ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠥᠪᠥᠷ ᠮᠣᠩᠭᠣᠯ᠎ᠤᠨ ᠴᠢᠨᠠᠷ ᠰᠠᠢᠲᠠᠢ 30 ᠠᠵᠤ ᠠᠬᠤᠢᠯᠠᠯ ᠬᠠᠮᠲᠤ᠎ᠪᠠᠷ ᠭᠠᠳᠠᠭᠠᠳᠤ᠎ᠳᠤ ᠭᠠᠷᠴᠤ ᠬᠢᠯᠢ ᠠᠯᠤᠰᠯᠠᠭᠰᠠᠨ ᠡᠯᠸᠺᠲᠷᠣᠨ ᠬᠤᠳᠠᠯᠳᠤᠭᠠᠨ᠎ᠤ ᠠᠷᠠᠯᠵᠢᠶᠠᠨ᠎ᠤ ᠴᠤᠭᠯᠠᠭᠠᠨ᠎ᠳᠤ ᠨᠢᠭᠤᠷ ᠵᠣᠯᠭᠠᠪᠠ
ᠨᠡᠶ᠋ᠢᠲᠡᠯᠡᠭᠰᠡᠨ ᠴᠠᠭ᠄ 2025-08-19

ᠣᠢᠷ᠎ᠠ᠎ᠳᠤ᠂ ᠳᠤᠮᠳᠠᠳᠤ ᠤᠯᠤᠰ (ᠭᠤᠸᠠᠩᠵᠧᠦ)᠎ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠠᠷᠠᠯᠵᠢᠶᠠᠨ᠎ᠤ ᠴᠤᠭᠯᠠᠭᠠᠨ (《ᠬᠢᠯᠢ ᠠᠯᠤᠰᠯᠠᠭᠰᠠᠨ ᠠᠷᠠᠯᠵᠢᠶ᠎ᠠ》 ᠭᠡᠵᠦ ᠲᠣᠪᠴᠢᠯᠠᠪᠠ)᠎ᠢ ᠭᠤᠸᠠᠩᠵᠧᠦ᠎ᠳᠤ ᠡᠷᠬᠢᠯᠡᠨ ᠶᠠᠪᠤᠭᠳᠠᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠰᠢᠯᠢᠳᠡᠭ 30 ᠠᠵᠤ ᠠᠬᠤᠢᠯᠠᠯ᠎ᠢ ᠵᠣᠬᠢᠶᠠᠨ ᠪᠠᠢᠭᠤᠯᠤᠨ ᠣᠷᠤᠯᠴᠠᠭᠤᠯᠪᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠵᠡᠭᠦᠯᠭᠡ᠎ᠶᠢᠨ ᠲᠠᠢᠰᠠᠨ᠎ᠳᠤ ᠠᠵᠤ ᠦᠢᠯᠡᠰ᠎ᠤᠨ ᠬᠣᠯᠪᠣᠭᠠᠨ᠎ᠤ ᠬᠡᠯᠪᠡᠷᠢ᠎ᠪᠠᠷ ᠬᠠᠮᠲᠤ᠎ᠪᠠᠷ ᠦᠵᠡᠰᠭᠦᠯᠡᠩ᠎ᠳᠤ ᠣᠷᠣᠯᠴᠠᠵᠤ᠂ 800 ᠰᠢᠬᠠᠮ ᠬᠥᠮᠦᠨ ᠤᠳᠠᠭ᠎ᠠ᠎ᠶᠢᠨ ᠬᠡᠷᠡᠭᠯᠡᠭᠴᠢ᠎ᠶᠢ ᠲᠠᠲᠠᠵᠤ ᠬᠠᠮᠲᠤᠷᠠᠯᠴᠠᠭᠠᠨ᠎ᠤ ᠰᠠᠨᠠᠮᠵᠢ᠎ᠶᠢ ᠰᠠᠨᠠᠭᠠᠴᠢᠯᠠᠭ᠎ᠠ᠎ᠡᠴᠡ᠎ᠪᠡᠨ ᠵᠤᠯᠭᠠᠭᠤᠯᠵᠤ᠂ ᠦᠵᠡᠭᠦᠯᠭᠡ᠎ᠶᠢᠨ ᠴᠤᠭᠯᠠᠭᠠᠨ᠎ᠤ ᠠᠯᠪᠠᠨ᠎ᠤ ᠲᠠᠯ᠎ᠠ᠎ᠠᠴᠠ ᠥᠪᠡᠷᠲᠡᠭᠡᠨ ᠵᠠᠰᠠᠬᠤ ᠣᠷᠣᠨ᠎ᠤ ᠦᠵᠡᠭᠦᠯᠭᠡ᠎ᠶᠢᠨ ᠪᠠᠢᠷᠢ᠎ᠳᠦ ᠰᠢᠭᠤᠳ ᠨᠡᠪᠲᠡᠷᠡᠭᠦᠯᠭᠡ ᠬᠢᠪᠡ᠃

ᠢᠷᠡᠯᠲᠡ᠄ ᠪᠧᠨ ᠲᠧᠩ ᠬᠠᠮ ᠵᠠᠭᠤᠴᠢᠯᠠᠭᠤᠷ
Baidu
map