ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠪᠣᠬᠢᠷᠲᠤᠯ ᠦᠭᠡᠢ᠎ᠶᠢ ᠡᠷᠬᠢᠮᠯᠡᠨ   ᠠᠯᠳᠠᠷ ᠨᠡᠷ᠎ᠡ᠎ᠪᠡᠨ ᠳᠠᠭᠤᠷᠢᠰᠬᠠᠨ᠎ᠠ
ᠨᠡᠶ᠋ᠢᠲᠡᠯᠡᠭᠰᠡᠨ ᠴᠠᠭ᠄ 2025-08-19

ᠶᠠᠷᠢᠯᠴᠠᠭ᠍ᠴᠢ᠄ 

ᠼᠦᠢ ᠶᠠᠨ          ᠠᠷᠠᠳ᠎ᠤᠨ ᠡᠳᠦᠷ᠎ᠦᠨ ᠰᠣᠨᠢᠨ᠎ᠤ ᠰᠢᠭᠦᠮᠵᠢᠯᠡᠭᠴᠢ 

ᠠᠨ ᠬᠤᠸᠠ ᠢ     ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠰᠢᠭᠦᠮᠵᠢᠯᠡᠭᠴᠢ 

 

ᠼᠦᠢ ᠶᠠᠨ᠄ ᠡᠮᠦᠨᠡᠬᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠠᠱᠠ ᠠᠢᠮᠠᠭ᠎ᠤᠨ ᠭᠤᠷᠪᠠᠨ ᠶᠡᠬᠡ ᠡᠯᠡᠰᠦᠨ ᠴᠦᠯ᠎ᠦᠨ ᠵᠠᠬ᠎ᠠ᠎ᠶ᠋ᠢ ᠨᠢ ᠴᠢᠳᠦᠷᠯᠡᠬᠦ ᠤᠢ ᠰᠢᠭᠤᠢ ᠨᠤᠲᠤᠭ ᠪᠡᠯᠴᠢᠭᠡᠷ᠎ᠦᠨ ᠪᠦᠰᠡ᠎ᠶᠢ ᠪᠦᠬᠦ ᠲᠠᠯ᠎ᠠ᠎ᠪᠠᠷ ᠨᠡᠢᠯᠡᠭᠦᠯᠵᠦ ᠲᠠᠯᠪᠢᠪᠠ᠃ ᠣᠭᠲᠠᠷᠭᠤᠢ᠎ᠠᠴᠠ ᠬᠠᠷᠠᠬᠤ᠎ᠳᠤ᠂ ᠡᠨᠡ ᠬᠦ᠌ ᠪᠦᠬᠦ ᠤᠷᠳᠤ ᠨᠢ 1856 ᠺᠢᠯᠣᠮᠧᠲᠷ᠎ᠤᠨ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠬᠣᠷᠢᠭ᠍ᠯᠠᠬᠤ ᠪᠦᠰᠡ ᠨᠢ ᠶᠠᠭ ᠯᠠ ᠨᠢᠭᠡᠨ ᠮᠤᠷᠤᠯᠵᠠᠭᠰᠠᠨ 《ᠨᠣᠭᠣᠭᠠᠨ ᠣᠷᠲᠣ ᠴᠠᠭᠠᠨ ᠬᠡᠷᠡᠮ》 ᠮᠡᠲᠦ ᠪᠠᠢᠯ᠎ᠠ᠃ ᠳᠥᠷᠪᠡᠯᠵᠢᠯᠡᠭᠰᠡᠨ ᠡᠪᠡᠰᠦ᠎ᠪᠡᠷ ᠨᠡᠭᠦᠳᠡᠯ ᠡᠯᠡᠰᠦ᠎ᠶᠢ ᠲᠣᠭᠲᠠᠪᠤᠷᠢᠵᠢᠭᠤᠯᠵᠤ᠂ ᠳᠠᠬᠢᠨ ᠭᠠᠩ᠎ᠳᠤ ᠲᠡᠰᠪᠦᠷᠢᠲᠡᠢ ᠵᠠᠭ ᠵᠡᠷᠭᠡ ᠡᠯᠡᠰᠦᠨ᠎ᠦ ᠤᠷᠭᠤᠮᠠᠯ᠎ᠢ ᠳᠠᠷᠢᠵᠤ᠂ ᠠᠮᠢᠳᠤ ᠪᠣᠳᠠᠰ᠎ᠢᠶᠠᠷ ᠡᠯᠡᠰᠦ᠎ᠶᠢ ᠵᠠᠰᠠᠬᠤ ᠮᠡᠷᠭᠡᠵᠢᠯ ᠯᠦ᠍ᠭᠡ ᠤᠶᠠᠯᠳᠤᠭᠤᠯᠤᠨ᠂ 《ᠨᠣᠭᠣᠭᠠᠨ ᠣᠷᠳᠣ᠌ ᠴᠠᠭᠠᠨ ᠬᠡᠷᠡᠮ》᠎ᠤᠨ ᠠᠷᠥ᠍᠎ᠳᠤ ᠪᠣᠰᠣᠭ᠎ᠠ ᠴᠣᠭᠴᠠᠲᠤ ᠮᠠᠶᠢᠭ᠋᠎ᠤᠨ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠬᠤ ᠲᠣᠭᠲᠠᠯᠴᠠᠭ᠎ᠠ ᠲᠠᠢ ᠪᠠᠢᠬᠤ ᠯᠠ ᠪᠣᠯᠣᠭᠰᠠᠨ ᠶᠣᠮ᠃ ᠮᠣᠳᠣ᠌ ᠲᠠᠷᠢᠳᠠᠭ ᠯᠠ ᠪᠠᠢᠭᠰᠠᠨ᠎ᠠᠴᠠ ᠪᠣᠰᠤᠭ᠎ᠠ ᠴᠣᠭᠴᠠᠲᠤ ᠮᠠᠶᠢᠭ᠋᠎ᠢᠶᠠᠷ ᠡᠯᠡᠰᠦᠷᠬᠡᠭᠵᠢᠯ᠎ᠢ ᠰᠡᠷᠭᠡᠢᠯᠡᠬᠦ ᠬᠦᠷᠲᠡᠯ᠎ᠡ᠂ ᠥᠪᠥᠷ ᠮᠣᠩᠭᠣᠯ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠬᠤ ᠦᠢᠯᠡᠳᠦᠯᠭᠡ ᠳᠤᠮᠳᠠ᠂ ᠨᠠᠮ᠎ᠤᠨ ᠱᠢᠨ᠎ᠡ᠎ᠶ᠋ᠢ ᠡᠭᠦᠳᠬᠦ ᠤᠨᠤᠯ᠎ᠢ ᠬᠡᠷᠬᠢᠨ ᠠᠮᠢᠳᠤᠯᠢᠭ᠋᠎ᠢᠶᠠᠷ ᠬᠡᠷᠡᠭᠯᠡᠭᠰᠡᠨ ᠪᠤᠢ ?

