᠤᠯᠠᠨ ᠦᠶᠡᠷ᠎ᠦᠨ ᠭᠠᠮᠰᠢᠭ᠋ (ᠬᠥᠬᠡ ᠥᠩᠭᠡ᠎ᠶᠢᠨ ᠰᠡᠷᠡᠮᠵᠢ) ᠡᠭᠦᠰᠴᠦ᠍ ᠮᠡᠳᠡᠨ᠎ᠡ᠂ ᠬᠠᠮᠢᠶ᠎ᠠ ᠪᠦᠬᠦᠢ ᠰᠠᠯᠠᠭ᠎ᠠ ᠮᠥᠴᠢᠷ᠎ᠦᠳ ᠡᠭᠦᠷᠭᠡ ᠬᠠᠷᠢᠭᠤᠴᠠᠯᠭ᠎ᠠ᠎ᠶᠢᠨ᠎ᠢᠶᠠᠨ ᠶᠣᠰᠣᠭᠠᠷ ᠰᠡᠷᠭᠡᠢᠯᠡᠬᠦ ᠠᠷᠭ᠎ᠠ ᠬᠡᠮᠵᠢᠶ᠎ᠡ᠎ᠪᠠᠨ ᠨᠠᠢᠳᠠᠪᠤᠷᠢᠵᠢᠭᠤᠯᠵᠤ᠂ ᠨᠡᠢᠭᠡᠮ ᠨᠡᠶ᠋ᠢᠲᠡ᠎ᠪᠡᠷ᠎ᠢᠶᠠᠨ ᠭᠠᠮᠰᠢᠭ᠋᠎ᠢ ᠰᠡᠷᠭᠡᠢᠯᠡᠵᠦ ᠠᠶᠤᠯ᠎ᠠᠴᠠ ᠵᠠᠢᠯᠠᠬᠤ᠎ᠶᠢ ᠠᠩᠬᠠᠷᠬᠤ ᠬᠡᠷᠡᠭᠲᠡᠢ᠃ 

ᠢᠷᠡᠯᠲᠡ᠄ ᠳᠡᠭᠦᠯᠢᠯᠲᠡ ᠬᠠᠮ ᠵᠠᠭᠤᠴᠢᠯᠠᠭᠤᠷ
Baidu
map