ᠠᠨ ᠬᠤᠸᠠ ᠢ᠄ ᠨᠢᠭᠡ᠎ᠳᠦ᠂ ᠱᠢᠨ᠎ᠡ᠎ᠶ᠋ᠢ ᠡᠭᠦᠳᠬᠦ ᠤᠬᠠᠮᠰᠠᠷ᠎ᠢᠶᠠᠨ ᠴᠢᠩᠭᠠᠳᠬᠠᠪᠠ᠃ ᠶᠠᠭᠤᠨ᠎ᠤ ᠤᠷᠢᠳ᠎ᠢᠶᠠᠷ ᠮᠡᠷᠭᠡᠵᠢᠯ᠎ᠦᠨ ᠱᠢᠨ᠎ᠡ᠎ᠶ᠋ᠢ ᠡᠭᠦᠳᠬᠦ ᠲᠠᠯ᠎ᠠ᠎ᠪᠠᠷ᠂ ᠲᠤᠢᠯ᠎ᠤᠨ ᠭᠠᠩ ᠬᠠᠭᠤᠷᠠᠢ ᠭᠠᠵᠠᠷ ᠣᠷᠣᠨ᠎ᠳᠤ ᠨᠢᠰᠬᠡᠯ᠎ᠢᠶᠡᠷ ᠲᠠᠷᠢᠵᠤ ᠣᠢᠵᠢᠭᠤᠯᠬᠤ᠎ᠳᠤ ᠲᠣᠬᠢᠷᠠᠬᠤ ᠮᠡᠷᠭᠡᠵᠢᠯ᠎ᠦᠨ ᠬᠡᠪ ᠵᠠᠭᠪᠤᠷ᠎ᠢ ᠰᠦᠪᠡᠭᠴᠢᠯᠡᠵᠦ᠂ ᠪᠢᠴᠢᠯ ᠰᠦᠪᠡᠲᠦ ᠬᠡᠢ᠎ᠶᠢᠨ ᠤᠷᠤᠰᠬᠠᠯ᠎ᠢᠶᠠᠷ ᠣᠢᠵᠢᠭᠤᠯᠬᠤ ᠠᠷᠭ᠎ᠠ᠂ ᠰᠢᠬᠢᠷ ᠡᠪᠡᠰᠦ᠎ᠶᠢ ᠬᠥᠨᠳᠡᠯᠡᠨ᠎ᠢᠶᠡᠷ ᠰᠢᠯᠵᠢᠭᠦᠯᠦᠨ ᠲᠠᠷᠢᠵᠤ ᠣᠢᠵᠢᠭᠤᠯᠬᠤ ᠵᠡᠷᠭᠡ ᠱᠢᠨ᠎ᠡ ᠮᠡᠷᠭᠡᠵᠢᠯ᠎ᠢ ᠰᠦᠪᠡᠭ᠌ᠴᠢᠯᠡᠵᠦ᠍᠂ ᠡᠯᠡᠰᠦᠨ ᠬᠠᠯᠬᠠᠪᠴᠢ ᠳᠡᠪᠢᠰᠬᠦ ᠣᠶᠤᠨᠴᠢ ᠮᠠᠰᠢᠨ ᠵᠡᠷᠭᠡ ᠱᠢᠨ᠎ᠡ ᠲᠣᠨᠣᠭ ᠲᠥᠬᠦᠭᠡᠷᠦᠮᠵᠢ᠎ᠶᠢ ᠪᠦᠬᠦ ᠲᠠᠯ᠎ᠠ᠎ᠪᠠᠷ ᠳᠡᠯᠭᠡᠷᠡᠭᠦᠯᠦᠨ ᠬᠡᠷᠡᠭᠯᠡᠪᠡ ᠁ ᠮᠧᠬᠠᠨᠢᠭ᠍ᠵᠢᠭᠤᠯᠤᠨ ᠠᠵᠢᠯᠯᠠᠬᠤ᠂ ᠣᠶᠤᠨᠴᠢᠯᠠᠨ ᠵᠠᠰᠠᠬᠤ ᠪᠣᠯ ᠭᠤᠷᠪᠠᠨ ᠶᠡᠬᠡ ᠡᠯᠡᠰᠦ᠎ᠶᠢᠨ ᠭᠠᠳᠠᠷ ᠬᠥᠪᠡᠭᠡᠨ᠎ᠦ ᠨᠡᠭᠦᠳᠡᠯ ᠡᠯᠡᠰᠦᠨ᠎ᠦ ᠲᠠᠷᠬᠠᠨ ᠳᠡᠯᠭᠡᠷᠡᠬᠦ᠎ᠶᠢ ᠪᠦᠲᠦᠮᠵᠢᠲᠡᠢ ᠬᠣᠷᠢᠭ᠍ᠯᠠᠬᠤ᠎ᠶᠢᠨ ᠵᠠᠩᠭᠢᠯᠠᠭ᠎ᠠ ᠪᠣᠯᠣᠨ᠎ᠠ᠃ ᠳᠠᠷᠠᠭ᠎ᠠ᠎ᠳᠤ ᠨᠢ ᠳᠦᠷᠢᠮ᠎ᠦᠨ ᠰᠢᠨ᠎ᠡ᠎ᠶᠢ ᠡᠭᠦᠳᠬᠦ ᠲᠠᠯ᠎ᠠ᠎ᠪᠠᠷ᠂ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠬᠤ ᠰᠠᠭᠤᠷᠢ ᠮᠥᠩᠭᠥ᠎ᠶᠢ ᠲᠣᠬᠢᠷᠠᠭᠤᠯᠵᠤ᠂ ᠣᠷᠣᠨ ᠪᠦᠰᠡ ᠬᠣᠯᠪᠤᠭᠠᠯᠠᠨ ᠬᠥᠳᠡᠯᠦᠯᠴᠡᠬᠦ᠂ ᠵᠡᠷᠭᠡ᠎ᠪᠡᠷ ᠠᠳᠬᠤᠨ ᠬᠠᠮᠲᠤ᠎ᠪᠠᠷ ᠬᠠᠮᠢᠶᠠᠷᠬᠤ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠵᠠᠰᠠᠬᠤ ᠲᠣᠭᠲᠠᠴᠠ᠎ᠶᠢ ᠪᠠᠢᠭᠤᠯᠵᠤ᠂ ᠵᠠᠮ ᠳᠡᠪᠢᠰᠴᠦ ᠪᠠᠢᠭᠠᠳ ᠡᠯᠡᠰᠦ᠎ᠶᠢ ᠵᠠᠰᠠᠬᠤ ᠵᠡᠷᠭᠡ ᠬᠡᠪ ᠵᠠᠭᠪᠤᠷ᠎ᠢ ᠬᠠᠢᠨ ᠰᠦᠪᠡᠭᠴᠢᠯᠡᠪᠡ ᠁ ᠳᠦᠷᠢᠮ᠎ᠦᠨ ᠲᠣᠭᠲᠠᠯᠴᠠᠭ᠎ᠠ᠎ᠪᠠᠷ ᠨᠢᠭᠡᠨ ᠡᠯᠡᠰᠦ᠎ᠶᠢ ᠬᠣᠷᠢᠭᠯᠠᠬᠤ ᠲᠣᠣᠷ᠎ᠢ ᠪᠦᠷᠢᠯᠳᠦᠭᠦᠯᠵᠦ᠂ ᠰᠢᠷ᠎ᠠ ᠡᠯᠡᠰᠦ᠎ᠶᠢ ᠪᠠᠲᠤ ᠬᠣᠷᠢᠭᠯᠠᠬᠤ᠎ᠪᠠᠷ ᠤᠷᠤᠯᠳᠤᠵᠤ ᠪᠣᠢ᠃

ᠬᠣᠶᠠᠷ᠎ᠲᠤ᠂ ᠬᠤᠪᠢᠰᠤᠩᠭᠤᠢ ᠰᠡᠳᠬᠢᠬᠦᠢ᠎ᠪᠡᠨ ᠴᠢᠩᠭᠠᠷᠠᠭᠤᠯᠪᠠ᠃ ᠰᠠᠯᠬᠢ ᠪᠣᠯ ᠡᠯᠡᠰᠦᠨ ᠰᠢᠭᠤᠷᠭ᠎ᠠ ᠡᠭᠦᠰᠬᠡᠬᠦ ᠰᠢᠯᠲᠠᠭᠠᠨ᠂ ᠪᠠᠰᠠ ᠴᠤ᠌ ᠠᠰᠢᠭᠯᠠᠭᠤᠰᠢᠲᠠᠢ ᠡᠬᠢ ᠪᠠᠶᠠᠯᠢᠭ᠋ ᠮᠥᠨ᠃ ᠰᠠᠯᠬᠢᠨ᠎ᠤ ᠪᠠ ᠨᠠᠷᠠᠨ᠎ᠤ ᠡᠨᠧᠷᠭᠢ᠎ᠶᠢᠨ ᠡᠬᠢ ᠪᠠᠶᠠᠯᠢᠭ᠋ ᠪᠠ 《ᠡᠯᠡᠰᠦ ᠭᠣᠪᠢ ᠴᠦᠯ》᠎ᠤᠨ ᠭᠠᠵᠠᠷ ᠰᠢᠷᠣᠢ᠎ᠶᠢᠨ ᠡᠬᠢ ᠪᠠᠶᠠᠯᠢᠭ᠋᠎ᠤᠨ ᠳᠠᠪᠠᠭᠤᠯᠢᠭ᠋᠎ᠲᠤ ᠰᠠᠭᠤᠷᠢᠯᠠᠵᠤ᠂ ᠥᠪᠥᠷ ᠮᠣᠩᠭᠣᠯ ᠭᠡᠷᠡᠯᠴᠢ ᠴᠡᠨᠡᠭ᠎ᠢᠶᠡᠷ ᠴᠠᠬᠢᠯᠭᠠᠨ ᠭᠠᠷᠭᠠᠬᠤ ᠪᠠ ᠡᠯᠡᠰᠦ ᠮᠠᠩᠬ᠎ᠠ᠎ᠶᠢ ᠵᠠᠰᠠᠬᠤ᠎ᠶᠢ ᠡᠪᠯᠢᠭ᠎ᠢᠶᠡᠷ ᠤᠶᠠᠯᠳᠤᠭᠤᠯᠵᠤ᠂ ᠰᠢᠪᠲᠤᠯᠤᠯᠲᠠ᠎ᠶᠢᠨ ᠳᠠᠢᠯᠠᠯᠳᠤᠭᠠᠨ᠎ᠢ ᠰᠢᠨ᠎ᠡ ᠡᠨᠧᠷᠭᠢ᠎ᠶᠢᠨ ᠬᠥᠭᠵᠢᠯᠲᠡ ᠯᠦ᠍ᠭᠡ ᠣᠷᠭᠠᠨᠢᠭ᠋᠎ᠢᠶᠠᠷ ᠤᠶᠠᠯᠳᠤᠭᠤᠯᠵᠤ᠂ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠬᠤ ᠪᠠ ᠰᠠᠯᠬᠢᠨ ᠬᠦᠴᠦᠨ᠎ᠦ ᠴᠠᠬᠢᠯᠭᠠᠨ ᠪᠠ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠪᠠᠢᠷᠢᠯᠠᠭᠤᠯᠤᠨ ᠬᠡᠷᠡᠭᠵᠢᠭᠦᠯᠵᠦ᠂ ᠨᠣᠭᠣᠭᠠᠷᠠᠭᠤᠯᠤᠯᠲᠠ᠎ᠶᠢ᠂ ᠡᠨᠧᠷᠭᠢ᠎ᠶᠢ᠂ ᠣᠷᠣᠯᠭ᠎ᠠ᠎ᠶᠢ ᠨᠡᠮᠡᠭᠳᠡᠭᠦᠯᠬᠦ᠎ᠳᠦ ᠤᠯᠠᠨ ᠲᠠᠯ᠎ᠠ᠎ᠶᠢᠨ ᠠᠮᠵᠢᠯᠲᠠ ᠣᠯᠬᠤ᠎ᠶᠢ ᠠᠬᠢᠭᠤᠯᠤᠭᠰᠠᠨ ᠪᠠᠢᠨ᠎ᠠ᠃

ᠭᠤᠷᠪᠠ᠎ᠳᠤ᠂ ᠰᠢᠰᠲᠧᠮᠲᠦ ᠣᠢᠯᠠᠭᠠᠭᠳᠠᠬᠤᠨ᠎ᠢ ᠪᠠᠷᠢᠮᠲᠠᠯᠠᠪᠠ᠃ ᠡᠯᠡᠰᠦ ᠮᠠᠩᠬ᠎ᠠ ᠤᠯᠠᠨ ᠮᠤᠵᠢ ᠬᠤᠳᠠ᠎ᠪᠠᠷ ᠬᠥᠨᠳᠡᠯᠢᠰᠴᠦ ᠪᠠᠢᠳᠠᠭ ᠪᠣᠯᠬᠣᠷ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠬᠤ᠎ᠳᠤ ᠴᠤ᠌ ᠭᠠᠭᠴᠠᠭᠠᠷ᠎ᠢᠶᠠᠨ ᠲᠡᠮᠡᠴᠡᠭᠡᠳ ᠪᠣᠯᠬᠤ ᠪᠢᠰᠢ᠃ ᠬᠠᠷᠢᠨ ᠬᠠᠮᠲᠤ᠎ᠪᠠᠷ ᠲᠦᠰᠢᠯᠴᠡᠨ ᠤᠷᠤᠭᠰᠢᠯᠠᠬᠤ ᠬᠡᠷᠡᠭᠲᠡᠢ᠃ ᠮᠤᠵᠢ᠎ᠶᠢᠨ ᠱᠠᠲᠤᠨ᠎ᠤ ᠲᠠᠯ᠎ᠠ᠎ᠠᠴᠠ᠂ ᠪᠢᠳᠡ ᠨᠢᠩᠰᠢᠶᠠ ᠯᠤᠭ᠎ᠠ ᠮᠤᠤᠠᠤᠰᠤ᠎ᠶᠢᠨ ᠡᠯᠡᠰᠦᠷᠬᠡᠭ ᠭᠠᠵᠠᠷ᠎ᠤᠨ 208 ᠺᠢᠯᠣᠮᠧᠲ᠋ᠷ᠎ᠤᠨ ᠬᠣᠯᠪᠣᠯᠳᠤᠭᠰᠠᠨ ᠣᠷᠣᠨ᠎ᠳᠤ ᠴᠦᠯᠡᠷᠬᠡᠭ᠌ᠵᠢᠯ᠎ᠢ ᠰᠡᠷᠭᠡᠢᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠭᠠᠨᠰᠤ ᠯᠤᠭ᠎ᠠ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠵᠠᠰᠠᠬᠤ ᠬᠠᠮᠲᠤᠷᠠᠯᠴᠠᠭᠠᠨ᠎ᠤ ᠪᠦᠳᠦᠭᠦᠪᠴᠢ ᠵᠥᠪᠯᠡᠯᠴᠡᠭᠡᠷ ᠲᠣᠬᠢᠷᠠᠯᠴᠠᠵᠤ᠂ ᠯᠢᠶᠣᠤᠨᠢᠩ ᠯᠤᠭ᠎ᠠ ᠬᠠᠮᠠᠭᠠᠯᠠᠯᠲᠠ᠎ᠶᠢᠨ ᠤᠢ᠎ᠶᠢᠨ ᠪᠦᠰᠡ᠎ᠶᠢ ᠬᠠᠮᠲᠤ᠎ᠪᠠᠷ ᠪᠠᠢᠭᠤᠯᠵᠤ᠂ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠵᠠᠰᠠᠬᠤ ᠵᠢᠱ᠌ᠢᠶ᠎ᠡ ᠦᠵᠡᠭᠦᠯᠬᠦ ᠣᠷᠣᠨ᠎ᠢ ᠪᠠᠢᠭᠤᠯᠪᠠ᠃ ᠬᠤᠳᠠ᠎ᠶᠢᠨ ᠱᠠᠲᠤᠨ᠎ᠤ ᠲᠠᠯ᠎ᠠ᠎ᠠᠴᠠ᠂ ᠬᠠᠳᠤᠨ ᠭᠣᠣᠯ ᠳᠠᠭᠠᠤ᠎ᠶᠢᠨ 5 ᠠᠢᠮᠠᠭ ᠬᠤᠳᠠ᠎ᠶᠢᠨ ᠬᠢᠨ ᠬᠠᠳᠤᠨ ᠭᠣᠣᠯ᠎ᠤᠨ ᠶᠡᠬᠡ ᠲᠣᠬᠣᠢ᠎ᠶᠢᠨ ᠰᠢᠪᠲᠤᠯᠤᠯᠲᠠ᠎ᠶᠢᠨ ᠳᠠᠢᠯᠠᠯᠳᠤᠭᠠᠨ᠎ᠤ ᠣᠷᠣᠨ ᠪᠦᠰᠡ᠎ᠶᠢᠨ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠵᠠᠰᠠᠬᠤ ᠬᠠᠮᠲᠤᠷᠠᠯᠴᠠᠭᠠᠨ᠎ᠤ ᠵᠥᠪᠯᠡᠯᠴᠡᠭᠡᠷ᠎ᠲᠦ ᠭᠠᠷ᠎ᠤᠨ ᠦᠰᠦᠭ ᠵᠢᠷᠤᠵᠤ᠂ ᠨᠡᠭᠦᠳᠡᠯ ᠡᠯᠡᠰᠦ ᠬᠠᠳᠤᠨ ᠭᠤᠤᠯ ᠲᠡᠢᠰᠢ ᠨᠡᠭᠦᠳᠡᠯᠯᠡᠬᠦ᠎ᠶᠢ ᠬᠣᠷᠢᠭᠯᠠᠪᠠ᠃ ᠣᠯᠠᠨ᠎ᠤ ᠬᠦᠴᠦ᠍᠎ᠶ᠋ᠢ ᠨᠢᠭᠡᠳᠭᠡᠵᠤ᠂ ᠵᠡᠷᠭᠡ᠎ᠪᠡᠷ ᠠᠳᠬᠤᠨ ᠬᠠᠮᠲᠤ᠎ᠪᠠᠷ ᠬᠠᠮᠢᠶᠠᠷᠴᠤ᠂ ᠶᠡᠬᠡ ᠬᠡᠪᠴᠢᠶᠡᠨ᠎ᠦ᠂ ᠤᠯᠠᠨ ᠲᠡᠰ ᠳᠠᠪᠬᠤᠷᠭ᠎ᠠ᠎ᠶᠢᠨ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠵᠠᠰᠠᠬᠤ ᠡᠯᠡᠰᠦᠷᠬᠡᠭᠵᠢᠯ᠎ᠢ ᠰᠡᠷᠭᠡᠢᠯᠡᠬᠦ ᠲᠣᠣᠷ᠎ᠢ ᠪᠠᠢᠭᠤᠯᠵᠤ᠂ ᠡᠯᠡᠰᠦ᠎ᠶᠢ ᠴᠢᠳᠦᠷᠯᠡᠵᠦ ᠲᠠᠯᠪᠢᠬᠤ ᠨᠡᠢᠯᠡᠯ ᠬᠦᠴᠦᠨ᠎ᠢ ᠨᠢᠭ᠍ᠲᠠᠷᠠᠭᠤᠯᠪᠠ᠃

ᠼᠦᠢ ᠶᠠᠨ᠄ 《ᠭᠠᠭᠴᠠᠭᠠᠷ᠎ᠢᠶᠠᠨ ᠪᠠᠢᠯᠳᠤᠵᠤ》 ᠪᠠᠢᠭᠰᠠᠨ᠎ᠠᠴᠠ 《ᠰᠢᠰᠲ᠋ᠧᠮᠵᠢᠭᠦᠯᠦᠭᠰᠡᠨ ᠬᠤᠷᠠᠮᠠᠯ》 ᠪᠣᠯᠬᠤ ᠬᠦᠷᠲᠡᠯ᠎ᠡ᠂ ᠥᠪᠥᠷ ᠮᠣᠩᠭᠣᠯ᠎ᠤᠨ ᠡᠯᠡᠰᠦ᠎ᠶᠢ ᠵᠠᠰᠠᠬᠤ ᠦᠢᠯᠡᠳᠦᠯᠭᠡ ᠨᠢ ᠮᠠᠨ᠎ᠤ ᠤᠯᠤᠰ᠎ᠤᠨ ᠠᠮᠢ ᠠᠬᠤᠢ᠎ᠶᠢᠨ ᠵᠠᠰᠠᠯᠲᠠ᠎ᠶᠢᠨ ᠣᠳᠣᠬᠢᠴᠢᠯᠠᠭᠰᠠᠨ ᠬᠡᠯᠪᠡᠷᠢ᠎ᠶᠢᠨ ᠬᠤᠪᠢᠷᠠᠯᠲᠠ᠎ᠶᠢ  ᠳᠤᠰᠭᠠᠪᠠ᠃ ᠠᠮᠢ ᠠᠬᠤᠢ᠎ᠶᠢᠨ ᠰᠢᠰᠲᠧᠮ ᠪᠣᠯ ᠨᠢᠭᠡᠨ ᠪᠦᠬᠦᠯᠢ ᠴᠣᠭᠴᠠ ᠮᠥᠨ᠂ ᠡᠯᠡᠰᠦ᠎ᠶᠢ ᠵᠠᠰᠠᠶ᠎ᠠ ᠭᠡᠪᠡᠯ ᠵᠥᠪᠬᠡᠨ ᠡᠯᠡᠰᠦ᠎ᠶᠢ ᠵᠠᠰᠠᠬᠤ ᠲᠡᠳᠦᠢ ᠯᠡ ᠪᠢᠰᠢ᠂ ᠡᠷᠬᠡᠪᠰᠢ ᠠᠮᠢ ᠠᠬᠤᠢ᠎ᠶᠢᠨ ᠰᠢᠰᠲᠧᠮ ᠯᠦ᠍ᠭᠡ ᠬᠣᠯᠪᠣᠭᠳᠠᠭᠤᠯᠤᠨ ᠪᠦᠬᠦᠯᠢ ᠴᠣᠭᠴᠠ᠎ᠪᠠᠷ ᠨᠢ ᠵᠠᠰᠠᠬᠤ ᠬᠡᠷᠡᠭᠲᠡᠢ᠃ 

ᠠᠨ ᠬᠤᠸᠠ ᠢ᠄ ᠠᠭᠤᠯᠠ ᠤᠰᠤ ᠤᠢ ᠲᠠᠷᠢᠶ᠎ᠠ ᠨᠠᠭᠤᠷ ᠡᠪᠡᠰᠦ ᠡᠯᠡᠰᠦ ᠪᠣᠯ ᠠᠮᠢ ᠨᠠᠰᠤᠨ᠎ᠤ ᠬᠠᠮᠲᠤ᠎ᠶᠢᠨ ᠴᠣᠭᠴᠠ ᠮᠥᠨ᠂ ᠡᠯ᠎ᠡ ᠡᠯᠧᠮᠧᠨ᠋ᠲ ᠬᠠᠷᠢᠯᠴᠠᠨ ᠲᠦᠰᠢᠭᠯᠡᠯᠴᠡᠵᠦ᠂ ᠬᠠᠷᠢᠯᠴᠠᠨ ᠠᠬᠢᠭᠤᠯᠵᠤ ᠪᠠᠢᠳᠠᠭ᠃ ᠤᠢ ᠰᠢᠭᠤᠢ᠎ᠶᠢ ᠬᠠᠮᠠᠭᠠᠯᠠᠬᠤ᠎ᠳᠤ᠂ ᠪᠠᠢᠭᠠᠯᠢ᠎ᠶᠢᠨ ᠤᠢ ᠰᠢᠭᠤᠢ᠎ᠶᠢᠨ ᠬᠠᠮᠠᠭᠠᠯᠠᠯᠲᠠ᠎ᠶᠢᠨ ᠢᠨᠵᠧᠨᠧᠷᠢᠩ᠎ᠢ ᠶᠡᠬᠡ᠎ᠪᠡᠷ ᠬᠡᠷᠡᠭᠵᠢᠭᠦᠯᠵᠦ᠂ ᠶᠡᠬᠡ ᠬᠢᠩᠭᠠᠨ ᠳᠠᠪᠠᠭ᠎ᠠ᠎ᠳᠤ 《ᠰᠦᠬᠡ᠎ᠪᠡᠨ ᠡᠯᠭᠦᠵᠦ ᠬᠢᠷᠦᠭᠡᠳᠡᠬᠦ᠎ᠪᠡᠨ ᠵᠣᠭᠰᠣᠪᠠ》; ᠨᠤᠲᠤᠭ ᠪᠡᠯᠴᠢᠭᠡᠷ᠎ᠢ ᠬᠠᠮᠠᠭᠠᠯᠠᠬᠤ᠎ᠳᠤ᠂ ᠮᠠᠭᠤᠳᠠᠭᠰᠠᠨ ᠨᠤᠲᠤᠭ ᠪᠡᠯᠴᠢᠭᠡᠷ᠎ᠦᠨ ᠠᠮᠢ ᠠᠬᠤᠢ᠎ᠶᠢ ᠰᠡᠷᠭᠦᠭᠡᠬᠦ ᠢᠨᠵᠧᠨᠧᠷᠢᠩ᠎ᠢ ᠬᠡᠷᠡᠭᠵᠢᠭᠦᠯᠵᠦ᠂ ᠥᠷᠭᠡᠨ ᠠᠭᠤᠳᠠᠮ ᠨᠤᠲᠤᠭ ᠪᠡᠯᠴᠢᠭᠡᠷ᠎ᠢ 《ᠠᠮᠤᠷᠵᠢᠭᠤᠯᠤᠨ ᠲᠡᠩᠬᠡᠷᠡᠭᠦᠯᠦᠨ᠎ᠡ》; ᠤᠰᠤ᠎ᠶᠢ ᠠᠷᠪᠢᠯᠠᠨ ᠬᠡᠷᠡᠭᠯᠡᠬᠦ᠎ᠳᠦ᠂ ᠤᠰᠤ ᠠᠷᠪᠢᠯᠠᠬᠤ ᠠᠵᠢᠯᠯᠠᠭ᠎ᠠ᠎ᠶᠢ ᠭᠦᠨᠵᠡᠭᠡᠢ ᠬᠡᠷᠡᠭᠵᠢᠭᠦᠯᠵᠦ᠂ ᠤᠰᠤᠨ᠎ᠤ ᠡᠬᠢ ᠪᠠᠶᠠᠯᠢᠭ᠋᠎ᠤᠨ ᠠᠯᠪᠠᠳᠠᠯᠭ᠎ᠠ᠎ᠶᠢᠨ ᠬᠢᠵᠠᠭᠠᠷᠯᠠᠯ᠎ᠢ ᠴᠢᠩᠭᠠᠷᠠᠭᠤᠯᠪᠠ; ᠡᠯᠡᠰᠦ ᠮᠠᠩᠬ᠎ᠠ᠎ᠶᠢ ᠵᠠᠰᠠᠬᠤ᠎ᠳᠤ᠂ ᠪᠡᠯᠭᠡ ᠲᠡᠮᠳᠡᠭ᠎ᠦᠨ ᠴᠢᠨᠠᠷᠲᠠᠢ ᠭᠤᠷᠪᠠᠨ ᠶᠡᠬᠡ ᠳᠠᠢᠯᠠᠯᠳᠤᠭᠠᠨ᠎ᠢ ᠪᠦᠬᠦ ᠬᠦᠴᠦᠨ᠎ᠢᠶᠡᠷ᠎ᠢᠶᠡᠨ ᠰᠠᠢᠲᠤᠷ ᠬᠢᠵᠦ᠂ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠬᠤ ᠪᠠ ᠰᠠᠯᠬᠢᠨ ᠴᠠᠬᠢᠯᠭᠠᠨ ᠪᠠ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠤᠷᠤᠭᠰᠢᠲᠠᠢ ᠠᠬᠢᠭᠤᠯᠤᠭᠰᠠᠭᠠᠷ ᠁ ᠥᠪᠥᠷ ᠮᠣᠩᠭᠣᠯ 《ᠨᠢᠭᠡ ᠬᠥᠯᠭᠡ ᠰᠢᠲᠠᠷ᠎ᠠ》᠎ᠶᠢᠨ ᠰᠡᠳᠬᠢᠬᠦᠢ᠎ᠪᠡᠷ ᠠᠮᠢ ᠠᠬᠤᠢ᠎ᠶᠢᠨ ᠬᠠᠷᠢᠭᠤᠯᠲᠠ᠎ᠶᠢᠨ ᠬᠠᠭᠤᠳᠠᠰᠤ᠎ᠶᠢ ᠪᠢᠴᠢᠭᠯᠡᠭᠰᠡᠭᠡᠷ ᠢᠷᠡᠵᠡᠢ᠃

ᠼᠦᠢ ᠶᠠᠨ᠄ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶ᠋ᠢ ᠵᠠᠰᠠᠬᠤ᠎ᠳᠤ ᠵᠠᠰᠠᠭ᠎ᠤᠨ ᠣᠷᠳᠣᠨ᠎ᠤ 《ᠭᠠᠭᠴᠠ ᠬᠥᠮᠥᠨ᠎ᠦ ᠰᠢ》ᠳᠠᠭᠤᠯᠠᠬᠤ᠎ᠶᠢ ᠲᠦᠰᠢᠭᠯᠡᠭᠡᠳ ᠯᠡ ᠪᠠᠢᠵᠤ ᠪᠣᠯᠬᠤ ᠦᠭᠡᠢ᠂ ᠬᠠᠷᠢᠨ ᠪᠦᠬᠦ ᠠᠷᠠᠳ᠎ᠤᠨ 《ᠶᠡᠬᠡ ᠨᠠᠢᠷᠠᠯ ᠳᠠᠭᠤᠤ》᠎ᠶᠢ ᠬᠥᠭᠵᠢᠮᠳᠡᠬᠦ ᠬᠡᠷᠡᠭᠲᠡᠢ᠃ ᠬᠡᠷᠬᠢᠨ ᠠᠮᠢ ᠠᠬᠤᠢ᠎ᠶᠢᠨ 《ᠦᠵᠡᠭᠴᠢᠳ》 ᠪᠠᠢᠭᠰᠠᠨ᠎ᠢ ᠨᠢ ᠬᠤᠪᠢᠷᠠᠭᠤᠯᠤᠭᠠᠳ ᠡᠯᠡᠰᠦ᠎ᠶᠢ ᠵᠠᠰᠠᠬᠤ᠎ᠶᠢᠨ 《ᠭᠣᠣᠯ ᠳᠦᠷᠢ》 ᠪᠣᠯᠭᠠᠨ ᠬᠤᠪᠢᠷᠠᠭᠤᠯᠬᠤ ᠪᠤᠢ?

ᠠᠨ ᠬᠤᠸᠠ ᠢ᠄ ᠪᠥᠬᠥ ᠠᠷᠠᠳ᠎ᠢᠶᠠᠷ᠎ᠢᠶᠠᠨ ᠣᠷᠣᠯᠴᠠᠬᠤ ᠪᠣᠯ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠬᠤ᠎ᠶᠢᠨ ᠳᠣᠲᠣᠭᠠᠳᠤ ᠬᠥᠳᠡᠯᠭᠡᠭᠴᠢ ᠬᠦᠴᠦᠨ᠎ᠦ ᠡᠬᠢ ᠰᠤᠷᠪᠤᠯᠵᠢ ᠮᠥᠨ᠃ ᠪᠢᠳᠡ 《ᠤᠯᠤᠰ᠎ᠤᠨ ᠪᠡᠯᠡ ᠣᠷᠣᠭᠤᠯᠤᠯᠲᠠ᠎ᠪᠠᠷ ᠭᠣᠣᠯᠯᠠᠭᠤᠯᠵᠤ᠂ ᠣᠷᠣᠨ ᠨᠤᠲᠤᠭ ᠢᠵᠢ ᠪᠦᠷᠢᠳᠦᠭᠦᠯᠬᠦ᠎ᠪᠡᠷ ᠬᠠᠪᠰᠤᠷᠤᠭᠤᠯᠵᠤ᠂ ᠨᠡᠢᠭᠡᠮ ᠨᠡᠶ᠋ᠢᠲᠡ᠎ᠪᠡᠷ᠎ᠢᠶᠡᠨ ᠥᠷᠭᠡᠨ᠎ᠢᠶᠡᠷ ᠣᠷᠣᠯᠴᠠᠬᠤ》 ᠣᠯᠠᠨ ᠡᠰᠢᠴᠢᠯᠡᠭᠰᠡᠨ ᠪᠡᠯᠡ ᠣᠷᠣᠭᠤᠯᠤᠯᠲᠠ᠎ᠶᠢᠨ ᠲᠣᠭᠲᠠᠴᠠ᠎ᠶ᠋ᠢ ᠪᠠᠶ᠋ᠢᠭᠤᠯᠬᠤ᠎ᠶ᠋ᠢ ᠢᠳᠡᠪᠬᠢᠲᠡᠢ᠎ᠪᠡᠷ ᠬᠠᠢᠨ ᠰᠦᠪᠡᠭᠴᠢᠯᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠬᠤ ᠰᠠᠭᠤᠷᠢ ᠮᠥᠩᠭᠥᠨ᠎ᠦ ᠨᠡᠢᠭᠡᠮᠯᠢᠭ᠎ᠢ ᠪᠠᠢᠭᠤᠯᠵᠤ᠂ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠬᠤ᠎ᠶᠢᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠠᠷᠭ᠎ᠠ ᠵᠠᠮ᠎ᠢ ᠥᠷᠭᠡᠳᠬᠡᠨ᠂ ᠨᠡᠢᠭᠡᠮ᠎ᠦᠨ ᠡᠯ᠎ᠡ ᠡᠲᠡᠭᠡᠳ᠎ᠦᠨ ᠪᠡᠯᠡ ᠮᠥᠩᠭᠥ ᠭᠠᠷᠭᠠᠬᠤ ᠵᠡᠷᠭᠡ ᠠᠷᠭ᠎ᠠ ᠮᠠᠶᠢᠭ᠋᠎ᠢᠶᠠᠷ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠬᠤ᠎ᠳᠤ ᠣᠷᠣᠯᠴᠠᠬᠤ᠎ᠶᠢ ᠨᠢ ᠵᠣᠷᠢᠭ᠍ᠵᠢᠭᠤᠯᠵᠤ᠂ ᠬᠥᠲᠥᠯᠥᠨ ᠵᠢᠯᠤᠭᠣᠳᠬᠤ ᠪᠠ ᠰᠠᠨᠠᠭᠠᠴᠢᠯᠠᠵᠤ᠂ ᠡᠳ᠋᠎ᠦᠨ ᠬᠦᠴᠦᠨ᠎ᠢᠶᠡᠨ ᠲᠥᠪᠯᠡᠷᠡᠭᠦᠯᠦᠨ ᠭᠣᠣᠯᠳᠠᠯᠭ᠎ᠠ ᠪᠣᠯᠬᠤ ᠣᠷᠣᠨ ᠪᠦᠰᠡ᠎ᠶᠢᠨ ᠡᠯᠡᠰᠦᠷᠬᠡᠭᠵᠢᠭᠰᠡᠨ ᠭᠠᠵᠠᠷ ᠰᠢᠷᠣᠢ᠎ᠶᠢ ᠶᠡᠷᠦᠩᠬᠡᠢᠯᠡᠨ ᠵᠠᠰᠠᠨ᠎ᠠ᠃

ᠤᠯᠠᠨ ᠲᠦᠮᠡᠨ ᠣᠷᠭᠢᠯᠤᠮ᠎ᠠ ᠬᠠᠯᠠᠭᠤᠨ ᠰᠡᠳᠬᠢᠯᠭᠡ᠎ᠪᠡᠷ ᠪᠢᠯᠬᠠᠮ᠎ᠠ ᠪᠣᠯᠪᠠᠴᠤ ᠪᠠᠰᠠ 《ᠪᠣᠬᠢᠷᠲᠤᠯ ᠦᠭᠡᠢ᠎ᠶᠢᠨ ᠬᠦᠷᠲᠡᠮᠵᠢ᠎ᠶᠢᠨ ᠲᠥᠷᠥᠭᠳᠡᠯ》᠎ᠢ ᠴᠦ᠍ ᠬᠡᠷᠡᠭᠰᠡᠨ᠎ᠡ᠃ ᠵᠢᠱ᠌ᠢᠶᠡᠯᠡᠪᠡᠯ᠂ ᠠᠮᠢ ᠠᠬᠤᠢ᠎ᠶᠢᠨ ᠬᠠᠮᠠᠭᠠᠯᠠᠯᠲᠠ᠎ᠶᠢᠨ ᠨᠥᠬᠥᠪᠦᠷᠢ᠎ᠶᠢᠨ ᠳᠦᠷᠢᠮ᠎ᠢ ᠬᠡᠷᠡᠭᠵᠢᠭᠦᠯᠬᠦ᠎ᠶᠢ ᠠᠬᠢᠭᠤᠯᠵᠤ᠂ ᠬᠥᠳᠡᠯᠮᠦᠷᠢᠯᠡᠭᠦᠯᠬᠦ᠎ᠪᠡᠷ ᠲᠡᠳᠬᠦᠮᠵᠢ᠎ᠶᠢ ᠣᠷᠣᠯᠠᠭᠤᠯᠬᠤ᠂ ᠱᠠᠩᠨᠠᠬᠤ᠎ᠪᠠᠷ ᠨᠥᠬᠥᠪᠦᠷᠢ᠎ᠶᠢ ᠣᠷᠣᠯᠠᠭᠤᠯᠬᠤ᠂ 《ᠬᠤᠷᠰᠢᠶ᠎ᠠ + ᠬᠠᠮᠢᠶᠠᠷᠤᠯᠲᠠ ᠬᠠᠮᠠᠭᠠᠯᠠᠯᠲᠠ》 ᠵᠡᠷᠭᠡ ᠲᠣᠭᠲᠠᠴᠠ᠎ᠶᠢ ᠳᠡᠯᠭᠡᠷᠡᠭᠦᠯᠵᠦ᠂ ᠣᠷᠣᠯᠴᠠᠬᠤ ᠠᠷᠭ᠎ᠠ ᠵᠠᠮ᠎ᠢ ᠥᠷᠭᠡᠳᠬᠡᠨ᠎ᠡ᠃ ᠨᠡᠩ ᠤᠯᠠᠨ ᠬᠥᠮᠥᠨ᠎ᠳᠦ ᠪᠣᠬᠢᠷᠲᠤᠯ ᠦᠭᠡᠢ ᠬᠥᠭᠵᠢᠯᠲᠡ᠎ᠶᠢᠨ ᠠᠪᠴᠢᠷᠠᠵᠤ ᠥᠭᠭᠦᠭᠰᠡᠨ ᠠᠰᠢᠭ᠋᠎ᠢ ᠬᠦᠷᠲᠡᠭᠡᠵᠦ ᠴᠢᠳᠠᠪᠠᠯ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ᠎ᠶᠢ ᠨᠡᠩ ᠢᠯᠡᠭᠦᠦ ᠮᠡᠳᠡᠷᠡᠵᠦ᠂ ᠠᠮᠢ ᠠᠬᠤᠢ᠎ᠶᠢᠨ ᠬᠠᠮᠠᠭᠠᠯᠠᠯᠲᠠ᠎ᠶᠢᠨ ᠠᠵᠢᠯ᠎ᠳᠤ ᠥᠨᠢ ᠤᠳᠠᠭᠠᠨ᠎ᠤ ᠳᠣᠲᠣᠭᠠᠳᠤ᠎ᠶᠢᠨ ᠬᠥᠳᠡᠯᠭᠡᠭᠴᠢ ᠬᠦᠴᠦᠨ᠎ᠢ ᠬᠠᠩᠭᠠᠬᠤ ᠪᠣᠯᠣᠨ᠎ᠠ᠃

ᠼᠦᠢ ᠶᠠᠨ᠄ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠳᠤ 《ᠡᠬᠡ ᠤᠯᠤᠰ᠎ᠤᠨ ᠤᠮᠠᠷᠠᠲᠤ᠎ᠶᠢᠨ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠬᠦ ᠬᠡᠷᠡᠭᠲᠡᠢ》 ᠭᠡᠵᠦ ᠵᠠᠬᠢᠪᠠ᠃ ᠥᠪᠥᠷ ᠮᠣᠩᠭᠣᠯ᠎ᠤᠨ ᠠᠰᠢᠭ᠍ᠲᠠᠢ ᠰᠦᠪᠡᠭᠴᠢᠯᠡᠯᠲᠡ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠤᠶᠤᠨ ᠤᠬᠠᠭᠠᠨ᠎ᠢᠶᠠᠷ ᠬᠥᠲᠥᠯᠥᠨ ᠳᠠᠭᠠᠭᠤᠯᠤᠭᠰᠠᠨ ᠪᠣᠬᠢᠷᠲᠤᠯ ᠦᠭᠡᠢ ᠬᠤᠪᠢᠰᠬᠠᠯ ᠪᠣᠯᠬᠤ᠎ᠪᠠᠷ ᠪᠠᠷᠠᠬᠤ ᠦᠭᠡᠢ᠂ ᠪᠠᠰᠠ ᠴᠤ᠌ ᠳᠦᠷᠢᠮ ᠪᠠ ᠠᠷᠠᠳ᠎ᠤᠨ ᠰᠡᠳᠬᠢᠯ ᠰᠣᠯᠪᠢᠴᠠᠭᠰᠠᠨ ᠰᠢᠰᠲᠧᠮᠲᠦ ᠢᠨᠵᠧᠨᠧᠷᠢᠩ ᠪᠣᠯᠣᠨ᠎ᠠ᠃ ᠠᠮᠢ ᠠᠬᠤᠢ᠎ᠶᠢ ᠬᠠᠮᠠᠭᠠᠯᠠᠵᠤ᠂ ᠤᠳᠤ ᠦᠶ᠎ᠡ᠎ᠳᠦ ᠭᠠᠪᠢᠶ᠎ᠠ ᠪᠠᠢᠭᠤᠯᠵᠤ᠂ ᠥᠨᠢ ᠡᠭᠦᠷᠢᠳᠡ ᠠᠰᠢᠭ᠋ ᠬᠦᠷᠲᠡᠭᠡᠬᠦ᠎ᠳᠦ ᠥᠪᠥᠷ ᠮᠣᠩᠭᠣᠯ᠎ᠳᠤ ᠬᠦᠨᠳᠦ ᠡᠭᠦᠷᠭᠡ ᠲᠡᠢ ᠪᠢᠯᠡ᠃ 《ᠡᠯᠡᠰᠦ ᠤᠷᠤᠭᠰᠢᠯᠠᠵᠤ ᠬᠥᠮᠥᠨ ᠤᠬᠤᠷᠢᠬᠤ》 ᠪᠠᠢᠭᠰᠠᠨ᠎ᠠᠴᠠ 《ᠨᠣᠭᠣᠭᠠᠷᠠᠭᠤᠯᠤᠯᠲᠠ ᠰᠠᠢᠵᠢᠷᠠᠵᠤ ᠡᠯᠡᠰᠦ ᠤᠬᠤᠷᠢᠬᠤ》 ᠬᠦᠷᠲᠡᠯ᠎ᠡ᠂ ᠳᠠᠬᠢᠭᠠᠳ 《ᠨᠣᠭᠣᠭᠠᠷᠠᠭᠤᠯᠤᠯᠲᠠ᠎ᠪᠠᠷ ᠦᠨᠡᠨ ᠬᠦ᠌ ᠠᠰᠢᠭ᠋ ᠬᠦᠷᠲᠡᠬᠦ》 ᠬᠦᠷᠲᠡᠯ᠎ᠡ᠂ ᠥᠪᠥᠷ ᠮᠣᠩᠭᠣᠯ ᠦᠢᠯᠡᠳᠦᠯᠭᠡ᠎ᠶᠢᠨ ᠳᠤᠮᠳᠠ᠎ᠪᠠᠨ ᠴᠢᠨᠠᠷ ᠰᠠᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭᠠᠯᠠᠬᠤ᠎ᠶᠢᠨ ᠬᠤᠪᠢᠰᠤᠩᠭᠤᠢ ᠬᠠᠷᠢᠴᠠᠭ᠎ᠠ᠎ᠶᠢ ᠬᠡᠷᠬᠢᠨ ᠣᠢᠯᠠᠭᠠᠬᠤ ᠪᠤᠢ?

ᠠᠨ ᠬᠤᠸᠠ ᠢ᠄ ᠠᠮᠢ ᠠᠬᠤᠢ᠎ᠶᠢᠨ ᠠᠵᠤ ᠦᠢᠯᠡᠰᠵᠢᠯᠲᠡ᠎ᠶᠢ ᠶᠡᠬᠡ᠎ᠪᠡᠷ ᠠᠬᠢᠭᠤᠯᠵᠤ᠂ ᠠᠮᠢ ᠠᠬᠤᠢ᠎ᠶᠢᠨ ᠪᠦᠲᠦᠭᠡᠭᠳᠡᠬᠦᠨ᠎ᠦ ᠦᠷᠳᠡᠭ᠎ᠢ ᠪᠡᠶᠡᠯᠡᠭᠦᠯᠬᠦ ᠲᠣᠭᠲᠠᠴᠠ᠎ᠶᠢ ᠲᠦᠷᠭᠡᠨ ᠲᠡᠭᠦᠯᠳᠡᠷᠵᠢᠭᠦᠯᠵᠦ᠂ 《ᠨᠣᠭᠣᠭᠠᠷᠠᠭᠤᠯᠤᠯᠲᠠ᠎ᠪᠠᠷ ᠦᠨᠡᠨ ᠬᠦ᠌ ᠠᠰᠢᠭ᠋ ᠬᠦᠷᠲᠡᠬᠦ》᠂ 《ᠨᠣᠭᠣᠭᠠᠷᠠᠭᠤᠯᠤᠯᠲᠠ᠎ᠪᠡᠷ ᠪᠡᠯᠡ ᠮᠥᠩᠭᠥ ᠲᠠᠲᠠᠬᠤ》᠂ 《ᠨᠣᠭᠣᠭᠠᠷᠠᠭᠤᠯᠤᠯᠲᠠ᠎ᠪᠠᠷ ᠠᠯᠲᠠ ᠣᠯᠬᠤ》 ᠠᠷᠭ᠎ᠠ ᠵᠠᠮ᠎ᠢ ᠳᠠᠰᠤᠷᠠᠯᠳᠠ ᠦᠭᠡᠢ ᠥᠷᠭᠡᠳᠬᠡᠨ᠎ᠡ ᠁ ᠥᠨᠥᠳᠥᠷ᠎ᠦᠨ ᠥᠪᠥᠷ ᠮᠣᠩᠭᠣᠯ ᠠᠮᠢ ᠠᠬᠤᠢ᠎ᠶᠢᠨ ᠡᠬᠢ ᠪᠠᠶᠠᠯᠢᠭ᠋ ᠭᠡᠬᠦ ᠡᠨᠡ ᠬᠦ᠌ 《ᠪᠣᠬᠢᠷᠲᠤᠯ ᠦᠭᠡᠢ ᠪᠠᠢᠬᠤ》᠎ᠪᠠᠨ ᠬᠠᠮᠠᠭᠠᠯᠠᠬᠤ ᠳᠤᠳᠤᠮ᠎ᠢᠶᠠᠨ ᠴᠢᠨᠠᠷ ᠰᠠᠢᠲᠠᠢ ᠬᠥᠭᠵᠢᠯᠲᠡ᠎ᠶᠢᠨ 《ᠠᠯᠳᠠᠷ ᠨᠡᠷ᠎ᠡ》 ᠨᠢ ᠤᠯᠠᠮ᠎ᠠᠴᠠ ᠤᠯᠠᠮ ᠳᠠᠭᠤᠷᠢᠰᠬᠤ ᠪᠣᠯᠣᠨ᠎ᠠ᠃

ᠪᠦᠬᠦ ᠤᠯᠤᠰ᠎ᠤᠨ ᠬᠥᠭᠵᠢᠯᠲᠡ᠎ᠶᠢᠨ ᠶᠡᠬᠡ ᠲᠠᠯ᠎ᠠ᠎ᠳᠤ ᠠᠭᠤᠰᠤᠯᠴᠠᠵᠤ᠂ ᠥᠪᠥᠷ ᠮᠣᠩᠭᠣᠯ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠲᠡᠷᠢᠭᠦᠨ᠎ᠳᠦ ᠲᠠᠯᠪᠢᠵᠤ᠂ ᠨᠢᠭᠡ ᠴᠣᠭᠴᠠᠵᠢᠭᠤᠯᠤᠭᠰᠠᠨ ᠬᠠᠮᠠᠭᠠᠯᠠᠯᠲᠠ ᠪᠠ ᠱᠢᠰᠲᠸᠮᠲᠦ ᠵᠠᠰᠠᠯᠲᠠ᠎ᠶᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠦᠢᠯᠡᠰ᠎ᠦᠨ ᠠᠮᠢ ᠠᠬᠤᠶ᠋ᠢᠵᠢᠯᠲᠠ ᠪᠠ ᠠᠮᠢ ᠠᠬᠤᠢ᠎ᠶᠢᠨ ᠠᠵᠤ ᠦᠢᠯᠡᠰᠵᠢᠯᠲᠡ᠎ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ 《ᠬᠠᠮᠠᠭᠠᠯᠠᠯᠲᠠ》᠎ᠪᠠᠷ ᠪᠣᠬᠢᠷᠲᠤᠯ ᠦᠭᠡᠢ ᠬᠥᠭᠵᠢᠯᠲᠡ᠎ᠶᠢᠨ ᠳᠡᠪᠢᠰᠬᠡᠷ ᠥᠩᠭᠡ᠎ᠶᠢ ᠥᠳᠬᠡᠷᠡᠭᠦᠯᠵᠦ᠂ 《ᠵᠠᠰᠠᠯᠲᠠ》᠎ᠪᠠᠷ ᠪᠣᠬᠢᠷᠲᠤᠯ ᠦᠭᠡᠢ ᠬᠥᠭᠵᠢᠯᠲᠡ᠎ᠶᠢᠨ ᠰᠠᠭᠤᠷᠢ᠎ᠶᠢ ᠪᠡᠬᠢᠵᠢᠭᠦᠯᠵᠦ᠂ 《ᠬᠤᠪᠢᠷᠠᠭᠤᠯᠤᠯᠲᠠ》᠎ᠪᠠᠷ ᠪᠣᠬᠢᠷᠲᠤᠯ ᠦᠭᠡᠢ ᠬᠥᠭᠵᠢᠯᠲᠡ᠎ᠶᠢᠨ ᠴᠢᠨᠠᠷ ᠴᠢᠨᠰᠠᠭ᠎ᠠ ᠦᠷ᠎ᠡ ᠠᠰᠢᠭ᠋᠎ᠢ ᠳᠡᠭᠡᠭᠰᠢᠯᠡᠭᠦᠯᠵᠡᠢ᠃ ᠰᠢᠨ᠎ᠡ ᠭᠠᠷᠤᠭ᠎ᠠ᠎ᠳᠤ ᠰᠠᠭᠤᠷᠢᠯᠠᠵᠤ᠂ ᠴᠠᠭ ᠪᠠ ᠬᠠᠨᠳᠤᠰᠢ᠎ᠶᠢ ᠡᠵᠡᠮᠳᠡᠵᠦ᠂ 《ᠤᠯᠤᠰ᠎ᠤᠨ ᠶᠡᠬᠡ ᠶᠠᠪᠤᠳᠠᠯ》᠎ᠢ ᠢᠮᠠᠭᠲᠠ ᠪᠠᠲᠤ ᠴᠡᠭᠡᠵᠢᠯᠡᠵᠦ᠂ ᠪᠣᠬᠢᠷᠲᠤᠯ ᠦᠭᠡᠢ ᠬᠥᠭᠵᠢᠯᠲᠡ᠎ᠶᠢᠨ ᠣᠨᠤᠯᠵᠢᠬᠤᠨ᠎ᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠦᠬᠦ ᠶᠠᠪᠤᠴᠠ᠎ᠶᠢᠨ ᠡᠯ᠎ᠡ ᠲᠠᠯ᠎ᠠ᠎ᠳᠤ ᠲᠤᠭᠤᠰᠢᠯᠠᠭᠤᠯᠵᠤ᠂ ᠨᠡᠩ ᠤᠯᠠᠨ ᠠᠮᠢ ᠠᠬᠤᠢ᠎ᠶᠢᠨ ᠦᠨ᠎ᠡ ᠥᠷᠲᠡᠭ ᠬᠢᠭᠡᠳ ᠬᠥᠭᠵᠢᠯᠲᠡ᠎ᠶᠢᠨ ᠦᠨ᠎ᠡ ᠥᠷᠲᠡᠭ᠎ᠢ ᠬᠠᠷᠢᠯᠴᠠᠨ ᠲᠤᠪᠤᠢ᠍ᠢᠯᠭᠠᠪᠠᠯ᠂ ᠯᠠᠪᠳᠠᠶ᠎ᠠ ᠬᠥᠬᠡᠮᠳᠦᠭ ᠨᠣᠭᠣᠭᠠᠨ ᠠᠭᠤᠯᠠ ᠤᠰᠤ᠂ ᠴᠡᠩᠭᠡᠭ ᠰᠠᠢᠬᠠᠨ ᠠᠭᠠᠷ ᠲᠠᠢ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ᠎ᠳᠤ ᠨᠡᠩ ᠤᠯᠠᠨ ᠬᠤᠪᠢ ᠨᠡᠮᠡᠷᠢ ᠦᠵᠡᠭᠦᠯᠵᠦ᠂ ᠨᠡᠩ ᠰᠦᠷᠯᠢᠭ ᠰᠠᠢᠬᠠᠨ ᠵᠢᠷᠤᠭ ᠲᠥᠰᠥᠪ᠎ᠢ ᠵᠢᠷᠤᠭᠯᠠᠵᠤ ᠴᠢᠳᠠᠬᠤ ᠶᠤᠮ᠃

ᠢᠷᠡᠯᠲᠡ᠄ ᠠᠷᠠᠳ᠎ᠤᠨ ᠡᠳᠦᠷ᠎ᠦᠨ ᠰᠣᠨᠢᠨ
Baidu
map